9 ᠰᠠᠷ᠎ᠠ ᠶᠢᠨ 11 ᠤ ᠡᠳᠦᠷ᠂ ᠳᠦᠷᠦ ᠶᠢᠨ ᠶᠠᠪᠣᠳᠠᠯ ᠤᠨ ᠬᠤᠷᠢᠶ᠎ᠠ ᠠᠴᠠ ᠪᠦᠬᠦ ᠣᠯᠣᠰ ᠤᠨ ︽ᠳᠠᠯᠪᠢᠬᠤ | ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ | ᠢ ᠰᠢᠯᠢᠳᠡᠭᠵᠢᠬᠦᠯᠬᠦ ᠲᠧᠯᠸᠢᠰ ᠣᠳᠠᠰᠣ ᠬᠤᠷᠠᠯ ᠢ ᠬᠤᠷᠠᠯᠳᠤᠭᠤᠯᠤᠭᠰᠠᠨ ᠪᠠᠶᠢᠨ᠎ᠠ᠃ ᠰᠣᠪᠣᠷᠭ᠎ᠠ ᠠᠵᠣ ᠠᠬᠤᠢ ᠶᠢᠨ | ᠨᠡᠬᠡᠬᠡᠯᠳᠡ ᠶᠢᠨ ᠲᠤᠭᠤᠷᠢᠭ᠂ ᠨᠠᠷᠢᠨᠭᠤᠣᠯ ᠠᠵᠣ ᠦᠢᠯᠡᠳᠪᠦᠷᠢ ᠶᠢᠨ ᠳᠣᠭᠤᠷᠢᠭ ᠤᠨ ᠨᠠᠮ ᠤᠨ ᠠᠵᠢᠯᠯᠠᠬᠤ | ᠬᠤᠷᠢᠶ᠎ᠠ᠂ ᠬᠠᠮᠢᠶᠠᠷᠣᠯᠳᠠ ᠶᠢᠨ ᠵᠦᠪᠯᠡᠯ ᠤᠨ ᠬᠠᠷᠢᠭᠤᠴᠠᠯᠭᠠᠳᠠᠨ᠂ ᠡᠯ᠎ᠡ ᠰᠣᠮᠣ ᠪᠠᠯᠭᠠᠰᠣ᠂ ᠬᠤᠰᠢᠭᠤ ᠡᠯ᠎ᠡ | ᠰᠢᠭᠤᠳ ᠬᠠᠷᠢᠶ᠎ᠠ ᠠᠯᠪᠠᠨ ᠪᠠᠶᠢᠭᠤᠯᠭ᠎ᠠ ᠶᠢᠨ ᠭᠤᠣᠯ ᠬᠠᠷᠢᠭᠤᠴᠠᠯᠭᠠᠳᠠᠨ ᠮᠠᠨ ᠤ ᠬᠤᠰᠢᠭᠤᠨ ᠤ ᠬᠤᠪᠢᠶᠠᠷᠢ ᠬᠤᠷᠠᠯ | ᠤᠨ ᠳᠠᠯᠠᠪᠠᠢ ᠶᠢᠨ ᠬᠤᠷᠠᠯ ᠳᠤ ᠣᠷᠣᠯᠴᠠᠪᠠ᠃ | | | | | | | ᠬᠤᠷᠠᠯ ᠠᠴᠠ ︽ᠳᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ | ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠬᠦᠯᠬᠦ ᠪᠣᠯ ᠵᠠᠬ᠎ᠠ ᠳᠡᠯᠬᠡᠬᠦᠷ ᠤᠨ ᠭᠤᠣᠯ ᠴᠣᠭᠴᠠ ᠶᠢᠨ | ᠠᠮᠢᠵᠢᠷᠠᠯ ᠤᠨ ᠬᠦᠴᠦᠨ ᠪᠠ ᠬᠦᠭᠵᠢᠯᠳᠡ ᠶᠢᠨ ᠬᠦᠳᠡᠯᠭᠡᠬᠦ ᠬᠦᠴᠦᠨ ᠢ ᠰᠡᠷᠬᠦᠬᠡᠬᠦ ᠶᠢᠨ ᠵᠠᠩᠬᠢᠯᠠᠭ᠎ᠠ ᠪᠣᠯᠣᠨ᠎ᠠ᠃ | ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ | ᠤᠨ ᠦᠵᠡᠯ ᠰᠠᠨᠠᠭ᠎ᠠ ᠪᠠᠷ ᠵᠢᠯᠣᠭᠤᠳᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠣ ᠠᠬᠤᠢ ᠨᠡᠶᠢᠬᠡᠮ | ᠤᠨ ᠬᠦᠭᠵᠢᠯᠳᠡ ᠶᠢ ᠨᠢᠬᠡᠳᠦᠯᠳᠡᠢ ᠳᠦᠯᠦᠪᠯᠡᠵᠦ ᠨᠡᠶᠢᠳᠡᠮ ᠳᠤᠨᠢ ᠬᠠᠷᠠᠭᠠᠯᠵᠠᠬᠤ ᠬᠡᠷᠡᠭᠲᠡᠢ᠃ ︽ᠵᠢᠷᠭᠤᠭ᠎ᠠ ᠶᠢ | ᠳᠣᠭᠳᠠᠪᠣᠷᠢᠵᠢᠭᠤᠯᠬᠤ︾ ᠠᠵᠢᠯ ᠢ ᠰᠠᠶᠢᠳᠣᠷ ᠭᠢᠵᠦ ︽ᠵᠢᠷᠭᠤᠭ᠎ᠠ ᠶᠢ ᠬᠠᠮᠠᠭᠠᠯᠠᠬᠤ︾ ᠡᠬᠦᠷᠭᠡ ᠶᠢ ᠰᠠᠶᠢᠳᠣᠷ | ᠲᠤᠭᠤᠰᠢᠯᠠᠭᠤᠯᠤᠨ ᠣᠯᠣᠰ ᠤᠨ ᠬᠤᠷᠸ᠎ᠠ ᠳᠣᠬᠢᠷᠠᠭᠤᠯᠣᠯᠳᠠ ᠶᠢᠨ ᠳᠦᠷᠦ ᠶᠢᠨ ᠪᠣᠳᠣᠯᠭ᠎ᠠ ᠪᠠ ︽ᠳᠠᠯᠪᠢᠬᠤ | ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠶᠢ ᠬᠠᠮᠲᠣ ᠳᠤᠨᠢ ᠬᠡᠷᠡᠭᠵᠢᠬᠦᠯᠵᠦ ᠠᠵᠣ | ᠠᠬᠤᠢ ᠶᠢᠨ ᠬᠦᠴᠢᠷᠳᠡᠯ ᠢ ᠰᠶᠢᠳᠪᠤᠷᠢᠯᠡᠬᠦ ᠶᠢᠨ ᠬᠠᠮᠲᠣ ᠵᠠᠬ᠎ᠠ ᠳᠡᠯᠬᠡᠬᠦᠷ ᠤᠨ ᠠᠮᠢᠵᠢᠷᠠᠯ ᠤᠨ ᠬᠦᠴᠦᠨ ᠢ | ᠰᠠᠷᠭᠦᠭᠡᠨ ᠪᠦᠬᠦ ᠵᠢᠯ ᠤᠨ ᠬᠦᠭᠵᠢᠯᠳᠡ ᠶᠢᠨ ᠬᠠᠷᠠᠯᠳᠣ ᠡᠬᠦᠷᠭᠡ ᠶᠢ ᠴᠢᠷᠮᠠᠶᠢᠨ ᠪᠡᠶᠡᠯᠡᠬᠦᠯᠵᠦ ᠴᠢᠨᠠᠷ ᠰᠠᠶᠢᠳᠠᠢ | ᠬᠦᠭᠵᠢᠯᠳᠡ ᠶᠢ ᠠᠬᠢᠭᠤᠯᠬᠤ ᠬᠡᠷᠡᠭᠲᠡᠢ ᠬᠡᠵᠦ ᠵᠢᠭᠠᠭᠰᠠᠨ ᠪᠠᠶᠢᠨ᠎ᠠ᠃ | | | | | | | ᠬᠤᠷᠠᠯ ᠠᠴᠠ ︽ᠳᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠨᠢ ᠬᠤᠷᠸ᠎ᠠ | ᠳᠣᠬᠢᠷᠠᠭᠤᠯᠭ᠎ᠠ ᠶᠢᠨ ᠳᠦᠷᠦ ᠶᠢᠨ ᠪᠣᠳᠣᠯᠭ᠎ᠠ ᠶᠢ ᠬᠡᠷᠡᠭᠵᠢᠬᠦᠯᠬᠦ ᠴᠠᠭ ᠬᠤᠭᠤᠴᠠᠭᠠᠲᠤ ᠴᠢᠨᠠᠷ᠂ ᠣᠨᠣᠪᠴᠢᠲᠣ ᠴᠢᠨᠠᠷ | ᠢ ᠳᠡᠭᠡᠭᠰᠢᠯᠡᠬᠦᠯᠬᠦ ᠶᠢᠨ ᠴᠢᠬᠤᠯᠠ ᠠᠷᠭ᠎ᠠ ᠪᠠᠷᠢᠯ ᠪᠣᠯᠣᠨ᠎ᠠ᠃ ᠮᠦᠨᠴᠦ ᠡᠳ᠋ ᠤᠨ ᠵᠠᠰᠠᠭ ᠤᠨ ᠪᠡᠯᠡ ᠮᠦᠩᠬᠦ ᠶᠢᠨ | ᠰᠢᠭᠤᠳ ᠳᠣᠭᠠᠴᠠᠭ᠎ᠠ ᠬᠢᠬᠦ ᠳᠣᠭᠳᠠᠴᠠ᠂ ᠭᠠᠶᠢᠯᠢ ᠬᠦᠩᠬᠡᠷᠡᠬᠦᠯᠵᠦ ᠰᠦᠢᠳᠬᠡᠯ ᠪᠠᠭᠤᠷᠠᠭᠤᠯᠬᠤ ᠵᠡᠷᠭᠡ ᠶᠢ | ᠨᠠᠶᠢᠳᠠᠪᠣᠷᠢᠵᠢᠭᠤᠯᠬᠤ᠂ ᠢᠳᠡᠬᠡᠮᠵᠢᠲᠦ ᠵᠢᠬᠡᠯᠡᠯᠬᠡ ᠶᠢᠨ ᠵᠠᠭᠪᠣᠷ ᠲᠤ ᠰᠢᠨ᠎ᠡ ᠶᠢ ᠡᠬᠦᠳᠬᠦ᠂ ᠵᠦᠢ ᠵᠣᠬᠢᠰ ᠦᠬᠡᠢ | ᠠᠵᠢᠯ ᠣᠯᠭᠤᠯᠳᠠ ᠶᠢᠨ ᠬᠢᠵᠠᠭᠠᠷᠯᠠᠯ ᠢ ᠡᠪᠳᠡᠬᠦ᠂ ᠠᠵᠢᠯ ᠣᠯᠭᠤᠯᠳᠠ ᠶᠢ ᠪᠠᠳᠣᠯᠠᠬᠤ᠂ ᠵᠠᠬ᠎ᠠ ᠳᠡᠯᠬᠡᠬᠦᠷ ᠤᠨ | ᠭᠤᠣᠯ ᠴᠣᠭᠴᠠ ᠶᠢ ᠪᠠᠲᠣᠯᠠᠬᠤ ᠳᠤ ᠳᠣᠯᠭᠠᠭᠤᠷᠢᠯᠠᠯ ᠬᠠᠩᠭᠠᠨ᠎ᠠ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ | ᠤᠨ ᠬᠢᠨ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠳᠦᠪ ᠬᠤᠷᠢᠶᠠᠨ ᠤ ᠣᠳᠣᠷᠢᠳᠣᠯᠭ᠎ᠠ | ᠳᠣᠣᠷ᠎ᠠ ᠨᠠᠮ ᠤᠨ ᠳᠦᠪ ᠬᠤᠷᠢᠶ᠎ᠠ᠂ ᠳᠦᠷᠦ ᠶᠢᠨ ᠶᠠᠪᠣᠳᠠᠯ ᠤᠨ ᠬᠤᠷᠢᠶᠠᠨ ᠤ ᠳᠦᠷᠦ ᠶᠢᠨ ᠪᠣᠳᠣᠯᠭ᠎ᠠ | ᠪᠠᠶᠢᠷᠢᠯᠠᠭᠤᠯᠣᠯᠳᠠ ᠶᠢ ᠲᠤᠭᠤᠰᠢᠯᠠᠭᠤᠯᠵᠦ ᠨᠠᠮ ᠤᠨ ᠳᠦᠪ ᠬᠤᠷᠢᠶ᠎ᠠ ᠪᠠ ᠭᠠᠵᠠᠷ ᠣᠷᠣᠨ ᠤ ᠢᠳᠡᠪᠬᠢ ᠴᠢᠨᠠᠷ ᠢ | ᠰᠠᠶᠢᠳᠣᠷ ᠪᠠᠳᠠᠷᠠᠭᠤᠯᠣᠨ ᠨᠡᠩ ᠣᠯᠠᠨ ᠠᠵᠣ ᠠᠬᠤᠶᠢᠯᠠᠯ ᠪᠠ ᠣᠯᠠᠨ ᠳᠦᠮᠡᠨ ᠬᠠᠨᠣᠮᠵᠢᠲᠠᠢ ᠦᠬᠡᠷᠡᠴᠢᠯᠡᠯᠳᠡ ᠶᠢᠨ | ᠦᠷ᠎ᠡ ᠪᠦᠲᠦᠮᠵᠢ ᠶᠢ ᠣᠯᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ | | |