ᠬᠤᠰᠢᠭᠤ ᠨᠠᠮ ᠤᠨ ᠬᠤᠷᠢᠶᠠᠨ ᠤ ᠬᠤᠶᠠᠳᠣᠭᠠᠷ ᠲᠤᠭᠤᠷᠢᠨ ᠪᠠᠶᠢᠴᠠᠭᠠᠬᠤ ᠳᠣᠭᠤᠶᠢᠯᠠᠩ ᠠᠴᠠ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ ᠳᠡᠮᠦᠷ ᠵᠠᠮ ᠠᠷᠠᠳ ᠤᠨ ᠠᠭᠠᠷ ᠤᠨ ᠳᠡᠭᠡᠭᠡᠪᠦᠷᠢ ᠶᠢᠨ ᠪᠦᠲᠦᠬᠡᠨ ᠪᠠᠶᠢᠭᠤᠯᠣᠯᠳᠠ ᠶᠢᠨ ᠠᠯᠪᠠᠨ ᠬᠡᠷ ᠢ ᠲᠤᠭᠤᠷᠢᠨ ᠪᠠᠶᠢᠴᠠᠭᠠᠬᠤ ᠠᠵᠢᠯ ᠤᠨ ᠬᠠᠮᠳᠣᠷᠠᠭᠰᠠᠨ ᠳᠠᠶᠢᠴᠢᠯᠠᠯᠳᠠ  ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2020/9/17
    9 ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠠᠨ ᠤ ᠬᠤᠶᠠᠳᠣᠭᠠᠷ ᠲᠤᠭᠤᠷᠢᠨ ᠪᠠᠶᠢᠴᠠᠭᠠᠬᠤ ᠳᠣᠭᠤᠶᠢᠯᠠᠩ ᠤᠨ ᠬᠢᠨ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ᠂ ᠳᠡᠮᠦᠷ ᠵᠠᠮ ᠠᠷᠠᠳ ᠤᠨ ᠠᠭᠠᠷ ᠤᠨ ᠳᠡᠭᠡᠭᠡᠪᠦᠷᠢ ᠶᠢᠨ ᠪᠦᠲᠦᠬᠡᠨ ᠪᠠᠶᠢᠭᠤᠯᠣᠯᠳᠠ ᠶᠢᠨ ᠠᠯᠪᠠᠨ ᠬᠡᠷ ᠢ ᠲᠤᠭᠤᠷᠢᠨ ᠪᠠᠶᠢᠴᠠᠭᠠᠬᠤ ᠠᠵᠢᠯ ᠤᠨ ᠬᠠᠮᠳᠣᠷᠠᠭᠰᠠᠨ ᠳᠠᠶᠢᠴᠢᠯᠠᠯᠳᠠ ᠶᠢᠨ ᠬᠤᠷᠠᠯ ᠬᠤᠷᠠᠯᠳᠣᠭᠤᠯᠪᠠ᠃ ᠬᠤᠰᠢᠭᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠯᠪᠠᠨ ᠬᠡᠷ ᠤᠨ ᠡᠷᠬᠢᠯᠡᠭᠴᠢ᠂ ᠬᠤᠰᠢᠭᠤ ᠨᠠᠮ ᠤᠨ ᠬᠤᠷᠢᠶᠠᠨ ᠤ ᠬᠤᠶᠠᠳᠣᠭᠠᠷ ᠲᠤᠭᠤᠷᠢᠨ ᠪᠠᠶᠢᠴᠠᠭᠠᠬᠤ ᠳᠣᠭᠤᠶᠢᠯᠠᠩ ᠤᠨ ᠳᠠᠷᠤᠭ᠎ᠠ᠂ ᠳᠡᠳ᠋ ᠳᠠᠷᠤᠭ᠎ᠠ᠂ ᠠᠵᠢᠯᠳᠠᠳ᠂ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ᠂ ᠳᠡᠮᠦᠷ ᠵᠠᠮ ᠠᠷᠠᠳ ᠤᠨ ᠠᠭᠠᠷ ᠤᠨ ᠳᠡᠭᠡᠭᠡᠪᠦᠷᠢ ᠶᠢᠨ ᠪᠦᠲᠦᠬᠡᠨ ᠪᠠᠶᠢᠭᠤᠯᠣᠯᠳᠠ ᠶᠢᠨ ᠠᠯᠪᠠᠨ ᠬᠡᠷ  ᠤᠨ ᠪᠦᠬᠦ ᠠᠵᠢᠯᠳᠠᠳ᠂ ᠳᠣᠰ ᠬᠤᠶᠠᠷ ᠰᠠᠯᠠᠭ᠎ᠠ ᠮᠦᠴᠢᠷ ᠲᠤ ᠳᠣᠮᠢᠯᠠᠭᠳᠠᠨ ᠰᠠᠭᠤᠭ᠎ᠠ ᠰᠠᠬᠢᠯᠭ᠎ᠠ ᠪᠠᠳᠣ ᠪᠠᠶᠢᠴᠠᠭᠠᠬᠤ ᠬᠤᠷᠢᠶᠠᠨ ᠤ ᠰᠠᠬᠢᠯᠭ᠎ᠠ ᠪᠠᠳᠣ ᠪᠠᠶᠢᠴᠠᠭᠠᠬᠤ ᠳᠣᠭᠤᠶᠢᠯᠠᠩ ᠤᠨ ᠪᠦᠬᠦ ᠬᠡᠰᠢᠬᠦᠳ ᠬᠤᠷᠠᠯ ᠳᠤ ᠣᠷᠣᠯᠴᠠᠪᠠ᠃     ᠬᠤᠷᠠᠯ ᠠᠴᠠ ᠲᠤᠭᠤᠷᠢᠨ ᠪᠠᠶᠢᠴᠠᠭᠠᠬᠤ ᠠᠵᠢᠯ ᠢ ᠦᠷᠨᠢᠬᠦᠯᠵᠦ ᠪᠠᠶᠢᠭ᠎ᠠ ᠶᠠᠪᠤᠳᠠᠯ ᠪᠤᠯ ᠰᠢᠨ᠎ᠡ ᠴᠠᠭ ᠦᠶ᠎ᠡ  ᠶᠢᠨ ᠨᠠᠮ ᠤᠨ ᠪᠠᠶᠢᠭᠤᠯᠣᠯᠳᠠ ᠶᠢ ᠪᠦᠬᠦ ᠳᠠᠯ᠎ᠠ ᠪᠠᠷ ᠴᠢᠩᠭᠠᠳᠬᠠᠵᠦ ᠨᠠᠮ ᠤᠨ ᠳᠦᠷᠦ ᠪᠠᠷᠢᠬᠤ ᠴᠢᠳᠠᠪᠣᠷᠢ ᠶᠢ ᠳᠡᠭᠡᠭᠰᠢᠯᠡᠬᠦᠯᠬᠦ ᠶᠢᠨ ᠪᠣᠰᠣᠳᠴᠢ ᠱᠠᠭᠠᠷᠳᠠᠯᠭ᠎ᠠ ᠪᠠᠶᠢᠵᠦ ᠨᠠᠮ ᠤᠨ ᠰᠣᠷᠳᠠᠯ ᠴᠢᠬᠡᠴᠢ ᠵᠠᠰᠠᠭ ᠪᠠ ᠢᠯᠵᠢᠷᠡᠯ ᠢ ᠡᠰᠡᠷᠬᠦᠴᠡᠬᠦ ᠠᠵᠢᠯ ᠢ ᠬᠦᠨᠵᠡᠬᠡᠢ  ᠠᠬᠢᠭᠤᠯᠬᠤ ᠶᠢᠨ ᠰᠢᠨ᠎ᠡ ᠠᠷᠭ᠎ᠠ ᠪᠠᠷᠢᠯ᠂ ᠮᠦᠨᠴᠦ ᠨᠠᠮ ᠤᠨ ᠳᠣᠳᠣᠭᠠᠲᠣ ᠳᠤ ᠬᠢᠨᠠᠯᠳᠠ ᠳᠠᠯᠪᠢᠬᠤ ᠶᠢᠨ ᠴᠢᠬᠤᠯᠠ ᠠᠷᠭ᠎ᠠ ᠪᠠᠷᠢᠯ ᠮᠦᠨ ᠬᠡᠵᠦ ᠵᠢᠭᠠᠵᠤ ᠭᠠᠷᠭᠠᠪᠠ᠃     ᠬᠤᠷᠠᠯ ᠠᠴᠠ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠰᠢᠨ᠎ᠡ ᠴᠠᠭ ᠦᠶ᠎ᠡ ᠶᠢᠨ ᠰᠢᠯᠭᠠᠨ ᠪᠠᠶᠢᠴᠠᠭᠠᠬᠤ ᠠᠵᠢᠯ ᠤᠨ ᠴᠢᠬᠤᠯᠠ ᠴᠢᠨᠠᠷ ᠪᠠ ᠳᠣᠯᠭᠠᠮ ᠴᠢᠨᠠᠷ ᠢ ᠬᠦᠢᠴᠡᠳ ᠳᠠᠨᠢᠵᠦ ᠨᠠᠮ ᠤᠨ ᠣᠯᠣᠰ ᠳᠦᠷᠦ  ᠶᠢᠨ ᠪᠠᠶᠢᠭᠤᠯᠣᠯᠳᠠ ᠶᠢ ᠳᠡᠷᠢᠬᠦᠨ ᠳᠤ ᠳᠠᠯᠪᠢᠬᠤ ᠶᠢ ᠪᠠᠷᠢᠮᠳᠠᠯᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠬᠤᠰᠢᠭᠤ ᠨᠠᠮ ᠤᠨ ᠬᠤᠷᠢᠶᠠᠨ ᠤ ᠱᠠᠭᠠᠷᠳᠠᠯᠭ᠎ᠠ ᠲᠠᠢ ᠨᠢᠬᠡᠳᠬᠡᠵᠦ ᠣᠪᠣᠷ ᠢᠶᠠᠨ ᠳᠦᠪ ᠪᠣᠯᠭᠠᠨ ᠲᠤᠭᠤᠷᠢᠨ ᠪᠠᠶᠢᠴᠠᠭᠠᠬᠤ ᠳᠣᠭᠤᠶᠢᠯᠠᠩ ᠤᠨ ᠠᠵᠢᠯ ᠲᠠᠢ ᠢᠳᠡᠪᠬᠢᠳᠡᠢ ᠬᠠᠮᠵᠢᠯᠴᠠᠵᠦ ᠳᠣᠰ ᠣᠳᠠᠭᠠᠨ ᠤ ᠲᠤᠭᠤᠷᠢᠨ ᠪᠠᠶᠢᠴᠠᠭᠠᠯᠳᠠ ᠶᠢᠨ ᠳᠦᠰᠦᠪᠯᠡᠭᠰᠡᠨ ᠬᠠᠷᠠᠯᠳᠠ ᠳᠤ ᠬᠦᠷᠬᠦ ᠶᠢ ᠪᠠᠳᠣᠯᠠᠬᠤ ᠬᠡᠷᠡᠭᠲᠡᠢ ᠬᠡᠵᠦ ᠴᠢᠬᠤᠯᠠᠴᠢᠯᠠᠪᠠ᠃     ᠬᠤᠷᠠᠯ ᠠᠴᠠ ᠲᠤᠭᠤᠷᠢᠨ ᠪᠠᠶᠢᠴᠠᠭᠠᠬᠤ ᠳᠣᠭᠤᠶᠢᠯᠠᠩ ᠨᠢ ᠣᠯᠣᠰ ᠳᠦᠷᠦ ᠶᠢᠨ ᠪᠠᠶᠢᠭᠤᠯᠣᠯᠳᠠ ᠶᠢ ᠳᠣᠪᠣᠶᠢᠯᠭᠠᠵᠦ  ᠣᠯᠣᠰ ᠳᠦᠷᠦ ᠶᠢᠨ ᠡᠬᠦᠷᠬᠡ ᠬᠠᠷᠢᠭᠤᠴᠠᠯᠭ᠎ᠠ ᠶᠢᠨ ᠳᠣᠭᠤᠷᠢᠨ ᠳᠤ ︽ᠭᠤᠷᠪᠠ ᠳᠤ ᠳᠦᠪᠯᠡᠷᠡᠬᠦᠯᠬᠦ︾ ᠪᠠ ︽ᠳᠠᠪᠤ ᠶᠢ ᠦᠷᠬᠦᠯᠵᠢᠯᠡᠬᠦᠯᠬᠦ︾ ᠶᠡᠷᠦᠩᠬᠡᠢ ᠱᠠᠭᠠᠷᠳᠠᠯᠭ᠎ᠠ ᠶᠣᠰᠣᠭᠠᠷ ᠪᠠᠶᠢᠴᠠᠭᠠᠭᠳᠠᠬᠤ ᠪᠠᠶᠢᠭᠤᠯᠭ᠎ᠠ ᠨᠢᠭᠡᠴᠢ ᠶᠢᠨ ᠣᠨᠴᠠᠯᠢᠭ ᠲᠤ ᠳᠣᠬᠢᠷᠠᠭᠤᠯᠣᠨ ᠭᠤᠣᠯ ᠵᠣᠷᠢᠴᠡᠯ ᠪᠠ ᠵᠦᠷᠢᠴᠡᠯ ᠤᠨ ᠭᠤᠣᠯ ᠳᠠᠯ᠎ᠠ ᠶᠢ ᠠᠳᠬᠤᠵᠦ ᠬᠢᠨᠠᠯᠳᠠ ᠳᠠᠯᠪᠢᠬᠤ ᠪᠣᠳᠠᠳᠣ ᠦᠷ᠎ᠡ ᠪᠦᠲᠦᠮᠵᠢ ᠶᠢ ᠳᠡᠭᠡᠭᠰᠢᠯᠡᠬᠦᠯᠬᠦ ᠬᠡᠷᠡᠭᠲᠡᠢ ᠬᠡᠵᠦ ᠱᠠᠭᠠᠷᠳᠠᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号