ᠬᠤᠰᠢᠭᠤ ᠨᠠᠮ ᠤᠨ ᠬᠤᠷᠢᠶ᠎ᠠ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/9/17
     9 ᠰᠠᠷ᠎ᠠ ᠶᠢᠨ 14 ᠤ ᠡᠳᠦᠷ᠂ ᠬᠤᠰᠢᠭᠤ ᠨᠠᠮ ᠤᠨ ᠬᠤᠷᠢᠶ᠎ᠠ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ ᠬᠤᠰᠢᠭᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠳ ᠬᠤᠷᠠᠯ ᠳᠤ ᠤᠷᠤᠯᠴᠠᠨ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠵᠡᠷᠭᠡ ᠬᠤᠰᠢᠭᠤ ᠰᠢᠶᠠᠨ ᠤ ᠲᠠᠰ ᠤᠨ ᠤᠳᠤᠷᠢᠳᠤᠯᠭ᠎ᠠ ᠪᠤᠯᠤᠨ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠬᠦᠮ ᠤᠨ ᠬᠠᠷᠢᠭᠤᠴᠠᠯᠭᠠᠳᠠᠳ ᠬᠤᠷᠠᠯ ᠳᠤ ᠰᠤᠯᠠ ᠤᠷᠤᠯᠴᠠᠭᠰᠠᠨ ᠪᠠᠶᠢᠨ᠎ᠠ᠃
     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ᠂ ᠲᠣᠭᠤᠷᠢᠨ ᠪᠠᠶᠢᠴᠠᠭᠠᠬᠤ ᠠᠵᠢᠯ ᠤᠨ ᠬᠠᠮᠢᠶ᠎ᠠ ᠪᠦᠬᠦᠢ ᠥᠭᠦᠯᠡᠯᠲᠡ ᠶᠢᠨ ᠵᠣᠷᠢᠭ ᠰᠠᠨᠠᠭ᠎ᠠ ᠪᠤᠯᠤᠨ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠪᠠ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ  ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠯᠲᠠ ᠶᠢ ᠥᠷᠨᠢᠭᠦᠯᠬᠦ ᠲᠤᠬᠠᠶ ᠬᠠᠮᠢᠶ᠎ᠠ ᠪᠥᠬᠦᠶ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠠᠶᠢᠨ᠎ᠠ᠃
     ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠪᠣᠯᠤᠨ ᠤᠳᠤᠷᠢᠳᠬᠤ ᠺᠠᠳ᠋ᠷᠴᠤᠳ ᠶᠡᠷᠦᠩᠬᠡᠢ ᠱᠦᠵᠢ ᠰᠢ ᠶᠢᠨ ᠫᠢᠩ ᠤᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠵᠤ ᠪᠦᠬᠦ ᠣᠷᠣᠨ᠂ ᠪᠦᠬᠦ ᠬᠤᠳᠠ ᠶᠢᠨ ᠲᠣᠭᠤᠷᠢᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠬᠤᠯᠪᠤᠭᠳᠠᠯ ᠪᠦᠬᠦᠢ ᠰᠢᠢᠳᠪᠦᠷᠢᠲᠦ ᠪᠣᠳᠣᠯᠭ᠎ᠠ ᠶᠢᠨ ᠮᠠᠨ ᠤ ᠬᠤᠰᠢᠭᠤᠨ ᠳᠤ ᠨᠠᠶᠢᠳᠠᠪᠤᠷᠢᠵᠢᠭᠤᠯᠤᠭᠳᠠᠬᠤ ᠶᠢ ᠠᠭᠢᠭᠤᠯᠬᠤ ᠭᠡᠷᠡᠭᠳᠠᠢ᠃ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠰᠡᠳᠬᠢᠯᠭᠡ ᠪᠠᠨ ᠨᠡᠮᠡᠭᠳᠡᠭᠦᠯᠤᠨ ᠢᠳᠡᠪᠬᠢᠲᠡᠢ ᠠᠵᠢᠯ ᠬᠢᠵᠤ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠭᠤᠤᠯᠳᠠᠯᠭ᠎ᠠ ᠶᠢ ᠳᠣᠪᠤᠶᠢᠯᠭᠠᠵᠤ ᠨᠠᠷᠢᠯᠢᠭ ᠤᠨᠤᠪᠴᠢᠳᠠᠢ ᠪᠠᠷ ᠭᠥᠴᠤᠯᠠᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠲᠤᠰᠬᠠᠯ ᠢᠶᠠᠷ ᠴᠢᠩᠭ᠎ᠠ᠂ ᠭᠠᠵᠠᠷ ᠣᠷᠣᠨ ᠤ ᠳᠦᠷᠢ ᠲᠥᠷᠬᠦ ᠶᠢ ᠨᠦᠯᠦᠭᠡᠯᠡᠨ ᠥᠭᠡᠷᠡᠴᠢᠯᠡᠯᠲᠡ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠨᠢᠭᠡ ᠪᠦᠯᠦᠭ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠨ ᠴᠢᠨᠠᠷ ᠰᠠᠶᠢᠲᠠᠢ ᠬᠤᠳᠠᠯᠳᠤᠭ᠎ᠠ ᠡᠵᠡᠩᠨᠠᠯᠳᠠ ᠶᠢᠨ ᠤᠷᠴᠢᠨ ᠲᠤᠭᠤᠷᠢᠨ ᠢ ᠪᠤᠢ ᠪᠤᠯᠭᠠᠬᠤ ᠭᠡᠷᠡᠭᠳᠠᠢ᠃ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠴᠢᠬᠤᠯᠠ ᠴᠢᠨᠠᠷ ᠢ ᠭᠦᠢᠴᠡᠳ ᠤᠶᠢᠯᠠᠭᠠᠨ ᠲᠣᠭᠤᠷᠢᠨ ᠪᠠᠶᠢᠴᠠᠭᠠᠯᠲᠠ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠤ ᠲᠣᠭᠤᠷᠢᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠠᠨ ᠪᠣᠯᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠣᠭᠲᠠᠭᠰᠠᠨ ᠴᠠᠭ ᠲᠠᠭᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠯᠲᠠ ᠶᠢ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠤ ᠲᠤᠰᠬᠠᠶ ᠲᠣᠭᠤᠷᠢᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠤᠯᠳᠠ ᠪᠠ ᠣᠷᠴᠢᠨ ᠲᠣᠭᠤᠷᠢᠨ ᠢ ᠭᠢᠨᠠᠨ ᠪᠠᠶᠢᠴᠠᠭᠠᠬᠤ ᠵᠡᠷᠭᠡ ᠠᠵᠢᠯ ᠲᠠᠢ ᠤᠶᠠᠯᠳᠤᠭᠤᠯᠤᠨ ᠴᠡᠭᠴᠡᠯᠡᠨ ᠰᠠᠶᠢᠵᠢᠷᠠᠭᠤᠯᠬᠤ ᠶᠢ ᠰᠠᠶᠢᠳᠤᠷ ᠬᠢᠬᠦ ᠬᠡᠷᠡᠭᠲᠡᠢ᠃ ᠠᠵᠢᠯ ᠤᠨ ᠦᠢᠯᠡᠳᠦᠯᠭᠡᠵᠢᠬᠦᠯᠬᠡ ᠳᠤᠮᠳᠠ ᠰᠢᠨ᠎ᠡ ᠰᠡᠳᠬᠢᠴᠡ᠂ ᠰᠢᠨ᠎ᠡ ᠠᠷᠭ᠎ᠠ ᠬᠡᠮᠵᠢᠶ᠎ᠡ ᠶᠢ ᠲᠠᠰᠤᠷᠠᠯᠳᠠ ᠦᠭᠡᠢ ᠬᠠᠶᠢᠨ ᠰᠦᠪᠡᠭᠴᠢᠯᠡᠵᠦ ᠰᠢᠨ᠎ᠡ ᠶᠢ ᠡᠭᠦᠳᠬᠦ ᠰᠡᠳᠬᠢᠬᠦᠶ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠪᠠᠷ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠭᠢᠭᠤᠯᠵᠤ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠡᠶᠡᠯᠡᠭᠦᠯᠬᠦ ᠳᠤ ᠨᠠᠩ ᠶᠡᠭᠡ ᠰᠢᠨ᠎ᠡ ᠬᠦᠴᠦᠨ ᠴᠢᠳᠠᠯ ᠢᠶᠠᠨ ᠡᠷᠭᠦᠭᠦ ᠭᠡᠷᠡᠭᠳᠠᠢ ᠭᠡᠵᠡᠢ᠃      ᠬᠤᠷᠠᠯ ᠠᠴᠠ ᠪᠠᠰᠠ ᠪᠤᠰᠤᠳ ᠬᠡᠷᠡᠭ ᠤᠴᠢᠷ ᠢ ᠰᠤᠳᠤᠯᠵᠠᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号