9 ᠰᠠᠷ᠎ᠠ ᠶᠢᠨ 15 ᠤ ᠡᠳᠣᠷ ᠠᠴᠠ 16 ᠤ ᠡᠳᠣᠷ ᠪᠣᠯᠳᠠᠯ᠎ᠠ᠂ ᠲᠦᠪ ᠤᠨ ᠮᠡᠳᠡᠭᠡ ᠵᠠᠭᠤᠴᠢᠯᠠᠭᠤᠷ ᠤᠨ | ᠰᠣᠷᠪᠣᠯᠵᠢᠯᠠᠭ᠎ᠠ ᠶᠢᠨ ᠪᠦᠯᠬᠦᠮ ᠮᠠᠨ ᠤ ᠬᠤᠰᠢᠭᠤᠨ ᠳᠤ ᠢᠷᠡᠵᠣ ᠮᠣᠣᠡᠣᠰᠣ ᠡᠯᠠᠰᠣᠨ ᠴᠦᠯ ᠤᠨ ᠠᠮᠢ ᠠᠬᠤᠢ ᠶᠢᠨ | ᠰᠡᠷᠬᠦᠭᠡᠨ ᠵᠠᠰᠠᠯᠲᠠ ᠶᠢᠨ ᠠᠵᠢᠯ ᠳᠤ ᠪᠠᠶᠢᠴᠠᠭᠠᠨ ᠰᠣᠳᠣᠯᠣᠯᠳᠠ ᠬᠢᠵᠤ ᠰᠣᠷᠪᠣᠯᠵᠢᠯᠠᠨ ᠮᠡᠳᠡᠭᠡᠯᠡᠪᠡ᠃ ᠲᠦᠪ ᠤᠨ | ᠣᠬᠠᠭᠤᠯᠬᠤ ᠬᠡᠯᠲᠡᠰ ᠤᠨ ᠰᠣᠨᠢᠨ ᠮᠡᠳᠡᠭᠡᠨ ᠤ ᠪᠠᠴᠢᠮ ᠪᠠᠶᠢᠳᠠᠯ ᠢ ᠠᠷᠭᠠᠴᠠᠭᠠᠬᠤ ᠰᠣᠨᠢᠨ ᠮᠡᠳᠡᠭᠡᠨ ᠤ ᠭᠠᠵᠠᠷ ᠤᠨ | ᠳᠠᠷᠤᠭ᠎ᠠ ᠵᠦᠸᠧ ᠬᠤᠨᠭ᠌ ᠶᠦᠡᠭ᠂ ᠣᠯᠣᠰ ᠤᠨ ᠣᠢ ᠰᠢᠭᠤᠢ ᠪᠠ ᠨᠣᠳᠤᠭ ᠪᠡᠯᠴᠢᠭᠡᠷ ᠤᠨ ᠳᠣᠪᠴᠢᠶᠠᠨ ᠤ ᠬᠠᠮᠢᠶ᠎ᠠ | ᠪᠦᠬᠦᠢ ᠬᠠᠷᠢᠭᠤᠴᠠᠯᠭᠠᠳᠠᠨ ᠪᠣᠯᠣᠨ ᠮᠠᠨᠤ ᠬᠤᠰᠢᠭᠤᠨ ᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠣᠬᠠᠭᠤᠯᠬᠤ ᠭᠡᠯᠳᠡᠰ ᠤᠨ ᠳᠠᠷᠤᠭ᠎ᠠ ᠹᠸᠡᠭ ᡁᠢ ᠮᠢᠩ ᠵᠡᠷᠭᠡ | ᠣᠳᠣᠷᠢᠳᠣᠯᠭ᠎ᠠ ᠪᠠᠶᠢᠴᠠᠭᠠᠨ ᠰᠣᠳᠣᠯᠣᠯᠳᠠ ᠰᠣᠷᠪᠣᠯᠵᠢᠯᠠᠨ ᠮᠡᠳᠡᠭᠡᠯᠡᠬᠦ ᠠᠵᠢᠯᠯᠠᠭ᠎ᠠ ᠳᠤ ᠣᠷᠣᠯᠴᠠᠯ᠎ᠠ᠃ | | | | | | | ᠠᠷᠡᠳ ᠤᠨ ᠡᠳᠣᠷ ᠤᠨ ᠰᠣᠨᠢᠨ᠂ ᠲᠦᠪ ᠤᠨ ᠷᠠᠳᠢᠣ᠋ ᠲᠧᠯᠸᠢᠰ ᠤᠨ ᠶᠡᠷᠦᠩᠭᠡᠢ ᠬᠤᠷᠢᠶ᠎ᠠ᠂ ᠠᠷᠡᠳ ᠤᠨ | ᠰᠦᠯᠵᠢᠶ᠎ᠡ᠂ ᠰᠢᠨᠬᠤᠸᠠ ᠬᠤᠷᠢᠶ᠎ᠠ᠂ ︽ᠦᠨᠡᠨ︾ ᠰᠡᠳᠬᠦᠯ᠂ ᠭᠤᠸᠠᠩ ᠮᠢᠩ ᠡᠳᠦᠷ ᠤᠨ ᠰᠤᠨᠢᠨ᠂ ᠠᠮᠢ ᠠᠬᠤᠢ | ᠶᠢᠨ ᠡᠳᠦᠷ ᠤᠨ ᠰᠤᠨᠢᠨ᠂ ᠲᠤᠮᠳᠠᠳᠤ ᠤᠯᠤᠰ ᠤᠨ ᠰᠤᠨᠢᠨ ᠮᠡᠳᠡᠭᠡᠨ ᠤ ᠬᠤᠷᠢᠶ᠎ᠠ ᠵᠡᠷᠭᠡ ᠲᠦᠪ ᠤᠨ ᠭᠤᠣᠯ ᠮᠡᠳᠡᠭᠡ | ᠵᠠᠭᠤᠴᠢᠯᠠᠭᠤᠷ ᠤᠨ ᠰᠣᠷᠪᠣᠯᠵᠢᠯᠠᠭ᠎ᠠ ᠶᠢᠨ ᠠᠷᠪᠠᠨ ᠬᠡᠳᠦᠨ ᠪᠦᠯᠬᠦᠮ ᠤᠨ ᠰᠤᠷᠪᠤᠯᠵᠢᠯᠠᠭᠴᠢ ᠤᠷᠢᠳ ᠬᠤᠵᠢᠳ | ᠦᠣᠰᠢᠨᠵᠣᠣ ᠪᠠᠯᠭᠠᠰᠣᠨ ᠤ ︽ᠮᠠᠯᠵᠢᠬᠤ ᠳ᠋ᠠᠵᠠᠢ︾ ᠶᠢᠨ ᠮᠦᠽᠸᠢ᠂ ᠪᠠᠶᠢᠭᠠᠯᠢ ᠶᠢᠨ ᠠᠷᠴᠠᠨ ᠤ ᠬᠠᠮᠠᠭᠠᠯᠠᠯᠲᠠ ᠶᠢᠨ | ᠣᠷᠣᠨ᠂ ᠣᠯᠠᠭᠠᠨᠳᠣᠯᠣᠭᠠᠢ ᠪᠠᠯᠭᠠᠰᠣᠨ ᠤ ᠡᠯᠡᠰᠦ ᠵᠠᠰᠠᠬᠤ ᠦᠷᠳᠡᠭᠡ᠂ ᠭᠠᠯᠠᠭᠤᠲᠣ ᠪᠠᠯᠭᠠᠰᠣᠨ ᠤ ᠰᠠᠷᠠᠭᠤᠯᠨᠣᠳᠤᠭ | ᠭᠠᠴᠠᠭᠠᠨ ᠤ ᠠᠳᠤᠭᠤ ᠲᠡᠵᠢᠬᠡᠨ ᠮᠠᠯᠵᠢᠬᠤ ᠡᠷᠣᠬᠡ ᠠᠳᠢᠶ᠎ᠠ ᠶᠢᠨ ᠬᠢ᠂ ᠰᠦᠯᠳᠡ ᠰᠣᠮᠣᠨ ᠤ ᠲᠦᠡᠭᠽᠢ | ᠭᠠᠴᠠᠭᠠᠨ ᠤ ᠣᠷᠳᠣᠰ ᠨᠠᠷᠢᠨ ᠨᠣᠣᠰᠣᠳᠣ ᠬᠤᠨᠢ ᠮᠠᠯᠵᠢᠬᠤ ᠡᠷᠣᠬᠡ ᠴᠠᠩᠬᠡᠯ ᠤᠨ ᠬᠢ᠂ ᠰᠢᠷᠬᠤᠰᠣᠨ ᠪᠠᠯᠭᠠᠰᠣᠨ ᠤ | ᠰᠢᠷᠬᠤᠰᠣ ᠳᠣᠰᠬᠤᠨ ᠤ ᠢᠣᠢ ᠵᠧᠨ ᠠᠮᠢ ᠠᠬᠤᠢ ᠶᠢᠨ ᠬᠦᠷᠢᠶᠡᠯᠡᠩ ᠵᠡᠷᠭᠡ ᠭᠠᠵᠠᠷ ᠢᠶᠠᠷ ᠬᠦᠷᠴᠤ ᠪᠠᠶᠢᠴᠠᠭᠠᠨ | ᠰᠤᠳᠤᠯᠤᠯᠲᠠ ᠬᠢᠬᠦ ᠶᠢᠨ ᠬᠠᠮᠲᠤ ᠰᠣᠷᠪᠣᠯᠵᠢᠯᠠᠭ᠎ᠠ ᠬᠢᠪᠡ᠃ | | | | | | | | | | ᠦᠦᠰᠢᠨᠵᠤᠤ ᠪᠠᠯᠭᠠᠰᠤᠨ ᠳᠤ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠰᠤᠷᠪᠤᠯᠵᠢᠯᠠᠬᠤ | ᠪᠦᠯᠬᠦᠮ ᠤᠨ ᠰᠤᠷᠪᠤᠯᠵᠢᠯᠠᠭᠴᠢ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠤᠷ᠎ᠠ ᠮᠠᠨ ᠤ | ᠬᠤᠰᠢᠭᠤ ᠮᠤᠤᠠᠤᠰᠤ ᠡᠯᠡᠰᠦᠨ ᠴᠥᠯ ᠢ ᠵᠠᠰᠠᠭᠠᠳ ᠣᠯᠤᠭᠰᠠᠨ ᠢᠯᠡᠳᠲᠡ ᠦᠷ᠎ᠡ ᠪᠦᠲᠦᠭᠡᠯ ᠢ ᠲᠠᠨᠢᠯᠴᠠᠭᠤᠯᠵᠠᠶ᠃ | ︽ᠮᠠᠯᠵᠢᠬᠤ ᠳ᠋ᠠᠵᠠᠢ︾ ᠶᠢᠨ ᠮᠦᠽᠸᠢ ᠳᠤ ᠰᠤᠷᠪᠤᠯᠵᠢᠯᠠᠭᠴᠢᠳ ᠲᠡᠦᠬᠡᠨ ᠲᠠᠩᠰᠠ ᠡᠪᠬᠡᠮᠡᠯ ᠮᠠᠲ᠋ᠧᠷᠢᠶᠠᠯ ᠢ | ᠦᠵᠡᠬᠦ ᠪᠠᠷ ᠳᠡᠮᠵᠢᠨ ᠦᠦᠰᠢᠨᠵᠤᠤ ᠶᠢᠨ ᠠᠷᠠᠳ ᠲᠦᠮᠡᠨ ᠤ ᠡᠯᠡᠰᠦᠨ ᠴᠥᠯ ᠢ ᠡᠷᠬᠡᠰᠢᠶᠡᠬᠦ᠂ ᠨᠤᠲᠤᠭ ᠪᠡᠯᠴᠢᠭᠡᠷ ᠢ | ᠪᠥᠲᠥᠭᠡᠨ ᠪᠠᠶᠢᠭᠤᠯᠬᠤ᠂ ᠬᠡᠷ ᠣᠷᠣᠨ ᠢᠶᠠᠨ ᠨᠣᠭᠤᠭᠠᠷᠠᠭᠤᠯᠬᠤ᠂ ᠬᠥᠮᠦᠨ ᠬᠢᠭᠡᠳ ᠪᠠᠶᠢᠭᠠᠯᠢ ᠶᠢᠨ ᠡᠶ᠎ᠡ | ᠵᠣᠬᠢᠴᠠᠯ ᠲᠠᠢ ᠪᠠᠷ ᠬᠦᠭᠵᠢᠵᠤ ᠪᠠᠶᠢᠬᠤ ᠶᠢ ᠪᠢᠴᠢᠭᠯᠡᠭᠰᠡᠨ ᠢ ᠤᠶᠢᠯᠠᠭᠠᠭᠰᠠᠨ ᠪᠠᠶᠢᠨ᠎ᠠ᠃ ᠥᠩᠭᠡᠷᠡᠭᠰᠡᠨ ᠤ ᠪᠠ | ᠣᠲᠣ ᠶᠢᠨ ᠣᠶᠢᠵᠢᠭᠤᠯᠤᠯᠲᠠ ᠶᠢᠨ ᠲᠣᠮᠣ ᠡᠷᠦᠬᠡ ᠶᠢ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ ᠪᠠᠷ ᠳᠡᠮᠵᠢᠨ | ᠲᠡᠰᠪᠦᠷᠢ ᠬᠠᠲᠠᠭᠤᠵᠢᠯᠲᠠᠶ ᠲᠡᠮᠡᠴᠡᠵᠦ ᠲᠩᠷᠢ ᠭᠠᠵᠠᠷ ᠢ ᠥᠭᠡᠷᠡᠴᠢᠯᠡᠨ ᠵᠣᠷᠢᠭᠲᠠᠶᠪᠠᠷ ᠰᠢᠨ᠎ᠡ ᠶᠢ ᠡᠭᠦᠳᠬᠦ ︽ | ᠮᠠᠯᠵᠢᠬᠤ ᠳ᠋ᠠᠵᠠᠢ︾ ᠦᠦᠰᠢᠨᠵᠤᠤ ᠶᠢᠨ ᠵᠣᠷᠢᠭ ᠰᠠᠨᠠᠭ᠎ᠠ ᠶᠢ ᠭᠦᠨᠵᠡᠭᠡᠶ ᠤᠶᠢᠯᠠᠭᠠᠪᠠ᠃ | | | | | | 1965 ᠣᠨ ᠤ 12 ᠰᠠᠷ᠎ᠠ ᠶᠢᠨ 2 ᠤᠨ ᠡᠳᠦᠷ ︽ᠠᠷᠠᠳ ᠤᠨ ᠡᠳᠦᠷ ᠤᠨ ᠰᠣᠨᠢᠨ︾ ᠤ ᠲᠡᠷᠢᠭᠦᠨ | ᠨᠢᠭᠤᠷ ᠤᠨ ᠲᠡᠷᠢᠭᠦᠨ ᠵᠤᠷᠪᠤᠰ ᠲᠤ ︽ᠮᠠᠯᠵᠢᠬᠤ ᠳ᠋ᠠᠵᠠᠶ — ᠦᠦᠰᠢᠨᠵᠤᠤ ᠨᠢᠭᠡᠳᠦᠯ ᠤᠨ ᠨᠡᠶᠢᠭᠡᠮ ᠵᠢᠷᠤᠮᠲᠤ | ᠰᠢᠨ᠎ᠡ ᠮᠠᠯᠵᠢᠬᠤ ᠣᠷᠣᠨ ᠢ ᠪᠦᠳᠦᠭᠡᠨ ᠪᠠᠶᠢᠭᠤᠯᠬᠤ ᠬᠤᠪᠢᠰᠬᠠᠯ ᠤᠨ ᠵᠠᠮ ᠢ ᠲᠡᠮᠳᠡᠭᠯᠡᠶ᠎ᠡ︾ ᠭᠡᠰᠡᠨ ᠵᠣᠬᠢᠶᠠᠯ ᠢ | ᠨᠡᠶᠢᠲᠡᠯᠡᠬᠦ ᠶᠢᠨ ᠬᠠᠮᠲᠤ ︽ᠦᠦᠰᠢᠨᠵᠤᠤ ᠶᠢᠨ ᠠᠷᠠᠳ ᠤᠨ ᠬᠤᠪᠢᠰᠬᠠᠯᠲᠤ ᠵᠣᠷᠢᠭ ᠰᠠᠨᠠᠭ᠎ᠠ ᠶᠢ ᠪᠠᠳᠠᠷᠠᠭᠤᠯᠤᠶ᠎ᠠ︾ | ᠭᠡᠰᠡᠨ ᠬᠤᠷᠢᠶᠠᠨ ᠤ ᠥᠭᠦᠯᠡᠯ ᠢ ᠲᠠᠷᠬᠠᠭᠠᠵᠤ ᠦᠦᠰᠢᠨ ᠬᠤᠰᠢᠭᠤ ᠶᠢ ᠪᠦᠬᠦ ᠤᠯᠤᠰ ᠲᠤ ᠠᠯᠳᠠᠷᠰᠢᠭᠤᠯᠤᠭᠰᠠᠨ | ᠪᠥᠭᠡᠳ ᠦᠶ᠎ᠡ ᠦᠶ᠎ᠡ ᠶᠢᠨ ᠦᠦᠰᠢᠨ ᠠᠷᠠᠳ ᠲᠦᠮᠡᠨ ᠢ ᠵᠤᠷᠢᠭᠵᠢᠭᠤᠯᠤᠨ ᠢᠮᠠᠭᠲᠠ ᠨᠣᠮᠢᠨ ᠨᠣᠭᠤᠭᠠᠨ ᠤᠭ | ᠰᠠᠨᠠᠭ᠎ᠠ ᠪᠠᠨ ᠪᠠᠲᠤ ᠰᠠᠬᠢᠵᠤ᠂ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠬᠤ ᠬᠡᠷᠡᠭᠲᠡᠢ | ᠭᠡᠰᠡᠨ ᠪᠠᠶᠢᠨ᠎ᠠ᠃ | ᠦᠤᠰᠢᠨ ᠬᠤᠰᠢᠭᠤᠨ ᠤ ᠬᠢᠯᠢ ᠳᠣᠲᠣᠷ᠎ᠠ ᠪᠠᠶᠢᠷᠢᠯᠠᠵᠤ ᠪᠠᠶᠢᠭ᠎ᠠ ᠥᠪᠥᠷ ᠮᠣᠩᠭᠤᠯ ᠤᠨ ᠮᠤᠤᠠᠤᠰᠤ ᠡᠯᠡᠰᠦᠨ | ᠭᠠᠵᠠᠷ ᠤᠨ ᠪᠠᠶᠢᠭᠠᠯᠢ ᠶᠢᠨ ᠠᠷᠴᠠᠨ ᠭᠠᠵᠠᠷ ᠤᠨ ᠬᠠᠮᠠᠭᠠᠯᠠᠯᠲᠠ ᠶᠢᠨ ᠣᠷᠣᠨ ᠪᠣᠯ ᠤᠯᠤᠰ ᠤᠨ ᠳᠣᠲᠣᠭᠠᠳᠤ ᠶᠢᠨ | ᠠᠷᠴᠠᠨ ᠭᠠᠵᠠᠷ ᠤᠨ ᠲᠠᠯᠠᠪᠠᠶ ᠪᠠᠷ ᠬᠠᠮᠤᠭ ᠤᠨ ᠶᠡᠭᠡ᠂ ᠤᠷᠭᠤᠴᠠ ᠨᠢ ᠬᠠᠮᠤᠭ ᠤᠨ ᠰᠠᠶᠢᠨ᠂ ᠬᠠᠮᠤᠭ ᠤᠨ | ᠲᠦᠪᠯᠡᠷᠡᠨ ᠵᠠᠯᠭᠠᠯᠳᠤᠭᠰᠠᠨ ᠣᠷᠣᠨ ᠪᠠᠶᠢᠵᠤ᠂ ᠶᠡᠷᠦᠩᠬᠡᠶ ᠲᠠᠯᠠᠪᠠᠶ ᠨᠢ 46600 ᠾᠧᠺᠲ᠋ᠠᠷ ᠪᠤᠢ᠃ | ᠰᠤᠷᠪᠤᠯᠵᠢᠯᠠᠬᠤ ᠪᠦᠯᠬᠦᠮ ᠤᠨ ᠰᠤᠷᠪᠤᠯᠵᠢᠯᠠᠭᠴᠢ ᠬᠠᠮᠠᠭᠠᠯᠠᠯᠲᠠ ᠶᠢᠨ ᠣᠷᠣᠨ ᠤ ᠳᠣᠲᠣᠷᠠᠬᠢ ᠠᠮᠢᠲᠠᠨ ᠤᠷᠭᠤᠮᠠᠯ ᠤᠨ | ᠲᠥᠷᠥᠯ ᠵᠦᠢᠯ ᠵᠢᠴᠢ ᠲᠠᠷᠠᠭᠠᠴᠢ ᠶᠢᠨ ᠠᠯᠬᠤᠮ ᠤᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢᠨ ᠲᠤᠬᠠᠶ ᠨᠠᠷᠢᠨ | ᠣᠶᠢᠯᠠᠭᠠᠪᠠ᠃ | ᠤᠯᠠᠭᠠᠨᠲᠤᠯᠤᠭᠠᠢ ᠡᠯᠡᠰᠦ ᠵᠠᠰᠠᠬᠤ ᠥᠷᠲᠡᠭᠡᠨ ᠳᠤ ᠰᠤᠷᠪᠤᠯᠵᠢᠯᠠᠭᠴᠢᠳ ᠲᠤᠬᠠᠶ ᠶᠢᠨ ᠭᠠᠵᠠᠷ ᠤᠨ ᠡᠯᠡᠰᠦ | ᠵᠠᠰᠠᠬᠤ ᠬᠥᠮᠦᠰ ᠤᠨ ᠵᠢᠷᠤᠭᠯᠠᠭᠰᠠᠨ ᠡᠷᠡᠰ ᠬᠠᠲᠠᠭᠤ ᠵᠣᠷᠢᠭ ᠢ ᠰᠤᠷᠪᠤᠯᠵᠢᠯᠠᠵᠠᠶ᠃ ᠬᠡᠳᠦᠨ ᠦᠶ᠎ᠡ ᠶᠢᠨ ᠡᠯᠡᠰᠦ ᠶᠢ | ᠵᠠᠰᠠᠭᠴᠢᠳ ᠤᠭ ᠰᠠᠨᠠᠭ᠎ᠠ ᠪᠠᠨ ᠪᠠᠲᠤ ᠰᠠᠬᠢᠵᠤ ︽ᠡᠮᠦᠨ᠎ᠡ ᠨᠢ ᠬᠠᠯᠬᠠᠯᠠᠵᠤ ᠬᠤᠶᠢᠨ᠎ᠠ ᠨᠢ ᠲᠠᠲᠠᠬᠤ᠂ ᠱᠠᠬᠠᠶ | ᠡᠮᠦᠰᠬᠡᠵᠤ ᠮᠠᠯᠠᠭᠠᠶ ᠵᠡᠬᠦᠯᠭᠡᠬᠦ᠂ ᠠᠯᠬᠤᠮ ᠠᠯᠬᠤᠮ ᠢᠶᠠᠷ ᠲᠦᠯᠬᠢᠨ ᠠᠬᠢᠭᠤᠯᠬᠤ︾ ᠵᠡᠷᠭᠡ ᠵᠠᠰᠠᠯᠲᠠ ᠶᠢᠨ ᠠᠷᠭ᠎ᠠ | ᠬᠡᠮᠵᠢᠶ᠎ᠡ ᠶᠢ ᠳ᠋ᠦᠩᠨᠡᠨ ᠰᠦᠪᠡᠭᠴᠢᠯᠡᠵᠦ ᠪᠠᠶᠢᠭᠠᠳ ᠥᠪᠡᠷᠲᠡᠭᠡᠨ ᠵᠠᠰᠠᠬᠤ ᠣᠷᠣᠨ ᠤ ︽ᠲᠠᠷᠢᠶᠠᠯᠠᠩ ᠮᠠᠯ ᠠᠵᠤ | ᠠᠬᠤᠢ ᠶᠢᠨ ᠡᠯᠪᠡᠭ ᠬᠤᠷᠢᠶᠠᠯᠲᠠ ᠶᠢᠨ ᠨᠢᠭᠡᠳᠦᠭᠡᠷ ᠳᠡᠰ ᠤᠨ ᠱᠠᠩᠨᠠᠯ︾ ᠢ ᠬᠦᠷᠲᠡᠪᠡ᠃ | ᠤᠶᠢᠷ᠎ᠠ ᠶᠢᠨ ᠵᠢᠯ ᠳᠤ ᠭᠠᠯᠠᠭᠤᠲᠤ ᠪᠠᠯᠭᠠᠰᠤ ᠠᠳᠤᠭᠤᠨ ᠰᠣᠶᠣᠯ ᠢ ᠥᠪᠡᠷᠮᠢᠴᠡ ᠰᠣᠶᠣᠯ ᠤᠨ ᠨᠢᠭᠡ | ᠪᠣᠯᠭᠠᠵᠤ ᠠᠳᠤᠭᠤᠨ ᠰᠣᠶᠣᠯ ᠢ ᠤᠯᠠᠮᠵᠢᠯᠠᠨ ᠬᠠᠮᠠᠭᠠᠯᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ | ᠠᠳᠤᠭᠤᠨ ᠰᠣᠶᠣᠯ ᠤᠨ ᠤᠯᠠᠮᠵᠢᠯᠠᠯᠲᠤ ᠡᠬᠢ ᠪᠠᠶᠠᠯᠢᠭ ᠢ ᠦᠨᠡᠨᠬᠦ ᠠᠭᠤᠳᠠᠯᠵᠤ ᠦᠦᠰᠢᠨ ᠠᠳᠤᠭᠤ ᠲᠡᠵᠢᠭᠡᠨ | ᠮᠠᠯᠵᠢᠬᠤ ᠲᠣᠮᠣ ᠡᠷᠦᠬᠡ ᠶᠢ ᠨᠢᠭᠡ ᠪᠦᠯᠦᠭ ᠪᠤᠢ ᠪᠤᠯᠭᠠᠪᠠ᠃ ᠰᠠᠷᠠᠭᠤᠯᠨᠤᠲᠤᠭ ᠭᠠᠴᠠᠭᠠᠨ ᠤ ᠮᠠᠯᠴᠢᠨ ᠠᠳᠢᠶ᠎ᠠ ᠶᠢᠨ | ᠬᠢᠨ ᠪᠣᠯ ᠠᠳᠤᠭᠤ ᠲᠡᠵᠢᠭᠡᠨ ᠦᠷᠡᠵᠢᠭᠦᠯᠬᠦ ᠲᠣᠮᠣ ᠡᠷᠦᠬᠡ ᠶᠢᠨ ᠨᠢᠭᠡ ᠪᠣᠯᠤᠨ᠎ᠠ᠃ ᠣᠯᠠᠨ ᠵᠢᠯ ᠤᠨ ᠲᠤᠷᠰᠢ | ᠦᠦᠰᠢᠨ ᠠᠳᠤᠭᠤ ᠲᠡᠵᠢᠭᠡᠨ ᠮᠠᠯᠵᠢᠬᠤ ᠮᠡᠷᠭᠡᠵᠢᠯ ᠢ ᠢᠳᠡᠪᠬᠢᠲᠡᠢ ᠰᠤᠳᠤᠯᠵᠤ ᠡᠭᠦᠯᠳᠡᠷ ᠤᠨ ᠬᠠᠮᠠᠭᠠᠯᠠᠯᠲᠠ ᠶᠢ | ᠲᠠᠰᠤᠷᠠᠯᠲᠠ ᠦᠭᠡᠢ ᠴᠢᠩᠭᠠᠳᠬᠠᠵᠤ ᠦᠤᠰᠢᠨ ᠠᠳᠤᠭᠤᠨ ᠤ ᠬᠤᠪᠣᠷ ᠨᠠᠨᠳᠢᠨ ᠤᠳᠤᠮᠰᠢᠯ ᠤᠨ ᠡᠬᠢ ᠪᠠᠶᠠᠯᠢᠭ ᠢ | ᠪᠦᠲᠦᠮᠵᠢᠲᠡᠶ ᠬᠠᠳᠠᠭᠠᠯᠠᠵᠤ ᠠᠳᠤᠭᠤᠨ ᠤ ᠠᠵᠤ ᠦᠢᠯᠡᠰ ᠢ ᠤᠯᠠᠮ ᠨᠢᠭᠡ ᠠᠯᠬᠤᠮ ᠬᠥᠭᠵᠢᠭᠦᠯᠬᠦ᠂ ᠠᠳᠤᠭᠤᠨ ᠤ | ᠰᠣᠶᠣᠯ ᠢ ᠪᠠᠳᠠᠷᠠᠭᠤᠯᠬᠤ ᠳᠤ ᠬᠤᠪᠢ ᠨᠡᠮᠡᠷᠢ ᠦᠵᠡᠭᠦᠯᠵᠡᠶ᠃ ᠰᠤᠷᠪᠤᠯᠵᠢᠯᠠᠬᠤ ᠪᠦᠯᠬᠦᠮ ᠤᠨ ᠰᠤᠷᠪᠤᠯᠵᠢᠯᠠᠭᠴᠢ | ᠲᠡᠳᠡᠨ ᠤ ᠭᠡᠷ ᠤᠨ ᠬᠠᠳᠤᠯᠠᠩ ᠤᠨ ᠪᠡᠯᠴᠢᠭᠡᠷ ᠢ ᠬᠡᠷᠬᠢᠨ ᠵᠦᠶ ᠵᠤᠬᠢᠰᠲᠠᠢ ᠬᠡᠷᠡᠭᠯᠡᠭᠰᠡᠨ ᠪᠠ ᠭᠡᠷ ᠪᠦᠯᠢ ᠶᠢᠨ | ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ ᠠᠳᠤᠭᠤᠨ ᠰᠣᠶᠣᠯ ᠤᠨ ᠲᠤᠬᠠᠶ ᠶᠢᠨ ᠭᠠᠵᠠᠷᠤᠨ | ᠲᠠᠯ᠎ᠠ ᠨᠤᠲᠤᠭ ᠤᠨ ᠣᠨᠴᠠᠯᠢᠭᠲᠤ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠶ | ᠬᠠᠮᠢᠶ᠎ᠠ ᠪᠦᠬᠦᠢ ᠬᠠᠷᠢᠭᠤᠴᠠᠯᠭᠠᠲᠠᠨ ᠢ ᠰᠤᠷᠪᠤᠯᠵᠢᠯᠠᠪᠠ᠃ | ᠦᠵᠡᠰᠬᠦᠯᠡᠩᠲᠦ ᠰᠠᠶᠢᠬᠠᠨ ᠠᠮᠢ ᠠᠬᠤᠶ ᠨᠢ ︽ᠦᠵᠡᠰᠬᠦᠯᠡᠩᠲᠦ ᠰᠠᠶᠢᠬᠠᠨ ᠠᠵᠤ ᠠᠬᠤᠶ︾ ᠪᠣᠯᠤᠨ | ᠬᠤᠪᠢᠷᠠᠵᠤ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ︾ ᠭᠡᠬᠦ ᠦᠵᠡᠯᠲᠡ ᠶᠢ | ᠭᠡᠷᠡᠴᠢᠯᠡᠨ᠂ ᠰᠤᠷᠪᠤᠯᠵᠢᠯᠠᠬᠤ ᠪᠦᠯᠬᠦᠮ ᠤᠨ ᠰᠤᠷᠪᠤᠯᠵᠢᠯᠠᠭᠴᠢ ᠲᠦᠩᠽᠢ ᠭᠠᠴᠠᠭᠠᠨ ᠤ ᠮᠠᠯᠴᠢᠨ ᠴᠡᠩᠭᠡᠯ ᠤᠨ | ᠭᠡᠷ ᠲᠤ ᠬᠦᠷᠴᠦ ᠪᠠᠶᠢᠴᠠᠭᠠᠨ ᠦᠵᠡᠭᠰᠡᠨ ᠪᠠ ᠰᠤᠷᠪᠤᠯᠵᠢᠯᠠᠭᠰᠠᠨ ᠪᠠᠶᠢᠨ᠎ᠠ᠃ ᠡᠯᠡᠰᠦ ᠮᠠᠡᠩᠬᠠᠨ ᠪᠠᠯᠴᠢᠭᠡᠷ ᠢᠶᠠᠨ | ᠣᠶᠢᠵᠢᠭᠤᠯᠣᠨ ᠠᠮᠢ ᠠᠬᠤᠢ ᠢ ᠰᠠᠶᠢᠵᠢᠷᠠᠭᠤᠯᠣᠨ ᠠᠵᠣ ᠠᠬᠤᠢ ᠶᠢᠨ ᠠᠰᠢᠭ ᠬᠦᠷᠳᠡᠵᠣ ᠴᠢᠨᠡᠭᠡᠯᠢᠭᠵᠢᠯ ᠤᠨ | ᠳᠠᠭᠠᠭᠤᠯᠣᠭᠴᠢ ᠪᠣᠯᠣᠭᠰᠠᠨ ᠮᠠᠯᠴᠢᠨ ᠴᠡᠩᠬᠡᠯ ᠤᠨ ᠬᠢᠨ ᠮᠠᠯ ᠲᠠᠷᠢᠶᠠᠯᠠᠩ ᠤᠨ ᠤᠳᠣᠬᠢᠴᠢᠯᠠᠭᠰᠠᠨ ᠰᠠᠭᠤᠷᠢ | ᠲᠦᠬᠦᠭᠡᠷᠦᠮᠵᠢ ᠢᠵᠢ ᠪᠦᠷᠢᠳᠣᠨ 1000 ᠭᠠᠷᠣᠢ ᠳᠣᠯᠣᠭᠠᠢ ᠣᠷᠳᠣᠰ ᠨᠠᠷᠢᠨ ᠨᠣᠣᠰᠣᠳᠣ ᠬᠤᠨᠢ ᠮᠠᠯᠵᠢᠵᠣ | ᠵᠢᠯ ᠤᠨ ᠴᠡᠪᠠᠷ ᠣᠷᠣᠯᠭ᠎ᠠ 100 ᠳᠦᠮᠡ ᠶᠢ ᠳᠠᠪᠠᠭᠰᠠᠨ ᠪᠠᠶᠢᠨ᠎ᠠ᠃ ᠲᠡᠭᠦᠨ ᠤ ᠭᠡᠷ ᠪᠦᠯᠢ ᠶᠢᠨ ᠮᠠᠯᠵᠢᠯ ᠤᠨ | ᠲᠠᠯᠠᠪᠠᠢ ᠨᠢ ᠬᠡᠳᠦᠨ ᠦᠶ᠎ᠡ ᠶᠢᠨ ᠬᠥᠮᠦᠰ ᠤᠨ ᠤᠳᠠᠭᠠᠨ ᠳᠠᠭᠠᠭᠠᠮᠠᠭᠠᠶ ᠣᠶᠢᠵᠢᠭᠤᠯᠬᠤ ᠪᠠᠷ ᠳᠠᠮᠵᠢᠨ ᠣᠳᠣᠬᠠᠨ ᠳᠤ | 8000 ᠮᠦ ᠢᠭᠴᠤ ᠰᠠᠬᠤᠯᠢᠭ ᠨᠤᠲᠤᠭ ᠪᠡᠯᠴᠢᠭᠡᠷ ᠲᠠᠢ ᠪᠤᠯᠵᠤ ᠠᠮᠢ ᠠᠬᠤᠶ ᠰᠠᠶᠢᠵᠢᠷᠠᠪᠠᠯ ᠲᠡᠵᠢᠭᠡᠨ ᠮᠠᠯᠵᠢᠬᠤ | ᠦᠢᠯᠡᠰ ᠢ ᠬᠥᠭᠵᠢᠭᠦᠯᠬᠦ ᠳᠤ ᠠᠰᠢᠭᠲᠠᠢ ᠪᠠᠶᠢᠵᠤ ᠣᠷᠳᠣᠰ ᠨᠠᠷᠢᠨ ᠨᠣᠣᠰᠣᠲᠤ ᠬᠤᠨᠢ ᠶᠢ 1100 ᠭᠠᠷᠤᠶ | ᠲᠡᠵᠢᠭᠡᠨ ᠮᠠᠯᠵᠢᠭᠠᠳ ᠵᠢᠯ ᠤᠨ ᠣᠷᠣᠯᠭ᠎ᠠ ᠵᠠᠭᠤᠨ ᠲᠦᠮᠡᠨ ᠲᠥᠭᠦᠷᠢᠭ ᠢ ᠳᠠᠪᠠᠵᠠᠶ᠃ | ᠬᠤᠶᠠᠷ ᠡᠳᠣᠷ ᠤᠨ ᠰᠣᠷᠪᠣᠯᠵᠢᠯᠠᠭ᠎ᠠ ᠪᠠᠷ ᠳᠠᠮᠵᠢᠨ᠂ ᠬᠠᠮᠢᠶ᠎ᠠ ᠪᠦᠬᠦᠢ ᠮᠡᠳᠡᠭᠡ ᠵᠠᠭᠤᠴᠢᠯᠠᠭᠤᠷ ᠤᠨ | ᠰᠣᠷᠪᠣᠯᠵᠢᠯᠠᠭᠴᠢᠳ ᠠᠴᠠ ᠦᠣᠰᠢᠨ ᠬᠤᠰᠢᠭᠤᠨ ᠤ ᠪᠣᠷᠣᠯᠳᠠᠢ᠂ ᠶᠢᠨ ᠢᠣᠢ ᠵᠧᠨ ᠵᠡᠷᠭᠡ ᠬᠡᠳᠣᠨ ᠦᠶ᠎ᠡ ᠶᠢᠨ | ᠬᠦᠮᠣᠨ ᠤ ᠡᠯᠠᠰᠣ ᠮᠠᠩᠬᠠᠢ ᠣᠶᠢᠵᠢᠭᠤᠯᠣᠨ ᠵᠠᠰᠠᠭᠰᠠᠨ ᠲᠣᠷᠰᠢᠯᠭ᠎ᠠ ᠠᠮᠵᠢᠯᠳᠠ ᠶᠢ ᠣᠯᠠᠨ ᠬᠠᠷᠠᠭᠠᠰᠣ ᠠᠴᠠ | ᠰᠣᠷᠪᠣᠯᠵᠢᠯᠠᠵᠣ ᠣᠯᠣᠰ ᠳᠠᠶᠠᠭᠠᠷ᠂ ᠳᠡᠯᠡᠬᠡᠢ ᠳ᠋ᠠᠬᠢᠨ ᠳᠤ ᠡᠨᠡ ᠬᠦ ᠰᠢᠨᠳᠠᠷᠠᠰᠢ ᠦᠬᠡᠢ ︽ᠮᠣᠩᠭᠤᠯ ᠮᠣᠷᠢᠨ ᠤ | ᠵᠣᠷᠢᠭ ᠰᠠᠨᠠᠭ᠎ᠠ︾ ᠶᠢ ᠣᠬᠠᠭᠤᠯᠣᠨ ᠮᠡᠳᠡᠭᠡᠯᠡᠨ᠎ᠡ ᠬᠡᠵᠤ ᠪᠠᠶᠢᠯ᠎ᠠ᠃ | | |