ᠰᠢ ᠶᠢᠨ ᠫᠢᠩ ᠴᠠᠬᠢᠯᠭᠠᠨ ᠴᠢᠮᠡᠭᠡ ᠶᠠᠪᠤᠭᠤᠯᠵᠦ ᠰᠧᠭ᠎ᠠ ᠶᠤᠰᠢᠾᠢᠳᠠᠢ ᠶᠠᠫᠤᠨ ᠤ ᠲᠡᠷᠢᠭᠦᠨ ᠰᠠᠶᠢᠳ ᠢᠶᠠᠷ ᠰᠤᠩᠭᠤᠭᠳᠠᠭᠰᠠᠨ ᠳᠤ ᠪᠠᠶᠠᠷ ᠬᠦᠷᠭᠡᠵᠡᠢ
ᠨᠡᠶᠢᠲᠡᠯᠡᠭᠰᠡᠨ ᠴᠠᠭ᠄
2020/9/18
     ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 16 ᠤ ᠴᠠᠬᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ ᠫᠢᠩ ᠡᠨᠡ ᠡᠳᠦᠷ ᠰᠧᠭ᠎ᠠ ᠶᠤᠰᠢᠾᠢᠳᠠᠢ ᠳᠤ ᠴᠠᠬᠢᠯᠭᠠᠨ ᠴᠢᠮᠡᠭᠡ ᠶᠠᠪᠤᠭᠤᠯᠵᠤ᠂ ᠶᠠᠫᠤᠨ ᠤ ᠲᠡᠷᠢᠭᠦᠨ ᠰᠠᠶᠢᠳ ᠢᠶᠠᠷ ᠰᠤᠩᠭᠤᠭᠳᠠᠭᠰᠠᠨ ᠳᠤ ᠪᠠᠶᠠᠷ ᠬᠦᠷᠭᠡᠪᠡ᠃      ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠳᠤᠮᠳᠠᠳᠤ ᠶᠠᠫᠤᠨ ᠪᠤᠯ ᠨᠦᠬᠦᠷᠰᠡᠭ ᠬᠦᠷᠰᠢ ᠪᠤᠯᠤᠨ᠎ᠠ᠂ ᠴᠦᠮ ᠠᠽᠢᠶ᠎ᠠ ᠲᠢᠪ ᠪᠤᠯᠤᠨ ᠳᠡᠯᠡᠬᠡᠢ ᠶᠢᠨ ᠴᠢᠬᠤᠯᠠ ᠤᠯᠤᠰ ᠪᠤᠯᠤᠨ᠎ᠠ᠂ ᠤᠷᠳᠤ ᠬᠤᠭᠤᠴᠠᠭ᠎ᠠ ᠲᠤᠬᠳᠠᠭᠤᠨ ᠪᠠᠶᠢᠬᠤ᠂ ᠨᠦᠬᠦᠷᠰᠡᠭ ᠢᠶᠠᠷ ᠬᠠᠮᠳᠤᠷᠠᠯᠴᠠᠬᠤ ᠳᠤᠮᠳᠠᠳᠤ ᠶᠠᠫᠤᠨ ᠤ ᠬᠠᠷᠢᠯᠴᠠᠭ᠎ᠠ ᠶᠢ ᠬᠦᠭᠵᠢᠭᠦᠯᠬᠦ ᠨᠢ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠲᠠᠢ ᠨᠡᠶᠢᠴᠡᠬᠦ ᠪᠦᠭᠡᠳ ᠠᠽᠢᠶ᠎ᠠ ᠲᠢᠪ ᠪᠤᠯᠤᠨ ᠳᠡᠯᠡᠭᠡᠢ ᠶᠢᠨ ᠡᠩᠬᠡ ᠲᠠᠶᠢᠪᠤᠩ᠂ ᠲᠤᠭᠳᠠᠭᠤᠨ ᠪᠠᠶᠢᠳᠠᠯ᠂ ᠴᠡᠴᠡᠭᠯᠡᠯ ᠬᠦᠭᠵᠢᠯ ᠳᠤ ᠠᠰᠢᠬᠳᠠᠢ ᠶᠤᠮ᠃ ᠬᠤᠶᠠᠷ ᠲᠠᠯ᠎ᠠ ᠪᠠᠷ ᠢᠶᠠᠨ ᠳᠤᠮᠳᠠᠳᠤ ᠶᠠᠫᠤᠨ ᠤ ᠳᠦᠷᠪᠡᠨ ᠤᠯᠤᠰ ᠲᠦᠷᠦ ᠶᠢᠨ ᠪᠢᠴᠢᠭ ᠮᠠᠲ᠋ᠧᠷᠢᠶᠠᠯ ᠳᠤ ᠲᠤᠭᠳᠠᠭᠠᠭᠰᠠᠨ ᠡᠯ᠎ᠠ ᠵᠦᠢᠯ ᠤᠨ ᠵᠠᠷᠴᠢᠮ ᠪᠤᠯᠤᠨ ᠳᠦᠷᠪᠡᠨ ᠵᠠᠷᠴᠢᠮ ᠤᠨ ᠬᠠᠮᠳᠤ ᠶᠢᠨ ᠲᠠᠨᠢᠯᠳᠠ ᠶᠢᠨ ᠵᠤᠷᠢᠭ ᠰᠠᠨᠠᠭ᠎ᠠ ᠶᠢ ᠪᠠᠳᠤ ᠪᠠᠷᠢᠮᠳᠠᠯᠠᠵᠤ᠂ ᠰᠢᠨ᠎ᠠ ᠴᠠᠭ ᠦᠶ᠎ᠠ ᠶᠢᠨ ᠱᠠᠭᠠᠷᠳᠠᠯᠭ᠎ᠠ ᠳᠤ ᠵᠤᠬᠢᠴᠠᠭᠰᠠᠨ ᠳᠤᠮᠳᠠᠳᠤ ᠶᠠᠫᠤᠨ ᠤ ᠬᠠᠷᠢᠯᠴᠠᠭ᠎ᠠ ᠶᠢ ᠢᠳᠡᠪᠬᠢᠳᠠᠢ ᠠᠬᠢᠭᠤᠯᠤᠨ ᠪᠠᠶᠢᠭᠤᠯᠵᠤ᠂ ᠬᠤᠶᠠᠷ ᠤᠯᠤᠰ ᠪᠠ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠴᠤ᠂ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ᠂ ᠬᠠᠮᠳᠤ ᠶᠢᠨ ᠬᠦᠭᠵᠢᠯᠳᠡ ᠶᠢ ᠠᠬᠢᠭᠤᠯᠬᠤ ᠳᠤ ᠢᠳᠡᠪᠬᠢᠳᠠᠢ ᠬᠤᠪᠢ ᠨᠡᠮᠡᠷᠢ ᠦᠵᠡᠭᠦᠯᠦᠶ᠎ᠠ ᠭᠡᠵᠤ ᠵᠢᠭᠠᠵᠤ ᠭᠠᠷᠭᠠᠪᠠ᠃      ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠴᠠᠬᠢᠯᠭᠠᠨ ᠴᠢᠮᠡᠭᠡ ᠶᠠᠪᠤᠭᠤᠯᠵᠤ ᠰᠧᠭ᠎ᠠ ᠶᠤᠰᠢᠾᠢᠳᠠᠢ ᠶᠠᠫᠤᠨ ᠤ ᠲᠡᠷᠢᠭᠦᠨ ᠰᠠᠶᠢᠳ ᠢᠶᠠᠷ ᠰᠤᠩᠭᠤᠭᠳᠠᠭᠰᠠᠨ ᠳᠤ ᠪᠠᠶᠠᠷ ᠬᠦᠷᠭᠡᠵᠤ᠂ ᠳᠤᠮᠳᠠᠳᠤ ᠤᠯᠤᠰ ᠳᠤᠷᠠᠳᠠᠶ᠎ᠠ ᠶᠠᠫᠤᠨ ᠤ ᠬᠢᠨ ᠲᠠᠢ ᠬᠠᠮᠳᠦ ᠪᠠᠷ ᠬᠤᠶᠠᠷ ᠤᠯᠤᠰ ᠤᠨ ᠡᠯ᠎ᠠ ᠬᠦᠷᠢᠶᠡᠨ ᠤ ᠨᠦᠬᠦᠷᠰᠡᠭ ᠰᠤᠯᠢᠯᠴᠠᠭ᠎ᠠ ᠪᠠ ᠪᠤᠳᠠᠳᠠᠢ ᠶᠢ ᠡᠷᠬᠢᠮᠯᠡᠬᠦ ᠬᠠᠮᠳᠤᠷᠠᠯᠴᠠᠭ᠎ᠠ ᠶᠢ ᠴᠢᠩᠭᠠᠳᠬᠠᠵᠤ᠂ ᠬᠤᠶᠠᠷ ᠤᠯᠤᠰ ᠤᠨ ᠬᠠᠷᠢᠯᠴᠠᠭᠠᠨ ᠤ ᠨᠡᠩ ᠶᠡᠭᠡ ᠰᠢᠨ᠎ᠠ ᠬᠦᠭᠵᠢᠯᠳᠡ ᠶᠢ ᠬᠠᠮᠳᠦ ᠪᠠᠷ ᠠᠬᠢᠭᠤᠯᠤᠨ᠎ᠠ ᠭᠡᠵᠤ ᠢᠯᠡᠳᠭᠡᠪᠡ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号