ᠰᠢ ᠶᠢᠨ ᠫᠢᠩ ᠰᠢᠨ᠎ᠠ ᠴᠠᠭ ᠦᠶ᠎ᠠ ᠶᠢᠨ ᠠᠷᠠᠳ ᠤᠨ ᠡᠵᠡᠩᠨᠡᠯᠲᠡ ᠶᠢᠨ ᠠᠵᠦ ᠠᠬᠤᠢ ᠶᠢᠨ ᠨᠢᠭᠡᠲᠦᠮᠡᠯ ᠹᠷᠤᠨᠲ ᠤᠨ ᠠᠵᠢᠯ ᠳᠤ ᠴᠢᠬᠤᠯᠠ ᠵᠢᠭᠠᠪᠤᠷᠢ ᠦᠭᠴᠤ ︽ᠬᠤᠶᠠᠷ ᠭᠤᠶᠢᠪᠢᠰᠢ ᠦᠭᠡᠢ︾ ᠶᠢ ᠪᠠᠷᠢᠮᠳᠠᠯᠠᠵᠦ ᠠᠷᠠᠳ ᠤᠨ ᠡᠵᠡᠩᠨᠡᠯᠲᠡ ᠶᠢᠨ ᠠᠵᠦ ᠠᠬᠤᠢ ᠶᠢᠨ ᠬᠦᠮᠦᠰ ᠢ ᠨᠠᠮ ᠤᠨ ᠲᠤᠭᠤᠷᠢᠨ ᠳᠤ ᠪᠦᠯᠭᠦᠮᠳᠡᠭᠦᠯᠵᠦ ᠠᠷᠠᠳ ᠤᠨ ᠡᠵᠡᠩᠨᠡᠯᠲᠡ ᠶᠢᠨ ᠠᠵᠦ ᠠᠬᠤᠢ ᠶᠢᠨ ᠡᠷᠡᠭᠦᠯ ᠢᠶᠠᠷ ᠬᠦᠭᠵᠢᠬᠦ ᠶᠢ ᠨᠡᠩ ᠰᠠᠶᠢᠳᠤᠷ ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2020/9/18
   ᠰᠢᠨᠬᠤᠸᠠ ᠬᠤᠷᠢᠶᠠᠠ ᠤ ᠪᠡᠭᠡᠵᠢᠩ ᠤᠨ 9 ᠰᠠᠷ᠎ᠠ ᠶᠢᠨ 16 ᠤ ᠴᠠᠬᠢᠯᠭᠠᠠ ᠮᠡᠲᠡᠭᠡ ᠨᠠᠮ ᠤᠨ ᠲᠦᠪ ᠬᠤᠷᠢᠶᠠᠠ ᠤ ᠶᠡᠷᠦᠩᠭᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠠ ᠤ ᠲᠡᠷᠢᠭᠦᠯᠡᠭᠴᠢ ᠰᠢ ᠶᠢᠨ ᠫᠢᠩ ᠤᠢᠢᠷ᠎ᠠ ᠳᠤ ᠰᠢᠨ᠎ᠠ ᠴᠠᠭ ᠦᠶ᠎ᠠ ᠶᠢᠨ ᠠᠷᠠᠳ ᠤᠨ ᠡᠵᠡᠩᠨᠡᠯᠳᠠ ᠶᠢᠨ ᠠᠵᠦ ᠠᠬᠤᠢ ᠶᠢᠨ ᠨᠢᠭᠡᠲᠦᠮᠡᠯ ᠹᠷᠤᠨᠲ ᠤᠨ ᠠᠵᠢᠯ ᠢ ᠰᠠᠶᠢᠳᠤᠷ ᠬᠢᠬᠦ ᠲᠤᠬᠠᠢ ᠴᠢᠬᠤᠯᠠ ᠵᠢᠭᠠᠪᠤᠷᠢ ᠦᠭᠬᠦ ᠳᠡᠭᠡᠨ᠂ ᠦᠭᠡᠷᠡᠴᠢᠯᠡᠯᠲᠡ ᠨᠡᠭᠡᠭᠡᠯᠲᠡ ᠢᠯᠠᠩᠭᠤᠶ᠎ᠠ ᠨᠠᠮ ᠤᠨ ᠠᠷᠪᠠᠠ ᠨᠠᠢᠮᠠᠲᠤᠭᠠᠷ ᠶᠡᠭᠡ ᠬᠤᠷᠠᠯ ᠠᠴᠠ ᠨᠠᠭᠠᠰᠢ᠂ ᠠᠷᠠᠳ ᠤᠨ ᠡᠵᠡᠩᠨᠡᠯᠳᠠ ᠶᠢᠨ ᠠᠵᠦ ᠠᠬᠤᠢ ᠶᠢᠨ ᠨᠢᠭᠡᠲᠦᠮᠡᠯ ᠹᠷᠤᠨᠲ ᠤᠨ ᠠᠵᠢᠯ ᠲᠠᠰᠤᠷᠠᠯᠲᠠ ᠦᠭᠡᠢ ᠡᠷᠴᠢᠮᠵᠢᠨ ᠲᠡᠭᠦᠯᠲᠡᠷᠵᠢᠵᠦ᠂ ᠨᠠᠮ ᠪᠠ ᠤᠯᠤᠰ ᠤᠨ ᠭᠤᠤᠯ ᠠᠵᠢᠯ ᠳᠤ ᠦᠢᠯᠡᠴᠢᠯᠡᠬᠦ ᠶᠠᠪᠤᠴᠠ ᠳᠤ ᠴᠢᠬᠤᠯᠠ ᠦᠢᠯᠡᠲᠦᠯ ᠦᠵᠡᠭᠦᠯᠵᠠᠢ᠃ ᠨᠡᠶᠢᠲᠡ ᠶᠢᠨ ᠦᠮᠴᠢᠯᠡᠯ ᠤᠨ ᠪᠤᠰᠤ ᠠᠵᠦ ᠠᠬᠤᠢ ᠪᠤᠯ ᠨᠡᠶᠢᠭᠡᠮ ᠵᠢᠷᠤᠮ ᠤᠨ ᠵᠠᠬ᠎ᠠ ᠲᠡᠯᠭᠡᠭᠦᠷ ᠤᠨ ᠠᠵᠤ ᠠᠬᠤᠢ ᠶᠢᠨ ᠴᠢᠬᠤᠯᠠ ᠪᠦᠷᠢᠯᠲᠦᠭᠦᠨ ᠭᠡᠰᠡᠭ ᠮᠦᠨ᠂ ᠨᠡᠶᠢᠲᠡ ᠶᠢᠨ ᠦᠮᠴᠢᠯᠡᠯ ᠤᠨ ᠪᠤᠰᠤ ᠠᠵᠦ ᠠᠬᠤᠢ ᠶᠢᠨ ᠡᠷᠡᠭᠦᠯ ᠢᠶᠠᠷ ᠬᠦᠭᠵᠢᠬᠦ ᠪᠠ ᠨᠠᠶᠢᠲᠡ ᠶᠢᠨ ᠦᠮᠴᠢᠯᠡᠯ ᠤᠨ ᠪᠤᠰᠤ ᠠᠵᠦ ᠠᠬᠤᠢ ᠶᠢᠨ ᠬᠦᠮᠦᠰ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ ᠨᠢ ᠲᠤᠩ ᠴᠢᠬᠤᠯᠠ ᠠᠴᠢ ᠬᠤᠯᠪᠤᠭᠲᠠᠯ ᠲᠠᠢ ᠶᠤᠮ ᠭᠡᠵᠦ ᠵᠢᠭᠠᠵᠦ ᠭᠠᠷᠭᠠᠪᠠ᠃    ᠰᠢ ᠶᠢᠨ ᠫᠢᠩ᠂ ︽ᠬᠤᠶᠡᠷ ᠭᠤᠶᠢᠪᠢᠰᠢ ᠦᠭᠡᠢ︾ ᠶᠢ ᠪᠠᠷᠢᠮᠲᠠᠯᠠᠵᠦ᠂ ᠠᠷᠠᠳ ᠤᠨ ᠡᠵᠡᠩᠨᠡᠯᠳᠠ ᠶᠢᠨ ᠠᠵᠦ ᠠᠬᠤᠢ ᠶᠢᠨ ᠬᠦᠮᠦᠰ ᠲᠠᠢ ᠰᠠᠶᠢᠲᠤᠷ ᠪᠦᠯᠬᠦᠮᠲᠡᠵᠦ᠂ ᠲᠡᠲᠡᠡ ᠢ ᠰᠠᠶᠢᠲᠤᠷ ᠬᠦᠲᠦᠯᠦᠨ ᠵᠢᠯᠤᠭᠤᠳᠬᠤ ᠶᠢ ᠨᠢᠭᠡ ᠵᠦᠢᠯ ᠤᠨ ᠴᠢᠬᠤᠯᠠ ᠡᠬᠦᠷᠭᠡ ᠪᠤᠯᠭᠠᠬᠤ ᠭᠡᠷᠡᠭᠲᠡᠢ᠃ ᠡᠯ᠎ᠠ ᠱᠠᠲᠤᠨ ᠤ ᠨᠠᠮ ᠤᠨ ᠬᠤᠷᠢᠶ᠎ᠠ ᠠᠷᠠᠳ ᠤᠨ ᠡᠵᠡᠩᠨᠡᠯᠳᠠ ᠶᠢᠨ ᠠᠵᠦ ᠠᠬᠤᠢ ᠶᠢᠨ ᠨᠢᠭᠡᠲᠦᠮᠡᠯ ᠹᠷᠤᠨᠲ ᠤᠨ ᠠᠵᠢᠯ ᠳᠠᠬᠢ ᠤᠲᠤᠷᠢᠲᠤᠯᠭ᠎ᠠ ᠪᠠᠨ ᠴᠢᠩᠭᠠᠳᠬᠠᠵᠦ᠂ ᠨᠠᠮ ᠤᠨ ᠴᠢᠭᠯᠡᠯᠲᠡ ᠲᠦᠷᠦ ᠶᠢᠨ ᠪᠤᠲᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠨᠠᠮ ᠤᠨ ᠲᠦᠪ ᠬᠤᠷᠢᠶᠠᠠ ᠤ ᠡᠯ᠎ᠠ ᠵᠦᠢᠯ ᠤᠨ ᠰᠢᠢᠳᠪᠦᠷᠢᠲᠦ ᠪᠤᠲᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠲᠠᠪᠤᠷᠢᠵᠢᠭᠤᠯᠬᠤ ᠶᠢ ᠰᠠᠶᠢᠲᠤᠷ ᠠᠳᠬᠤᠬᠤ ᠭᠡᠷᠡᠭᠲᠡᠢ᠃ ᠡᠯ᠎ᠠ ᠱᠠᠲᠤᠨ ᠤ ᠨᠢᠭᠡᠲᠦᠮᠡᠯ ᠹᠷᠤᠨᠲ ᠤᠨ ᠠᠵᠢᠯ ᠤᠨ ᠤᠲᠤᠷᠢᠳᠬᠤ ᠲᠤᠭᠤᠢᠢᠯᠠᠩ ᠪᠤᠯᠤᠨ ᠨᠠᠮ ᠤᠨ ᠬᠤᠷᠢᠶᠠᠠ ᠤ ᠨᠢᠭᠡᠲᠦᠮᠡᠯ ᠹᠷᠤᠨᠲ ᠤᠨ ᠬᠡᠯᠲᠡᠰ ᠲᠠᠭᠠᠭᠤᠯᠤᠨ ᠵᠤᠬᠢᠴᠠᠭᠤᠯᠬᠤ ᠦᠢᠯᠡᠲᠦᠯ ᠢᠶᠠᠨ ᠪᠠᠲᠠᠷᠠᠭᠤᠯᠵᠦ᠂ ᠦᠢᠯᠡᠳᠪᠦᠷᠢ ᠬᠤᠲᠠᠯᠲᠤᠭᠠᠠ ᠤ ᠬᠤᠯᠪᠤᠭ᠎ᠠ ᠶᠢᠨ ᠬᠢᠨ ᠤᠯᠠᠠ ᠲᠦᠮᠠᠠ ᠤ ᠪᠦᠯᠬᠦᠮ ᠤᠨ ᠵᠤᠬᠢᠶᠠᠠ ᠪᠠᠶᠢᠭᠤᠯᠬᠤ ᠦᠢᠯᠡᠲᠦᠯ ᠢᠶᠠᠨ ᠪᠠᠲᠠᠷᠠᠭᠤᠯᠵᠦ᠂ ᠠᠷᠠᠳ ᠤᠨ ᠡᠵᠡᠩᠨᠡᠯᠳᠠ ᠶᠢᠨ ᠠᠵᠦ ᠠᠬᠤᠢ ᠶᠢᠨ ᠡᠷᠡᠭᠦᠯ ᠢᠶᠠᠷ ᠬᠦᠭᠵᠢᠬᠦ ᠶᠢ ᠨᠡᠩ ᠰᠠᠶᠢᠳᠤᠷ ᠠᠬᠢᠭᠤᠯᠵᠦ᠂ ᠰᠢᠨ᠎ᠠ ᠴᠠᠭ ᠦᠶ᠎ᠠ ᠳᠤ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠢ ᠪᠠᠷᠢᠮᠲᠠᠯᠠᠠ ᠬᠦᠭᠵᠢᠭᠦᠯᠵᠦ᠂ ᠲᠤᠮᠲᠠᠲᠤ ᠶᠢᠨ ᠦᠨᠲᠦᠰᠦᠲᠠᠠ ᠤ ᠠᠭᠤᠤ ᠶᠡᠭᠡ ᠰᠡᠷᠭᠦᠨ ᠮᠠᠠᠲᠤᠯᠲᠠ ᠶᠢᠨ ᠲᠤᠮᠲᠠᠲᠤ ᠶᠢᠨ ᠵᠡᠭᠦᠲᠦ ᠶᠢ ᠲᠡᠷᠭᠡᠯᠰᠢᠭᠦᠯᠬᠦ ᠶᠢᠨ ᠲᠦᠯᠦᠭᠡ ᠬᠦᠴᠤᠨ ᠴᠢᠲᠠᠯ ᠢᠶᠠᠨ ᠨᠡᠮᠡᠷᠢᠯᠡᠬᠦ ᠪᠠᠷ ᠴᠢᠷᠮᠠᠶᠢᠬᠤ ᠭᠡᠷᠡᠭᠲᠡᠢ ᠭᠡᠵᠦ ᠴᠢᠬᠤᠯᠠᠴᠢᠯᠠᠪᠠ᠃    ᠪᠦᠬᠦ ᠤᠯᠤᠰ ᠤᠨ ᠠᠷᠠᠳ ᠤᠨ ᠡᠵᠡᠩᠨᠡᠯᠳᠠ ᠶᠢᠨ ᠠᠵᠦ ᠠᠬᠤᠢ ᠶᠢᠨ ᠨᠢᠭᠡᠲᠦᠮᠡᠯ ᠹᠷᠤᠨᠲ ᠤᠨ ᠠᠵᠢᠯ ᠤᠨ ᠬᠤᠷᠠᠯ 16 ᠤ ᠡᠲᠦᠷ ᠪᠡᠭᠡᠵᠢᠩ ᠳᠤ ᠬᠤᠷᠠᠯᠲᠤᠵᠠᠢ᠃ ᠬᠤᠷᠠᠯ ᠲᠡᠭᠡᠷ᠎ᠠ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠠ ᠲᠠᠮᠵᠢᠭᠤᠯᠪᠠ᠃    ᠨᠠᠮ ᠤᠨ ᠲᠦᠪ ᠬᠤᠷᠢᠶᠠᠠ ᠤ ᠤᠯᠤᠰ ᠲᠦᠷᠦ ᠶᠢᠨ ᠲᠤᠪᠴᠢᠶᠠᠠ ᠤ ᠪᠠᠶᠢᠩᠭᠤ ᠶᠢᠨ ᠭᠡᠰᠢᠭᠦᠨ᠂ ᠲᠦᠪ ᠤᠨ ᠨᠢᠭᠡᠲᠦᠮᠡᠯ ᠹᠷᠤᠨᠲ ᠤᠨ ᠠᠵᠢᠯ ᠤᠨ ᠤᠲᠤᠷᠢᠳᠬᠤ ᠲᠤᠭᠤᠢᠢᠯᠠᠩ ᠤᠨ ᠲᠠᠷᠤᠭ᠎ᠠ ᠸᠠᠩ ᠶᠠᠩ ᠬᠤᠷᠠᠯ ᠳᠤ ᠤᠷᠤᠯᠴᠠᠭᠰᠠᠠ ᠪᠦᠭᠡᠳ ᠶᠠᠷᠢᠶ᠎ᠠ ᠲᠠᠯᠪᠢᠵᠠᠢ᠃ ᠲᠡᠷᠡ᠂ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠠ ᠤᠢᠢᠯᠠᠭᠠᠵᠦ᠂ ᠤᠯᠤᠰ ᠲᠦᠷᠦ ᠶᠢᠨ ᠦᠨᠲᠦᠷᠴᠡ ᠠᠴᠠ ᠰᠢᠨ᠎ᠠ ᠴᠠᠭ ᠦᠶ᠎ᠠ ᠶᠢᠨ ᠠᠷᠠᠳ ᠤᠨ ᠡᠵᠡᠩᠨᠡᠯᠳᠠ ᠶᠢᠨ ᠠᠵᠦ ᠠᠬᠤᠢ ᠶᠢᠨ ᠨᠢᠭᠡᠲᠦᠮᠡᠯ ᠹᠷᠤᠨᠲ ᠤᠨ ᠠᠵᠢᠯ ᠢ ᠰᠠᠶᠢᠲᠤᠷ ᠬᠢᠬᠦ ᠴᠢᠬᠤᠯᠠ ᠠᠴᠢ ᠬᠤᠯᠪᠤᠭᠲᠠᠯ ᠢ ᠬᠦᠨᠵᠡᠭᠡᠢ ᠲᠠᠨᠢᠵᠦ᠂ ᠢᠲᠡᠭᠡᠬᠦ᠂ ᠪᠦᠯᠬᠦᠮᠲᠡᠬᠦ᠂ ᠦᠢᠯᠡᠴᠢᠯᠡᠭᠦ᠂ ᠬᠦᠲᠦᠯᠦᠨ ᠵᠢᠯᠤᠭᠤᠳᠬᠤ᠂ ᠰᠤᠷᠭᠠᠠ ᠬᠦᠮᠦᠵᠢᠭᠦᠯᠬᠦ ᠴᠢᠭᠯᠡᠯᠲᠡ ᠶᠢ ᠪᠠᠷᠢᠮᠲᠠᠯᠠᠵᠦ᠂ ᠠᠷᠠᠳ ᠤᠨ ᠡᠵᠡᠩᠨᠡᠯᠳᠡ ᠶᠢᠨ ᠠᠵᠦ ᠠᠬᠤᠢ ᠶᠢᠨ ᠬᠦᠮᠦᠰ ᠢ ᠬᠦᠲᠦᠯᠦᠨ ᠵᠢᠯᠤᠭᠤᠳᠴᠦ ᠪᠠᠶᠢᠭᠠᠳ ︽ᠬᠤᠶᠠᠷ ᠭᠤᠶᠢᠪᠢᠰᠢ ᠦᠭᠡᠢ︾ ᠶᠢ ᠪᠠᠷᠢᠮᠲᠠᠯᠠᠬᠤ ᠶᠢ ᠪᠦᠷᠢᠠ ᠭᠦᠢᠴᠡᠳ ᠤᠨᠤᠪᠴᠢᠲᠠᠢ ᠤᠢᠢᠯᠠᠭᠠᠭᠤᠯᠵᠦ᠂ ᠪᠠᠶᠢᠭᠤᠯᠤᠯ ᠤᠨ ᠢᠲᠡᠭᠡᠯ ᠢᠶᠠᠨ ᠪᠠᠲᠤᠳᠬᠠᠠ᠂ ᠲᠡᠲᠡᠡ ᠢ ᠨᠠᠮ ᠤᠨ ᠲᠤᠭᠤᠷᠢᠨ ᠳᠤ ᠨᠡᠩ ᠰᠠᠶᠢᠳᠤᠷ ᠪᠦᠯᠬᠦᠮᠲᠡᠭᠦᠯᠵᠦ᠂ ᠦᠨᠲᠦᠰᠦᠲᠠᠠ ᠤ ᠰᠡᠷᠭᠦᠨ ᠮᠠᠨᠳᠤᠯᠳᠠ ᠶᠢ ᠪᠡᠶᠡᠯᠡᠭᠦᠯᠬᠦ ᠳᠤ ᠰᠡᠳᠭᠢᠯ ᠢᠶᠠᠨ ᠨᠢᠭᠡᠳᠭᠡᠵᠦ ᠬᠦᠴᠤ ᠪᠠᠨ ᠲᠦᠪᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠸᠠᠩ ᠶᠠᠩ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠢᠭᠡᠳᠦᠮᠡᠯ ᠹᠷᠣᠨᠲ ᠤᠨ ᠠᠵᠢᠯ ᠤᠨ ᠬᠤᠯᠪᠤᠬᠳᠠᠬᠤ ᠬᠡᠪᠴᠢᠶ᠎ᠡ ᠦᠷᠭᠡᠨ ᠶᠤᠮ᠂ ᠡᠯ᠎ᠡ ᠱᠠᠲᠤᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷ᠎ᠠ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠤᠯᠠᠨ ᠢᠶᠠᠷ ᠢᠶᠠᠨ ᠠᠷᠭ᠎ᠠ ᠪᠤᠳᠤᠵᠦ ᠪᠦᠭᠦᠳᠡᠭᠡᠷ ᠢᠶᠠᠨ ᠬᠦᠴᠦ ᠭᠠᠷᠭᠠᠬᠤ ᠬᠡᠷᠡᠭᠲᠡᠢ᠃ ᠠᠷᠠᠳ ᠤᠨ ᠡᠵᠡᠩᠨᠡᠯᠳᠡ ᠶᠢᠨ ᠠᠵᠤ ᠠᠬᠤᠶ ᠶᠢᠨ ᠬᠥᠮᠦᠰ ᠢ ᠳᠠᠶᠢᠴᠢᠯᠠᠨ ᠥᠪᠡᠷ ᠢᠶᠠᠨ ᠰᠤᠷᠤᠯᠴᠠᠬᠤ᠂ ᠥᠪᠡᠷ ᠢ ᠪᠠᠨ ᠬᠦᠮᠦᠵᠢᠭᠦᠯᠬᠦ᠂ ᠥᠪᠡᠷ ᠢ ᠪᠠᠨ ᠳᠡᠭᠡᠭᠰᠢᠯᠡᠭᠦᠯᠬᠦ ᠶᠢ ᠴᠢᠩᠭᠠᠳᠬᠠᠵᠤ᠂ ᠬᠤᠪᠢ ᠬᠥᠮᠦᠨ ᠤ ᠠᠮᠵᠢᠯᠲᠠ ᠪᠦᠲᠦᠮᠵᠢ ᠨᠢ ᠥᠪᠡᠷ ᠤᠨ ᠴᠢᠷᠮᠠᠶᠢᠯᠭ᠎ᠠ ᠪᠠᠷ ᠪᠣᠯᠤᠭᠰᠠᠨ ᠮᠥᠷᠲᠡᠭᠡᠨ ᠨᠡᠩ ᠴᠤ ᠠᠭᠤᠤ ᠶᠡᠭᠡ ᠴᠠᠭ ᠦᠶ᠎ᠡ᠂ ᠠᠭᠤᠤ ᠶᠡᠭᠡ ᠦᠢᠯᠡᠰ᠂ ᠠᠭᠤᠤ ᠶᠡᠭᠡ ᠨᠠᠮ ᠠᠴᠠ ᠪᠣᠯᠤᠭᠰᠠᠨ ᠭᠡᠳᠡᠭ ᠢ ᠭᠦᠨᠵᠡᠭᠡᠶ ᠲᠠᠨᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠤᠯᠤᠰ ᠲᠥᠷᠥ ᠶᠢᠨ ᠬᠠᠮᠳᠦ ᠶᠢᠨ ᠲᠠᠨᠢᠯᠳᠠ᠂ ᠦᠵᠡᠯ ᠰᠠᠨᠠᠭᠠᠨ ᠤ ᠬᠠᠮᠳᠦ ᠶᠢᠨ ᠲᠠᠨᠢᠯᠳᠠ᠂ ᠬᠠᠶᠢᠷ᠎ᠠ ᠰᠡᠳᠬᠢᠯᠭᠡ ᠶᠢᠨ ᠬᠠᠮᠳᠦ ᠶᠢᠨ ᠲᠠᠨᠢᠯᠳᠠ ᠶᠢ ᠨᠢ ᠨᠡᠮᠡᠭᠳᠡᠬᠦᠯᠬᠦ ᠬᠡᠷᠡᠭᠳᠠᠢ᠃ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠬᠥᠮᠦᠰ ᠢ ᠬᠥᠲᠥᠯᠥᠨ ᠵᠢᠯᠣᠭᠤᠳᠴᠤ ᠪᠠᠶᠢᠭᠠᠳ ᠤᠯᠤᠰ ᠤᠷᠤᠨ ᠢᠶᠠᠨ ᠬᠠᠶᠢᠷᠠᠯᠠᠬᠤ ᠰᠡᠳᠬᠢᠯᠭᠡ ᠲᠠᠢ ᠪᠣᠯᠭᠠᠵᠤ᠂ ᠠᠵᠤ ᠦᠢᠯᠡᠰ ᠢᠶᠠᠷ ᠤᠯᠤᠰ ᠲᠠᠭᠠᠨ ᠠᠴᠢᠯᠠᠬᠤ᠂ ᠠᠵᠤ ᠦᠢᠯᠡᠰ ᠢᠶᠠᠷ ᠤᠯᠤᠰ ᠢᠶᠠᠨ ᠬᠦᠴᠦᠷᠬᠡᠭᠵᠢᠭᠦᠯᠬᠦ ᠶᠢ ᠦᠪᠡᠷ ᠤᠨ ᠡᠭᠦᠷᠭᠡ ᠪᠠᠨ ᠪᠣᠯᠭᠠᠵᠤ᠂ ᠠᠵᠤ ᠠᠬᠤᠶᠢᠯᠠᠯᠳᠠᠨ ᠤ ᠵᠣᠷᠢᠭ ᠰᠠᠨᠠᠭ᠎ᠠ ᠪᠣᠯᠤᠨ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠡᠭᠭᠡ ᠭᠡᠷᠡᠯᠳᠦ ᠦᠢᠯᠡᠰ ᠪᠠ ᠤᠨᠢᠨ ᠳᠡᠭᠡᠷ᠎ᠠ ᠨᠢ ᠶᠠᠳᠠᠭᠤ ᠶᠢ ᠳᠡᠳᠬᠦᠬᠦ ᠳᠤ ᠢᠳᠡᠪᠬᠢᠳᠠᠢ ᠤᠷᠤᠯᠴᠠᠵᠤ᠂ ᠤᠯᠤᠰ ᠢᠶᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ᠂ ᠬᠠᠤᠯᠢ ᠶᠤᠰᠤᠭᠠᠷ ᠡᠵᠡᠩᠨᠡᠬᠦ᠂ ᠦᠢᠯᠡᠰ ᠪᠤᠰᠬᠠᠵᠤ ᠰᠢᠨ᠎ᠡ ᠶᠢ ᠡᠭᠦᠳᠬᠦ᠂ ᠨᠡᠶᠢᠭᠡᠮ ᠳᠤ ᠵᠢᠳᠭᠦᠯ ᠦᠵᠡᠭᠦᠯᠬᠦ ᠦᠯᠢᠭᠡᠷ ᠳᠠᠭᠤᠷᠢᠶᠠᠯ ᠪᠣᠯᠭᠠᠬᠤ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠲᠥᠯᠥᠭᠡᠯᠡᠭᠴᠢ ᠬᠥᠮᠦᠰ ᠤᠨ ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠡᠪ ᠴᠢᠨᠠᠷ ᠢ ᠳᠡᠭᠡᠭᠰᠢᠯᠡᠭᠦᠯᠬᠦ᠂ ᠪᠦᠲᠦᠴᠡ ᠶᠢ ᠰᠢᠯᠢᠳᠡᠭᠵᠢᠭᠦᠯᠬᠦ᠂ ᠦᠢᠯᠡᠳᠦᠯ ᠢᠶᠠᠨ ᠪᠠᠳᠠᠷᠠᠭᠤᠯᠬᠤ ᠪᠠᠷ ᠬᠠᠷᠠᠯᠲᠠ ᠪᠣᠯᠭᠠᠵᠤ᠂ ᠶᠡᠷᠦᠩᠬᠡᠶᠢᠯᠡᠨ ᠦᠨᠡᠯᠡᠬᠦ ᠠᠵᠢᠯ ᠢ ᠰᠠᠶᠢᠵᠢᠷᠠᠭᠤᠯᠵᠤ᠂ ᠵᠠᠯᠠᠭᠤ ᠨᠢᠭᠡ ᠦᠶ᠎ᠡ ᠶᠢᠨ ᠬᠢᠨ ᠢ ᠬᠥᠮᠦᠵᠢᠭᠦᠯᠬᠦ ᠶᠢ ᠴᠢᠬᠤᠯᠠᠴᠢᠯᠠᠬᠤ ᠬᠡᠷᠡᠭᠳᠠᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠪᠠ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠡᠵᠡᠮᠰᠢᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠨᠠᠮ ᠤᠨ ᠲᠥᠪ ᠬᠤᠷᠢᠶᠠᠨ ᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠣᠳᠠᠲᠠᠶ ᠳᠤ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠬᠠᠪᠰᠤᠷᠤᠨ ᠨᠢᠳᠦᠨ ᠡᠮᠦᠨᠡᠬᠢ ᠬᠦᠴᠢᠷᠳᠡᠯ ᠢ ᠵᠥᠪ ᠢᠶᠠᠷ ᠲᠠᠨᠢᠭᠤᠯᠬᠤ ᠪᠠ ᠢᠯᠠᠨ ᠳᠠᠪᠠᠵᠤ᠂ ᠬᠥᠭᠵᠢᠯᠲᠡ ᠶᠢᠨ ᠢᠲᠡᠭᠡᠯ ᠵᠣᠷᠢᠭ ᠢ ᠨᠢ ᠨᠡᠮᠡᠭᠳᠡᠭᠦᠯᠬᠦ ᠬᠡᠷᠡᠭᠳᠠᠢ᠃ ᠵᠠᠰᠠᠭ ᠤᠨ ᠤᠷᠳᠤᠨ ᠪᠠ ᠬᠤᠳᠠᠯᠳᠤᠭᠠᠴᠢᠨ ᠤ ᠬᠤᠭᠤᠷᠤᠨᠳᠤᠬᠢ ᠳᠣᠲᠣᠨᠣ ᠴᠢᠬᠡᠴᠢ ᠬᠠᠷᠢᠴᠠᠭ᠎ᠠ ᠶᠢ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠵᠠᠰᠠᠭ ᠤᠨ ᠤᠷᠳᠤᠨ ᠪᠠ ᠠᠵᠤ ᠠᠬᠤᠶᠢᠯᠠᠯ ᠤᠯᠤᠯᠴᠠᠨ ᠵᠥᠪᠳᠡᠯᠴᠡᠬᠦ ᠳᠦᠷᠢᠮ ᠢ ᠲᠡᠭᠦᠯᠳᠡᠷᠵᠢᠭᠦᠯᠵᠦ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠡᠷᠬᠡ ᠠᠰᠢᠭ ᠢ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠤᠨ᠂ ᠺᠠᠳ᠋ᠷ ᠤᠨ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠡᠮᠦᠨ᠎ᠡ ᠹᠷᠣᠨᠲ ᠲᠤ ᠦᠢᠯᠡᠴᠢᠯᠡᠬᠦ ᠶᠢ ᠵᠣᠷᠢᠭᠵᠢᠭᠤᠯᠵᠤ᠂ ︽ᠳᠣᠲᠣᠨᠣ︾ ᠮᠥᠷᠲᠡᠭᠡᠨ ᠬᠡᠮ ᠬᠡᠮᠵᠢ᠊ ᠡᠶ᠎ᠡ ᠲᠠᠢ᠂ ︽ᠴᠢᠬᠡᠴᠢ︾ ᠪᠠᠶᠢᠬᠤ ᠮᠦᠷᠳᠡᠭᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠪᠡᠶᠡᠯᠡᠭᠦᠯᠬᠦ ᠬᠡᠷᠡᠭᠳᠠᠢ᠃ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠ ᠬᠤᠳᠠᠯᠳᠤᠭᠠᠴᠢᠳ ᠤᠨ ᠡᠪᠯᠡᠯ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠬᠤᠳᠠᠯᠳᠤᠭᠠᠴᠢᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠶᠢ ᠢᠳᠡᠪᠬᠢᠲᠡᠢ ᠪᠤᠶᠢᠵᠢᠭᠤᠯᠤᠨ ᠬᠥᠭᠵᠢᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃    ᠨᠠᠮ ᠤᠨ ᠲᠥᠪ ᠬᠤᠷᠢᠶᠠᠨ ᠤ ᠱᠦᠵᠢ ᠨᠡᠷ ᠤᠨ ᠭᠠᠵᠠᠷ ᠤᠨ ᠱᠦᠵᠢ᠂ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠢᠦ ᠴᠢᠤᠸᠠᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ ᠲᠡᠷᠡ᠂ ᠡᠯ᠎ᠡ ᠱᠠᠲᠤᠨ ᠤ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠡᠭᠡᠳᠤ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠤᠳᠤᠯ ᠢᠶᠠᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠢᠭᠡᠳᠦᠮᠡᠯ ᠹᠷᠣᠨᠲ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠤ ᠢᠯᠡᠳᠭᠡᠵᠠᠢ᠃    ᠲᠥᠪ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠧᠵᠢᠶᠠᠩ ᠮᠤᠵᠢ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠭᠤᠸᠠᠩᠳᠦ᠋ᠩ ᠮᠤᠵᠢ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠬᠠᠷᠢᠭᠤᠴᠠᠯᠭᠠᠲᠠᠨ᠂ ᠬᠤᠯᠪᠣᠭᠳᠠᠯ ᠪᠦᠬᠦᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠤᠨ ᠲᠥᠯᠥᠭᠡᠯᠡᠭᠴᠢ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃    ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠭᠤᠤ ᠶᠦᠨ ᠯᠦᠩ ᠬᠤᠷᠠᠯ ᠳᠤ ᠣᠷᠣᠯᠴᠠᠪᠠ᠃    ᠬᠤᠷᠠᠯ ᠨᠢ ᠲᠧᠯᠸᠢᠰ ᠤᠳᠠᠰᠤ ᠬᠤᠷᠠᠯ ᠤᠨ ᠬᠡᠯᠪᠡᠷᠢ ᠪᠠᠷ ᠶᠠᠪᠤᠬᠳᠠᠪᠠ᠃ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠬᠦᠮ ᠤᠨ ᠬᠠᠷᠢᠭᠤᠴᠠᠯᠭᠠᠲᠠᠨ ᠨᠥᠬᠦᠳ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠤᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠠᠷᠢᠭᠤᠴᠠᠯᠭᠠᠲᠠᠨ ᠨᠥᠬᠦᠳ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号