ᠮᠠᠯᠵᠢᠯ ᠤᠨ ᠲᠣᠮᠣ ᠡᠷᠥᠭᠡ ᠶᠢᠨ ᠬᠢᠴᠢᠶᠡᠯᠯᠡᠭᠡ
ᠨᠡᠶᠢᠲᠡᠯᠡᠭᠰᠡᠨ ᠴᠠᠭ᠄
2020/9/21
   ᠣᠶᠢᠷ᠎ᠠ ᠳᠤ ᠦᠦᠰᠢᠨ ᠬᠤᠰᠢᠭᠤᠨ ᠤ ᠰᠦᠯᠳᠡ ᠰᠤᠮᠤ ᠶᠢᠨ ᠦᠨᠳᠦᠰᠦᠨ ᠱᠠᠳᠤᠨ ᠤ ᠨᠠᠮ ᠤᠨ ᠪᠠᠶᠢᠭᠤᠯᠤᠯᠲᠠ ᠶᠢᠨ ᠬᠠᠮᠲᠤᠷᠠᠭᠰᠠᠨ ᠴᠣᠭᠴᠠ ︵ᠲᠤᠭᠤᠷᠢᠮ ᠭᠠᠴᠠᠭ᠎ᠠ᠂ ᠪᠣᠷᠤᠬᠦ᠋ᠳᠡᠭᠡ ᠭᠠᠴᠠᠭ᠎ᠠ᠂ ᠲᠦᠩᠽᠢ ᠭᠠᠴᠠᠭ᠎ᠠ᠂ ᠬᠥᠬᠡᠮᠠᠩᠬ᠎ᠠ ᠭᠠᠴᠠᠭ᠎ᠠ︶᠎ ᠶᠢᠨ 4 ᠭᠠᠴᠠᠭ᠎ᠠ ᠶᠢᠨ 70 ᠭᠠᠷᠤᠶ ᠮᠠᠯᠴᠢᠨ ᠨᠠᠮ ᠤᠨ ᠭᠡᠰᠢᠭᠦᠡ ᠵᠢᠴᠢ ᠬᠡᠰᠡᠭ ᠰᠠᠶᠢᠨ ᠳᠤᠷ᠎ᠠ ᠶᠢᠨ ᠣᠶᠢᠯᠡᠴᠢᠯᠡᠭᠡᠨ ᠤ ᠤᠬᠠᠭᠤᠯᠤᠨ ᠲᠠᠶᠢᠯᠪᠤᠷᠢᠯᠠᠭᠴᠢ ᠨᠠᠷ ᠬᠠᠮᠳᠤ ᠮᠠᠯᠵᠢᠯ ᠤᠨ ᠲᠠᠭᠠᠭᠤᠯᠣᠭᠴᠢ ᠡᠷᠦᠬᠡ ᠨᠦᠭᠦᠳ ᠢᠶᠠᠷ ᠬᠦᠨᠵᠡᠭᠡᠶᠢᠷᠡᠵᠦ᠂ ᠦᠬᠡᠷ᠂ ᠬᠤᠨᠢ ᠲᠡᠵᠢᠭᠡᠨ ᠮᠠᠯᠵᠢᠬᠤ ᠳᠤᠬᠠᠢ ᠲᠤᠷᠰᠢᠯᠭ᠎ᠠ ᠪᠠᠨ ᠰᠣᠯᠢᠯᠴᠠᠪᠠ᠃
   ᠬᠠᠮᠤᠭ ᠤᠨ ᠤᠷᠢᠳ ᠢᠶᠠᠷ ᠬᠦᠬᠡᠮᠠᠩᠬ᠎ᠠ ᠭᠠᠴᠠᠭ᠎ᠠ ᠶᠢᠨ ᠰᠠᠷᠭᠦᠯᠡᠩ ᠤᠨ ᠬᠢᠨ ᠳᠤ ᠬᠦᠷᠴᠡᠢ᠃ ᠲᠡᠲᠡᠨ ᠤ ᠬᠢᠨ ᠤ ᠬᠦᠷᠢᠶ᠎ᠠ ᠬᠠᠰᠢᠶ᠎ᠠ ᠤᠨᠴᠠ ᠶᠢᠨ ᠴᠡᠪᠡᠷ ᠲᠤᠬᠢᠯᠢᠭ ᠪᠦᠬᠡᠳ ᠠᠭᠤᠵᠢᠮ ᠰᠠᠷᠠᠭᠤᠯᠬᠠᠨ ᠭᠡᠷ ᠪᠠᠶᠢᠰᠢᠩ ᠲᠠᠢ ᠪᠠᠶᠢᠯ᠎ᠠ᠃ ᠰᠡᠷᠬᠦᠯᠡᠩ ᠪᠤᠯ ᠬᠤᠯᠠ ᠣᠶᠢᠷ᠎ᠠ ᠳᠠᠭᠠᠨ ᠠᠯᠳᠠᠷᠰᠢᠭᠰᠠᠨ ︽ᠦᠬᠡᠷ ᠲᠡᠵᠢᠬᠡᠬᠦ ᠮᠡᠷᠭᠡᠵᠢᠯᠲᠡᠨ︾ ᠪᠣᠯᠤᠨ᠎ᠠ᠃ ᠲᠡᠲᠡᠨ ᠤ ᠬᠢᠨ 100 ᠭᠠᠷᠤᠶ ᠰᠢᠮᠧᠨ᠋ᠳᠡᠷ ᠦᠬᠡᠷ ᠲᠠᠢ᠃ ᠲᠡᠷᠡ ᠤᠯᠠᠨ ᠢ ᠳᠠᠭᠠᠭᠤᠯᠤᠨ ᠦᠬᠡᠷ ᠤᠨ ᠬᠠᠰᠢᠶᠠᠨ ᠳᠠᠭᠠᠨ ᠬᠦᠷᠴᠦ ᠦᠬᠡᠷ ᠤᠨ ᠲᠥᠷᠥᠯ ᠵᠦᠢᠯ᠂ ᠡᠬᠦᠯᠳᠡᠷ ᠰᠣᠩᠭᠤᠬᠤ᠂ ᠲᠡᠵᠢᠭᠡᠯ ᠪᠣᠷᠳᠤᠭ᠎ᠠ ᠶᠢᠨ ᠬᠡᠮᠵᠢᠶ᠎ᠡ᠂ ᠮᠠᠰᠢᠨ ᠲᠥᠬᠦᠭᠡᠷᠦᠮᠵᠢ ᠬᠡᠷᠡᠭᠯᠡᠬᠦ ᠠᠷᠭ᠎ᠠ ᠵᠡᠷᠬᠡ ᠶᠢ ᠪᠤᠳᠠᠳᠠᠢ ᠨᠠᠷᠢᠯᠢᠭ ᠲᠠᠶᠢᠯᠪᠤᠷᠢᠯᠠᠵᠠᠢ᠃ ᠪᠠᠰᠠ 700 ᠭᠠᠷᠤᠶ ᠮᠥ ᠴᠠᠷᠭᠠᠰᠤ ᠶᠢᠨ ᠡᠪᠡᠰᠦ ᠪᠣᠷᠳᠣᠭᠠᠨ ᠤ ᠰᠠᠭᠤᠷᠢᠨ ᠭᠠᠵᠠᠷ ᠲᠠᠭᠠᠨ ᠬᠦᠷᠴᠦ᠂ ᠴᠠᠷᠭᠠᠰᠤ ᠶᠢᠨ ᠰᠢᠮ᠎ᠡ ᠲᠡᠵᠢᠭᠡᠯ ᠵᠢᠴᠢ ᠡᠪᠡᠰᠦ ᠪᠣᠷᠳᠤᠭ᠎ᠠ ᠬᠢᠬᠦ ᠶᠠᠪᠤᠴᠠ ᠵᠡᠷᠭᠡ ᠶᠢ ᠲᠠᠶᠢᠯᠪᠤᠷᠢᠯᠡᠪᠡ᠃ ᠪᠠᠰᠠ ᠰᠢᠮᠧᠨ᠋ᠳᠡᠷ ᠦᠬᠡᠷ ᠤᠨ ᠰᠦ ᠮᠢᠬᠠᠨ ᠤ ᠠᠰᠢᠭ ᠬᠤᠨᠵᠢᠪᠣᠷᠢ ᠨᠢ ᠬᠢᠷᠢ ᠵᠡᠷᠭᠡ ᠪᠠᠶᠢᠬᠤ᠂ ᠨᠤᠳᠤᠭ ᠪᠡᠯᠴᠢᠭᠡᠷ ᠪᠠᠭ᠎ᠠ ᠭᠠᠵᠠᠷ ᠲᠤ ᠰᠢᠮᠧᠨ᠋ᠳᠡᠷ ᠦᠭᠡᠷ ᠲᠡᠵᠢᠭᠡᠵᠦ ᠪᠤᠯᠬᠤ ᠡᠰᠡᠬᠦ᠂ ᠴᠠᠷᠭᠠᠰᠤ ᠠᠴᠠ ᠥᠭᠡᠷ᠎ᠡ ᠪᠠᠰᠠ ᠡᠪᠡᠰᠦ ᠪᠤᠷᠳᠤᠭ᠎ᠠ ᠪᠠᠷ ᠲᠡᠵᠢᠬᠡᠬᠦ ᠪᠤᠯᠬᠤ ᠡᠰᠡᠬᠦ ᠵᠡᠷᠬᠡ ᠳᠠᠯ᠎ᠠ ᠪᠠᠷ ᠨᠠᠷᠢᠯᠢᠭ ᠲᠠᠶᠢᠯᠪᠤᠷᠢᠯᠠᠯᠳᠠ ᠬᠢᠭᠰᠡᠨ ᠪᠠᠶᠢᠨ᠎ᠠ᠃
   ᠲᠡᠳᠡᠨᠡᠷ ︽ᠬᠤᠨᠢ ᠲᠡᠵᠢᠬᠡᠬᠦ ᠲᠣᠮᠣ ᠡᠷᠦᠬᠡ︾ ᠰᠡᠴᠡᠨᠲᠦ ᠶᠢᠨ ᠬᠢᠨ ᠳᠤ ᠬᠦᠷᠬᠦ ᠳᠤ ᠲᠡᠲᠡᠨ ᠤ ᠬᠢᠨ ᠮᠠᠯ ᠲᠡᠭᠡᠷ᠎ᠡ ᠪᠠᠨ ᠶᠡᠭᠡ ᠶᠠᠭᠠᠷᠠᠵᠣ ᠪᠠᠶᠢᠯ᠎ᠠ᠃ ᠠᠵᠢᠯ ᠶᠠᠭᠠᠷᠠᠦ ᠪᠠᠶᠢᠬᠰᠠᠨ ᠴᠤ ᠰᠡᠴᠡᠨᠲᠦ ᠭᠤᠸᠠᠢ ᠤᠯᠠᠨ ᠳᠤ ᠲᠥᠯ ᠲᠤᠰᠬᠤ᠂ ᠡᠬᠦᠯᠳᠡᠷ ᠰᠣᠩᠭᠤᠵᠤ ᠬᠡᠭᠡᠯᠲᠦᠭᠦᠯᠬᠦ᠂ ᠲᠡᠵᠢᠭᠡᠯ ᠪᠤᠷᠳᠤᠭ᠎ᠠ ᠪᠠᠷ ᠬᠡᠷᠬᠢᠨ ᠲᠡᠵᠢᠭᠡᠬᠦ᠂ ᠡᠪᠡᠳᠴᠢᠨ ᠬᠢᠵᠢᠭ ᠢ ᠰᠡᠷᠭᠡᠶᠢᠯᠡᠬᠦ᠂ ᠤᠬᠤᠷ ᠬᠤᠭᠤᠴᠠᠭᠠᠠ ᠳᠤ ᠪᠤᠷᠳᠤᠵᠦ ᠲᠠᠷᠭᠤᠯᠠᠭᠤᠯᠬᠤ᠂ ᠤᠷᠲᠤ ᠬᠤᠭᠤᠴᠠᠭ᠎ᠠ ᠪᠠᠷ ᠬᠠᠮᠢᠶᠠᠷᠬᠤ ᠵᠡᠷᠭᠡ ᠶᠢ ᠲᠠᠶᠢᠯᠪᠤᠷᠢᠯᠠᠨ ᠬᠤᠨᠢ ᠲᠡᠵᠢᠭᠡᠭᠰᠡᠨ ᠲᠤᠷᠰᠢᠯᠭ᠎ᠠ ᠪᠠᠨ ᠬᠤᠪᠢᠶᠠᠯᠴᠠᠭᠰᠠᠨ ᠪᠠᠶᠢᠨ᠎ᠠ᠃ ᠪᠠᠰᠠ ᠰᠠᠹᠣᠺ ᠬᠤᠨᠢ ᠪᠣᠯᠤᠨ ᠣᠷᠳᠣᠰ ᠨᠠᠷᠢᠨ ᠨᠣᠣᠰᠣᠲᠤ ᠬᠤᠨᠢ‌‍ᠶᠢ ᠬᠠᠷᠢᠴᠠᠭᠤᠯᠤᠨ ᠨᠣᠤᠰᠣ ᠮᠢᠬᠠᠨ ᠤ ᠭᠠᠷᠤᠯᠲᠠ ᠵᠡᠷᠬᠡ ᠲᠠᠯ᠎ᠠ ᠪᠠᠷ ᠲᠠᠶᠢᠯᠪᠤᠷᠢᠯᠠᠯᠳᠠ ᠬᠢᠪᠡ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号