ᠰᠢ ᠶᠢᠨ ᠫᠢᠩ ᠬᠤᠨᠠᠨ ᠳᠤ ᠰᠢᠨᠵᠢᠯᠡᠨ ᠪᠠᠶᠢᠴᠠᠭᠠᠬᠤ ᠳᠠᠭᠠᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠵᠠᠮ ᠨᠡᠭᠡᠭᠡᠵᠦ ᠰᠢᠨ᠎ᠡ ᠴᠠᠭ ᠥᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠬᠤᠨᠠᠨ ᠤ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠳᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2020/9/21
   9 ᠰᠠᠷ᠎ᠠ ᠶᠢᠨ 16 ᠠᠴᠠ 18 ᠡᠳᠦᠷ ᠪᠤᠯᠳᠠᠯ᠎ᠠ᠂ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠤᠨᠠᠨ ᠳᠤ ᠰᠢᠨᠵᠢᠯᠡᠨ ᠪᠠᠶᠢᠴᠠᠭᠠᠵᠠᠢ᠃ ᠵᠢᠷᠤᠭ ᠪᠤᠯ 16 ᠤ ᠦᠳᠡ ᠶᠢᠨ ᠬᠤᠶᠢᠨ᠎ᠠ᠂ ᠰᠢ ᠶᠢᠨ ᠫᠢᠩ ᠴᠧᠨᠵᠸᠤ ᠬᠤᠳᠠ ᠶᠢᠨ ᠷᠦ ᠴᠧᠩ ᠰᠢᠶᠠᠨ ᠤ ᠸᠧᠨ ᠮᠢᠩ ᠤᠨ ᠶᠤᠤ ᠦᠨᠳᠦᠰᠦᠳᠡᠨ ᠤ ᠰᠢᠶᠠᠩ ᠤᠨ ᠱᠠ ᠵᠸᠤ ᠶᠢᠨ ᠶᠤᠤ ᠦᠨᠳᠦᠰᠦᠳᠡᠨ ᠤ ᠲᠤᠰᠬᠤᠨ ᠳᠤ ᠤᠯᠠᠨ ᠲᠦᠮᠡᠨ ᠪᠠ ᠵᠢᠭᠤᠯᠴᠢᠯᠠᠭᠰᠠᠳ ᠲᠠᠢ ᠳᠤᠳᠤᠨᠤ ᠪᠠᠷ ᠰᠠᠨᠠᠯ ᠢᠶᠠᠨ ᠰᠤᠯᠢᠯᠴᠠᠵᠤ ᠪᠠᠶᠢᠭ᠎ᠠ ᠨᠢ᠃    ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠤᠸᠠᠢ ᠶᠤᠸᠠᠢ ᠸᠧᠢ ᠰᠡᠭᠦᠳᠡᠷᠯᠡᠪᠡ    
   9 ᠰᠠᠷ᠎ᠠ ᠶᠢᠨ 16 ᠠᠴᠠ 18 ᠡᠳᠦᠷ ᠪᠤᠯᠳᠠᠯ᠎ᠠ᠂ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠤᠨᠠᠨ ᠳᠤ ᠰᠢᠨᠵᠢᠯᠡᠨ ᠪᠠᠶᠢᠴᠠᠭᠠᠵᠠᠢ᠃ ᠵᠢᠷᠤᠭ ᠪᠤᠯ 17 ᠤ ᠦᠳᠡ ᠶᠢᠨ ᠬᠤᠶᠢᠨ᠎ᠠ᠂ ᠰᠢ ᠶᠢᠨ ᠫᠢᠩ ᠴᠠᠩᠱᠠ ᠬᠤᠳᠠ ᠶᠢᠨ ᠱᠠᠨ ᠾᠧ ᠤᠶᠤᠨᠴᠢ ᠲᠤᠨᠤᠭᠯᠠᠯ ᠤᠨ ᠬᠤᠪᠢ ᠤᠷᠤᠭᠤᠯᠤᠭᠰᠠᠨ ᠬᠢᠵᠠᠭᠠᠷᠳᠤ ᠺᠤᠮᠫᠠᠨᠢ ᠶᠢᠨ ᠦᠢᠯᠡᠳᠪᠦᠷᠢᠯᠡᠬᠦ ᠲᠠᠰᠤᠭ ᠲᠤ ᠲᠤᠨᠤᠭᠯᠠᠯ ᠦᠢᠯᠡᠳᠪᠦᠷᠢᠯᠡᠬᠦ ᠳᠡᠰ ᠳᠠᠷᠠᠭᠠᠯᠠᠯ ᠢ ᠪᠠᠶᠢᠴᠠᠭᠠᠨ ᠦᠵᠡᠵᠤ᠂ ᠮᠡᠷᠭᠡᠵᠢᠯ ᠤᠨ ᠰᠤᠳᠤᠯᠤᠨ ᠨᠡᠬᠡᠬᠡᠯᠳᠡ ᠪᠠ ᠦᠢᠯᠡᠳᠪᠦᠷᠢᠯᠡᠯ ᠤᠨ ᠪᠠᠶᠢᠳᠠᠯ ᠢ ᠤᠢᠢᠯᠠᠭᠠᠵᠤ ᠪᠠᠶᠢᠭ᠎ᠠ ᠨᠢ᠃    ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠰᠢᠤᠸᠠᠢ ᠷᠧᠨ ᠰᠡᠭᠦᠳᠡᠷᠯᠡᠪᠡ    ᠰᠢᠨᠬᠤᠸᠠ ᠬᠤᠷᠢᠶᠠᠨ ᠤ ᠴᠠᠩᠱᠠ ᠶᠢᠨ 9 ᠰᠠᠷ᠎ᠠ ᠶᠢᠨ 18 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠢᠢᠷ᠎ᠠ ᠶᠢᠨ ᠡᠳᠦᠷ ᠬᠤᠨᠠᠨ ᠳᠤ ᠰᠢᠨᠵᠢᠯᠡᠨ ᠪᠠᠶᠢᠴᠠᠭᠠᠬᠤ ᠳᠠᠭᠠᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠤ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠤᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠦᠷᠢᠲᠤ ᠢᠯᠠᠯᠲᠠ ᠶᠢ ᠣᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠶ᠋ᠳᠪᠦᠷᠢᠲᠦ ᠳᠠᠶᠢᠯᠠᠯᠳᠤᠭᠠᠨ ᠬᠢᠵᠦ᠂ ︽ᠵᠢᠷᠭᠤᠭ᠎ᠠ ᠶᠢ ᠲᠤᠬᠳᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠤᠯᠤᠰ ᠤᠨ ᠴᠢᠬᠤᠯᠠ ᠲᠡᠷᠢᠭᠦᠨ ᠤ ᠦᠢᠯᠡᠳᠬᠦ ᠦᠢᠯᠡᠰ᠂ ᠭᠤᠤᠯᠯᠠᠬᠤ ᠥᠷᠢᠰᠥᠯᠳᠦᠬᠦ ᠬᠦᠴᠦᠨ ᠲᠠᠢ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠡᠭᠦᠳᠦᠯᠲᠡ᠂ ᠳᠣᠲᠣᠭᠠᠳᠤ ᠡᠭᠡ ᠬᠠᠭᠤᠷᠠᠶ ᠶᠢᠨ ᠣᠷᠣᠨ ᠤ ᠥᠭᠡᠷᠡᠴᠢᠯᠡᠯᠲᠡ ᠨᠡᠭᠡᠭᠡᠯᠲᠡ ᠶᠢᠨ ᠥᠨᠳᠦᠷᠯᠢᠭ ᠢ ᠬᠦᠴᠦᠯᠡᠨ ᠴᠣᠭᠴᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠵᠠᠮ ᠨᠡᠬᠡᠭᠡᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤᠮᠳᠠ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠳᠤᠮᠳᠠ ᠬᠡᠰᠡᠭ ᠤᠨ ᠭᠠᠵᠠᠷ ᠣᠷᠣᠨ ᠤ ᠬᠥᠭᠵᠢᠯ ᠮᠠᠨᠳᠤᠯ ᠪᠣᠯᠤᠨ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢ ᠠᠬᠢᠭᠤᠯᠬᠤ ᠳᠤᠮᠳᠠ ᠰᠢᠨ᠎ᠡ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ‌‍ᠲ᠋ᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠬᠤᠨᠠᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠭᠡᠷᠡᠭᠲᠡᠢ ᠭᠡᠵᠦ ᠴᠢᠬᠤᠯᠠᠴᠢᠯᠠᠪᠠ᠃    ᠶᠢᠰᠦᠨ ᠰᠠᠷ᠎ᠠ ᠶᠢᠨ ᠬᠤᠨᠠᠨ ᠤ ᠡᠬᠡ ᠭᠠᠵᠠᠷ ᠲᠤ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢᠶᠠᠷ ᠪᠢᠯᠬᠠᠵᠤ ᠪᠠᠶᠢᠯ᠎ᠠ᠃ 16 ᠠᠴᠠ 18 ᠤ ᠡᠳᠦᠷ ᠪᠣᠯᠲᠠᠯ᠎ᠠ᠂ ᠰᠢ ᠶᠢᠨ ᠫᠢᠩ ᠬᠤᠨᠠᠨ ᠮᠤᠵᠢ ᠶᠢᠨ ᠨᠠᠮ ᠤᠨ ᠬᠤᠷᠢᠶᠠᠨ ᠤ ᠱᠦᠵᠢ ᠳ᠋ᠦ᠋ ᠵᠢᠶᠠ ᠬᠤᠤ᠂ ᠮᠤᠵᠢ ᠶᠢᠨ ᠳᠠᠷᠤᠭ᠎ᠠ ᠰᠢᠤᠢ ᠳ᠋ᠠ ᠵᠧ ᠶᠢᠨ ᠪᠠᠷ᠎ᠠ ᠪᠤᠯᠤᠯᠭ᠎ᠠ ᠲᠠᠢ ᠪᠠᠷ᠂ ᠤᠷᠢᠳ ᠬᠤᠵᠢᠳ ᠴᠧᠨᠵᠸᠦ᠂ ᠴᠠᠩᠱᠠ ᠵᠡᠷᠭᠡ ᠭᠠᠵᠠᠷ ᠲᠤ ᠬᠦᠷᠴᠦ᠂ ᠬᠥᠳᠡᠭᠡ ᠲᠣᠰᠬᠤᠨ᠂ ᠠᠵᠤ ᠠᠬᠤᠶᠢᠯᠠᠯ᠂ ᠠᠵᠤ ᠦᠢᠯᠡᠰ ᠤᠨ ᠬᠦᠷᠢᠶᠡᠯᠡᠩ᠂ ᠰᠤᠷᠭᠠᠭᠤᠯᠢ ᠵᠡᠷᠭᠡ ᠳᠤ ᠭᠦᠨᠵᠡᠭᠡᠶᠢᠷᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠵᠢᠭᠦᠯᠤᠨ ᠠᠬᠢᠭᠤᠯᠬᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠶᠢᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢ ᠲᠥᠰᠦᠪᠯᠡᠬᠦ ᠲᠤᠬᠠᠶ ᠪᠠᠶᠢᠴᠠᠭᠠᠨ ᠰᠤᠳᠤᠯᠤᠯᠲᠠ ᠬᠢᠪᠠ᠃    16 ᠤ ᠦᠳᠡ ᠶᠢᠨ ᠬᠤᠶᠢᠨ᠎ᠠ᠂ ᠰᠢ ᠶᠢᠨ ᠫᠢᠩ ᠡᠩ ᠲᠡᠷᠢᠭᠦᠨ ᠳᠤ ᠴᠧᠨᠵᠸᠤ ᠬᠤᠳᠠ ᠶᠢᠨ ᠷᠦ᠋ ᠴᠧᠩ ᠰᠢᠶᠠᠨ ᠤ ᠸᠧᠨ ᠮᠢᠩ ᠤᠨ ᠶᠣᠣ ᠦᠨᠳᠦᠰᠦᠲᠡᠨ ᠤ ᠰᠢᠶᠠᠩ ᠤᠨ ᠱᠠ ᠵᠧᠦ ᠶᠢᠨ ᠶᠣᠣ ᠦᠨᠳᠦᠰᠦᠲᠡᠨ ᠤ ᠲᠣᠰᠬᠤᠨ ᠳᠤ ᠰᠢᠨᠵᠢᠯᠡᠨ ᠪᠠᠶᠢᠴᠠᠭᠠᠪᠠ᠃ 1934 ᠣᠨ ᠳᠤ᠂ ᠤᠯᠠᠭᠠᠨ ᠴᠡᠷᠢᠭ ᠤᠷᠳᠤ ᠵᠠᠮ ᠤᠨ ᠠᠶᠠᠨ ᠲᠠᠶᠢᠨ ᠬᠢᠵᠦ ᠶᠠᠪᠤᠬᠤ ᠳᠠᠭᠠᠨ ᠡᠬᠦᠨ ᠢᠶᠠᠷ ᠥᠩᠭᠡᠷᠡᠵᠦ᠂ ︽ᠲᠠᠯ᠎ᠠ ᠬᠥᠨᠵᠢᠯᠡ︾ ᠶᠢᠨ ᠰᠡᠳᠬᠢᠯ ᠬᠥᠳᠡᠯᠭᠡᠮ᠎ᠡ ᠦᠯᠢᠬᠡᠷ ᠢ ᠦᠯᠡᠳᠡᠭᠡᠵᠦ ᠪᠢᠯᠡ᠃ ᠰᠢ ᠶᠢᠨ ᠫᠢᠩ ︽ᠲᠠᠯ᠎ᠠ ᠬᠥᠨᠵᠢᠯᠡ ᠶᠢᠨ ᠬᠠᠶᠢᠷ᠎ᠠ ᠬᠠᠯᠠᠮᠵᠢ︾ ᠲᠤᠰᠬᠠᠶ ᠰᠡᠳᠦᠪᠲᠦ ᠦᠵᠡᠭᠦᠯᠭᠡ ᠶᠢᠨ ᠣᠷᠳᠣᠨ ᠳᠤ ᠣᠷᠣᠵᠤ᠂ ᠲᠤᠬᠠᠶ ᠶᠢᠨ ᠭᠠᠵᠠᠷ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠤᠪᠢᠰᠬᠠᠯᠳᠦ ᠰᠤᠶᠤᠯ ᠤᠨ ᠵᠢᠭᠤᠯᠴᠢᠯᠠᠯ ᠪᠠ ᠬᠤᠪᠢᠰᠬᠠᠯᠳᠦ ᠰᠤᠶᠤᠯ ᠤᠨ ᠬᠥᠮᠦᠵᠢᠯ ᠢ ᠦᠷᠨᠢᠬᠦᠯᠵᠦ ᠪᠠᠶᠢᠬᠤ ᠪᠠᠶᠢᠳᠠᠯ ᠢ ᠣᠶᠢᠯᠠᠭᠠᠪᠠ᠃ ᠰᠢ ᠶᠢᠨ ᠫᠢᠩ᠂ ︽ᠲᠠᠯ᠎ᠠ ᠬᠥᠨᠵᠢᠯᠡ︾ ᠶᠢᠨ ᠦᠯᠢᠭᠡᠷ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠠᠳ ᠲᠦᠮᠡᠨ ᠤ ᠲᠦᠯᠦᠭᠡ ᠭᠡᠬᠦ ᠬᠠᠶᠢᠷ᠎ᠠ ᠰᠡᠳᠬᠢᠯᠭᠡ ᠪᠠ ᠠᠷᠠᠳ ᠲᠦᠮᠡᠨ ᠤ ᠲᠥᠯᠥᠭᠡ ᠵᠢᠳᠬᠦᠬᠦ ᠮᠥᠨ ᠴᠢᠨᠠᠷ ᠢ ᠬᠦᠢᠴᠡᠳ ᠢᠯᠡᠷᠡᠭᠦᠯᠵᠡᠶ᠃ ᠤᠷᠲᠤ ᠵᠠᠮ ᠤᠨ ᠠᠶᠠᠨ ᠳᠠᠶᠢᠨ ᠤ ᠳᠤᠮᠳᠠ ᠮᠠᠤ ᠽᠧ ᠳ᠋ᠦᠩ ᠨᠥᠬᠦᠷ᠂ ᠳᠤᠮᠳᠠᠳᠤ ᠤᠯᠤᠰ ᠤᠨ ᠠᠵᠢᠯᠴᠢᠨ᠂ ᠲᠠᠷᠢᠶᠠᠴᠢᠨ᠂ ᠴᠡᠷᠢᠭ ᠪᠠᠶᠢᠯᠳᠤᠭᠴᠢ ᠬᠢᠭᠡᠳ ᠠᠯᠢᠪᠠ ᠶᠠᠳᠠᠭᠤ ᠵᠦᠳᠡᠭᠦᠤ ᠠᠷᠠᠳ ᠤᠯᠠᠨ ᠤ ᠭᠠᠷᠬᠤ ᠵᠠᠮ ᠨᠢ ᠡᠪ ᠬᠠᠮᠲᠤ ᠨᠠᠮ ᠤᠨ ᠵᠤᠷᠢᠵᠦ ᠪᠠᠶᠢᠭ᠎ᠠ ᠰᠤᠪᠢᠶᠠᠳ ᠵᠠᠰᠠᠭ ᠤᠨ ᠤᠯᠠᠭᠠᠨ ᠴᠡᠷᠢᠭ ᠲᠤ ᠪᠤᠢ᠂ ᠪᠢᠳᠡ ᠯᠠᠪᠲᠠᠢ ᠢᠯᠠᠯᠲᠠ ᠤᠯᠬᠤ ᠶᠤᠮ ᠭᠡᠵᠦ ᠵᠢᠭᠠᠵᠦ ᠭᠠᠷᠭᠠᠭᠰᠠᠨ ᠶᠤᠮ᠃ ᠡᠳᠦᠭᠡ ᠪᠢᠳᠡ ᠨᠠᠩ ᠴᠤ ᠵᠠᠮ ᠤᠨ ᠢᠲᠡᠭᠡᠯ ᠢᠶᠠᠨ ᠪᠠᠲᠤᠳᠬᠠᠵᠤ᠂ ᠨᠠᠮ ᠤᠨ ᠲᠠᠩᠭᠠᠷᠢᠭ ᠪᠣᠯᠤᠨ ᠠᠮᠠᠯᠠᠯᠲᠠ ᠪᠠᠨ ᠪᠡᠶᠡᠯᠡᠭᠦᠯᠵᠦ᠂ ᠠᠷᠠᠳ ᠣᠯᠠᠨ ᠲᠠᠢ ᠬᠠᠳᠠᠭᠤ ᠪᠡᠷᠭᠡᠰᠢᠶᠡᠯ ᠢ ᠬᠠᠮᠲᠤ ᠪᠠᠷ ᠲᠤᠭᠤᠯᠵᠤ᠂ ᠮᠢᠬ᠎ᠠ ᠴᠢᠰᠤᠨ ᠤ ᠪᠠᠷᠢᠯᠳᠤᠯᠭ᠎ᠠ ᠲᠠᠢ ᠪᠤᠯᠵᠦ᠂ ᠬᠤᠪᠢ ᠵᠠᠶᠠᠭ᠎ᠠ ᠪᠠᠨ ᠬᠠᠮᠲᠤᠳᠬᠠᠨ᠂ ᠰᠢᠨ᠎ᠡ ᠴᠠᠭ ᠦᠶ᠎ᠡ ᠶᠢᠨ ᠤᠷᠳᠤ ᠵᠠᠮ ᠤᠨ ᠠᠶᠠᠨ ᠲᠠᠶᠢᠨ ᠤ ᠵᠠᠮ ᠢᠶᠠᠷ ᠦᠷᠭᠦᠯᠵᠢᠯᠡᠨ ᠰᠠᠶᠢᠲᠤᠷ ᠵᠠᠮᠨᠠᠬᠤ ᠭᠡᠷᠡᠭᠲᠡᠢ ᠭᠡᠵᠦ ᠵᠢᠭᠠᠵᠦ ᠭᠠᠷᠭᠠᠪᠠ᠃    ᠳᠠᠷᠠᠭ᠎ᠠ ᠨᠢ᠂ ᠰᠢ ᠶᠢᠨ ᠫᠢᠩ ᠲᠣᠰᠬᠤᠨ ᠤ ᠦᠢᠯᠡᠴᠢᠯᠡᠭᠡᠨ ᠤ ᠲᠥᠪ᠂ ᠡᠷᠡᠭᠦᠯ ᠬᠠᠮᠠᠭᠠᠯᠠᠯ ᠤᠨ ᠲᠠᠰᠤᠭ ᠲᠤ ᠬᠦᠷᠴᠦ᠂ ᠦᠨᠳᠦᠰᠦᠨ ᠱᠠᠲᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠠᠵᠢᠯ ᠪᠣᠯᠤᠨ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠶᠢᠨ ᠪᠠᠶᠢᠳᠠᠯ ᠢ ᠣᠶᠢᠯᠠᠭᠠᠪᠠ᠃ ᠲᠡᠷᠡ᠂ ᠲᠣᠰᠬᠤᠨ ᠤ ᠠᠷᠠᠳ ᠲᠤ ᠦᠶ᠋ᠯᠡᠴᠢᠯᠡᠬᠦ ᠲᠥᠪ ᠢ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠤᠨ ᠴᠢᠬᠤᠯᠠ ᠵᠢᠭᠰᠠᠭᠠᠯ ᠤᠨ ᠭᠠᠵᠠᠷ ᠪᠣᠯᠭᠠᠨ ᠰᠠᠶᠢᠲᠤᠷ ᠪᠦᠲᠦᠭᠡᠨ ᠪᠠᠶᠢᠭᠤᠯᠵᠤ᠂  ᠦᠢᠯᠡᠴᠢᠯᠡᠭᠡᠨ ᠤ ᠶᠠᠪᠤᠳᠠᠯ ᠢ ᠲᠡᠭᠦᠯᠳᠡᠷᠵᠢᠭᠦᠯᠦᠨ᠂ ᠠᠷᠠᠳ ᠲᠦᠮᠡᠨ ᠳᠤ ᠦᠢᠯᠡᠴᠢᠯᠡᠬᠦ ᠲᠦᠪᠰᠢᠨ ᠢᠶᠠᠨ ᠳᠡᠭᠡᠭᠰᠢᠯᠡᠭᠦᠯᠵᠦ᠂ ᠠᠷᠠᠳ ᠲᠦᠮᠡᠨ ᠳᠤ ᠦᠢᠯᠡᠴᠢᠯᠡᠬᠦ ᠣᠨᠣᠪᠴᠢᠲᠤ ᠴᠢᠨᠠᠷ ᠪᠠ ᠪᠣᠳᠠᠲᠤ ᠦᠷ᠎ᠡ ᠪᠦᠳᠦᠮᠵᠢᠳᠦ ᠴᠢᠨᠠᠷ ᠢ ᠴᠢᠩᠭᠠᠷᠠᠭᠤᠯᠬᠤ ᠭᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠦᠷᠭᠦᠯᠵᠢᠯᠡᠨ ᠠᠬᠢᠭᠤᠯᠬᠤ ᠳᠤᠮᠳᠠ᠂ ᠲᠣᠰᠬᠤᠨ ᠳᠤ ᠰᠠᠭᠤᠬᠤ ᠨᠢᠭᠡᠳᠦᠭᠡᠷ ᠱᠦᠵᠢ ᠶᠢ ᠦᠷᠭᠦᠯᠵᠢᠯᠡᠨ ᠰᠣᠩᠭᠤᠨ ᠲᠣᠮᠢᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠤᠬᠴᠠᠯᠠᠯᠳᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠬᠡᠪ ᠴᠢᠨᠠᠷ ᠪᠠ ᠲᠠᠶᠢᠴᠢᠨ ᠬᠦᠴᠦᠨ ᠢ ᠳᠡᠭᠡᠭᠰᠢᠯᠡᠭᠦᠯᠬᠦ ᠭᠡᠷᠡᠭᠲᠡᠢ ᠭᠡᠵᠦ ᠴᠢᠬᠤᠯᠠᠴᠢᠯᠠᠪᠠ᠃    ᠦᠢᠷ᠎ᠡ ᠶᠢᠨ ᠵᠢᠯ ᠳᠤ᠂ ᠱᠠ ᠵᠧᠤ ᠶᠢᠨ ᠶᠣᠣ ᠦᠨᠳᠦᠰᠦᠲᠡᠨ ᠤ ᠲᠣᠰᠬᠤᠨ ᠬᠥᠳᠡᠭᠡ ᠲᠣᠰᠬᠤᠨ ᠤ ᠵᠢᠭᠤᠯᠴᠢᠯᠠᠯ ᠪᠠ ᠣᠨᠴᠠ ᠰᠢᠯᠢᠳᠡᠭ ᠵᠢᠮᠢᠰ ᠤᠨ ᠲᠠᠷᠢᠮᠠᠯ ᠢ ᠶᠡᠭᠡ ᠪᠠᠷ ᠬᠥᠭᠵᠢᠭᠦᠯᠵᠦ᠂ 1500 ᠮᠥ ᠱᠠ ᠵᠧᠤ ᠶᠢᠨ ᠣᠲᠣ ᠦᠶ᠎ᠡ ᠶᠢᠨ ᠲᠠᠷᠢᠶᠠᠯᠠᠩ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠢ ᠪᠠᠶᠢᠭᠤᠯᠪᠠ᠃ ᠰᠢ ᠶᠢᠨ ᠫᠢᠩ ᠮᠠᠰᠢᠨ ᠲᠡᠷᠭᠡᠨ ᠳᠤ ᠰᠠᠭᠤᠵᠤ ᠰᠠᠭᠤᠷᠢᠨ ᠳᠤ ᠬᠦᠷᠴᠦ ᠶᠠᠳᠠᠭᠤ ᠶᠢ ᠲᠡᠳᠬᠦᠬᠦ ᠠᠵᠤ ᠦᠢᠯᠡᠰ ᠤᠨ ᠬᠥᠭᠵᠢᠯᠲᠡ ᠪᠣᠯᠤᠨ ᠣᠷᠣᠯᠭ᠎ᠠ ᠶᠢᠨ ᠨᠡᠮᠡᠭᠳᠡᠯ ᠤᠨ ᠪᠠᠶᠢᠳᠠᠯ ᠢ ᠣᠶᠢᠯᠠᠭᠠᠪᠠ᠃ ᠲᠡᠷᠡ᠂ ᠲᠠᠷᠢᠶᠠᠴᠢᠳ ᠤᠨ ᠬᠤᠷᠰᠢᠶ᠎ᠠ ᠶᠢ ᠵᠣᠷᠢᠭᠵᠢᠭᠤᠯᠤᠨ ᠬᠥᠭᠵᠢᠭᠦᠯᠵᠦ᠂ ᠲᠠᠷᠢᠶᠠᠯᠠᠩ ᠤᠨ ᠵᠣᠬᠢᠰᠲᠠᠶ ᠬᠡᠪᠴᠢᠶᠡᠲᠦ ᠡᠵᠡᠩᠨᠡᠯᠲᠡ ᠶᠢ ᠠᠬᠢᠭᠤᠯᠵᠤ᠂ ᠲᠠᠷᠢᠶᠠᠴᠢᠳ ᠲᠤ ᠬᠠᠨᠭ᠍ᠭᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ‌‍ᠤᠨ ᠦᠢᠯᠡᠴᠢᠯᠡᠭᠡ ᠶᠢ ᠴᠢᠩᠭᠠᠳᠬᠠᠨ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠥᠷᠢᠰᠥᠯᠳᠦᠭᠡᠨ ᠳᠤ ᠣᠷᠣᠯᠴᠠᠬᠤ ᠪᠠ ᠭᠠᠶ ᠭᠠᠮᠰᠢᠭ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠬᠦ ᠭᠡᠷᠡᠭᠲᠡᠢ ᠭᠡᠵᠦ ᠵᠢᠭᠠᠵᠦ ᠭᠠᠷᠭᠠᠪᠠ᠃    ᠰᠢ ᠶᠢᠨ ᠫᠢᠩ ᠵᠠᠯᠭᠠᠭᠠᠳ ᠸᠧᠨ ᠮᠢᠩ ᠤᠨ ᠶᠣᠣ ᠦᠨᠳᠦᠰᠦᠲᠡᠨ ᠤ ᠰᠢᠶᠠᠩ ᠤᠨ ᠨᠢᠭᠡᠳᠦᠭᠡᠷ ᠪᠠᠭ᠎ᠠ ᠰᠤᠷᠭᠠᠭᠤᠯᠢ ᠳᠤ ᠬᠦᠷᠴᠦ᠂ ᠲᠣᠭᠤᠭᠠᠨ ᠭᠡᠷ᠂ ᠬᠠᠳᠠᠭᠠᠯᠠᠬᠤ ᠲᠠᠰᠤᠬ ᠲᠤ ᠣᠷᠣᠵᠤ᠂ ᠰᠤᠷᠤᠭᠴᠢᠳ ᠤᠨ ᠬᠤᠭᠤᠯᠠ ᠬᠦᠨᠡᠰᠦᠨ ᠤ ᠰᠢᠮ᠎ᠡ ᠲᠡᠵᠢᠭᠡᠯ ᠤᠨ ᠲᠤᠬᠢᠷᠠᠭᠤᠯᠤᠯᠳᠠ ᠪᠠ ᠢᠳᠡᠭᠡᠨ ᠤ ᠠᠮᠤᠷ ᠲᠦᠪᠰᠢᠨ ᠢ ᠪᠠᠶᠢᠴᠠᠭᠠᠨ ᠦᠵᠡᠪᠡ᠃ ᠳᠥᠷᠪᠡᠳᠦᠭᠡᠷ ᠣᠨ ᠤ ᠰᠤᠷᠤᠭᠴᠢᠳ ᠤᠯᠤᠰ ᠲᠥᠷᠥ ᠶᠢᠨ ᠬᠢᠴᠢᠶᠡᠯ ᠣᠷᠣᠵᠤ ᠪᠠᠶᠢᠪᠠ᠂ ᠶᠡᠷᠦᠩᠬᠡᠢ ᠱᠦᠵᠢ ᠢᠷᠡᠭᠰᠡᠨ ᠢ ᠦᠵᠡᠭᠡᠳ᠂ ᠰᠢ ᠡᠪᠦᠭᠡ ᠳᠡᠭᠡᠨ ᠵᠡᠷᠭᠡ ᠪᠠᠷ ᠮᠡᠨᠳᠦᠴᠢᠯᠡᠯ ᠬᠦᠷᠭᠡᠵᠡᠢ᠃ ᠰᠢ ᠶᠢᠨ ᠫᠢᠩ ᠰᠤᠷᠤᠬᠴᠢᠳ ᠲᠤ᠂ ᠲᠠ ᠨᠠᠷ ᠤᠳᠤᠬᠠᠨ ᠳᠠᠭᠠᠨ ᠨᠢᠯᠬ᠎ᠠ ᠮᠣᠳᠣ ᠪᠠᠶᠢᠬᠰᠠᠭᠠᠷ᠂ ᠢᠷᠡᠭᠡᠳᠦᠢ ᠳᠤ ᠲᠩᠷᠢ ᠲᠤᠯᠤᠮ᠎ᠠ ᠲᠤᠮᠤ ᠮᠣᠳᠣ ᠪᠤᠯᠤᠨ᠎ᠠ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠲᠠ ᠨᠠᠷ ᠤᠨ ᠪᠡᠶ᠎ᠡ ᠳᠡᠭᠡᠷ᠎ᠡ ᠪᠡᠶᠡᠯᠡᠭᠳᠡᠬᠦ ᠪᠣᠯᠤᠨ᠎ᠠ᠃ ᠰᠤᠷᠤᠭᠴᠢᠳ ᠬᠤᠪᠢᠰᠬᠠᠯ ᠤᠨ ᠤᠳᠤᠮᠰᠢᠯ ᠢ ᠰᠠᠶᠢᠲᠤᠷ ᠤᠯᠠᠮᠵᠢᠯᠠᠵᠤ᠂ ᠮᠡᠳᠡᠯᠭᠡ ᠪᠣᠯᠤᠨ ᠴᠢᠳᠠᠪᠤᠷᠢ ᠶᠢ ᠰᠠᠶᠢᠲᠤᠷ ᠰᠤᠷᠤᠯᠴᠠᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠪᠣᠯᠬᠤ ᠪᠠᠷ ᠮᠡᠷᠠᠶᠢᠨ ᠴᠢᠷᠮᠠᠶᠢᠬᠤ ᠶᠢ ᠬᠦᠰᠡᠵᠦ ᠪᠠᠶᠢᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠡ ᠪᠣᠯᠤᠨ ᠵᠠᠰᠠᠭ ᠤᠨ ᠣᠷᠳᠣᠨ ᠥᠷᠭᠡᠨ ᠤᠯᠠᠨ ᠦᠨᠳᠦᠰᠦᠨ ᠱᠠᠲᠤᠨ ᠤ ᠪᠠᠭᠰᠢ ᠶᠢ ᠬᠠᠯᠠᠮᠵᠢᠯᠠᠵᠤ᠂ ᠴᠠᠯᠢᠩ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ᠂ ᠦᠷᠭᠦᠯᠵᠢᠯᠡᠨ ᠪᠣᠯᠪᠠᠰᠤᠷᠠᠭᠤᠯᠬᠤ ᠵᠡᠷᠭᠡ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃    ᠡᠨᠡ ᠵᠢᠯ 52 ᠨᠠᠰᠤᠲᠠᠢ ᠲᠣᠰᠬᠤᠨ ᠤ ᠠᠷᠠᠳ ᠵᠦ ᠰᠢᠶᠤᠤ ᠬᠤᠩ ᠪᠣᠯ ︽ᠲᠠᠯ᠎ᠠ ᠬᠥᠨᠵᠢᠯᠡ︾ ᠶᠢᠨ ᠦᠯᠢᠭᠡᠷ ᠤᠨ ᠭᠤᠣᠯ ᠪᠠᠭᠠᠲᠤᠷ ᠰᠢᠤᠢ ᠰᠢᠶᠧ ᠰᠢᠤ ᠶᠢᠨ ᠣᠮᠪᠣᠯᠣ ᠪᠣᠯᠤᠨ᠎ᠠ᠃ ᠰᠢ ᠶᠢᠨ ᠫᠢᠩ ᠲᠡᠭᠦᠨ ᠤ ᠭᠡᠷ ᠲᠤ ᠬᠦᠷᠴᠦ ᠪᠣᠯᠭᠤᠭᠠᠨ ᠲᠣᠬᠤᠨᠢᠭᠤᠯᠪᠠ᠃ ᠵᠤ᠋ ᠰᠢᠶᠤᠤ ᠬᠤᠩ ᠶᠡᠷᠦᠩᠬᠡᠶ ᠱᠦᠵᠢ ᠳᠤ᠂ ᠡᠳᠡᠭᠡᠷ ᠵᠢᠯ ᠤᠳ ᠲᠤ ᠲᠡᠷᠡ ᠡᠬᠡᠨᠡᠷ ᠲᠠᠢ ᠪᠠᠨ ᠲᠣᠰᠬᠤᠨ ᠤ ᠵᠣᠬᠢᠶᠠᠨ ᠪᠠᠶᠢᠭᠤᠯᠤᠭᠰᠠᠨ ᠢᠳᠡᠰᠢᠨ ᠨᠣᠭᠤᠭ᠎ᠠ ᠲᠠᠷᠢᠬᠤ᠂ ᠲᠣᠭᠤᠭᠠᠴᠢ ᠶᠢᠨ ᠤᠷ᠎ᠠ ᠮᠡᠷᠭᠡᠵᠢᠯ ᠵᠡᠷᠭᠡ ᠪᠣᠯᠪᠠᠰᠤᠷᠠᠯ ᠳᠤ ᠣᠷᠣᠯᠴᠠᠵᠤ᠂ ᠡᠵᠡᠮᠰᠢᠭᠰᠡᠨ ᠮᠡᠷᠭᠡᠵᠢᠯ ᠤᠨ ᠳᠠᠪᠠᠭᠤᠯᠢᠭ ᠢᠶᠠᠷ ᠢᠶᠠᠨ ᠶᠠᠳᠠᠭᠤ ᠠᠴᠠ ᠠᠩᠭᠢᠵᠢᠷᠠᠭᠰᠠᠨ ᠪᠦᠭᠡᠳ ᠪᠠᠰᠠ ᠦᠵᠡᠮᠵᠢ ᠶᠢᠨ ᠣᠷᠣᠨ ᠳᠤ ᠲᠦᠰᠢᠭᠯᠡᠨ ᠠᠷᠠᠳ ᠤᠨ ᠵᠤᠭ᠎ᠠ ᠰᠡᠯᠡᠬᠦᠴᠡᠯ ᠤᠨ ᠭᠠᠵᠠᠷ ᠪᠠᠶᠢᠭᠤᠯᠵᠠᠢ ᠭᠡᠪᠡ᠃ ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠮᠡᠴᠡᠯ ᠤᠨ ᠬᠠᠷᠠᠯᠲᠠ ᠪᠣᠯ ᠠᠷᠠᠳ ᠲᠦᠮᠡᠨ ᠳᠤ ᠡᠷᠬᠡ ᠴᠢᠯᠥᠭᠡ ᠤᠯᠭᠤᠵᠦ᠂ ᠰᠠᠶᠢᠨ ᠰᠠᠶᠢᠬᠠᠨ ᠠᠮᠢᠳᠤᠷᠠᠭᠤᠯᠬᠤ ᠶᠢᠨ ᠲᠥᠯᠥᠭᠡ ᠶᠤᠮ᠃ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠶ᠋ᠯᠡᠴᠢᠯᠡᠬᠦ ᠦᠨᠳᠦᠰᠦᠨ ᠵᠣᠷᠢᠯᠲᠠ ᠶᠢ ᠢᠮᠠᠭᠲᠠ ᠪᠠᠷᠢᠮᠲᠠᠯᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠬᠦᠬᠡᠭᠡᠴᠡᠯᠳᠦᠯ ᠢ ᠪᠡᠶᠡᠯᠡᠭᠦᠯᠬᠦ ᠶᠢᠨ ᠲᠥᠯᠥᠭᠡ ᠦᠷᠭᠦᠯᠵᠢᠯᠡᠨ ᠲᠡᠮᠡᠴᠡᠬᠦ ᠬᠡᠷᠡᠭᠲᠡᠶ ᠭᠡᠵᠦ ᠵᠢᠭᠠᠵᠦ ᠭᠠᠷᠭᠠᠪᠠ᠃ ᠲᠡᠷᠡ ᠵᠤ᠋ ᠰᠢᠶᠤᠤ ᠬᠤᠩ ᠤᠨ ᠬᠢᠨ ᠢ ᠬᠤᠪᠢᠰᠬᠠᠯ ᠤᠨ ᠦᠯᠢᠭᠡᠷ ᠢ ᠰᠠᠶᠢᠲᠤᠷ ᠶᠠᠷᠢᠬᠤ᠂ ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠬᠤ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠬᠦ ᠪᠤᠯᠳᠤᠭᠠᠢ ᠭᠡᠵᠦ ᠬᠦᠰᠡᠪᠡ᠃    ᠵᠦ ᠰᠢᠶᠤᠤ ᠬᠤᠩ ᠤᠨ ᠬᠢ ᠠᠴᠠ ᠰᠠᠯᠤᠭᠠᠳ᠂ ᠰᠢ ᠶᠢᠨ ᠫᠢᠩ ᠶᠠᠪᠠᠭᠠᠨ ᠢᠶᠠᠷ ᠲᠣᠰᠬᠤᠨ ᠤ ᠳᠦᠷᠰᠦ ᠪᠠᠶᠢᠳᠠᠯ ᠢ ᠪᠠᠶᠢᠴᠠᠭᠠᠨ ᠦᠵᠡᠪᠡ᠃ ᠬᠤᠷ᠎ᠠ ᠶᠢᠨ ᠳᠠᠷᠠᠭᠠᠬᠢ ᠱᠠ ᠵᠧᠦ ᠲᠣᠰᠬᠤᠨ ᠤ ᠠᠭᠤᠯᠠ ᠬᠠᠶᠢᠷᠬᠠᠨ ᠨᠡᠩᠳᠡ ᠭᠤᠶᠤᠬᠠᠨ ᠬᠠᠷᠠᠬᠳᠠᠵᠦ᠂ ᠲᠡᠭᠦᠨ ᠤ ᠳᠡᠭᠡᠭᠦᠷ ᠦᠩᠭᠡᠳᠤ ᠰᠤᠯᠤᠩᠭ᠎ᠠ ᠲᠠᠳᠠᠨ᠎ᠠ᠃ ᠴᠢᠮᠡᠭᠡ ᠶᠢ ᠰᠣᠨᠣᠰᠤᠭᠠᠳ ᠬᠦᠷᠦᠯᠴᠡᠨ ᠢᠷᠡᠭᠰᠡᠨ ᠲᠣᠰᠬᠤᠨ ᠤ ᠠᠷᠠᠳ ᠪᠣᠯᠤᠨ ᠵᠢᠭᠤᠯᠴᠢᠯᠠᠭᠰᠠᠳ ︽ᠶᠡᠷᠦᠩᠬᠡᠢ ᠱᠦᠵᠢ ᠰᠠᠶᠢᠨ ᠪᠠᠶᠢᠨ᠎ᠠ ᠤᠤ ︕︾ ᠭᠡᠵᠤ ᠦᠨᠳᠦᠷ ᠳᠠᠭᠤᠨ ᠢᠶᠠᠷ ᠬᠠᠰᠭᠢᠷᠬᠤ ᠳᠤ ᠰᠢ ᠶᠢᠨ ᠫᠢᠩ ᠪᠠᠶᠢᠨ ᠳᠠᠬᠢᠨ ᠣᠯᠠᠨ ᠲᠠᠢ ᠭᠠᠷ ᠳᠠᠯᠠᠯᠤᠨ ᠮᠡᠨᠳᠦᠴᠢᠯᠡᠵᠦ᠂ ᠨᠤᠲᠤᠭ ᠤᠨ ᠤᠯᠠᠨ ᠲᠦᠮᠡᠨ ᠳᠤ᠂ ︽ᠲᠠᠯ᠎ᠠ ᠬᠥᠨᠵᠢᠯᠡ︾ ᠶᠢᠨ ᠦᠯᠢᠬᠡᠷ ᠨᠢ ᠠᠷᠠᠳ ᠤᠯᠠᠨ ᠳᠤ ᠡᠪ ᠬᠠᠮᠲᠤ ᠨᠠᠮ ᠢ ᠲᠠᠨᠢᠭᠤᠯᠵᠤ᠂ ᠨᠠᠮ ᠢ ᠥᠪᠡᠷ ᠤᠨ ᠬᠥᠮᠦᠨ ᠢᠶᠠᠨ ᠭᠡᠵᠤ ᠦᠵᠡᠬᠦ ᠪᠤᠯᠭᠠᠵᠠᠢ᠃ ᠠᠷᠠᠳ ᠤᠯᠠᠨ ᠤ ᠳᠡᠮᠵᠢᠯᠭᠡ ᠪᠠ ᠬᠦᠷᠢᠶᠡᠯᠡᠯ ᠪᠠᠶᠢᠭᠰᠠᠨ ᠠᠴᠠ ᠮᠠᠨ ᠤ ᠨᠠᠮ ᠰᠠᠶ᠋ᠢ ᠭᠡᠷᠡᠯ ᠰᠠᠴᠤᠷᠠᠩᠭᠤᠶ ᠲᠡᠤᠬᠡᠨ ᠶᠠᠪᠤᠴᠠ ᠶᠢ ᠥᠩᠭᠡᠷᠡᠭᠡᠵᠦ᠂ ᠠᠭᠤᠤ ᠶᠡᠭᠡ ᠠᠮᠵᠢᠯᠲᠠ ᠣᠯᠵᠤ ᠴᠢᠳᠠᠭᠰᠠᠨ ᠶᠤᠮ᠃ ᠱᠠ ᠵᠧᠦ ᠲᠣᠰᠬᠤᠨ ᠪᠣᠯ ︽ᠲᠠᠯ᠎ᠠ ᠬᠥᠨᠵᠢᠯᠡ︾ ᠶᠢᠨ ᠦᠯᠢᠭᠡᠷ ᠤᠨ ᠡᠭᠦᠰᠦᠭᠰᠡᠨ ᠭᠠᠵᠠᠷ ᠪᠣᠯᠤᠨ᠎ᠠ᠂ ᠡᠨᠡ ᠡᠳᠦᠷ ᠪᠢ ᠲᠤᠰᠬᠠᠶᠢᠯᠠᠨ ᠨᠤᠲᠤᠭ ᠤᠨ ᠤᠯᠠᠨ ᠲᠦᠮᠡᠨ ᠢ ᠡᠷᠭᠢᠵᠤ ᠦᠵᠡᠬᠦ ᠪᠠᠷ ᠢᠷᠡᠯ᠎ᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠪᠢ ᠲᠠᠰᠤᠷᠠᠯᠲᠠ ᠥᠬᠡᠶ ᠬᠥᠮᠦᠵᠢᠯ ᠭᠥᠷᠳᠡᠵᠦ᠂ ᠠᠷᠢᠭᠤᠳᠬᠠᠯ ᠭᠥᠷᠳᠡᠬᠦ ᠬᠡᠷᠡᠭᠳᠠᠢ᠃ ᠮᠠᠨ ᠤ ᠨᠠᠮ ᠠᠷᠠᠳ ᠲᠦᠮᠡᠨ ᠳᠤ ᠦᠢᠯᠡᠴᠢᠯᠡᠬᠦ ᠶᠢ ᠪᠠᠷᠢᠮᠲᠠᠯᠠᠵᠦ ᠪᠠᠶᠢᠭ᠎ᠠ ᠨᠢ ᠤᠷᠢᠶ᠎ᠠ ᠯᠡ ᠲᠡᠳᠦᠢ ᠪᠢᠰᠢ᠂ ᠬᠠᠷᠢᠨ ᠴᠥᠬᠦᠷᠡᠰᠢ ᠦᠭᠡᠢ ᠭᠦᠢᠴᠡᠳᠭᠡᠬᠦ ᠪᠣᠳᠠᠲᠤ ᠠᠵᠢᠯᠯᠠᠭ᠎ᠠ ᠮᠥᠨ᠃ ᠪᠢᠳᠡ ᠤᠳᠠᠯ ᠦᠭᠡᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠤ᠂ ᠵᠠᠯᠭᠠᠭᠠᠳ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠲᠡᠮᠡᠴᠡᠵᠦ᠂ ᠠᠷᠠᠳ ᠤᠯᠠᠨ ᠤ ᠠᠮᠢᠳᠤᠷᠠᠯ ᠢ ᠨᠡᠩ ᠪᠠᠶᠠᠨ ᠴᠢᠨᠡᠭᠡᠯᠢᠭ᠂ ᠨᠡᠩ ᠵᠣᠯ ᠵᠢᠷᠭᠠᠯ ᠲᠠᠢ ᠪᠣᠯᠭᠠᠨ᠎ᠠ ᠭᠡᠵᠤ ᠬᠡᠯᠡᠪᠡ᠃    17 ᠤ ᠦᠳᠡ ᠶᠢᠨ ᠬᠤᠶᠢᠨ᠎ᠠ᠂ ᠰᠢ ᠶᠢᠨ ᠫᠢᠩ ᠴᠠᠩᠱᠠ ᠬᠤᠳᠠ ᠳᠤ ᠰᠢᠨᠵᠢᠯᠡᠨ ᠪᠠᠶᠢᠴᠠᠭᠠᠪᠠ᠃ ᠱᠠᠨ ᠾᠧ ᠤᠶᠤᠨᠴᠢ ᠲᠣᠨᠣᠭᠯᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯ ᠲᠣᠨᠣᠭᠯᠠᠯ ᠦᠢᠯᠡᠳᠬᠦ ᠬᠦᠷᠢᠶᠡᠨ ᠤ ᠲᠠᠭᠠᠭᠤᠯᠤᠭᠴᠢ ᠠᠵᠤ ᠠᠬᠤᠶᠢᠯᠠᠯ ᠪᠣᠯᠤᠨ᠎ᠠ᠂ ᠦᠢᠯᠡᠳᠬᠦᠨ ᠨᠢ ᠪᠦᠬᠦ ᠳᠡᠯᠡᠬᠡᠢ ᠳᠤ ᠪᠣᠷᠣᠯᠠᠭᠤᠯᠤᠭᠳᠠᠵᠤ ᠪᠠᠶᠢᠨ᠎ᠠ᠃ ᠰᠢ ᠶᠢᠨ ᠫᠢᠩ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ ᠢᠷᠡᠵᠤ᠂ ᠲᠤᠨᠤᠭᠯᠠᠯ ᠦᠢᠯᠡᠳᠬᠦ ᠶᠠᠪᠤᠴᠠ ᠶᠢ ᠪᠠᠶᠢᠴᠠᠭᠠᠨ ᠦᠵᠡᠵᠦ᠂ ᠮᠡᠷᠭᠡᠵᠢᠯ ᠤᠨ ᠰᠤᠳᠤᠯᠤᠨ ᠨᠡᠭᠡᠭᠡᠯᠲᠡ᠂ ᠦᠢᠯᠡᠳᠪᠦᠷᠢᠯᠡᠯ ᠤᠨ ᠪᠠᠶᠢᠳᠠᠯ ᠢ ᠣᠶᠢᠯᠠᠭᠠᠵᠤ᠂ ᠲᠡᠳᠡᠨ ᠤ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠮᠠᠭᠲᠠᠨ ᠰᠠᠶᠢᠰᠢᠶᠠᠪᠠ᠃ ᠰᠢ ᠶᠢᠨ ᠫᠢᠩ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠣᠯ ᠠᠵᠤ ᠠᠬᠤᠶᠢᠯᠠᠯ ᠤᠨ ᠠᠮᠢ ᠨᠠᠰᠤ ᠮᠥᠨ᠂ ᠠᠵᠤ ᠠᠬᠤᠶᠢᠯᠠᠯ ᠤᠨ ᠬᠦᠴᠢᠷ ᠪᠡᠷᠬᠡᠰᠢᠶᠡᠯ ᠢ ᠲᠤᠭᠤᠯᠵᠦ᠂ ᠬᠥᠭᠵᠢᠨ ᠪᠤᠵᠠᠭᠠᠶᠢᠷᠠᠬᠤ ᠶᠢᠨ ᠦᠨᠳᠦᠰᠦ ᠮᠥᠨ᠃ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠢ ᠡᠷᠬᠡᠪᠰᠢ ᠥᠪᠡᠷ ᠤᠨ ᠭᠠᠷ ᠲᠠᠭᠠᠨ ᠪᠠᠲᠤ ᠡᠵᠡᠮᠰᠢᠬᠦ ᠬᠡᠷᠡᠭᠲᠡᠶ᠃ ᠦᠢᠯᠡᠳᠬᠦ ᠦᠢᠯᠡᠰ ᠪᠠ ᠪᠣᠳᠠᠲᠤ ᠴᠣᠭᠴᠠ ᠶᠢᠨ ᠠᠵᠤ ᠠᠬᠤᠢ ᠶᠢ ᠡᠷᠡᠰ ᠭᠤᠶᠢᠪᠢᠰᠢ ᠦᠭᠡᠢ ᠪᠠᠷ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠬᠡᠷᠡᠭᠲᠡᠢ᠃ ᠪᠢᠳᠡ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢ ᠴᠢᠬᠤᠯᠠᠴᠢᠯᠠᠵᠤ ᠪᠠᠶᠢᠭ᠎ᠠ ᠨᠢ ᠡᠭᠦᠳᠡ ᠪᠠᠨ ᠲᠦᠭᠵᠢᠵᠦ ᠪᠦᠲᠦᠭᠡᠨ ᠪᠠᠶᠢᠭᠤᠯᠤᠯᠲᠠ ᠬᠢᠬᠦ ᠭᠡᠰᠡᠨ ᠶᠠᠪᠤᠳᠠᠯ ᠪᠢᠰᠢ᠂ ᠬᠠᠷᠢᠨ ᠨᠡᠭᠡᠭᠡᠯᠲᠡ ᠪᠠᠨ ᠦᠷᠭᠦᠯᠵᠢᠯᠡᠨ ᠥᠷᠭᠡᠳᠬᠡᠬᠦ ᠭᠡᠰᠡᠨ ᠶᠠᠪᠤᠳᠠᠯ ᠪᠣᠯᠤᠨ᠎ᠠ ᠭᠡᠵᠤ ᠴᠢᠬᠤᠯᠠᠴᠢᠯᠠᠪᠠ᠃    ᠮᠠ ᠯᠠᠨ ᠱᠠᠨ ᠤ ᠸᠢᠳᠢᠣ᠋ ᠶᠢᠨ ᠰᠣᠶᠣᠯ ᠤᠨ ᠪᠦᠳᠦᠭᠡᠯᠴᠢ ᠠᠵᠤ ᠦᠢᠯᠡᠰ ᠤᠨ ᠬᠦᠷᠢᠶᠡᠯᠡᠩ ᠨᠢ ᠲᠣᠭᠠᠴᠢᠯᠠᠭᠰᠠᠨ ᠸᠢᠳᠢᠣ᠋ ᠶᠢᠨ ᠪᠦᠲᠦᠭᠡᠯᠴᠢ ᠰᠡᠳᠬᠢᠴᠡ ᠪᠠᠷ ᠳᠠᠭᠠᠭᠤᠯᠤᠭᠴᠢ ᠪᠣᠯᠭᠠᠵᠤ᠂ ᠡᠯ᠎ᠡ ᠲᠥᠷᠥᠯ ᠤᠨ ᠰᠣᠶᠣᠯ ᠤᠨ ᠪᠦᠳᠦᠭᠡᠯᠴᠢ ᠠᠵᠤ ᠠᠬᠤᠶᠢᠯᠠᠯ ᠢ 3000 ᠭᠠᠷᠤᠶ ᠴᠤᠭᠯᠠᠷᠠᠭᠤᠯᠪᠠ᠃ ᠰᠢ ᠶᠢᠨ ᠫᠢᠩ ᠠᠵᠤ ᠦᠢᠯᠡᠰ ᠤᠨ ᠬᠦᠷᠢᠶᠡᠯᠡᠩ ᠳᠤ ᠬᠦᠷᠴᠦ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠪᠣᠯᠤᠨ ᠠᠭᠤᠯᠭ᠎ᠠ ᠶᠢᠨ ᠵᠤᠬᠢᠶᠠᠨ ᠪᠦᠳᠦᠭᠡᠯᠭᠡ᠂ ᠮᠡᠷᠭᠡᠵᠢᠯ ᠤᠨ ᠰᠤᠳᠤᠯᠤᠨ ᠨᠡᠭᠡᠭᠡᠯᠳᠡ᠂ ᠴᠢᠳᠠᠪᠤᠷᠢᠲᠠᠨ ᠢ ᠬᠥᠮᠦᠵᠢᠭᠦᠯᠵᠤ ᠪᠠᠶᠢᠬᠤ ᠵᠡᠷᠭᠡ ᠲᠠᠯ᠎ᠠ ᠪᠠᠷ ᠰᠢᠨᠵᠢᠯᠡᠨ ᠪᠠᠶᠢᠴᠠᠭᠠᠪᠠ᠃ ᠰᠢ ᠶᠢᠨ ᠫᠢᠩ᠂ ᠰᠣᠶᠣᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠰᠤᠯᠴᠠᠭᠠᠳ ᠰᠣᠶᠣᠯ ᠤᠨ ᠰᠢᠨ᠎ᠠ ᠡᠵᠡᠩᠨᠡᠯᠲᠡ ᠶᠢᠨ ᠬᠡᠯᠪᠡᠷᠢ ᠶᠢ ᠪᠣᠶ ᠪᠣᠯᠭᠠᠵᠤ᠂ ᠰᠣᠶᠣᠯ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠭᠰᠠᠨ ᠮᠥᠷᠲᠡᠭᠡᠨ ᠪᠠᠰᠠ ᠰᠢᠨ᠎ᠡ ᠶᠢ ᠡᠭᠦᠳᠬᠦ ᠴᠢᠳᠠᠪᠤᠷᠢᠲᠠᠨ ᠢ ᠴᠤᠭᠯᠠᠷᠠᠭᠤᠯᠤᠬᠰᠠᠨ ᠪᠠᠶᠢᠨ᠎ᠠ᠂ ᠡᠨᠡ ᠪᠤᠯ ᠥᠭᠡᠳᠡ ᠲᠠᠢ ᠠᠵᠤ ᠦᠢᠯᠡᠰ ᠪᠤᠯᠤᠨ᠎ᠠ᠂ ᠰᠠᠷᠠᠭᠤᠯ ᠢᠷᠡᠭᠡᠳᠦᠢ ᠲᠠᠢ ᠶᠤᠮ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠬᠦᠭᠵᠢᠯᠳᠡ ᠶᠢ ᠲᠦᠯᠦᠪᠵᠢᠭᠦᠯᠬᠦ ᠳᠤ ᠰᠣᠶᠣᠯ ᠤᠨ ᠠᠵᠤ ᠦᠢᠯᠡᠰ ᠢ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ ᠨᠡᠶᠢᠭᠡᠮ ᠤᠨ ᠦᠷ᠎ᠡ ᠠᠰᠢᠭ ᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠵᠥᠪ ᠤᠳᠤᠷᠢᠳᠤᠮᠵᠢ ᠶᠢ ᠪᠠᠲᠤ ᠡᠵᠡᠮᠰᠢᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠶᠡᠭᠡ ᠪᠠᠷ ᠪᠠᠳᠠᠷᠠᠭᠤᠯᠤᠨ ᠪᠤᠶᠢᠵᠢᠭᠤᠯᠵᠤ᠂ ᠨᠡᠶᠢᠭᠡᠮ ᠤᠨ ᠦᠷ᠎ᠡ ᠠᠰᠢᠭ ᠪᠠ ᠠᠵᠤ ᠠᠬᠤᠶ ᠶᠢᠨ ᠦᠷ᠎ᠡ ᠠᠰᠢᠭ ᠤᠨ ᠣᠷᠭᠠᠨᠢᠭ ᠨᠢᠭᠡᠳᠦᠯ ᠢ ᠴᠢᠷᠮᠠᠶᠢᠨ ᠪᠡᠶᠡᠯᠡᠭᠦᠯᠵᠦ᠂ ᠰᠣᠶᠣᠯ ᠤᠨ ᠠᠵᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠦᠨᠡᠨ ᠬᠦ ᠪᠠᠲᠤᠯᠠᠬᠤ ᠬᠡᠷᠡᠭᠳᠠᠢ ᠭᠡᠵᠤ ᠵᠢᠭᠠᠵᠤ ᠭᠠᠷᠭᠠᠪᠠ᠃    ᠶᠤᠸᠠᠢ ᠯᠦ ᠪᠢᠴᠢᠭ ᠤᠨ ᠬᠦᠷᠢᠶᠡᠯᠡᠩ ᠴᠠᠩᠱᠠ ᠶᠢᠨ ᠶᠤᠸᠠᠢ ᠯᠦ ᠱᠠᠨ ᠠᠭᠤᠯᠠᠨ ᠤ ᠬᠤᠷᠮᠣᠶ ᠳᠤ᠂ ᠬᠤᠨᠠᠨ ᠶᠡᠭᠡ ᠰᠤᠷᠭᠠᠭᠤᠯᠢ ᠶᠢᠨ ᠬᠦᠷᠢᠶᠡᠨ ᠳᠤ ᠪᠠᠶᠢᠷᠢᠯᠠᠵᠦ ᠪᠤᠢ᠂ ᠤᠮᠠᠷᠠᠲᠤ ᠰᠦᠩ ᠤᠯᠤᠰ ᠤᠨ ᠦᠶ᠎ᠡ ᠳᠤ ᠪᠠᠶᠢᠭᠤᠯᠤᠭᠳᠠᠭᠰᠠᠨ ᠮᠢᠩᠭᠠᠨ ᠣᠨ ᠤ ᠲᠡᠤᠬᠡ ᠲᠠᠢ ᠰᠤᠷᠭᠠᠭᠤᠯᠢ ᠪᠣᠯᠤᠨ᠎ᠠ᠃ ᠰᠢ ᠶᠢᠨ ᠫᠢᠩ ᠠᠳᠡ ᠢᠷᠡᠵᠦ ᠰᠢᠨᠵᠢᠯᠡᠨ ᠪᠠᠶᠢᠴᠠᠭᠠᠵᠤ᠂ ᠴᠢᠳᠠᠪᠤᠷᠢᠲᠠᠨ ᠬᠦᠮᠦᠵᠢᠭᠦᠯᠵᠤ ᠪᠠᠶᠢᠬᠤ᠂ ᠰᠤᠶᠤᠯ ᠢ ᠤᠯᠠᠮᠵᠢᠯᠠᠵᠤ ᠪᠠᠶᠢᠬᠤ ᠵᠡᠷᠭᠡ ᠪᠠᠶᠢᠳᠠᠯ ᠢ ᠣᠶᠢᠯᠠᠭᠠᠪᠠ᠃ ᠪᠢᠴᠢᠭ ᠤᠨ ᠬᠦᠷᠢᠶᠡᠯᠡᠩ ᠳᠤ ᠰᠢ ᠶᠢᠨ ᠫᠢᠩ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠵᠢᠭᠠᠨ ᠰᠤᠷᠭᠠᠯᠲᠠ ᠶᠢᠨ ᠠᠬᠤᠢ ᠲᠠᠯᠠᠪᠠᠢ ᠳᠠᠬᠢ ᠪᠠᠭᠰᠢ ᠰᠤᠷᠤᠭᠴᠢᠳ ᠲᠠᠢ ᠳᠣᠲᠣᠨᠣ ᠪᠠᠷ ᠶᠠᠷᠢᠯᠴᠠᠪᠠ ᠃ ᠲᠡᠷᠡ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠪᠣᠯᠤᠨ  ᠦᠢᠯᠡᠳᠦᠯᠭᠡ ᠶᠢᠨ ᠵᠢᠭᠠᠨ ᠰᠤᠷᠭᠠᠯᠲᠠ ᠶᠢ ᠣᠷᠭᠠᠨᠢᠭ ᠢᠶᠠᠷ ᠤᠶᠠᠯᠳᠤᠭᠤᠯᠵᠤ᠂ ᠡᠯᠪᠡᠭ ᠪᠠᠶᠠᠯᠢᠭ ᠲᠡᠤᠬᠡ ᠰᠣᠶᠣᠯ ᠤᠨ ᠡᠬᠢ ᠪᠠᠶᠠᠯᠢᠭ ᠢ ᠬᠦᠢᠴᠡᠳ ᠠᠰᠢᠬᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠤ ᠲᠡᠮᠡᠴᠡᠯ ᠤᠨ ᠥᠩᠭᠡᠷᠡᠯᠲᠡ ᠲᠠᠢ ᠨᠢᠭᠲᠠ ᠤᠶᠠᠯᠳᠤᠭᠤᠯᠵᠤ ᠪᠠᠶᠢᠭᠠᠳ ᠮᠠᠷᠺᠰ ᠤᠨ ᠦᠵᠡᠯ ᠤᠨ ᠳᠤᠮᠳᠠᠳᠤ ᠤᠯᠤᠰᠴᠢᠯᠠᠭᠰᠠᠨ ᠳᠣᠲᠣᠭᠠᠳᠤ ᠶᠣᠰᠣ ᠤᠴᠢᠷ ᠢ ᠭᠦᠨᠵᠡᠭᠡᠶ ᠣᠶᠢᠯᠠᠭᠠᠵᠤ᠂ ᠲᠡᠦᠬᠡ ᠪᠠ ᠠᠷᠠᠳ ᠲᠦᠮᠡᠨ ᠶᠠᠭᠠᠬᠢᠭᠠᠳ ᠳᠤᠮᠳᠠᠳᠤ ᠤᠯᠤᠰ ᠤᠨ ᠡᠪ ᠬᠠᠮᠲᠤ ᠨᠠᠮ ᠪᠠ ᠨᠡᠶᠢᠭᠡᠮ ᠵᠢᠷᠤᠮ ᠢ ᠰᠣᠩᠭᠤᠭᠰᠠᠨ ᠢ ᠭᠦᠨᠵᠡᠭᠡᠢ ᠣᠶᠢᠯᠠᠭᠠᠵᠤ᠂ ︽ᠲᠦᠷᠪᠡᠨ ᠢᠲᠡᠭᠡᠯ︾ ᠢᠶᠠᠨ ᠤᠯᠠᠮ ᠴᠢᠨᠠᠭᠰᠢᠳᠠ ᠪᠠᠲᠤᠳᠬᠠᠬᠤ ᠬᠡᠷᠡᠭᠳᠠᠢ ᠭᠡᠵᠤ ᠴᠢᠬᠤᠯᠠᠴᠢᠯᠠᠪᠠ᠃    ᠪᠢᠴᠢᠭ ᠤᠨ ᠬᠦᠷᠢᠶᠡᠯᠡᠩ ᠠᠴᠠ ᠭᠠᠷᠴᠦ ᠢᠷᠡᠬᠦ ᠳᠤ᠂ ᠠᠭᠤᠳᠠᠮ ᠲᠠᠯᠠᠪᠠᠢ ᠳᠤ ᠰᠤᠷᠤᠭᠴᠢᠳ ᠳᠦᠭᠦᠷᠡᠩ ᠵᠤᠬᠰᠤᠵᠦ᠂ ᠤᠯᠠᠨ ᠢᠶᠠᠷ ᠢᠶᠠᠨ ᠬᠠᠰᠬᠢᠷᠤᠯᠳᠤᠨ ᠬᠥᠭᠡᠷᠦᠯᠳᠦᠪᠡ᠃ ᠰᠢ ᠶᠢᠨ ᠫᠢᠩ ᠣᠯᠠᠨ ᠤ ᠵᠦᠭ ᠢᠨᠢᠶᠡᠮᠰᠦᠭᠯᠡᠨ ᠭᠠᠷ ᠳᠠᠯᠠᠯᠤᠨ ᠮᠡᠨᠳᠦᠴᠢᠯᠡᠵᠦ᠂ ᠰᠤᠷᠤᠭᠴᠢᠳ ᠲᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ᠂ ᠰᠤᠷᠤᠭᠴᠢᠳ ᠪᠣᠯ ᠲᠡᠦᠬᠡ ᠶᠢᠨ ᠪᠤᠤᠬᠢᠶ᠎ᠡ ᠶᠢ ᠲᠤᠰᠴᠤ ᠠᠪᠬᠤ ᠭᠤᠣᠯ ᠬᠦᠴᠦᠨ ᠪᠣᠯᠤᠨ᠎ᠠ᠃ ᠣᠯᠠᠨ ᠢᠶᠠᠷ ᠢᠶᠠᠨ ᠴᠠᠭ ᠦᠶ᠎ᠡ ᠶᠢᠨ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ᠂ ᠵᠠᠯᠠᠭᠤ ᠨᠠᠰᠤ ᠰᠠᠶᠢᠬᠠᠨ ᠴᠠᠬ ᠢ ᠬᠥᠰᠡᠷᠳᠡᠭᠦᠯᠬᠦ ᠦᠭᠡᠢ ᠪᠠᠷ ᠴᠢᠷᠮᠠᠶᠢᠨ ᠰᠤᠷᠤᠯᠴᠠᠵᠤ᠂ ᠵᠥᠪ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ᠂ ᠥᠷᠲᠡᠭ ᠤᠨ ᠦᠵᠡᠯᠲᠡ ᠶᠢ ᠪᠤᠢ ᠪᠣᠯᠭᠠᠵᠤ᠂ ᠬᠥᠮᠦᠨ ᠤ ᠠᠮᠢᠳᠤᠷᠠᠯ ᠤᠨ ᠵᠠᠮ ᠢᠶᠠᠷ ᠰᠠᠶᠢᠲᠤᠷ ᠵᠠᠮᠨᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠥᠪᠡᠷ ᠤᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠵᠤ ᠪᠠᠶᠢᠨ᠎ᠠ ᠭᠡᠵᠤ ᠬᠡᠯᠡᠪᠡ᠃    18 ᠤ ᠦᠳᠡ ᠶᠢᠨ ᠡᠮᠦᠨ᠎ᠡ᠂ ᠰᠢ ᠶᠢᠨ ᠫᠢᠩ ᠬᠤᠨᠠᠨ ᠮᠤᠵᠢ ᠶᠢᠨ ᠨᠠᠮ ᠤᠨ ᠬᠤᠷᠢᠶ᠎ᠠ ᠪᠠ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠨᠠᠨ ᠤ ᠡᠯ᠎ᠡ ᠵᠦᠢᠯ ᠤᠨ ᠠᠵᠢᠯ ᠤᠨ ᠠᠮᠵᠢᠯᠲᠠ ᠶᠢ ᠨᠤᠲᠠᠯᠠᠵᠤ᠂ ᠬᠤᠨᠠᠨ ᠪᠠᠶᠠᠨ ᠲᠠᠩᠰᠤᠬ ᠦᠵᠡᠰᠬᠦᠯᠡᠩᠲᠦ ᠰᠠᠶᠢᠬᠠᠨ ᠵᠣᠯ ᠵᠢᠷᠭᠠᠯᠲᠤ ᠰᠢᠨ᠎ᠡ ᠬᠤᠨᠠᠨ ᠢ ᠪᠦᠲᠦᠭᠡᠨ ᠪᠠᠶᠢᠭᠤᠯᠬᠤ ᠠᠶᠠᠨ ᠳᠤ ᠰᠢᠨ᠎ᠡ ᠠᠮᠵᠢᠯᠲᠠ ᠣᠯᠬᠤ ᠶᠢ ᠬᠦᠰᠡᠪᠡ᠃    ᠰᠢ ᠶᠢᠨ ᠫᠢᠩ᠂ ᠣᠳᠣᠬᠠᠨ ᠳᠤ ᠪᠠ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠮᠠᠨ ᠤ ᠤᠯᠤᠰ ᠤᠨ ᠬᠥᠭᠵᠢᠯᠲᠡ ᠮᠥᠨ ᠯᠡ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯᠳᠤ ᠬᠤᠭᠤᠴᠠᠭᠠᠨ ᠳᠤ ᠣᠷᠣᠰᠢᠬᠤ ᠪᠤᠯᠤᠨ᠎ᠠ᠂ ᠭᠡᠪᠡᠴᠦ ᠠᠵᠠ ᠲᠤᠬᠢᠶᠠᠯ ᠪᠠ ᠦᠷᠢᠰᠦᠯᠲᠦᠭᠡᠡ ᠳᠤ ᠪᠦᠷ ᠰᠢᠨ᠎ᠡ ᠬᠥᠭᠵᠢᠯᠲᠡ ᠬᠤᠪᠢᠷᠠᠯᠲᠠ ᠲᠠᠢ ᠪᠤᠯᠤᠨ᠎ᠠ᠃ ᠬᠤᠪᠢᠷᠠᠯᠲᠠ ᠶᠢ ᠵᠥᠪ ᠢᠶᠠᠷ ᠲᠠᠨᠢᠵᠤ᠂ ᠰᠢᠨᠵᠢᠯᠡᠬᠦ ᠤᠬᠠᠭᠠᠨᠴᠢ ᠪᠠᠷ ᠬᠤᠪᠢᠷᠠᠯᠲᠠ ᠶᠢ ᠠᠷᠭᠠᠴᠠᠭᠠᠵᠤ᠂ ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠡᠷᠢᠯᠬᠢᠯᠡᠵᠦ᠂ ᠴᠢᠨᠠᠷ ᠰᠠᠶᠢᠲᠠᠢ ᠬᠥᠭᠵᠢᠯᠲᠡ ᠶᠢ ᠬᠥᠭᠵᠢᠭᠡᠬᠦ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠨᠡᠩ ᠢᠯᠡᠭᠦᠦ ᠴᠢᠬᠤᠯᠠᠴᠢᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ ᠢ ᠪᠤᠢ ᠪᠣᠯᠭᠠᠬᠤ ᠶᠢ ᠨᠡᠩ ᠢᠯᠡᠭᠦᠦ ᠴᠢᠬᠤᠯᠠᠴᠢᠯᠠᠬᠤ ᠬᠡᠷᠡᠭᠲᠡᠢ᠃ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠡᠮᠬᠢ ᠵᠢᠷᠤᠮ ᠲᠠᠢ ᠠᠬᠢᠭᠤᠯᠵᠤ᠂ ᠳᠠᠪᠠᠭᠤᠯᠢᠭ ᠠᠵᠤ ᠦᠢᠯᠡᠰ ᠢ ᠲᠦᠷᠭᠡᠪᠴᠢᠯᠡᠨ ᠬᠥᠭᠵᠢᠭᠦᠯᠵᠦ᠂ ᠠᠵᠤ ᠦᠢᠯᠡᠰ ᠤᠨ ᠰᠠᠭᠤᠷᠢ ᠶᠢ ᠬᠦᠴᠦᠯᠡᠨ ᠪᠠᠬᠢᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠶ᠃ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ᠂ ᠰᠠᠭᠤᠭᠠᠯᠢ ᠠᠷᠠᠳ ᠤᠨ ᠬᠡᠷᠡᠭᠯᠡᠭᠡ ᠶᠢ ᠨᠡᠮᠡᠭᠳᠡᠭᠦᠯᠬᠦ ᠶᠢ ᠴᠢᠬᠤᠯᠠᠴᠢᠯᠠᠬᠤ ᠬᠡᠷᠡᠭᠲᠡᠶ᠃ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ ᠰᠢᠨ᠎ᠡ ᠶᠢ ᠡᠭᠦᠳᠬᠦ ᠬᠡᠯᠬᠢᠶ᠎ᠡ ᠶᠢᠨ ᠲᠣᠭᠤᠷᠢᠨ ᠳᠤ ᠠᠵᠤ ᠦᠢᠯᠡᠰ ᠤᠨ ᠬᠡᠯᠬᠢᠶ᠎ᠡ ᠶᠢ ᠪᠠᠶᠢᠷᠢᠯᠠᠭᠤᠯᠤᠨ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠦᠷ᠎ᠡ ᠪᠦᠲᠦᠭᠡᠯ ᠢ ᠤᠨᠲᠤᠤᠰᠢᠭᠤᠯᠬᠤ ᠪᠠ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠤᠨ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠬᠠᠷᠠᠯᠲᠠ ᠪᠠᠷ ᠬᠥᠲᠥᠯᠥᠨ ᠳᠠᠭᠠᠭᠤᠯᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠡᠩ ᠶᠡᠭᠡ ᠰᠥᠰᠥ ᠵᠣᠷᠢᠭ᠂ ᠨᠡᠩ ᠪᠣᠳᠠᠲᠠᠶ ᠠᠷᠭ᠎ᠠ ᠬᠡᠮᠵᠢᠶ᠎ᠡ ᠠᠪᠴᠤ ᠪᠠᠶᠢᠭᠠᠳ ᠭᠦᠨ ᠳᠠᠪᠬᠤᠷᠭ᠎ᠠ ᠶᠢᠨ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠠᠷᠢᠯᠭᠠᠬᠤ ᠬᠡᠷᠡᠭᠲᠡᠶ᠃ ᠤᠯᠤᠰ ᠤᠨ ᠨᠡᠬᠡᠬᠡᠯᠳᠡ ᠬᠢᠬᠦ ᠪᠠᠶᠢᠯᠳᠤᠬᠤ ᠪᠤᠳᠤᠯᠭ᠎ᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠬᠡᠨ ᠪᠠᠶᠢᠭᠤᠯᠬᠤ ᠳᠤ ᠭᠦᠨᠵᠡᠭᠡᠢ ᠠᠭᠤᠰᠤᠯᠴᠠᠵᠤ᠂ ᠭᠠᠳᠠᠭᠠᠳᠤ ᠠᠷᠠᠯᠵᠢᠶᠠᠨ ᠤ ᠰᠢᠨ᠎ᠡ ᠶᠢ ᠡᠭᠦᠳᠴᠤ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠬᠦᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠠᠬᠢᠭᠤᠯᠤᠨ ᠬᠡᠷᠡᠭᠵᠢᠭᠦᠯᠬᠦ ᠬᠡᠷᠡᠭᠲᠡᠢ᠃ ᠠᠮᠤ ᠪᠤᠳᠠᠭᠠᠨ ᠤ ᠠᠮᠤᠷ ᠲᠦᠪᠰᠢᠨ ᠢ ᠪᠠᠳᠤᠯᠠᠬᠤ ᠬᠦᠨᠳᠦ ᠡᠭᠦᠷᠭᠡ ᠶᠢ ᠡᠭᠦᠷᠭᠡᠯᠡᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠬᠠᠤᠯᠢ ᠶᠢ ᠵᠥᠷᠢᠴᠡᠨ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠬᠦ ᠡᠯ᠎ᠡ ᠲᠥᠷᠥᠯ ᠤᠨ ᠠᠵᠢᠯᠯᠠᠭ᠎ᠠ ᠶᠢ ᠡᠷᠡᠰ ᠬᠤᠷᠢᠠᠯᠠᠬᠤ ᠭᠡᠷᠡᠭᠲᠡᠢ᠃ ᠬᠥᠳᠡᠭᠡ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠳᠠᠪᠠᠭᠤᠯᠢᠭ ᠤᠨᠴᠠᠯᠢᠬᠳᠤ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠬᠥᠳᠡᠭᠡ ᠠᠵᠤ ᠠᠬᠤᠢ ᠬᠥᠳᠡᠭᠡ ᠲᠣᠰᠬᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠢ᠃ ︽ᠶᠠᠳᠠᠭᠤ ᠠᠴᠠ ᠠᠩᠬᠢᠵᠢᠷᠠᠬᠰᠠᠨ ᠴᠤ ᠬᠠᠷᠢᠭᠤᠴᠠᠯᠭ᠎ᠠ ᠪᠠᠨ ᠬᠠᠶᠠᠬᠤ ᠦᠭᠡᠢ᠂ ᠶᠠᠳᠠᠭᠤ ᠠᠴᠠ ᠠᠩᠬᠢᠵᠢᠷᠠᠬᠰᠠᠨ ᠴᠤ ᠲᠦᠷᠦ ᠶᠢᠨ ᠪᠤᠳᠤᠯᠭ᠎ᠠ ᠪᠠᠨ ᠲᠠᠰᠤᠯᠳᠠᠭᠤᠯᠬᠤ ᠦᠭᠡᠢ᠂ ᠶᠠᠳᠠᠭᠤ ᠠᠴᠠ ᠠᠩᠬᠢᠵᠢᠷᠠᠬᠰᠠᠨ ᠴᠤ ᠬᠠᠪᠰᠤᠷᠤᠨ ᠲᠡᠳᠭᠦᠬᠦ ᠪᠠᠨ ᠪᠤᠯᠢᠬᠤ ᠦᠭᠡᠢ᠂ ᠶᠠᠳᠠᠭᠤ ᠠᠴᠠ ᠠᠩᠬᠢᠵᠢᠷᠠᠬᠰᠠᠨ ᠴᠤ ᠬᠢᠨᠠᠯᠳᠠ ᠬᠠᠮᠢᠶᠠᠷᠤᠯᠳᠠ ᠪᠠᠨ ᠰᠤᠯᠠᠷᠠᠭᠤᠯᠬᠤ ᠦᠭᠡᠢ︾ ᠪᠠᠶᠢᠬᠤ ᠶᠢ ᠨᠠᠶᠢᠳᠠᠪᠤᠷᠢᠵᠢᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠪᠦᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠭᠦᠨᠵᠡᠭᠡᠢ ᠰᠤᠳᠤᠯᠵᠤ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠵᠢᠭᠠᠵᠦ ᠭᠠᠷᠭᠠᠪᠠ᠃    ᠰᠢ ᠶᠢᠨ ᠫᠢᠩ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠵᠤ᠂ ᠶᠡᠭᠡ ᠪᠠᠷ ᠨᠡᠭᠡᠭᠡᠯᠲᠡ ᠬᠢᠬᠦ ᠦᠭᠡᠢ ᠪᠠᠶᠢᠬᠤ ᠶᠢ ᠪᠠᠷᠢᠮᠲᠠᠯᠠᠵᠤ᠂ ᠳ᠋ᠦᠩ ᠲᠢᠩ ᠬᠤ᠋ ᠨᠠᠭᠤᠷ ᠤᠨ ᠠᠮᠢ ᠠᠬᠤᠶ ᠶᠢ ᠬᠠᠮᠠᠭᠠᠯᠠᠨ ᠵᠠᠰᠠᠵᠦ ᠰᠡᠷᠭᠦᠭᠡᠬᠦ ᠠᠵᠢᠯ ᠢ ᠰᠠᠶᠢᠲᠤᠷ ᠬᠢᠵᠦ᠂ ᠬᠥᠬᠡᠮᠥ᠋ᠷᠡᠨ ᠤ ᠭᠤᠤᠯ ᠤᠷᠤᠰᠬᠠᠯ ᠰᠠᠯᠪᠤᠷᠢ ᠤᠷᠤᠰᠬᠠᠯ ᠳᠠᠭᠠᠤ ᠤᠷᠤᠨ ᠤ ᠪᠣᠬᠢᠷᠲᠤᠯ ᠢ ᠵᠠᠰᠠᠬᠤ ᠡᠷᠭᠢ ᠳᠠᠭᠠᠤ ᠤᠷᠤᠨ ᠤ ᠵᠢᠭᠠᠰᠤ ᠠᠩᠨᠠᠬᠤ ᠦᠶ᠋ᠯᠡᠰ ᠢ ᠵᠠᠰᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠵᠢᠭᠠᠰᠤᠴᠢᠨ ᠤ  ᠦᠢᠯᠡᠳᠪᠦᠷᠢᠯᠡᠯ ᠢ ᠨᠢ ᠬᠤᠪᠢᠷᠠᠭᠤᠯᠵᠦ ᠲᠥᠪᠬᠢᠨᠡᠭᠦᠯᠬᠦ ᠪᠠ ᠠᠷᠠᠳ ᠤᠨ ᠠᠮᠢᠳᠤᠷᠠᠯ ᠢ ᠪᠠᠲᠤᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ᠃ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠮᠢ ᠠᠬᠤᠢ ᠶᠢᠨ ᠰᠢᠰᠲ᠋ᠧᠮ ᠤᠨ ᠴᠢᠳᠠᠮᠵᠢ ᠶᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠬᠦᠲᠡᠭᠡ ᠠᠵᠦ ᠠᠬᠤᠢ ᠶᠢᠨ ᠤᠯᠠᠨ ᠡᠬᠢᠳᠤ ᠪᠣᠬᠢᠷᠲᠤᠯ ᠢ ᠵᠠᠰᠠᠬᠤ ᠶᠢ ᠴᠢᠩᠭᠠᠳᠬᠠᠵᠤ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠯᠠᠨ ᠲᠦᠮᠡᠨ ᠤ ᠡᠯ᠎ᠡ ᠵᠦᠢᠯ ᠤᠨ ︽ᠪᠠᠴᠢᠮ ᠱᠠᠭᠠᠷᠳᠠᠵᠦ ᠪᠠᠶᠢᠭ᠎ᠠ ᠬᠦᠴᠢᠷᠳᠡᠵᠦ ᠪᠠᠶᠢᠭ᠎ᠠ ᠰᠠᠨᠠᠭ᠎ᠠ ᠵᠤᠪᠠᠵᠦ ᠪᠠᠶᠢᠭ᠎ᠠ ᠬᠦᠰᠡᠵᠦ ᠪᠠᠶᠢᠭ᠎ᠠ︾ ᠠᠰᠠᠭᠤᠳᠠᠯ ᠢ ᠬᠦᠴᠦᠯᠡᠨ ᠰᠠᠶᠢᠲᠤᠷ ᠬᠢᠬᠦ ᠬᠡᠷᠡᠭᠲᠡᠢ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ᠂ ᠴᠡᠷᠢᠭ ᠤᠨ ᠠᠯᠪᠠᠠ ᠠᠴᠠ ᠬᠠᠯᠠᠭᠳᠠᠭᠰᠠᠳ᠂ ᠬᠥᠯᠥᠰᠥᠨ ᠠᠵᠢᠯᠴᠢᠨ᠂ ᠬᠤᠲᠠ ᠪᠠᠯᠭᠠᠰᠤᠨ ᠤ ᠬᠦᠴᠢᠷᠳᠡᠯᠲᠡᠶ ᠬᠥᠮᠦᠰ ᠵᠡᠷᠭᠡ ᠭᠤᠤᠯᠳᠠᠯᠭ᠎ᠠ ᠲᠠᠢ ᠬᠦᠮᠦᠰ ᠲᠤ ᠠᠵᠢᠯ ᠣᠯᠭᠤᠬᠤ ᠠᠵᠢᠯ ᠢ ᠲᠤᠪᠤᠶᠢᠮ᠎ᠠ ᠰᠠᠶᠢᠲᠤᠷ ᠬᠢᠬᠦ ᠬᠡᠷᠡᠭᠲᠡᠶ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠶᠣᠰᠣ ᠰᠤᠷᠳᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠢᠳᠠᠪᠤᠷᠢᠵᠢᠭᠤᠯᠵᠦ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠶᠢᠭᠡᠮ ᠵᠢᠷᠤᠮ ᠤᠨ ᠭᠤᠤᠯᠯᠠᠬᠤ ᠦᠷᠳᠡᠭ ᠤᠨ ᠦᠵᠡᠯᠲᠡ ᠶᠢᠨ ᠬᠥᠮᠦᠵᠢᠯ ᠢ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠬᠢᠴᠢᠶᠡᠯ ᠳᠤ ᠠᠭᠤᠰᠬᠠᠬᠤ ᠭᠡᠷᠡᠭᠲᠡᠢ᠃ ︽ᠡᠪᠡᠳᠴᠢᠨ ᠦᠵᠡᠭᠦᠯᠬᠦ ᠳᠤ ᠬᠦᠴᠢᠷᠳᠠᠢ᠂ ᠡᠪᠡᠳᠴᠢᠨ ᠦᠵᠡᠭᠦᠯᠬᠦ ᠳᠤ ᠦᠨᠡᠲᠡᠶ︾ ᠪᠠᠶᠢᠬᠤ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠶᠠᠨ ᠤ ᠱᠠᠲᠤᠨ ᠤ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠭᠡᠷᠡᠭᠲᠡᠢ᠂ ᠪᠠᠷᠢᠮᠵᠢᠶᠠᠵᠢᠭᠰᠠᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠪᠣᠯᠤᠨ ᠬᠤᠲᠠ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠣᠯᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠨᠰᠢᠭᠦᠯᠬᠦ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠵᠦᠪ ᠤᠯᠤᠰ ᠤᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠲᠡᠤᠬᠡ ᠶᠢᠨ ᠦᠵᠡᠯᠲᠡ ᠲᠠᠢ ᠪᠤᠯᠭᠠᠵᠦ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠩᠭᠤᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠭᠡᠵᠦ ᠵᠢᠭᠠᠵᠦ ᠭᠠᠷᠭᠠᠪᠠ᠃    ᠰᠢ ᠶᠢᠨ ᠫᠢᠩ᠂ ᠬᠤᠨᠠᠨ ᠪᠣᠯ ᠬᠤᠪᠢᠰᠬᠠᠯ ᠤᠨ ᠬᠠᠯᠠᠭᠤᠨ ᠬᠥᠷᠥᠰᠥ ᠮᠥᠨ᠂ ᠦᠯᠡᠮᠵᠢ ᠤᠯᠠᠨ ᠡᠪ ᠬᠠᠮᠲᠤᠴᠤᠳ ᠡᠨᠡᠬᠦ ᠬᠠᠯᠠᠭᠤᠨ ᠬᠥᠷᠥᠰᠥᠨ ᠲᠡᠭᠡᠷ᠎ᠠ ᠲᠩᠷᠢ ᠭᠠᠵᠠᠷ ᠢ ᠤᠶᠠᠷᠠᠭᠤᠯᠤᠮ᠎ᠠ ᠪᠠᠭᠠᠲᠤᠷᠯᠢᠭ ᠦᠢᠯᠡᠰ ᠢ ᠪᠦᠳᠦᠭᠡᠵᠠᠢ᠃ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠬᠤᠪᠢᠰᠬᠠᠯ ᠤᠨ ᠤᠯᠠᠮᠵᠢᠯᠠᠯ ᠢ ᠪᠠᠳᠠᠷᠠᠭᠤᠯᠵᠤ᠂ ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠭᠤᠯᠬᠤ ᠬᠡᠷᠡᠭᠲᠡᠶ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠢᠲᠡᠭᠡᠯ ᠪᠢᠰᠢᠷᠡᠯ ᠤᠨ ᠰᠠᠭᠤᠷᠢ ᠶᠢ ᠨᠢ ᠪᠠᠬᠢᠵᠢᠭᠦᠯᠦᠨ᠂ ᠤᠶᠤᠨ ᠰᠠᠨᠠᠭᠠᠨ ᠤ ᠺᠠᠯᠼ ᠨᠥᠬᠦᠪᠥᠷᠢᠯᠡᠠ᠂ ᠦᠵᠡᠯ ᠰᠠᠨᠠᠭᠠᠨ ᠤ ᠵᠠᠯᠠᠭᠤᠷ ᠢ ᠯᠠᠪᠳᠠᠭᠤᠨ ᠡᠵᠡᠮᠳᠡᠭᠦᠯᠬᠦ ᠬᠡᠷᠡᠭᠲᠡᠶ᠃ ᠣᠯᠠᠨ ᠲᠦᠮᠡᠨ ᠲᠠᠢ ᠨᠢᠭᠲᠠ ᠬᠠᠷᠢᠯᠴᠠᠵᠤ᠂ ᠦᠷᠭᠦᠯᠵᠢ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠪᠣᠳᠠᠲᠤ ᠪᠠᠶᠢᠳᠠᠯ ᠳᠤ ᠭᠦᠨᠵᠡᠭᠡᠶᠢᠷᠡᠵᠦ᠂ ᠠᠵᠢᠯ ᠢᠶᠠᠨ ᠣᠯᠠᠨ ᠲᠦᠮᠡᠨ ᠤ ᠰᠡᠳᠬᠢᠯ ᠳᠤ ᠬᠦᠷᠲᠡᠯ᠎ᠡ ᠠᠳᠬᠤᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠬᠦ ᠬᠡᠷᠡᠭᠲᠡᠶ᠃ ︽ᠪᠠᠷᠰ︾᠂ ︽ᠢᠯᠠᠭ᠎ᠠ︾ ᠶᠢ ᠵᠡᠷᠭᠡ ᠪᠠᠷ ᠴᠣᠬᠢᠬᠤ ᠶᠢ ᠪᠠᠷᠢᠮᠲᠠᠯᠠᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠭᠤᠯᠤᠮᠵᠢ ᠲᠣᠭᠲᠠᠴᠠ ᠶᠢᠨ ᠪᠠᠶᠢᠭᠤᠯᠤᠯᠲᠠ ᠶᠢ ᠨᠢᠭᠡ ᠴᠤᠭᠴᠠᠵᠢᠭᠤᠯᠤᠨ ᠠᠬᠢᠭᠤᠯᠬᠤ ᠬᠡᠷᠡᠭᠲᠡᠶ ᠃ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠡᠮᠡᠴᠡᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠵᠣᠷᠢᠭᠲᠠᠶ ᠪᠠᠷ ᠬᠠᠲᠠᠭᠤ ᠲᠠᠶᠢᠯᠠᠯᠳᠤᠭᠠᠨ ᠬᠢᠵᠦ᠂ ᠢᠯᠠᠭᠤᠭᠰᠠᠨ ᠲᠠᠶᠢᠨ ᠬᠢᠬᠦ ᠳᠡᠭᠡᠨ ᠴᠢᠳᠠᠮᠠᠭᠠᠶ ᠪᠠᠶᠢᠵᠤ᠂ ᠠᠵᠢᠯ ᠦᠢᠯᠡᠰ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠬᠡᠷᠡᠭᠲᠡᠶ ᠭᠡᠵᠦ ᠴᠢᠬᠤᠯᠠᠴᠢᠯᠠᠪᠠ᠃    ᠳ᠋ᠢᠩ ᠰᠢᠤᠸᠠᠢ ᠰᠢᠶᠠᠩ᠂ ᠯᠢᠦ ᠡᡁᠧ᠂ ᠴᠧᠨ ᠰᠢ᠂ ᠡᡁᠧ ᠯᠢ ᠹᠧᠩ ᠪᠣᠯᠤᠨ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠤᠯᠵᠤ ᠰᠢᠨᠵᠢᠯᠡᠨ ᠪᠠᠶᠢᠴᠠᠭᠠᠪᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号