ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠯᠭ᠎ᠠ ᠶᠢᠨ ᠭᠤᠤᠯ ᠲᠤᠭᠤᠶᠢᠯᠠᠩ ᠤᠨ ᠰᠤᠷᠤᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/9/21
     9 ᠰᠠᠷ᠎ᠠ ᠶᠢᠨ 17 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠯᠭ᠎ᠠ ᠶᠢᠨ ᠭᠤᠤᠯ ᠲᠤᠭᠤᠶᠢᠯᠠᠩ ᠤᠨ ᠰᠤᠷᠤᠯᠴᠠᠬᠤ ᠬᠤᠷᠠᠯ ᠢ ᠡᠷᠬᠢᠯᠡᠨ ᠬᠤᠷᠠᠯᠳᠤᠭᠤᠯᠤᠭᠰᠠᠨ ᠪᠠᠶᠢᠨ᠎ᠠ᠃ ᠬᠤᠰᠢᠭᠤ ᠰᠢᠶᠠᠨ ᠤ ᠲᠠᠰ ᠤᠨ ᠪᠦᠬᠦ ᠤᠳᠤᠷᠢᠳᠤᠯᠭ᠎ᠠ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠤᠨ ᠭᠤᠣᠯ ᠲᠠᠯᠠᠪᠠᠢ ᠶᠢᠨ ᠬᠤᠷᠠᠯ ᠳᠤ ᠣᠷᠣᠯᠴᠠᠵᠤ ᠡᠯ᠎ᠡ ᠬᠦᠷᠢᠶᠡᠯᠡᠩ ᠲᠣᠭᠤᠷᠢᠭ᠂ ᠰᠤᠮᠤ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠤᠳᠤᠷᠢᠳᠬᠤ ᠪᠠᠭ ᠤᠨ ᠪᠦᠷᠢᠯᠳᠦᠬᠦᠨ ᠵᠢᠴᠢ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠢᠨ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃
     ᠬᠤᠷᠠᠯ ᠠᠴᠠ ᠲᠥᠪ ᠤᠨ ᠨᠠᠮ ᠤᠨ ᠰᠤᠷᠭᠠᠭᠤᠯᠢ ᠶᠢᠨ ᠰᠣᠶᠣᠯ ᠲᠡᠦᠬᠡ ᠶᠢᠨ ᠬᠡᠯᠲᠡᠰ ᠤᠨ ᠬᠤᠶᠠᠳᠤᠭᠠᠷ ᠳᠡᠰ ᠤᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠤᠭᠤᠳᠤᠭᠴᠢ ᠪᠠᠭᠰᠢ ᠰᠢᠤᠢ ᠫᠢᠩ ᠢ ᠤᠨᠴᠠᠭᠠᠶᠢᠯᠠᠨ ᠤᠷᠢᠵᠤ ︽ᠰᠢ ᠶᠢᠨ ᠫᠢᠩ ᠲᠦᠷᠦ‌‍ᠶᠢ ᠵᠠᠰᠠᠬᠤ ᠲᠤᠬᠠᠢ︾ ᠭᠡᠬᠦ ᠨᠣᠮ ᠤᠨ ᠭᠤᠷᠪᠠᠳᠤᠭᠠᠷ ᠪᠤᠳᠢ ᠶᠢᠨ ᠲᠤᠭᠤᠷᠢᠨ ᠳᠤ ᠲᠤᠰᠬᠠᠢ ᠰᠡᠳᠦᠪᠲᠦ ᠲᠠᠶᠢᠯᠤᠮᠵᠢ ᠭᠢᠯᠭᠡᠭᠰᠠᠨ ᠪᠠᠶᠢᠨ᠎ᠠ᠃
     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠰᠢᠨ᠎ᠡ ᠲᠢᠳᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯᠳᠤᠭᠤᠯᠤᠭᠰᠠᠨ ᠬᠤᠶᠠᠷ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠳᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠤᠭᠰᠠᠨ 75 ᠵᠢᠯ ᠤᠨ ᠤᠢ ᠶᠢ ᠳᠤᠷᠠᠰᠬᠠᠬᠤ ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽︿ᠤᠬ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠲᠤᠬᠠᠢ ᠰᠠᠨᠠᠯ︾ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ︽ᠦᠨᠡᠨ︾ ᠰᠡᠳᠬᠦᠯ ᠳᠤ ᠨᠡᠶᠢᠲᠡᠯᠡᠭᠰᠡᠨ ︽ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠪᠣᠯ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠬᠢᠴᠢᠶᠡᠯ︾ ᠭᠡᠭᠦ ᠵᠤᠭᠢᠶᠠᠯ ᠪᠠ ︽ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠴᠦᠷᠭᠡᠭ ᠰᠢᠰᠲ᠋ᠧᠮ ᠢ ᠪᠠᠶᠢᠭᠤᠯᠵᠤ ᠠᠷᠠᠳ ᠲᠦᠮᠡᠨ ᠤ ᠡᠷᠡᠭᠦᠯ ᠮᠡᠨᠳᠦ ᠶᠢ ᠬᠠᠮᠠᠭᠠᠯᠠᠬᠤ ᠳᠤ ᠬᠦᠴᠦᠲᠡᠢ ᠪᠠᠲᠤᠯᠠᠭ᠎ᠠ ᠬᠠᠩᠭᠠᠨ᠎ᠠ︾ ᠭᠡᠬᠦ ᠵᠣᠬᠢᠶᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠠᠵᠤ ᠠᠬᠤᠶᠢᠯᠠᠯᠲᠠᠨ ᠤ ᠰᠠᠭᠤᠳᠠᠯ ᠤᠨ ᠬᠤᠷᠠᠯ᠂ ᠠᠵᠤ ᠠᠬᠤᠶ ᠨᠡᠶᠢᠭᠡᠮ ᠤᠨ ᠭᠥᠷᠢᠶᠠᠨ ᠤ ᠲᠤᠰᠬᠠᠶ ᠮᠡᠷᠭᠡᠵᠢᠯᠲᠡᠨ ᠤ ᠰᠠᠭᠤᠳᠠᠯ ᠤᠨ ᠬᠤᠷᠠᠯ᠂ ᠰᠢᠨᠵᠢᠯᠡᠬᠦ ᠤᠬᠠᠭᠠᠨᠲᠠᠳ ᠤᠨ ᠰᠠᠭᠤᠳᠠᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠥᠢᠯᠡᠳᠪᠤᠷᠢᠯᠠᠯ ᠤᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃
     ᠡᠷᠳᠡᠨᠢᠪᠢᠯᠢᠭ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠨᠠᠮ ᠤᠨ ᠤᠳᠤᠷᠢᠳᠬᠤ ᠳᠤᠭᠤᠶᠢᠯᠠᠩ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠢᠶᠠᠷ ︽ᠰᠢ ᠶᠢᠨ ᠫᠢᠩ ᠲᠥᠷᠥ ᠶᠢ ᠵᠠᠰᠠᠬᠤ ᠲᠤᠬᠠᠶ︾ ᠭᠤᠷᠪᠠᠳᠤᠭᠠᠷ ᠪᠤᠳᠢ ᠶᠢᠨ ᠰᠤᠷᠤᠯᠴᠠᠯᠭ᠎ᠠ ᠶᠢ ᠭᠥᠨᠵᠡᠭᠡᠶᠢᠷᠠᠭᠦᠯᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠠᠨ ᠦᠢᠯᠡᠳᠦᠯᠭᠡ ᠪᠠᠨ ᠵᠢᠯᠤᠭᠤᠳᠤᠭᠤᠯᠵᠤ ᠠᠵᠢᠯ ᠢᠶᠠᠨ ᠠᠬᠢᠭᠤᠯᠬᠤ ᠶᠢ ᠪᠠᠶᠠᠯᠠᠭᠦᠯᠭᠦ ᠭᠡᠷᠡᠭᠳᠠᠢ ᠭᠡᠵᠡᠢ᠃
     ᠡᠷᠳᠡᠨᠢᠪᠢᠯᠢᠭ ᠱᠠᠭᠠᠷᠳᠠᠬᠤ ᠳᠤ ᠪᠠᠨ᠂ ᠤᠨᠤᠯ ᠢᠶᠠᠷ ᠵᠡᠪᠰᠡᠭᠯᠡᠬᠦ ᠶᠢ ᠰᠠᠶᠢᠲᠤᠷ ᠠᠳᠬᠤᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠢᠨᠵᠢᠯᠡᠬᠦ ᠤᠬᠠᠭᠠᠨᠴᠢ ᠠᠷᠭ᠎ᠠ ᠶᠢᠨ ᠤᠨᠤᠯ ᠤᠨ ᠪᠦᠷᠢᠯᠳᠦᠬᠦ ᠶᠢ ᠠᠬᠢᠭᠤᠯᠬᠤ ᠬᠦᠴᠦᠷᠬᠡᠭ ᠶᠡᠭᠡ ᠤᠶᠤᠨ ᠰᠠᠨᠠᠭᠠᠨ ᠤ ᠵᠡᠪᠰᠡᠭ ᠪᠣᠯᠭᠠᠨ ᠬᠤᠪᠢᠷᠠᠭᠤᠯᠵᠤ ᠡᠯ᠎ᠡ ᠲᠥᠷᠤᠯ ᠤᠨ ᠠᠵᠢᠯ ᠤᠨ ᠵᠥᠪ ᠵᠠᠮ ᠢᠶᠠᠷ ᠤᠷᠤᠭᠰᠢᠯᠠᠬᠤ ᠶᠢ ᠪᠠᠳᠤᠯᠠᠨ ᠪᠣᠳᠠᠲᠠᠶ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃ ᠬᠢᠵᠢᠭ ᠢ ᠡᠰᠡᠷᠭᠦᠴᠡᠬᠦ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠤᠨ ᠶᠡᠷᠦᠩᠬᠡᠶ ᠱᠦᠵᠢ ᠰᠢ ᠶᠢᠨ ᠫᠢᠩ ᠤᠨ ᠪᠦᠬᠦ ᠤᠯᠤᠰ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠵᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠠᠷᠭᠦᠴᠠᠭᠦ ᠳᠤᠮᠳᠠᠬᠢ ᠭᠠᠪᠢᠶᠠᠲᠤ ᠵᠢᠱᠢᠶᠡᠴᠢ ᠠᠴᠠ ᠰᠤᠷᠤᠯᠴᠠᠵᠤ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠳᠠᠶᠠᠭᠠᠷ ᠲᠤ ᠬᠢᠵᠢᠭ ᠢ ᠡᠰᠡᠷᠭᠦᠴᠡᠬᠦ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠤᠨ ᠲᠡᠭᠦᠨ ᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠬᠡᠬᠦ ᠰᠢᠢᠳᠪᠤᠷᠢᠳᠤ ᠢᠯᠠᠯᠲᠠ ᠶᠢ ᠤᠯᠬᠤ᠂ ᠮᠠᠨ ᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠡᠶᠡᠯᠡᠭᠦᠯᠬᠦ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ ᠪᠣᠯᠭᠠᠨ ᠬᠤᠪᠢᠷᠠᠭᠤᠯᠬᠤ ᠭᠡᠷᠡᠭᠳᠠᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠠᠭᠦ︾ ᠭᠡᠬᠦ ᠰᠡᠳᠦᠪ ᠨᠢ ᠥᠨᠢᠳᠡ ᠶᠢᠨ ᠰᠡᠳᠦᠪ ᠪᠠ ᠨᠠᠰᠤᠨ ᠲᠤᠷᠰᠢ ᠶᠢᠨ ᠰᠡᠳᠦᠪ ᠪᠣᠯᠤᠭᠰᠠᠨ ᠤ ᠬᠤᠪᠢ ᠳᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠠᠴᠠ ᠡᠬᠢᠯᠡᠨ ᠬᠢᠬᠦ ᠶᠢ ᠪᠠᠷᠢᠮᠲᠠᠯᠠᠵᠤ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠤᠭᠤᠳᠤᠭᠤᠯᠬᠤ᠂ ᠠᠵᠢᠯ ᠢᠶᠠᠨ ᠠᠬᠢᠭᠤᠯᠬᠤ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠰᠠᠶᠢᠲᠤᠷ ᠬᠢᠵᠤ ︽ᠵᠢᠷᠭᠤᠭ᠎ᠠ ᠶᠢ ᠪᠠᠲᠤᠯᠠᠬᠤ︾ ᠡᠭᠦᠷᠭᠡ ᠪᠠ ᠨᠠᠮ ᠤᠨ ᠲᠥᠪ ᠬᠤᠷᠢᠶᠠᠨ ᠤ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠭᠰᠠᠨ ᠤᠷᠢᠲᠠᠯ ᠳᠣᠣᠷ᠎ᠠ ᠲᠣᠭᠲᠠᠭᠤᠨ ᠤ ᠲᠤᠮᠳᠠ ᠤᠷᠤᠭᠰᠢᠯᠠᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠳᠠᠯᠠᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠵᠣᠷᠢᠭᠲᠠᠶ ᠪᠠᠷ ᠬᠦᠴᠢᠷ ᠢ ᠲᠤᠭᠤᠯᠤᠨ ᠪᠡᠷᠬᠡ ᠶᠢ ᠳᠠᠪᠠᠵᠤ ᠬᠢᠵᠢᠭ ᠤᠨ ᠪᠠᠶᠢᠳᠠᠯ ᠤᠨ ᠠᠰᠢᠭ ᠦᠭᠡᠢ ᠨᠥᠯᠥᠭᠡ ᠶᠢ ᠢᠯᠠᠨ ᠳᠠᠪᠠᠵᠤ ᠪᠦᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ ᠪᠠᠶᠠᠯᠠᠭᠦᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠤᠤᠰ ᠢᠯᠠᠯᠲᠠ ᠶᠢ ᠤᠯᠬᠠᠤ ᠭᠡᠷᠡᠭᠳᠠᠢ᠃ ᠠᠷᠠᠳ ᠲᠦᠮᠡᠨ ᠤ ᠠᠮᠤᠷ ᠲᠦᠪᠰᠢᠨ ᠢ ᠰᠡᠳᠬᠢᠯ ᠳᠡᠭᠡᠨ ᠪᠣᠳᠣᠵᠤ ᠠᠵᠢᠯ ᠣᠯᠭᠤᠯᠲᠠ᠂ ᠣᠷᠣᠯᠭ᠎ᠠ᠂ ᠰᠤᠷᠭᠠᠭᠤᠯᠢ ᠳᠤ ᠣᠷᠣᠬᠤ᠂ ᠨᠡᠶᠢᠭᠡᠮ ᠤᠨ  ᠪᠠᠳᠤᠯᠠᠭ᠎ᠠ᠂ ᠡᠮ ᠡᠮᠨᠡᠯᠭᠡ ᠶᠢᠨ ᠳᠠᠭᠠᠳᠬᠠᠯ᠂ ᠣᠷᠣᠨ ᠰᠠᠭᠤᠴᠠ ᠵᠡᠷᠭᠡ ᠲᠠᠯ᠎ᠠ ᠶᠢᠨ ᠪᠣᠳᠠᠲᠠᠶ ᠬᠦᠴᠢᠷᠳᠡᠯ ᠢ ᠬᠠᠪᠰᠤᠷᠤᠨ ᠰᠢᠢᠳᠪᠤᠷᠢᠯᠠᠵᠤ ᠢᠯᠠᠩᠭᠤᠶ᠎ᠠ ᠡᠯ᠎ᠡ ᠰᠤᠷᠭᠠᠭᠤᠯᠢ ᠶᠢᠨ  ᠬᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠶᠤᠰᠤ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠪᠠᠨ ᠪᠤᠯᠭᠠᠨ ᠵᠢᠭᠠᠬᠤ ᠬᠡᠷᠡᠭᠲᠡᠶ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠲᠠᠭᠠᠬᠤ ᠠᠵᠢᠯ ᠢ ᠰᠠᠶᠢᠲᠤᠷ ᠬᠢᠵᠦ ᠮᠠᠨ ᠤ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠬᠥᠭᠵᠢᠯᠲᠡ ᠶᠢᠨ ᠱᠠᠳᠤᠴᠢ ᠴᠢᠨᠠᠷᠲᠠᠶ ᠣᠨᠴᠠᠯᠢᠭ ᠢ ᠣᠨᠣᠪᠴᠢᠲᠠᠶ ᠡᠵᠠᠮᠰᠢᠨ ᠢᠷᠡᠬᠦ ᠲᠠᠪᠤᠨ ᠵᠢᠯ ᠴᠢᠨᠠᠭᠰᠢᠯᠠᠪᠠᠯ ᠨᠠᠩ ᠤᠷᠲᠤ ᠬᠤᠭᠤᠴᠠᠭᠠᠨ ᠤ ᠪᠦᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠠᠶᠢᠨ ᠠᠷᠭ᠎ᠠ ᠪᠣᠳᠣᠯᠭ᠎ᠠ ᠭᠠᠷᠭᠠᠵᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ ᠨᠤᠮᠢᠨ ᠲᠠᠩᠰᠤᠭ ᠭᠥᠭᠵᠢᠨ ᠮᠠᠨᠳᠤᠯᠳᠠ ᠶᠢᠨ ᠰᠢᠨ᠎ᠡ ᠬᠠᠷᠠᠯᠲᠠ ᠶᠢ ᠪᠠᠶᠠᠯᠠᠭᠦᠯᠭᠦ ᠭᠡᠷᠡᠭᠳᠠᠢ᠃ ᠦᠨᠡᠨ ᠠᠴᠠ ᠵᠥᠪ ᠢ ᠡᠷᠢᠬᠦ ᠶᠢ ᠪᠠᠷᠢᠮᠳᠠᠯᠠᠨ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ ᠡᠯ᠎ᠡ ᠲᠥᠷᠤᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠳᠤᠯᠠᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号