ᠬᠤᠰᠢᠭᠤ ᠨᠠᠮ ᠤᠨ ᠬᠤᠷᠢᠶᠠᠨ ᠤ ᠲᠦᠷᠪᠡᠳᠦᠬᠡᠷ ᠲᠤᠭᠤᠷᠢᠨ ᠪᠠᠶᠢᠴᠠᠭᠠᠬᠤ ᠳᠤᠭᠤᠶᠢᠯᠠᠩ ᠠᠴᠠ ᠭᠠᠯᠠᠭᠤᠲᠤ ᠪᠠᠯᠭᠠᠰᠤᠨ ᠤ ᠡᠯ᠎ᠡ ᠭᠠᠴᠠᠭ᠎ᠠ ᠲᠣᠰᠬᠤᠨ ᠨᠡᠶᠢᠭᠡᠮ ᠲᠣᠭᠤᠷᠢᠭ ᠢ ᠲᠤᠭᠤᠷᠢᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/9/21
    9 ᠰᠠᠷ᠎ᠠ ᠶᠢᠨ 17 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠥᠷᠪᠡᠳᠦᠭᠡᠷ ᠲᠤᠭᠤᠷᠢᠨ ᠪᠠᠶᠢᠴᠠᠭᠠᠬᠤ ᠳᠤᠭᠤᠶᠢᠯᠠᠩ ᠠᠴᠠ ᠭᠠᠯᠠᠭᠤᠲᠤ ᠪᠠᠯᠭᠠᠰᠤᠨ ᠤ ᠡᠯ᠎ᠡ ᠭᠠᠴᠠᠭ᠎ᠠ ᠲᠣᠰᠬᠤᠨ ᠨᠡᠶᠢᠭᠡᠮ ᠲᠣᠭᠤᠷᠢᠭ ᠢ ᠲᠤᠭᠤᠷᠢᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠶᠢᠨ ᠬᠤᠷᠠᠯ ᠬᠤᠷᠠᠯᠳᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠰᠢᠭᠤ ᠨᠠᠮ ᠤᠨ ᠬᠤᠷᠢᠶᠠᠨ ᠤ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠢᠴᠢ ᠪᠦᠷᠢᠯᠳᠦᠬᠦᠨ᠂ ᠭᠠᠯᠠᠭᠤᠲᠤ ᠪᠠᠯᠭᠠᠰᠤᠨ ᠤ ᠪᠥᠬᠦ  ᠰᠠᠯᠠᠭᠠᠨ ᠲᠠᠰ ᠤᠨ ᠤᠳᠤᠷᠢᠳᠤᠯᠭ᠎ᠠ᠂ ᠡᠯ᠎ᠡ ᠭᠠᠴᠠᠭ᠎ᠠ ᠲᠣᠰᠬᠤᠨ᠂ ᠨᠡᠶᠢᠭᠡᠮ ᠲᠤᠭᠤᠷᠢᠭ ᠤᠨ ︽ᠡᠭᠦᠷ ᠵᠥᠪᠯᠡᠯ︾ ᠵᠢᠴᠢ ᠬᠢᠨᠠᠯᠲᠠ ᠲᠠᠯᠪᠢᠬᠤ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ᠂ ᠭᠠᠴᠠᠭ᠎ᠠ ᠲᠣᠰᠬᠤᠨ ᠳᠤ ᠲᠣᠮᠢᠯᠠᠨ ᠰᠠᠭᠤᠯᠭᠠᠭᠰᠠᠨ ᠨᠢᠭᠡᠳᠦᠭᠡᠷ ᠱᠦᠵᠢ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠪᠥᠬᠦ ᠪᠦᠷᠢᠯᠳᠦᠬᠦᠨ ᠬᠤᠷᠠᠯ ᠳᠤ ᠣᠷᠣᠯᠴᠠᠪᠠ᠃
    ᠬᠤᠷᠠᠯ ᠠᠴᠠ ᠵᠢᠭᠠᠵᠤ ᠭᠠᠷᠭᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠭᠡᠨ ᠭᠠᠴᠠᠭ᠎ᠠ ᠲᠣᠰᠬᠤᠨ ᠨᠡᠶᠢᠭᠡᠮ ᠲᠣᠭᠤᠷᠢᠭ ᠲᠤ ᠲᠣᠭᠤᠷᠢᠨ ᠪᠠᠶᠢᠴᠠᠭᠠᠯᠲᠠ ᠥᠷᠨᠢᠭᠦᠯᠭᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠦ ᠲᠣᠭᠤᠷᠢᠨ ᠪᠠᠶᠢᠴᠠᠭᠠᠯᠲᠠ ᠶᠢ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠴᠢᠬᠤᠯᠠ ᠵᠡᠪᠰᠡᠭ ᠪᠤᠯᠭᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠬᠦᠴᠦᠲᠡᠶ ᠠᠬᠢᠭᠤᠯᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ ᠲᠤᠭᠤᠷᠢᠨ ᠪᠠᠶᠢᠴᠠᠭᠠᠬᠤ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠳᠤᠯᠠᠬᠤ ᠬᠡᠷᠡᠭᠲᠡᠢ᠃ ᠲᠤᠭᠤᠷᠢᠨ ᠪᠠᠶᠢᠴᠠᠭᠠᠯᠳᠠ ᠶᠢᠨ ᠠᠵᠢᠯ ᠡᠬᠢᠯᠡᠭᠰᠡᠨ ᠤ ᠳᠠᠷᠠᠭ᠎ᠠ ᠲᠤᠭᠤᠷᠢᠨ ᠪᠠᠶᠢᠴᠠᠭᠠᠯᠳᠠ ᠶᠢᠨ ᠠᠵᠢᠯ ᠤᠨ ᠬᠤᠯᠪᠤᠭᠠᠯᠠᠨ ᠬᠠᠷᠢᠯᠴᠠᠬᠤ ᠳᠤᠭᠤᠶᠢᠯᠠᠩ  ᠢ ᠪᠠᠶᠢᠭᠤᠯᠤᠨ ᠬᠠᠷᠢᠭᠤᠴᠠᠯᠭ᠎ᠠ ᠶᠢ ᠲᠤᠳᠤᠷᠬᠠᠶᠢᠯᠠᠵᠤ ᠲᠣᠭᠤᠷᠢᠨ ᠪᠠᠶᠢᠴᠠᠭᠠᠯᠳᠠ ᠶᠢᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠠᠵᠢᠯ ᠢᠶᠠᠨ ᠥᠷᠨᠢᠭᠦᠯᠬᠦ ᠶᠢᠨ ᠬᠠᠮᠲᠤ ᠤᠬᠠᠭᠤᠯᠭ᠎ᠠ ᠪᠠ ᠬᠢᠨᠠᠯᠲᠠ ᠲᠠᠯᠪᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠭᠡᠷᠡᠭᠳᠠᠢ ᠭᠡᠵᠡᠢ᠃     ᠬᠤᠷᠠᠯ ᠠᠴᠠ ᠴᠢᠬᠤᠯᠠᠴᠢᠯᠠᠭᠰᠠᠨ ᠨᠢ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠲᠤ ᠲᠤᠭᠤᠷᠢᠨ ᠪᠠᠶᠢᠴᠠᠭᠠᠯᠲᠠ ᠶᠢ ᠥᠷᠨᠢᠭᠦᠯᠬᠦ ᠪᠣᠯ ᠨᠠᠮ ᠤᠨ ᠤᠷᠲᠤ ᠬᠤᠭᠤᠴᠠᠭ᠎ᠠ ᠪᠠᠷ ᠵᠠᠰᠠᠭ ᠪᠠᠷᠢᠬᠤ ᠮᠠᠯᠵᠢᠬᠤ ᠲᠠᠷᠢᠶᠠᠯᠠᠬᠤ ᠣᠷᠣᠨ ᠳᠠᠬᠢ ᠰᠠᠭᠤᠷᠢ ᠶᠢ ᠪᠠᠬᠢᠵᠢᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠪᠠᠶᠢᠵᠦ᠂ ᠮᠠᠯᠵᠢᠬᠤ ᠲᠠᠷᠢᠶᠠᠯᠠᠬᠤ ᠣᠷᠣᠨ ᠤ ᠲᠣᠪᠣᠶᠢᠮ᠎ᠠ ᠠᠰᠠᠭᠤᠳᠠᠯ‌ᠢ ᠰᠢᠢᠳᠪᠤᠷᠢᠯᠠᠭᠦ᠂ ᠠᠷᠠᠳ ᠣᠯᠠᠨ ᠤ ᠬᠦᠷᠢᠶᠡᠯᠡᠯ ᠢ ᠣᠯᠬᠤ ᠪᠦᠲᠦᠮᠵᠢᠲᠡᠶ ᠠᠷᠭ᠎ᠠ ᠪᠠᠷᠢᠯ ᠪᠣᠯᠤᠨ᠎ᠠ᠃ ᠦᠨᠡᠨ ᠠᠴᠠ ᠵᠥᠪ ᠢ ᠡᠷᠢᠬᠦ᠂ ᠲᠤᠭᠤᠷᠢᠨ ᠪᠠᠶᠢᠴᠠᠭᠠᠬᠤ ᠭᠤᠤᠯᠳᠠᠯᠭ᠎ᠠ ᠶᠢ ᠳᠣᠪᠤᠶᠢᠯᠭᠠᠬᠤ᠂ ᠠᠷᠭ᠎ᠠ ᠪᠠᠷᠢᠯ ᠤᠨ ᠰᠢᠨ᠎ᠡ ᠶᠢ ᠡᠭᠦᠳᠬᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠠᠷᠢᠮᠳᠠᠯᠠᠨ ᠭᠠᠴᠠᠭ᠎ᠠ ᠲᠣᠰᠬᠤᠨ ᠨᠡᠶᠢᠭᠡᠮ ᠲᠣᠭᠤᠷᠢᠭ ᠲᠤ ᠲᠤᠭᠤᠷᠢᠨ ᠪᠠᠶᠢᠴᠠᠭᠠᠬᠤ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ ᠭᠡᠵᠡᠢ᠃
    ᠬᠤᠷᠠᠯ ᠲᠡᠭᠡᠷ᠎ᠡ ᠭᠠᠯᠠᠭᠤᠲᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠠᠴᠠ ᠣᠪᠣᠷ ᠢᠶᠠᠨ ᠢᠯᠡᠳᠭᠡᠵᠤ ᠶᠠᠷᠢᠬᠤ ᠭᠡᠯᠡᠭᠦ   ᠳᠤ ᠪᠠᠨ᠂ ᠲᠠᠨᠢᠯᠲᠠ ᠪᠠᠨ ᠳᠡᠭᠡᠭᠰᠢᠯᠡᠭᠦᠯᠵᠦ ᠦᠵᠡᠯ ᠰᠠᠨᠠᠭ᠎ᠠ ᠪᠠᠨ ᠨᠢᠭᠡᠳᠬᠡᠨ ᠨᠢᠭᠳᠠ ᠬᠠᠮᠵᠢᠯᠴᠠᠵᠤ ᠲᠤᠭᠤᠷᠢᠨ ᠪᠠᠶᠢᠴᠠᠭᠠᠬᠤ ᠠᠵᠢᠯ ᠤᠨ ᠤᠷᠤᠭᠰᠢᠲᠠᠶ ᠠᠭᠢᠵᠤ ᠢᠯᠡᠳᠲᠡ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃ ᠲᠤᠰ ᠤᠳᠠᠭᠠᠨ ᠤ ᠲᠤᠭᠤᠷᠢᠨ ᠪᠠᠶᠢᠴᠠᠭᠠᠯᠲᠠ ᠪᠠᠷ ᠲᠣᠬᠢᠶᠠᠯ ᠪᠣᠯᠭᠠᠵᠤ ᠪᠠᠯᠭᠠᠰᠤ᠂ ᠲᠣᠰᠬᠤᠨ ᠬᠤᠶᠠᠷ ᠱᠠᠲᠤᠨ ᠤ ᠤᠳᠤᠷᠢᠳᠬᠤ ᠪᠠᠭ ᠤᠨ ᠪᠠᠶᠢᠭᠤᠯᠤᠯᠲᠠ ᠪᠣᠯᠤᠨ ᠺᠠᠳ᠋ᠷ ᠤᠨ ᠡᠩᠨᠡᠭᠡᠨ ᠤ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠨ ᠬᠤᠶᠠᠷ ᠢ ᠰᠠᠭᠠᠲᠠᠭᠠᠬᠤ ᠦᠭᠡᠢ᠂ ᠬᠤᠶᠠᠷ ᠢ ᠠᠬᠢᠭᠤᠯᠵᠤ ᠪᠦᠬᠦ ᠪᠠᠯᠭᠠᠰᠤᠨ ᠤ ᠡᠯ᠎ᠡ ᠲᠥᠷᠤᠯ ᠤᠨ ᠠᠵᠢᠯ ᠢ ᠰᠢᠨ᠎ᠡ ᠲᠥᠪᠰᠢᠨ ᠳᠤ ᠭᠠᠷᠭᠠᠨ ᠬᠤᠰᠢᠭᠤ ᠨᠠᠮ ᠤᠨ ᠬᠤᠷᠢᠶ᠎ᠠ᠂ ᠵᠠᠰᠠᠭ  ᠤᠨ ᠤᠷᠳᠤᠨ ᠪᠠ ᠪᠦᠬᠦ ᠪᠠᠯᠭᠠᠰᠤᠨ ᠤ ᠠᠷᠠᠳ ᠲᠦᠮᠡᠨ ᠳᠤ ᠬᠠᠨᠤᠮᠵᠢᠲᠠᠶ ᠬᠠᠷᠢᠭᠤᠯᠲᠠ ᠥᠭᠭᠦ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号