ᠦᠨᠳᠦᠰᠦᠨ ᠱᠠᠳᠤᠨ ᠤ ᠲᠦᠯᠦᠭᠡᠯᠡᠭᠴᠢᠳ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ
ᠨᠡᠶᠢᠲᠡᠯᠡᠭᠰᠡᠨ ᠴᠠᠭ᠄
2020/9/22
   ︵2020 ᠣᠨ ᠤ 9 ᠰᠠᠷ᠎ᠠ ᠶᠢᠨ 17 ᠤ ᠡᠳᠦᠷ︶    ᠰᠢ ᠶᠢᠨ ᠫᠢᠩ    ᠤᠯᠠᠨ ᠢᠶᠠᠷ ᠢᠶᠠᠨ ᠰᠠᠶᠢᠨ ᠪᠠᠶᠢᠨ᠎ᠠ ᠤᠤ︕ ᠨᠠᠮ ᠤᠨ ᠲᠥᠪ ᠬᠤᠷᠢᠶ᠎ᠠ ᠠᠴᠠ᠂ ᠳᠠᠷᠠᠭ᠎ᠠ ᠰᠠᠷ᠎ᠠ ᠪᠡᠭᠡᠵᠢᠩ ᠳᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠢ ᠬᠤᠷᠠᠯᠳᠤᠭᠤᠯᠵᠤ᠂ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠠᠰᠠᠭᠤᠳᠠᠯ ᠢ ᠭᠤᠤᠯᠳᠠᠯᠭ᠎ᠠ ᠲᠠᠢ ᠰᠤᠳᠤᠯᠬᠤ ᠶᠢᠨ ᠬᠠᠮᠲᠤ ᠰᠠᠨᠠᠭᠤᠯᠭ᠎ᠠ ᠳᠤᠷᠠᠳᠬᠤ ᠪᠠᠷ ᠲᠤᠭᠳᠠᠵᠠᠢ᠃ ᠡᠨᠡ ᠤᠳᠠᠭᠠᠨ ᠤ ᠪᠥᠬᠦᠳᠡ ᠬᠤᠷᠠᠯ ᠢ ᠰᠠᠶᠢᠲᠤᠷ ᠬᠤᠷᠠᠯᠳᠤᠭᠤᠯᠬᠤ ᠶᠢᠨ ᠲᠥᠯᠥᠭᠡ ᠨᠠᠮ ᠤᠨ ᠲᠥᠪ ᠬᠤᠷᠢᠶ᠎ᠠ ᠡᠭᠦᠳᠡ ᠪᠠᠨ ᠨᠡᠭᠡᠭᠡᠵᠦ ᠠᠷᠭ᠎ᠠ ᠪᠤᠳᠤᠯᠭ᠎ᠠ ᠠᠰᠠᠭᠤᠬᠤ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠬᠦ ᠶᠢ ᠪᠠᠷᠢᠮᠲᠠᠯᠠᠵᠤ᠂ ᠡᠯ᠎ᠡ ᠵᠦᠢᠯ ᠤᠨ ᠠᠷᠭ᠎ᠠ ᠬᠡᠯᠪᠡᠷᠢ ᠪᠠᠷ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠦ ᠪᠤᠢ᠃    ᠡᠨᠡ ᠬᠡᠰᠡᠭ ᠬᠤᠭᠤᠴᠠᠭᠠᠨ ᠳᠤ᠂ ᠪᠢ ᠡᠳᠦᠢ ᠲᠡᠳᠦᠢ ᠭᠠᠵᠠᠷ ᠲᠤ ᠬᠦᠷᠴᠦ ᠪᠠᠶᠢᠴᠠᠭᠠᠨ ᠰᠤᠳᠤᠯᠬᠤ ᠶᠢᠨ ᠬᠠᠮᠳᠦ ᠠᠵᠤ ᠠᠬᠤᠶᠢᠯᠠᠯᠲᠠᠳ ᠤᠨ ᠶᠠᠷᠢᠯᠴᠠᠬᠤ ᠬᠤᠷᠠᠯ᠂ ᠨᠠᠮ ᠤᠨ ᠭᠠᠳᠠᠨᠠᠬᠢ ᠬᠥᠮᠦᠰ ᠤᠨ ᠶᠠᠷᠢᠯᠴᠠᠬᠤ ᠬᠤᠷᠠᠯ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠤᠭᠴᠠᠵᠢᠭᠰᠠᠨ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ ᠶᠠᠷᠢᠯᠴᠠᠬᠤ ᠬᠤᠷᠠᠯ᠂ ᠠᠵᠤ ᠠᠬᠤᠶ ᠨᠡᠶᠢᠭᠡᠮ ᠤᠨ ᠬᠦᠷᠢᠶᠡᠨ ᠤ ᠲᠤᠰᠬᠠᠶ ᠮᠡᠷᠭᠡᠵᠢᠯᠲᠡᠨ ᠤ ᠶᠠᠷᠢᠯᠴᠠᠬᠤ ᠬᠤᠷᠠᠯ᠂ ᠰᠢᠨᠵᠢᠯᠡᠬᠦ ᠤᠬᠠᠭᠠᠨᠲᠠᠳ ᠤᠨ ᠶᠠᠷᠢᠯᠴᠠᠬᠤ ᠬᠤᠷᠠᠯ ᠢ ᠵᠠᠯᠭᠠᠭ᠎ᠠ ᠪᠠᠷ ᠡᠷᠭᠢᠯᠡᠨ ᠬᠤᠷᠠᠯᠳᠤᠭᠤᠯᠵᠤ᠂ ᠰᠠᠨᠠᠯ ᠰᠠᠨᠠᠭᠤᠯᠭ᠎ᠠ ᠰᠣᠨᠣᠰᠪᠠ᠃ ᠡᠨᠡ ᠤᠳᠠᠭ᠎ᠠ ᠬᠤᠨᠠᠨ ᠳᠤ ᠢᠷᠡᠵᠦ ᠰᠢᠨᠵᠢᠯᠡᠨ ᠪᠠᠶᠢᠴᠠᠭᠠᠬᠤ ᠲᠣᠬᠢᠶᠠᠯ ᠢ ᠠᠰᠢᠬᠯᠠᠨ᠂ ᠦᠨᠳᠦᠰᠦᠨ ᠱᠠᠲᠤᠨ ᠤ ᠲᠥᠯᠥᠭᠡᠯᠡᠭᠴᠢᠳ ᠢ ᠤᠷᠢᠵᠤ ᠶᠠᠷᠢᠯᠴᠠᠬᠤ ᠬᠤᠷᠠᠯ ᠬᠤᠷᠠᠯᠳᠤᠭᠤᠯᠵᠦ᠂ ᠭᠤᠤᠯᠳᠠᠭᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠤᠬᠠᠶ ᠤᠯᠠᠨ ᠤ ᠰᠠᠨᠠᠯ ᠰᠠᠨᠠᠭᠤᠯᠭ᠎ᠠ ᠶᠢ ᠨᠢᠭᠤᠷᠳᠠᠨ ᠰᠣᠨᠣᠰᠤᠶ᠎ᠠ ᠭᠡᠰᠡᠨ ᠶᠤᠮ᠃    ᠵᠢᠯ ᠤᠨ ᠡᠬᠢᠨ ᠠᠴᠠ ᠨᠠᠭᠠᠰᠢ᠂ ᠭᠡᠨᠡᠳᠳᠡ ᠡᠭᠦᠰᠦᠭᠰᠡᠨ ᠰᠢᠨ᠎ᠠ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠮᠠᠨ ᠤ ︽ᠠᠷᠪᠡᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠪᠠ ᠡᠨᠡ ᠵᠢᠯ ᠤᠨ ᠡᠬᠢᠨ ᠳᠤ ᠲᠣᠭᠲᠠᠭᠰᠠᠨ ᠪᠥᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠠᠵᠢᠯ ᠳᠤ ᠥᠷᠢᠰᠥᠯᠳᠦᠭᠡᠨ ᠲᠤᠯᠭᠠᠷᠠᠭᠤᠯᠵᠠᠢ᠃ ᠪᠢᠳᠡ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠳᠠᠶᠢᠨ᠂ ᠶᠡᠷᠦᠩᠬᠡᠶ ᠳᠠᠶᠢᠯᠠᠯᠳᠤᠭᠠᠨ᠂ ᠬᠤᠷᠢᠬᠯᠠᠯᠳᠠ ᠶᠢᠨ ᠲᠠᠶᠢᠯᠠᠯᠳᠤᠭᠠᠨ ᠢ ᠬᠢᠪᠡ᠃ ᠬᠢᠵᠢᠭ ᠤᠨ ᠪᠠᠶᠢᠳᠠᠯ ᠦᠷᠪᠢᠰᠤᠨ ᠳᠡᠯᠭᠡᠷᠡᠬᠦ ᠬᠠᠨᠳᠤᠰᠢ ᠶᠢ ᠠᠩᠬ᠎ᠠ ᠠᠯᠬᠤᠮ ᠡᠵᠡᠮᠳᠡᠭᠰᠡᠨ ᠤ ᠳᠠᠷᠠᠭ᠎ᠠ᠂ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ ᠴᠠᠭ ᠲᠤᠬᠠᠶ ᠳᠤᠨᠢ ᠨᠢᠭᠡᠳᠦᠯᠲᠡᠶ ᠲᠥᠯᠥᠪᠵᠢᠬᠦᠯᠦᠨ ᠰᠠᠶᠢᠲᠤᠷ ᠬᠢᠵᠦ᠂ ᠠᠵᠤ ᠠᠬᠤᠶ ᠨᠡᠶᠢᠭᠡᠮ ᠤᠨ ᠡᠮᠬᠢ ᠲᠢᠭᠯᠢᠮ ᠢ ᠲᠦᠷᠭᠡᠳᠬᠡᠨ ᠰᠡᠷᠭᠦᠭᠡᠪᠡ᠃ 9 ᠰᠠᠷ᠎ᠠ ᠶᠢᠨ 8 ᠤ ᠡᠳᠦᠷ᠂ ᠪᠢᠳᠡ ᠪᠡᠭᠡᠵᠢᠩ ᠳᠤ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠦᠪᠡᠳᠡᠭᠰᠢ ᠶᠡᠭᠡ ᠪᠠᠷ ᠬᠤᠷᠠᠯᠳᠤᠭᠤᠯᠵᠤ᠂ ᠪᠥᠬᠦᠳᠡ ᠨᠠᠶᠢᠷᠠᠮᠳᠠᠬᠤ ᠤᠯᠤᠰ ᠤᠨ ᠭᠠᠪᠢᠶᠠᠨ ᠲᠡᠮᠳᠡᠭ ᠪᠠ ᠤᠯᠤᠰ ᠤᠨ ᠢᠷᠠᠭᠤ ᠠᠯᠳᠠᠷ ᠤᠨ ᠴᠣᠯᠠ ᠶᠢᠨ ᠱᠠᠩᠨᠠᠯ ᠤᠨ ᠲᠡᠮᠳᠡᠭ ᠣᠯᠭᠤᠵᠤ᠂ ᠬᠢᠵᠢᠭ ᠲᠠᠢ ᠲᠡᠮᠡᠴᠡᠭᠰᠡᠨ ᠲᠡᠷᠢᠭᠦᠨ ᠤ ᠬᠤᠪᠢ ᠬᠥᠮᠦᠨ ᠪᠠ ᠲᠡᠷᠢᠭᠦᠨ ᠤ ᠬᠠᠮᠲᠤ ᠶᠢ ᠬᠥᠬᠢᠭᠦᠯᠦᠨ ᠰᠠᠶᠢᠰᠢᠶᠠᠵᠠᠢ᠃ ᠪᠢ ᠬᠤᠷᠠᠯ ᠳᠡᠭᠡᠷ᠎ᠡ ᠶᠠᠷᠢᠶ᠎ᠠ ᠲᠠᠯᠪᠢᠬᠰᠠᠨ ᠶᠤᠮ᠃ ᠡᠨᠡ ᠵᠢᠯ ᠤᠨ ᠦᠶᠡᠷ ᠤᠨ ᠬᠤᠭᠤᠴᠠᠭᠠᠨ ᠳᠤ ᠤᠷᠤᠭᠰᠠᠨ ᠠᠴᠠ ᠨᠠᠭᠠᠰᠢ᠂ ᠬᠥᠬᠡᠮᠥ᠋ᠷᠡᠨ ᠤ ᠰᠠᠪᠠ ᠭᠠᠵᠠᠷ᠂ ᠬᠤᠸᠠᠶᠢᠾᠧ ᠭᠤᠤᠯ ᠤᠨ ᠰᠠᠪᠠ ᠭᠠᠵᠠᠷ ᠲᠤ ᠨᠡᠯᠢᠶᠡᠳ ᠬᠦᠨᠳᠦ ᠦᠶᠡᠷ ᠤᠨ ᠪᠠᠶᠢᠳᠠᠯ ᠭᠠᠷᠴᠤ᠂ ᠭᠤᠤᠯ ᠪᠤᠯᠬᠤ ᠭᠤᠤᠯ ᠮᠥᠷᠡᠨ ᠨᠠᠭᠤᠷ ᠴᠥᠭᠦᠷᠥᠮ ᠨᠢᠭᠡ ᠦᠶ᠎ᠡ ᠰᠡᠷᠭᠡᠶᠢᠯᠡᠯᠲᠡ ᠶᠢᠨ ᠤᠰᠤᠨ ᠲᠦᠪᠰᠢᠨ ᠠᠴᠠ ᠲᠠᠪᠠᠵᠦ᠂ ᠵᠠᠷᠢᠮ ᠭᠠᠵᠠᠷ ᠬᠦᠨᠳᠦ ᠨᠣᠴᠢᠲᠠᠶ ᠭᠠᠮᠰᠢᠭᠳᠠᠪᠠ᠂ ᠨᠠᠮ ᠤᠨ ᠲᠥᠪ ᠬᠤᠷᠢᠶ᠎ᠠ ᠴᠠᠭ ᠲᠤᠬᠠᠶ ᠳᠤᠨᠢ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠪᠠᠶᠢᠷᠢᠯᠠᠭᠤᠯᠤᠯᠲᠠ ᠬᠢᠵᠡᠶ᠃ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠢᠯᠣᠭᠤᠳᠤᠯᠭ᠎ᠠ ᠪᠠ ᠵᠣᠬᠢᠴᠠᠭᠤᠯᠭ᠎ᠠ ᠳᠣᠣᠷ᠎ᠠ᠂ ᠬᠤᠨᠠᠨ ᠢ ᠪᠠᠭᠲᠠᠭᠠᠭᠰᠠᠨ ᠬᠤᠯᠪᠤᠭᠳᠠᠯ ᠪᠦᠬᠦᠢ ᠮᠤᠵᠢ ᠶᠢᠨ ᠬᠢᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠠᠮᠰᠢᠭ ᠤᠨ ᠳᠠᠷᠠᠭᠠᠬᠢ ᠰᠡᠷᠭᠦᠭᠡᠨ ᠲᠠᠬᠢᠨ ᠪᠦᠳᠦᠭᠡᠨ ᠪᠠᠶᠢᠭᠤᠯᠬᠤ ᠠᠵᠢᠯ ᠢ ᠱᠠᠯᠠᠪᠳᠠᠨ ᠬᠢᠪᠡ᠃ ᠳᠡᠯᠡᠬᠡᠶ ᠳ᠋ᠠᠬᠢᠨ ᠢ ᠠᠵᠢᠬᠯᠠᠪᠠᠯ᠂ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠶᠢ ᠰᠡᠷᠭᠦᠭᠡᠬᠦ ᠲᠠᠯ᠎ᠠ ᠪᠠᠷ ᠴᠥᠮ ᠡᠮᠦᠨ᠎ᠡ ᠡᠩᠨᠡᠭᠡᠨ ᠳᠤ ᠶᠠᠪᠤᠵᠤ ᠪᠠᠶᠢᠨ᠎ᠠ᠃ ᠡᠶᠢᠮᠦ ᠠᠮᠵᠢᠯᠲᠠ ᠣᠯᠤᠭᠰᠠᠨ ᠨᠢ ᠦᠨᠡᠬᠡᠷ ᠬᠢᠯᠪᠠᠷ ᠪᠤᠰᠤ ᠶᠤᠮ︕    ᠡᠯ᠎ᠡ ᠵᠦᠢᠯ ᠤᠨ ᠪᠠᠴᠢᠮ ᠬᠦᠴᠢᠷ ᠠᠶᠤᠯᠲᠠᠶ ᠬᠦᠨᠳᠦ ᠡᠭᠦᠷᠭᠡ ᠪᠠ ᠠᠶᠤᠯ ᠲᠦᠭᠰᠢᠭᠦᠷᠢ ᠥᠷᠢᠰᠥᠯᠳᠦᠭᠡᠨ ᠤ ᠡᠮᠦᠨ᠎ᠡ᠂ ᠥᠷᠭᠡᠨ ᠣᠯᠠᠨ ᠠᠷᠠᠳ ᠲᠦᠮᠡᠨ ᠶᠡᠷᠦ ᠨᠢ ᠨᠢᠭᠡ ᠰᠡᠳᠬᠢᠯ ᠨᠢᠭᠡ ᠵᠣᠷᠢᠭ ᠢᠶᠠᠷ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠡᠯᠬᠡᠭᠯᠡᠨ ᠪᠠᠶᠢᠯᠳᠤᠵᠤ᠂ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠳᠤ ᠪᠢ ᠮᠠᠰᠢ ᠶᠡᠭᠡ ᠰᠡᠳᠬᠢᠯ ᠬᠦᠳᠡᠯᠵᠡᠢ᠃ ᠨᠠᠮ ᠪᠠ ᠤᠯᠤᠰ ᠤᠨ ᠠᠵᠢᠯ ᠦᠢᠯᠡᠰ ᠤᠨ ᠢᠯᠠᠯᠲᠠ ᠪᠤᠯ ᠴᠥᠮ ᠠᠷᠠᠳ ᠲᠦᠮᠡᠨ ᠤ ᠢᠯᠠᠯᠲᠠ ᠮᠥᠨ︕ ᠠᠷᠠᠳ ᠲᠦᠮᠡᠨ ᠪᠣᠯ ᠵᠢᠩᠬᠢᠨᠢ ᠪᠠᠭᠠᠲᠤᠷ ᠮᠥᠨ︕    ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠤᠯ ᠮᠠᠨ ᠤ ᠲᠡᠮᠡᠴᠡᠬᠦ ᠬᠠᠷᠠᠯᠳᠠ ᠮᠦᠨ᠃ ᠰᠠᠶᠢᠨ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠬᠥᠭᠵᠢᠯᠲᠡ ᠶᠢᠨ ᠲᠥᠯᠥᠪᠵᠢᠭᠦᠯᠭᠡ ᠨᠢ ᠴᠥᠮ ᠠᠷᠠᠳ ᠲᠦᠮᠡᠨ ᠤ ᠬᠦᠰᠡᠯ ᠳᠤ ᠨᠡᠶᠢᠴᠡᠵᠦ᠂ ᠠᠷᠠᠳ ᠲᠦᠮᠡᠨ ᠤ ᠪᠤᠳᠤᠯ ᠳᠤ ᠨᠡᠶᠢᠴᠡᠵᠦ᠂ ᠤᠯᠠᠨ ᠲᠦᠮᠡᠨ ᠤ ᠳᠤᠮᠳᠠ ᠠᠴᠠ ᠢᠷᠡᠵᠦ᠂ ᠤᠯᠠᠨ ᠲᠦᠮᠡᠨ ᠤ ᠳᠤᠮᠳᠠ ᠬᠦᠷᠬᠦ ᠬᠡᠷᠡᠭᠲᠡᠶ᠃ ᠤᠷᠲᠤ ᠬᠤᠭᠤᠴᠠᠭᠠᠨ ᠤ ᠲᠤᠷᠰᠢ᠂ ᠮᠠᠨ ᠤ ᠨᠠᠮ ᠴᠢᠬᠤᠯᠠ ᠴᠢᠭᠯᠡᠯᠲᠡ ᠲᠥᠷᠥ ᠶᠢᠨ ᠪᠣᠳᠣᠯᠭ᠎ᠠ ᠲᠣᠭᠲᠠᠭᠠᠵᠤ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠬᠦ ᠠᠴᠠ ᠡᠮᠦᠨ᠎ᠡ᠂ ᠴᠥᠮ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠠᠩᠬᠠᠨ ᠤ ᠮᠠᠲ᠋ᠧᠷᠢᠶᠠᠯ ᠢ ᠤᠢᠢᠯᠠᠭᠠᠨ ᠡᠵᠡᠮᠰᠢᠬᠦ ᠶᠢ ᠱᠠᠭᠠᠷᠳᠠᠳᠠᠭ ᠪᠠᠶᠢᠵᠠᠢ᠃ ᠦᠨᠡᠨ ᠠᠴᠠ ᠵᠥᠪ ᠢ ᠡᠷᠢᠬᠦ ᠪᠣᠯ ᠮᠠᠨ ᠤ ᠨᠠᠮ ᠤᠨ ᠦᠵᠡᠯ ᠰᠠᠨᠠᠭᠠᠨ ᠤ ᠱᠤᠭᠤᠮ ᠤᠨ ᠴᠢᠬᠤᠯᠠ ᠠᠭᠤᠯᠭ᠎ᠠ ᠮᠥᠨ᠂ ᠠᠯᠢ ᠡᠷᠲᠡ ᠶᠠᠨ ᠠᠨ ᠤ ᠦᠶ᠎ᠡ ᠳᠤ ᠮᠠᠤ ᠽᠧ ᠳ᠋ᠦᠩ ᠨᠥᠬᠦᠷ ︽ᠡᠪ ᠬᠠᠮᠲᠤ ᠨᠠᠮ ᠤᠨ ᠭᠡᠰᠢᠭᠦᠨ ᠦᠨᠡᠨ ᠠᠴᠠ ᠵᠥᠪ ᠢ ᠡᠷᠢᠬᠦ ᠶᠢᠨ ᠦᠯᠢᠭᠡᠷ ᠳᠠᠭᠤᠷᠢᠶᠠᠯ ᠪᠣᠯᠬᠤ ᠬᠡᠷᠡᠭᠲᠡᠶ︾᠂ ︽ᠭᠠᠭᠴᠠ ᠬᠦ ᠦᠨᠡᠨ ᠠᠴᠠ ᠵᠥᠪ ᠢ ᠡᠷᠢᠪᠡᠯ ᠰᠠᠶ᠋ᠢ ᠲᠣᠭᠲᠠᠭᠰᠠᠨ ᠡᠭᠦᠷᠭᠡ ᠪᠠᠨ ᠪᠡᠶᠡᠯᠡᠭᠦᠯᠵᠦ ᠴᠢᠳᠠᠨ᠎ᠠ︾ ᠭᠡᠵᠦ ᠴᠢᠬᠤᠯᠠᠴᠢᠯᠠᠭᠠᠳ᠂ ᠪᠠᠶᠢᠴᠠᠭᠠᠨ ᠰᠤᠳᠤᠯᠤᠯᠲᠠ ᠬᠢᠬᠦ ᠠᠷᠭ᠎ᠠ ᠶᠢᠨ ︽ᠨᠢᠭᠡᠳᠦᠭᠡᠷ ᠲᠤ ᠳᠣᠷᠣᠭᠰᠢ ᠬᠠᠷᠠᠬᠤ ᠬᠡᠷᠡᠭᠲᠡᠶ ᠂ ᠲᠩᠷᠢ ᠦᠭᠡᠳᠡ ᠬᠠᠷᠠᠭᠠᠳ ᠪᠠᠶᠢᠵᠤ ᠪᠣᠯᠬᠤ ᠦᠭᠡᠢ︾᠂ ︽ᠬᠤᠶᠠᠳᠤᠭᠠᠷ ᠲᠤ ᠪᠠᠶᠢᠴᠠᠭᠠᠯᠲᠠ ᠶᠢᠨ ᠬᠤᠷᠠᠯ ᠬᠢᠬᠦ ᠬᠡᠷᠡᠭᠳᠠᠢ︾ ᠭᠡᠵᠤ ᠦᠵᠡᠪᠡ᠃ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠲᠠᠯ᠎ᠠ ᠳᠤ ᠬᠤᠯᠪᠣᠭᠳᠠᠵᠤ᠂ ᠠᠷᠠᠳ ᠣᠯᠠᠨ ᠤ ᠦᠶ᠋ᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠪᠠᠶᠢᠬᠤ ᠪᠣᠯᠬᠤᠷ ᠦᠵᠦ ᠲᠥᠯᠥᠪᠯᠡᠭᠡ ᠶᠢ ᠴᠢᠩᠭᠠᠳᠬᠠᠬᠤ ᠪᠠ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ ᠶᠢ ᠨᠢᠭᠡᠳᠬᠡᠵᠤ᠂ ᠥᠷᠭᠡᠨ ᠤᠯᠠᠨ ᠠᠷᠠᠳ ᠲᠦᠮᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠡᠯ᠎ᠡ ᠵᠦᠶ᠋ᠯ ᠤᠨ ᠠᠷᠭ᠎ᠠ ᠮᠠᠶ᠋ᠢᠭ ᠢᠶᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠶᠢ ᠵᠣᠷᠢᠭᠵᠢᠭᠤᠯᠬᠤ ᠬᠡᠷᠡᠭᠳᠠᠢ᠃    ᠡᠨᠡ ᠡᠳᠦᠷ ᠤᠨ ᠬᠤᠷᠠᠯ ᠳᠤ ᠤᠷᠤᠯᠴᠠᠭᠰᠠᠨ ᠦᠨᠳᠦᠰᠦᠨ ᠱᠠᠳᠤᠨ ᠤ ᠺᠠᠳ᠋ᠷ ᠤᠯᠠᠨ ᠲᠦᠮᠡᠨ ᠤ ᠲᠦᠯᠦᠭᠡᠯᠡᠭᠴᠢ ᠳᠤ᠂ ᠬᠦᠳᠡᠭᠡ ᠲᠤᠰᠬᠤᠨ᠂ ᠨᠡᠶᠢᠭᠡᠮ ᠲᠤᠭᠤᠷᠢᠭ᠂ ᠠᠵᠤ ᠠᠬᠤᠢᠢᠯᠠᠯ ᠵᠡᠷᠭᠡ ᠲᠠᠯ᠎ᠠ ᠶᠢᠨ ᠬᠦᠮᠦᠰ ᠪᠤᠢ᠂ ᠪᠠᠰᠠ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠡᠷᠡᠬᠦᠯ ᠬᠠᠮᠠᠭᠠᠯᠠᠯ᠂ ᠤᠯᠤᠰ ᠲᠦᠷᠦ ᠬᠠᠤᠯᠢ ᠴᠠᠭᠠᠵᠠ ᠵᠡᠷᠭᠡ ᠹᠷᠤᠨᠲ ᠤᠨ ᠬᠦᠮᠦᠰ ᠴᠦ ᠪᠤᠢ︔ ᠡᠯ᠎ᠠ ᠱᠠᠳᠤᠨ ᠤ ᠨᠠᠮ ᠤᠨ ᠲᠦᠯᠦᠭᠡᠯᠡᠭᠴᠢᠳ ᠤᠨ ᠬᠤᠷᠠᠯ ᠤᠨ ᠲᠦᠯᠦᠭᠡᠯᠡᠭᠴᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ ᠤᠯᠤᠰ ᠲᠦᠷᠦ ᠶᠢᠨ ᠵᠦᠪᠯᠡᠯᠭᠡᠨ ᠤ ᠭᠡᠰᠢᠬᠦᠨ᠂ ᠬᠦᠳᠡᠯᠮᠦᠷᠢ ᠶᠢᠨ ᠵᠢᠱᠢᠶᠡᠴᠢ᠂ ᠶᠠᠳᠠᠭᠤ ᠶᠢ ᠳᠡᠳᠬᠦᠬᠦ ᠺᠠᠳ᠋ᠷ ᠪᠠᠶᠢᠨ᠎ᠠ᠂ ᠪᠠᠰᠠ ᠰᠢᠨ᠎ᠠ ᠨᠡᠶᠢᠭᠡᠮ ᠤᠨ ᠠᠩᠬᠢ ᠳᠠᠪᠬᠤᠷᠭ᠎ᠠ ᠶᠢᠨ ᠬᠦᠮᠦᠰ᠂ ᠬᠦᠯᠦᠰᠦᠨ ᠲᠠᠷᠢᠶᠠᠴᠢᠨ᠂ ᠲᠦᠷᠭᠡᠨ ᠬᠦᠷᠭᠡᠭᠴᠢ᠂ ᠰᠦᠯᠵᠢᠶᠡᠨ ᠤ ᠳᠡᠯᠭᠡᠬᠦᠷ ᠤᠨ ᠡᠵᠡᠨ ᠴᠦ ᠪᠤᠢ᠃ ᠤᠯᠠᠨ ᠢᠶᠠᠷ ᠢᠶᠠᠨ ᠴᠦᠮ ᠦᠭᠡᠷᠡᠴᠢᠯᠡᠯᠳᠠ ᠬᠦᠭᠵᠢᠯᠳᠠ ᠪᠠ ᠦᠢᠯᠡᠳᠪᠦᠷᠢᠯᠡᠯ ᠤᠨ ᠨᠢᠭᠡᠳᠦᠭᠡᠷ ᠹᠷᠤᠨᠲ ᠲᠤ ᠠᠵᠢᠯᠯᠠᠵᠦ᠂ ᠠᠵᠤ ᠠᠬᠤᠢ ᠨᠡᠶᠢᠭᠡᠮ ᠤᠨ ᠠᠮᠢᠳᠤᠷᠠᠯ ᠳᠤ ᠰᠢᠭᠤᠳ ᠤᠷᠤᠯᠴᠠᠵᠦ᠂ ᠤᠯᠠᠨ ᠲᠦᠮᠡᠨ ᠲᠠᠢ ᠪᠠᠶᠢᠩᠭᠤ ᠬᠠᠷᠢᠯᠴᠠᠨ᠂ ᠨᠠᠮ ᠤᠨ ᠱᠤᠭᠤᠮ ᠴᠢᠭᠯᠡᠯᠳᠠ ᠲᠦᠷᠦ ᠶᠢᠨ ᠪᠤᠳᠤᠯᠭ᠎ᠠ ᠶᠢ ᠪᠤᠳᠠᠳᠠᠢ ᠨᠠᠶᠢᠳᠠᠪᠤᠷᠢᠵᠢᠭᠤᠯᠬᠤ ᠳᠤ ᠬᠠᠮᠤᠭ ᠤᠨ ᠦᠨᠡᠨ ᠪᠤᠳᠠᠳᠠᠢ ᠦᠷ᠎ᠠ ᠪᠦᠳᠦᠮᠵᠢ ᠶᠢᠨ ᠲᠦᠷᠦᠭᠳᠡᠯ ᠲᠠᠢ ᠪᠠᠶᠢᠳᠠᠭ ᠠᠴᠠ ᠲᠤᠷᠠᠳᠤᠭᠰᠠᠨ ᠰᠠᠨᠠᠯ ᠰᠠᠨᠠᠭᠤᠯᠭ᠎ᠠ ᠨᠢ ᠦᠨᠳᠦᠰᠦᠨ ᠱᠠᠳᠤᠨ ᠤ ᠪᠤᠳᠠᠳᠠᠢ ᠪᠠᠶᠢᠳᠠᠯ ᠳᠤ ᠨᠡᠩ ᠤᠢᠢᠷᠠᠳᠴᠦ᠂ ᠤᠯᠠᠨ ᠲᠦᠮᠡᠨ ᠤ ᠪᠤᠳᠤᠯ ᠰᠡᠨᠠᠭ᠎ᠠ ᠶᠢ ᠲᠤᠰᠬᠠᠵᠦ ᠪᠠᠶᠢᠨ᠎ᠠ    ᠰᠠᠶ᠋ᠢᠬᠠᠨ ᠣᠯᠠᠨ ᠢᠶᠠᠷ ᠢᠶᠠᠨ ᠮᠠᠰᠢ ᠰᠠᠶᠢᠬᠠᠨ ᠶᠠᠷᠢᠵᠠᠢ᠂ ᠶᠠᠭᠤ ᠪᠤᠯ ᠶᠠᠭᠤ ᠪᠠᠨ ᠰᠢᠭᠤᠳ ᠰᠢᠯᠤᠭᠤᠨ ᠢᠶᠠᠷ ᠬᠡᠯᠡᠵᠤ᠂ ᠮᠠᠰᠢ ᠣᠯᠠᠨ ᠰᠠᠶᠢᠨ ᠰᠠᠨᠠᠯ ᠰᠠᠨᠠᠭᠤᠯᠭ᠎ᠠ ᠳᠤᠷᠠᠳᠴᠠᠢ᠂ ᠮᠠᠰᠢ ᠠᠮᠢᠳᠤᠯᠢᠭ᠂ ᠤᠯᠠᠨ ᠲᠦᠮᠡᠨ ᠲᠠᠢ ᠮᠠᠰᠢ ᠣᠶᠢᠷᠠᠤᠨᠴᠤ ᠪᠠᠶᠢᠨ᠎ᠠ᠂ ᠮᠠᠨ ᠤ ᠦᠨᠳᠦᠰᠦᠨ ᠱᠠᠲᠤᠨ ᠤ ᠪᠠᠶᠢᠳᠠᠯ ᠢ ᠤᠯᠠᠮ ᠢᠯᠡᠭᠦᠦ ᠣᠶᠢᠯᠠᠭᠠᠬᠤ ᠳᠤ ᠠᠰᠢᠭᠲᠠᠶ ᠶᠤᠮ᠃ ᠬᠤᠯᠪᠣᠭᠳᠠᠯ ᠪᠦᠬᠦᠢ ᠲᠠᠯ᠎ᠠ ᠶᠢᠨ ᠬᠢᠨ ᠨᠠᠷᠢᠨ ᠬᠢᠨᠠᠮᠠᠭᠠᠶ ᠰᠤᠳᠤᠯᠵᠤ᠂ ᠬᠦᠢᠴᠡᠳ ᠰᠢᠩᠭᠡᠭᠡᠨ ᠠᠪᠬᠤ ᠬᠡᠷᠡᠭᠲᠡᠶ᠃    ᠲᠦᠷᠦᠭᠦᠬᠡᠨ᠂ ᠪᠢᠳᠡ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠲᠤᠬᠠᠶ ᠰᠦᠯᠵᠢᠶᠡᠨ ᠳᠡᠭᠡᠷ᠎ᠠ ᠰᠠᠨᠠᠯ ᠬᠤᠷᠢᠶᠠᠬᠤ ᠠᠵᠢᠯᠯᠠᠭ᠎ᠠ ᠶᠢ ᠥᠷᠨᠢᠭᠦᠯᠪᠡ᠂ ᠥᠷᠭᠡᠨ ᠤᠯᠠᠨ ᠺᠠᠳ᠋ᠷ ᠤᠯᠠᠨ ᠲᠦᠮᠡᠨ ᠤ ᠠᠩᠬᠠᠷᠤᠯ ᠤᠨ ᠬᠡᠮᠵᠢᠶ᠎ᠡ᠂ ᠣᠷᠣᠯᠴᠠᠭᠰᠠᠨ ᠬᠡᠮᠵᠢᠶ᠎ᠡ ᠴᠥᠮ ᠮᠠᠰᠢ ᠥᠨᠳᠥᠷ ᠪᠠᠶᠢᠨ᠎ᠠ᠂ ᠮᠠᠰᠢ ᠤᠯᠠᠨ ᠰᠠᠨᠠᠯ ᠰᠠᠨᠠᠭᠤᠯᠭ᠎ᠠ ᠶᠢ ᠨᠠᠳᠠ ᠳᠤ ᠲᠠᠮᠵᠢᠭᠤᠯᠤᠨ ᠦᠭᠴᠠᠢ᠃ ᠡᠩ ᠤᠨ ᠦᠶ᠎ᠡ ᠳᠤ ᠪᠢ ᠪᠠᠰᠠ ᠤᠯᠠᠨ ᠲᠦᠮᠡᠨ ᠤ ᠢᠷᠡᠭᠦᠯᠦᠭᠰᠡᠨ ᠮᠠᠰᠢ ᠤᠯᠠᠨ ᠵᠠᠬᠢᠳᠠᠯ ᠢ ᠣᠯᠤᠭᠰᠠᠨ ᠶᠤᠮ᠃    ᠡᠳᠡᠭᠡᠷ ᠰᠠᠨᠠᠯ ᠰᠠᠨᠠᠭᠤᠯᠭ᠎ᠠ ᠨᠢ ᠲᠦᠭᠡᠮᠡᠯ ᠴᠢᠨᠠᠷ ᠲᠠᠢ ᠶᠤᠮ᠂ ᠰᠠᠶ᠋ᠢᠬᠠᠨ ᠤᠯᠡᠠ ᠢᠶᠠᠷ ᠢᠶᠠᠨ ᠪᠠᠰᠠ ᠶᠠᠷᠢᠭᠰᠠᠨ ᠪᠠᠶᠢᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠨᠠᠭᠤᠯᠭ᠎ᠠ ᠨᠢ ᠡᠳᠡᠭᠡᠷ ᠠᠰᠠᠭᠤᠳᠠᠯ ᠳᠤ ᠢᠳᠡᠪᠬᠢᠲᠡᠶ ᠬᠠᠷᠢᠭᠤᠯᠲᠠ ᠥᠭᠬᠦ ᠬᠡᠷᠡᠭᠲᠡᠶ᠃    ᠳᠣᠤᠷ᠎ᠠ ᠪᠢ ᠬᠡᠳᠦᠨ ᠰᠠᠨᠠᠯ ᠢᠶᠠᠨ ᠶᠠᠷᠢᠶ᠎ᠠ᠃    ᠨᠢᠭᠡᠳᠦᠭᠡᠷ ᠲᠤ᠂ ᠬᠥᠭᠵᠢᠯᠲᠡ ᠶᠢᠨ ᠰᠠᠶᠢᠨ ᠪᠠᠶᠢᠳᠠᠯ ᠢ ᠨᠠᠨᠳᠢᠩᠨᠠᠨ᠂ ᠬᠦᠭᠵᠢᠯᠳᠡ ᠶᠢᠨ ᠰᠠᠶᠢᠨ ᠬᠠᠨᠳᠤᠰᠢ ᠶᠢ ᠪᠠᠬᠢᠵᠢᠭᠦᠯᠬᠦ ᠬᠡᠷᠡᠭᠳᠠᠢ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠮᠠᠨ ᠤ ᠤᠯᠤᠰ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠦᠭᠰᠡᠨ ᠰᠠᠭᠤᠷᠢᠨ ᠳᠡᠭᠡᠷ᠎ᠡ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠳᠠᠭᠴᠢ ᠲᠠᠪᠤᠨ ᠵᠢᠯ ᠮᠥᠨ᠃ ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠮᠠᠨ ᠤ ᠤᠯᠤᠰ ᠤᠨ ᠬᠥᠭᠵᠢᠯᠲᠡ ᠮᠥᠨ ᠬᠦ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠤᠨ ᠬᠤᠭᠤᠴᠠᠭᠠᠨ ᠳᠤ ᠣᠷᠣᠰᠢᠬᠤ ᠪᠤᠯᠤᠨ᠎ᠠ᠂ ᠭᠡᠪᠡᠴᠦ ᠠᠵᠠ ᠲᠣᠬᠢᠶᠠᠯ ᠪᠠ ᠦᠷᠢᠰᠦᠯᠳᠦᠭᠡᠨ ᠳᠤ ᠴᠥᠮ ᠰᠢᠨ᠎ᠡ ᠬᠥᠭᠵᠢᠯᠲᠡ ᠬᠤᠪᠢᠷᠠᠯᠲᠠ ᠭᠠᠷᠴᠤ ᠪᠠᠶᠢᠨ᠎ᠠ᠃ ᠣᠳᠣᠬᠠᠨ ᠤ ᠳᠡᠯᠡᠬᠡᠶ ᠶᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠳᠠ ᠶᠢ ᠥᠩᠭᠡᠷᠡᠭᠡᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠶᠡᠭᠡ ᠬᠤᠪᠢᠰᠤᠯᠲᠠ ᠶᠢ ᠲᠦᠷᠭᠡᠳᠭᠡᠵᠦ᠂ ᠳᠡᠯᠡᠬᠡᠶ ᠶᠢᠨ ᠣᠷᠴᠢᠨ ᠲᠣᠭᠤᠷᠢᠨ ᠡᠳᠦᠷ ᠢᠷᠡᠬᠦᠶ᠎ᠡ ᠨᠠᠷᠢᠨ ᠪᠤᠳᠤᠯᠢᠶᠠᠨᠲᠠᠶ ᠪᠣᠯᠵᠤ᠂ ᠠᠵᠤ ᠠᠬᠤᠢ ᠶᠢᠨ ᠳᠡᠯᠡᠬᠡᠶᠢᠵᠢᠯᠲᠡ ᠰᠥᠷᠭᠡᠦ ᠤᠷᠤᠰᠬᠠᠯ ᠳᠤ ᠤᠴᠠᠷᠠᠵᠤ᠂ ᠵᠠᠷᠢᠮ ᠤᠯᠤᠰ ᠲᠤ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠳᠡᠯᠭᠡᠷᠡᠵᠦ ᠪᠠᠶᠢᠨ᠎ᠠ᠂ ᠪᠢᠳᠡ ᠡᠷᠬᠡᠪᠰᠢ ᠨᠡᠩ ᠲᠣᠭᠲᠠᠭᠤᠨ ᠪᠤᠰᠤ ᠲᠣᠭᠲᠠᠭᠠᠯᠲᠤ ᠪᠤᠰᠤ ᠳᠡᠯᠡᠬᠡᠶ ᠶᠢᠷᠲᠢᠨᠴᠦ ᠳᠤ ᠮᠠᠨ ᠤ ᠤᠯᠤᠰ ᠤᠨ ᠬᠥᠭᠵᠢᠯᠲᠡ ᠶᠢ ᠡᠷᠢᠯᠬᠢᠯᠡᠬᠦ ᠬᠡᠷᠡᠭᠲᠡᠶ᠃ ᠮᠠᠨ ᠤ ᠤᠯᠤᠰ ᠨᠢᠭᠡᠨᠲᠡ ᠴᠢᠨᠠᠷ ᠰᠠᠶᠢᠲᠠᠶ ᠬᠥᠭᠵᠢᠯᠲᠡ ᠶᠢᠨ ᠱᠠᠲᠤᠨ ᠳᠤ ᠣᠷᠣᠵᠤ᠂ ᠠᠵᠤ ᠠᠬᠤᠢ ᠶᠢᠨ ᠬᠥᠭᠵᠢᠯᠲᠡ ᠶᠢᠨ ᠢᠷᠡᠭᠡᠳᠦᠶ ᠰᠠᠶᠢᠨ ᠪᠠᠶᠢᠬᠤ ᠪᠤᠯᠪᠠᠴᠤ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠮᠥᠨ ᠬᠦ ᠲᠤᠪᠤᠶᠢᠮ᠎ᠠ ᠪᠠᠶᠢᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠪᠠᠰᠠ ᠮᠠᠰᠢ ᠤᠯᠠᠨ ᠳᠤᠲᠠᠭᠤᠳᠠᠯ ᠪᠠᠭᠤᠷᠠᠢ ᠵᠦᠢᠯ ᠪᠠᠶᠢᠨ᠎ᠠ᠃ ᠬᠦᠴᠢᠷᠳᠡᠯ ᠪᠠ ᠥᠷᠢᠰᠥᠯᠳᠦᠭᠡᠨ᠂ ᠬᠠᠷᠰᠢ ᠰᠠᠭᠠᠳ ᠪᠠ ᠬᠤᠪᠢᠷᠠᠵᠦ ᠮᠡᠳᠡᠬᠦ ᠬᠦᠴᠦᠨ ᠵᠦᠢᠯ ᠠᠴᠠ ᠪᠢᠳᠡ ᠵᠠᠶᠢᠯᠠᠵᠤ ᠳᠤᠳᠠᠭᠠᠵᠤ ᠪᠣᠯᠬᠤ ᠦᠭᠡᠢ᠂ ᠬᠠᠷᠠᠵᠤ ᠪᠠᠶᠢᠭᠠᠳ ᠬᠠᠶᠢᠬᠤᠷᠬᠤ ᠦᠭᠡᠢ ᠪᠠᠶᠢᠵᠤ ᠪᠣᠯᠬᠤ ᠦᠭᠡᠢ᠂ ᠲᠡᠷᠡᠴᠢᠯᠡᠨ ᠪᠠᠰᠠ ᠠᠶᠤᠵᠦ ᠰᠤᠴᠢᠭᠠᠳ ᠠᠷᠭ᠎ᠠ ᠤᠬᠠᠭᠠᠨ ᠢᠶᠠᠨ ᠠᠯᠳᠠᠵᠦ᠂ ᠶᠠᠭᠠᠬᠢᠬᠤ ᠪᠠᠨ ᠤᠯᠬᠤ ᠦᠭᠡᠢ ᠪᠠᠶᠢᠵᠦ ᠪᠣᠯᠬᠤ ᠦᠭᠡᠢ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠪᠤᠯ ᠲᠡᠶᠢᠮᠦ ᠬᠢᠯᠪᠠᠷᠬᠠᠨ ᠢᠶᠠᠷ᠂ ᠬᠤᠭᠤᠰᠤᠨ ᠤᠷᠢᠶ᠎ᠠ ᠬᠠᠰᠭᠢᠷᠪᠠᠯ ᠲᠠᠷᠤᠢ ᠪᠡᠶᠡᠯᠡᠭᠳᠡᠴᠢᠬᠡᠬᠦ ᠶᠠᠪᠤᠳᠠᠯ ᠪᠢᠰᠢ ᠶᠤᠮ ᠭᠡᠵᠦ ᠪᠢ ᠦᠷᠭᠦᠯᠵᠢ ᠶᠠᠷᠢᠳᠠᠭ ᠶᠤᠮ᠃ ᠭᠠᠰᠠᠯᠠᠩ ᠵᠣᠪᠠᠯᠠᠩ ᠢ ᠦᠩᠭᠡᠷᠡᠭᠡᠪᠡᠯ ᠰᠠᠶ᠋ᠢ ᠭᠡᠷᠡᠯ ᠰᠠᠴᠤᠷᠠᠩᠭᠤᠢ ᠠᠮᠵᠢᠯᠲᠠ ᠶᠢ ᠤᠯᠵᠤ ᠴᠢᠳᠠᠨ᠎ᠠ᠃ ᠠᠯᠢ ᠨᠢᠭᠡᠨ ᠤᠯᠤᠰ᠂ ᠦᠨᠳᠦᠰᠦᠲᠡᠨ ᠤ ᠣᠳᠣᠬᠢᠴᠢᠯᠠᠯᠲᠠ ᠨᠢ ᠲᠡᠶᠢᠮᠦ ᠤᠷᠤᠭᠰᠢᠲᠠᠶ ᠪᠡᠶᠡᠯᠡᠭᠳᠡᠭᠰᠡᠨ ᠪᠢᠰᠢ ᠶᠤᠮ᠃ ᠬᠡᠳᠦ᠋ᠢᠪᠡᠷ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠪᠠᠶᠢᠳᠠᠯ ᠳᠤ ᠭᠦᠨᠵᠡᠭᠡᠶ ᠪᠥᠭᠡᠳ ᠪᠤᠳᠤᠯᠢᠶᠠᠨᠲᠠᠶ ᠬᠤᠪᠢᠷᠠᠯᠲᠠ ᠭᠠᠷᠤᠭᠰᠠᠨ ᠪᠤᠯᠪᠠᠴᠤ ᠮᠠᠨ ᠤ ᠤᠯᠤᠰ ᠤᠨ ᠠᠵᠤ ᠠᠬᠤᠶ ᠲᠣᠭᠲᠠᠭᠤᠨ ᠤ ᠳᠤᠮᠳᠠ ᠰᠠᠶᠢᠵᠢᠷᠠᠬᠤ᠂ ᠣᠷᠳᠣ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ ᠬᠤᠪᠢᠷᠬᠠᠰᠠᠨ ᠥᠬᠡᠶ᠂ ᠮᠠᠨ ᠤ ᠤᠯᠤᠰ ᠤᠨ ᠠᠵᠤ ᠠᠬᠤᠶ ᠶᠢᠨ ᠳᠠᠯᠳᠠ ᠬᠦᠴᠦᠨ ᠬᠦᠢᠴᠡᠳ᠂ ᠤᠶᠠᠨ ᠬᠠᠳᠠᠨ ᠴᠢᠨᠠᠷ ᠶᠡᠭᠡ᠂ ᠠᠮᠢᠵᠢᠷᠠᠯ ᠤᠨ ᠬᠦᠴᠦᠨ ᠴᠢᠩᠭ᠎ᠠ᠂ ᠪᠤᠯᠤᠮᠵᠢᠳᠦ ᠣᠷᠣᠨ ᠵᠠᠶ ᠶᠡᠭᠡ᠂ ᠲᠥᠷᠥ ᠶᠢᠨ ᠪᠣᠳᠣᠯᠭ᠎ᠠ ᠶᠢᠨ ᠪᠠᠭᠠᠵᠢ ᠣᠯᠠᠨ ᠪᠠᠶᠢᠬᠤ ᠦᠨᠳᠦᠰᠦᠨ ᠣᠨᠴᠠᠯᠢᠭ ᠬᠤᠪᠢᠷᠬᠠᠰᠠᠨ ᠥᠬᠡᠶ᠂ ᠮᠠᠨ ᠤ ᠤᠯᠤᠰ ᠤᠨ ᠬᠥᠭᠵᠢᠯᠲᠡ ᠳᠤ ᠪᠠᠶᠢᠬᠤ ᠤᠯᠠᠨ ᠲᠠᠯ᠎ᠠ ᠶᠢᠨ ᠳᠠᠪᠠᠭᠤᠯᠢᠭ ᠪᠠ ᠨᠥᠬᠦᠴᠡᠯ ᠬᠤᠪᠢᠷᠬᠠᠰᠠᠨ ᠦᠭᠡᠢ ᠶᠤᠮ᠃ ᠮᠠᠨ ᠤ ᠤᠯᠤᠰ ᠪᠦᠬᠦ ᠳᠡᠯᠡᠬᠡᠢ ᠶᠢᠨ ᠬᠠᠮᠤᠭ ᠤᠨ ᠪᠦᠷᠢᠨ ᠪᠦᠲᠦᠨ᠂ ᠬᠠᠮᠤᠭ ᠤᠨ ᠶᠡᠭᠡ ᠬᠡᠪᠴᠢᠶ᠎ᠡ ᠲᠠᠢ ᠠᠵᠤ ᠦᠢᠯᠡᠳᠪᠦᠷᠢ ᠶᠢᠨ ᠰᠢᠰᠲ᠋ᠧᠮ ᠲᠠᠢ᠂ ᠬᠦᠴᠦᠷᠬᠡᠭ ᠶᠡᠭᠡ ᠦᠢᠯᠡᠳᠪᠦᠷᠢᠯᠡᠯ ᠤᠨ ᠴᠢᠳᠠᠪᠤᠷᠢ ᠲᠠᠢ᠂ ᠪᠦᠷᠢᠨ ᠲᠡᠭᠦᠯᠳᠡᠷ ᠢᠵᠢ ᠪᠦᠷᠢᠳᠦᠭᠦᠯᠬᠦ ᠴᠢᠳᠠᠪᠤᠷᠢ ᠲᠠᠢ ᠂ ᠮᠤᠨᠳᠠᠬ ᠶᠡᠭᠡ ᠬᠡᠪᠴᠢᠶᠡᠨ ᠤ ᠳᠣᠲᠣᠭᠠᠳᠤ ᠬᠡᠷᠡᠭᠴᠡᠭᠡ ᠶᠢᠨ ᠵᠠᠬ᠎ᠠ ᠳᠡᠯᠭᠡᠭᠦᠷ ᠲᠠᠢ᠂ ᠪᠡᠯᠡ ᠣᠷᠣᠭᠤᠯᠤᠯᠲᠠ ᠶᠢᠨ ᠬᠡᠷᠡᠭᠴᠡᠭᠡ ᠶᠢᠨ ᠲᠠᠯᠳᠠ ᠬᠦᠴᠦᠨ ᠯᠤᠲᠤ ᠶᠡᠭᠡ ᠪᠠᠶᠢᠨ᠎ᠠ᠃ ᠪᠢᠳᠡ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠵᠠᠳᠠᠯᠵᠤ ᠂ ᠬᠥᠭᠵᠢᠯᠲᠡ ᠶᠢᠨ ᠶᠡᠭᠡ ᠬᠠᠨᠳᠤᠰᠢ ᠶᠢ ᠡᠵᠡᠮᠳᠡᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠦᠯᠦᠪᠵᠢᠭᠦᠯᠵᠤ᠂ ᠤᠯᠤᠰ ᠤᠨ ᠳᠣᠲᠣᠭᠠᠳᠤ ᠶᠢᠨ ᠶᠡᠭᠡ ᠤᠷᠴᠢᠯ ᠢᠶᠠᠷ ᠭᠤᠤᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠤᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠦᠷᠢᠯᠳᠦᠭᠦᠯᠬᠦ ᠬᠡᠷᠡᠭᠳᠠᠢ᠃    ᠬᠤᠶᠠᠳᠤᠭᠠᠷ ᠲᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ ᠲᠤᠭᠤᠰᠢᠯᠠᠭᠤᠯᠬᠤ ᠬᠡᠷᠡᠭᠲᠡᠶ᠃ ᠠᠷᠠᠳ ᠤᠨ ᠰᠡᠳᠬᠢᠯ ᠪᠣᠯ ᠬᠠᠮᠤᠭ ᠤᠨ ᠶᠡᠭᠡ ᠤᠯᠤᠰ ᠲᠦᠷᠦ ᠮᠥᠨ᠃ ᠮᠠᠨ ᠤ ᠨᠠᠮ ᠪᠣᠯ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠳᠡᠭ ᠨᠠᠮ ᠮᠥᠨ᠃ ᠨᠡᠶᠢᠲᠡ ᠶᠢᠨ ᠲᠥᠯᠥᠭᠡ ᠨᠠᠮ ᠪᠠᠶᠢᠭᠤᠯᠵᠤ᠂ ᠠᠷᠠᠳ ᠤᠨ ᠲᠥᠯᠥᠭᠡ ᠲᠦᠷᠦ ᠪᠠᠷᠢᠬᠤ ᠶᠢ ᠪᠠᠷᠢᠮᠲᠠᠯᠠᠵᠤ᠂ ᠠᠷᠠᠳ ᠲᠦᠮᠡᠠ ᠤ ᠰᠠᠶᠢᠠ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢᠶᠠᠷ ᠢᠮᠠᠭᠲᠠ ᠶᠢᠨ ᠲᠡᠮᠡᠴᠡᠬᠦ ᠬᠠᠷᠠᠯᠲᠠ ᠪᠠᠨ ᠪᠣᠯᠭᠠᠵᠦ ᠪᠠᠶᠢᠨ᠎ᠠ᠃ ᠵᠠᠭᠤᠭᠠᠳ ᠵᠢᠯ ᠤᠨ ᠲᠡᠮᠡᠴᠡᠯ ᠤᠨ ᠶᠠᠪᠤᠴᠠ ᠳᠤ᠂ ᠮᠠᠨ ᠤ ᠨᠠᠮ ᠢᠩᠭᠢᠵᠦ ᠬᠡᠯᠡᠭᠰᠡᠨ ᠢᠶᠠᠷ ᠪᠠᠷᠠᠬᠤ ᠦᠭᠡᠢ ᠮᠦᠨ ᠢᠩᠭᠢᠵᠦ ᠬᠢᠭᠰᠡᠭᠡᠷ ᠢᠷᠡᠭᠰᠡᠨ ᠶᠤᠮ᠃ ᠤᠷᠲᠤ ᠵᠠᠮ ᠤᠨ ᠠᠶᠠᠨ ᠳᠠᠢᠨ ᠤ ᠶᠠᠪᠤᠴᠠ ᠳᠤ᠂ ᠤᠯᠠᠭᠠᠨ ᠴᠡᠷᠢᠭ ᠷᠦ᠋ ᠴᠧᠩ ᠰᠢᠶᠠᠨ ᠤ ᠸᠧᠠ ᠮᠢᠩ ᠰᠢᠶᠠᠩ ᠤᠨ ᠱᠠ ᠵᠧᠤ ᠲᠣᠰᠬᠤᠨ ᠢᠶᠠᠷ ᠥᠩᠭᠡᠷᠡᠬᠦ ᠦᠶ᠎ᠠ ᠳᠤ᠂ ᠮᠠᠨ ᠤ ᠤᠯᠠᠭᠠᠨ ᠴᠡᠷᠢᠭ ᠤᠨ ᠭᠤᠷᠪᠠᠨ ᠡᠮᠡᠭᠲᠡᠶ ᠪᠠᠶᠢᠯᠳᠤᠭᠴᠢ ᠭᠠᠭᠴᠠᠬᠠᠨ ᠬᠥᠨᠵᠢᠯᠡ ᠶᠢᠨ ᠢᠶᠠᠨ ᠲᠠᠯ᠎ᠠ ᠶᠢ ᠨᠢ ᠬᠠᠶᠢᠴᠢᠯᠠᠵᠤ ᠠᠪᠤᠭᠠᠳ ᠨᠤᠲᠤᠭ ᠤᠨ ᠠᠬ᠎ᠠ ᠳᠡᠭᠦᠤ ᠨᠡᠷ ᠲᠤ ᠦᠭᠭᠦᠭᠡᠳ ︽ᠲᠠᠯ᠎ᠠ ᠬᠥᠨᠵᠢᠯᠡ︾ ᠶᠢᠨ ᠦᠯᠢᠭᠡᠷ ᠢ ᠦᠯᠡᠳᠡᠭᠡᠭᠰᠡᠨ ᠶᠤᠮ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠲᠡᠮᠡᠴᠡᠯ ᠳᠤᠮᠳᠠ᠂ ᠪᠢᠳᠡ ᠡᠬᠢᠯᠡᠩᠭᠦᠳᠡ ᠪᠠᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠲᠡᠷᠢᠭᠦᠨ ᠪᠠᠶᠢᠷᠢᠨ ᠳᠤ ᠲᠠᠯᠪᠢᠬᠤ ᠭᠡᠷᠡᠭᠲᠡᠢ ᠭᠡᠵᠦ ᠲᠣᠳᠣᠷᠬᠠᠶ ᠳᠤᠷᠠᠳᠴᠠᠢ᠃ ᠬᠢᠵᠢᠭ ᠤᠨ ᠪᠠᠶᠢᠳᠠᠯ ᠦᠷᠪᠢᠰᠦᠨ ᠳᠡᠯᠭᠡᠷᠡᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠤᠷᠢᠠᠠᠯᠬᠤ ᠶᠢᠨ ᠲᠥᠯᠥᠭᠡ᠂ ᠪᠢᠳᠡ ᠪᠦᠬᠦ ᠤᠯᠤᠰ ᠤᠨ ᠬᠡᠪᠴᠢᠶᠡᠨ ᠠᠴᠠ ᠬᠠᠮᠤᠭ ᠤᠨ ᠰᠢᠯᠢᠳᠡᠭ ᠡᠮᠴᠢ᠂ ᠬᠠᠮᠤᠭ ᠤᠨ ᠲᠡᠷᠢᠭᠦᠨ ᠤ ᠲᠥᠬᠦᠭᠡᠷᠦᠮᠵᠢ᠂ ᠬᠠᠮᠤᠭ ᠤᠨ ᠪᠠᠴᠢᠮ ᠬᠡᠷᠡᠭᠴᠡᠭᠡ ᠲᠠᠢ ᠡᠬᠢ ᠪᠠᠶᠠᠯᠢᠭ ᠢ ᠴᠤᠭᠯᠠᠭᠤᠯᠵᠤ᠂ ᠬᠢᠵᠢᠭ ᠡᠪᠡᠳᠴᠢᠨ ᠢ ᠠᠪᠤᠷᠠᠨ ᠵᠠᠰᠠᠬᠤ ᠳᠤ ᠪᠦᠬᠦ ᠬᠦᠴᠦᠨ ᠢᠶᠠᠷ ᠢᠶᠠᠨ ᠣᠷᠣᠯᠴᠠᠵᠦ᠂ ᠠᠪᠤᠷᠠᠨ ᠵᠠᠰᠠᠬᠤ ᠵᠠᠷᠤᠳᠠᠯ ᠢ ᠪᠦᠬᠦᠨ ᠢ ᠤᠯᠤᠰ ᠠᠴᠠ ᠲᠠᠭᠠᠭᠠᠴᠢᠯᠠᠵᠠᠢ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠬᠥᠭᠵᠢᠯᠲᠡ ᠶᠢ ᠲᠥᠯᠦᠪᠵᠢᠭᠦᠯᠬᠦ ᠳᠤ᠂ ᠬᠥᠭᠵᠢᠭᠦᠯᠬᠦ ᠨᠢ ᠠᠷᠠᠳ ᠲᠦᠮᠡᠨ ᠤ ᠲᠥᠯᠥᠭᠡ ᠪᠠᠶᠢᠬᠤ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠬᠠᠮᠲᠤ ᠪᠠᠷ ᠡᠳ᠋ᠯᠡᠭᠦᠯᠬᠦ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠠᠪᠤᠴᠠ ᠲᠤᠮᠲᠠ ᠡᠯ᠎ᠠ ᠵᠦᠢᠯ ᠤᠨ ᠠᠷᠠᠳ ᠤᠨ ᠠᠮᠢᠳᠤᠷᠠᠯ ᠤᠨ ᠦᠢᠯᠡᠰ ᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠲᠠᠭᠤᠳᠠᠯ ᠢ ᠨᠥᠬᠦᠪᠥᠷᠢᠯᠡᠬᠦ ᠪᠠᠷ ᠴᠢᠷᠮᠠᠶᠢᠬᠤ ᠬᠡᠷᠡᠭᠲᠡᠢ᠃ ᠠᠷᠠᠳ ᠣᠯᠠᠨ ᠤ ᠨᠡᠶᠢᠳᠡᠮ ᠠᠩᠬᠠᠷᠴᠤ ᠬᠠᠯᠠᠮᠵᠢᠯᠠᠵᠦ ᠪᠠᠢᠶ᠋ᠭ᠎ᠠ ᠠᠷᠠᠳ ᠤᠨ ᠠᠮᠢᠳᠤᠷᠠᠯ ᠤᠨ ᠠᠰᠠᠭᠤᠳᠠᠯ ᠳᠤ ᠨᠠᠩ ᠠᠩᠬᠠᠷᠤᠯ ᠢᠶᠠᠨ ᠲᠥᠪᠯᠡᠷᠡᠭᠦᠯᠵᠦ᠂ ᠨᠡᠩ ᠴᠢᠭᠯᠡᠭᠦᠯᠤᠯᠳᠦ ᠴᠢᠨᠠᠷᠲᠠᠶ ᠠᠷᠭ᠎ᠠ ᠬᠡᠮᠵᠢᠶ᠎ᠡ ᠠᠪᠴᠤ ᠂ ᠨᠢᠭᠡ ᠨᠢᠭᠡ ᠵᠦᠯ ᠢᠶᠠᠷ ᠨᠠᠶᠢᠳᠠᠪᠤᠷᠢᠵᠢᠭᠤᠯᠵᠦ᠂ ᠵᠢᠯ ᠵᠢᠯ ᠢᠶᠠᠷ ᠵᠠᠯᠭᠠᠨ ᠬᠢᠵᠦ ᠠᠵᠢᠯᠯᠠᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠩ ᠭᠦᠢᠴᠡᠳ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠬᠦ ᠪᠤᠯᠭᠠᠬᠤ ᠭᠡᠷᠡᠭᠲᠡᠢ᠃    ᠭᠤᠷᠪᠠᠳᠤᠭᠠᠷ ᠲᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠤᠯᠤᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠰᠠᠭᠤᠷᠢ ᠪᠠᠲᠤ ᠪᠢᠰᠢ ᠪᠣᠯ ᠲᠤᠬᠳᠠᠭᠤᠨ ᠪᠠᠶᠢᠵᠦ ᠴᠢᠳᠠᠬᠤ ᠦᠭᠡᠢ ᠶᠤᠮ᠃ ᠭᠠᠭᠴᠠ ᠬᠦ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠦᠴᠦᠷᠬᠡᠭᠵᠢᠭᠦᠯᠵᠦ᠂ ᠦᠨᠳᠦᠰᠦᠨ ᠱᠠᠲᠤᠨ ᠤ ᠵᠠᠰᠠᠭ ᠤᠨ ᠡᠷᠭᠡ ᠶᠢ ᠰᠠᠶᠢᠲᠤᠷ ᠪᠠᠬᠢᠵᠢᠭᠦᠯᠪᠡᠯ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠨᠳᠦᠰᠦ ᠰᠠᠶᠢ ᠪᠠᠳᠤ ᠪᠠᠬᠢ ᠪᠠᠶᠢᠵᠦ ᠴᠢᠳᠠᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠦᠨᠳᠦᠰᠦᠨ ᠱᠠᠲᠤᠨ ᠤ ᠰᠠᠭᠤᠷᠢ ᠠᠵᠢᠯ ᠢ ᠴᠢᠩᠭᠠᠳᠬᠠᠬᠤ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠡ ᠪᠠᠷ ᠨᠡᠩ ᠶᠡᠭᠡ ᠬᠦᠴᠦ ᠣᠷᠣᠭᠤᠯᠬᠤ ᠬᠡᠷᠡᠭᠲᠡᠶ᠃ ᠨᠠᠮ ᠤᠨ ᠬᠥᠳᠡᠭᠡ ᠲᠣᠰᠬᠤᠨ ᠦᠨᠳᠦᠰᠦᠨ ᠱᠠᠲᠤᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠵᠤ᠂ ᠬᠥᠳᠡᠭᠡ ᠲᠣᠰᠬᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠪᠠᠲᠤ ᠴᠢᠩᠭ᠎ᠠ ᠤᠯᠤᠰ ᠲᠦᠷᠦ ᠪᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠢᠨᠡᠴᠢᠯᠡᠵᠦ᠂ ᠰᠢᠨ᠎ᠡ ᠴᠠᠭ ᠦᠶ᠎ᠡ ᠶᠢᠨ ︽ᠹᠧᠩᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠲᠡᠭᠦᠯᠳᠡᠷᠵᠢᠭᠦᠯᠵᠦ᠂ ᠬᠤᠲᠠ ᠬᠥᠳᠡᠭᠡ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠤᠤᠷᠵᠢᠭᠤᠯᠤᠭᠰᠠᠨ ᠬᠠᠮᠢᠶᠠᠷᠤᠯᠲᠠ ᠪᠠ ᠦᠢᠯᠡᠴᠢᠯᠡᠭᠡ ᠶᠢ ᠴᠢᠩᠭᠠᠳᠬᠠᠵᠤ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠣᠯᠠᠨ ᠡᠰᠢᠴᠢᠯᠡᠨ ᠤᠷᠢᠳᠴᠢᠯᠠᠨ ᠰᠡᠷᠭᠡᠶᠢᠯᠡᠵᠦ ᠠᠷᠢᠯᠭᠠᠬᠤ ᠶᠡᠷᠦᠩᠬᠡᠶᠢᠯᠡᠭᠰᠡᠨ ᠲᠣᠭᠲᠠᠴᠠ ᠶᠢ ᠲᠡᠭᠦᠯᠳᠡᠷᠵᠢᠭᠦᠯᠵᠦ᠂ ᠵᠥᠷᠢᠴᠡᠯ ᠢ ᠦᠨᠡᠨ ᠬᠦ ᠦᠨᠳᠦᠰᠦᠨ ᠱᠠᠲᠤᠨ ᠳᠤ ᠠᠷᠢᠯᠭᠠᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠰᠠᠶᠢᠲᠤᠷ ᠬᠠᠮᠠᠭᠠᠯᠠᠬᠤ ᠭᠡᠷᠡᠭᠲᠡᠢ᠃    ᠳᠥᠷᠪᠡᠳᠦᠭᠡᠷ ᠲᠤ᠂ ᠦᠨᠳᠦᠰᠦᠨ ᠱᠠᠲᠤᠨ ᠤ ᠲᠥᠯᠥᠭᠡᠯᠡᠭᠴᠢᠳ ᠳᠠᠭᠠᠭᠤᠯᠬᠤ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠬᠤ ᠬᠡᠷᠡᠭᠲᠡᠶ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠨᠢ ᠲᠡᠭᠦᠰᠭᠡᠯ ᠪᠢᠰᠢ᠂ ᠬᠠᠷᠢᠨ ᠰᠢᠨ᠎ᠠ ᠠᠮᠢᠳᠤᠷᠠᠯ᠂ ᠰᠢᠨ᠎ᠡ ᠲᠡᠮᠡᠴᠡᠯ ᠤᠨ ᠡᠬᠢᠯᠡᠯᠲᠡ ᠪᠤᠯᠬᠤ ᠶᠤᠮ᠃ ᠠᠷᠠᠳ ᠤᠯᠠᠨ ᠤ ᠳᠤᠮᠳᠠ ᠡᠯᠪᠡᠭ ᠪᠠᠶᠠᠯᠢᠭ ᠤᠶᠤᠨ ᠤᠬᠠᠭᠠᠨ ᠪᠠ ᠬᠢᠵᠠᠭᠠᠯᠠᠰᠢ ᠦᠭᠡᠢ ᠪᠦᠲᠦᠭᠡᠯᠴᠢ ᠬᠦᠴᠦᠨ ᠬᠠᠳᠠᠭᠠᠯᠠᠬᠳᠠᠵᠦ ᠪᠠᠶᠢᠭ᠎ᠠ ᠶᠤᠮ᠃ ᠥᠷᠭᠡᠨ ᠣᠯᠠᠨ ᠦᠨᠳᠦᠰᠦᠨ ᠱᠠᠲᠤᠨ ᠤ ᠣᠯᠠᠨ ᠲᠦᠮᠡᠨ ᠢ ᠵᠣᠬᠢᠶᠠᠨ ᠪᠠᠶᠢᠭᠤᠯᠵᠤ᠂ ᠳᠠᠶᠢᠴᠢᠯᠠᠵᠤ᠂ ᠨᠢᠭᠲᠠᠷᠠᠭᠤᠯᠤᠨ᠂ ᠠᠷᠠᠳ ᠣᠯᠠᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠳᠠᠪᠤᠷᠢ ᠶᠢ ᠭᠦᠢᠴᠡᠳ ᠬᠥᠭᠵᠢᠭᠡᠬᠦ ᠬᠡᠷᠡᠭᠲᠡᠶ᠃ ᠨᠠᠮ ᠤᠨ ᠭᠡᠰᠢᠭᠦᠨ᠂ ᠺᠠᠳ᠋ᠷ ᠬᠤᠰᠢᠭᠤᠴᠢ ᠵᠢᠱᠢᠶᠡᠴᠢ ᠦᠶ᠋ᠯᠡᠳᠦᠯ ᠢᠶᠠᠨ ᠬᠦᠢᠴᠡᠳ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠣᠯᠠᠨ ᠲᠦᠮᠡᠨ ᠲᠠᠢ ᠨᠠᠩ ᠨᠢᠭᠲᠠ ᠬᠠᠷᠢᠯᠴᠠᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠦᠪᠡᠷ ᠤᠨ ᠪᠠᠶᠢᠭ᠎ᠠ ᠡᠲᠡᠭᠡᠳ ᠢᠯᠭᠠᠯ ᠤᠨ ᠣᠯᠠᠨ ᠲᠦᠮᠡᠨ ᠲᠠᠢ ᠨᠡᠩ ᠰᠠᠶᠢᠳᠤᠷ ᠬᠠᠷᠢᠯᠴᠠᠨ ᠲᠡᠲᠡᠡ ᠳᠤ ᠦᠢᠯᠡᠴᠢᠯᠡᠬᠦ ᠬᠡᠷᠡᠭᠲᠡᠶ᠃ ᠬᠦᠲᠡᠭᠡ ᠲᠤᠰᠬᠤᠨ ᠤ ᠪᠠᠶᠠᠵᠢᠯ ᠴᠢᠨᠡᠭᠡᠯᠢᠭᠵᠢᠯ ᠤᠨ ᠲᠠᠭᠠᠭᠤᠯᠤᠭᠴᠢ ᠤᠷᠢᠳ ᠢᠶᠠᠷ ᠪᠠᠶᠠᠵᠢᠭᠰᠠᠨ ᠨᠢ ᠰᠡᠭᠦᠯᠡᠷ ᠪᠠᠶᠠᠵᠢᠭᠰᠠᠳ ᠢᠶᠠᠨ ᠬᠠᠪᠰᠤᠷᠬᠤ ᠦᠢᠯᠡᠲᠦᠯ ᠢᠶᠠᠨ ᠨᠡᠩ ᠢᠲᠡᠪᠬᠢᠲᠠᠢ ᠪᠠᠲᠠᠷᠠᠭᠤᠯᠵᠦ᠂ ᠥᠷᠭᠡᠨ ᠣᠯᠠᠨ ᠦᠨᠳᠦᠰᠦᠨ ᠱᠠᠲᠤᠨ ᠤ ᠣᠯᠠᠨ ᠲᠦᠮᠡᠨ ᠲᠠᠢ ᠨᠢᠬᠳᠠᠷᠠᠨ ᠪᠦᠯᠬᠦᠮᠳᠡᠵᠦ ᠨᠡᠩ ᠰᠠᠶᠢᠨ ᠰᠠᠶᠢᠬᠠᠨ ᠰᠢᠨ᠎ᠡ ᠠᠮᠢᠳᠤᠷᠠᠯ ᠢ ᠴᠣᠭᠴᠠᠯᠠᠬᠤ ᠶᠢᠨ ᠲᠥᠯᠥᠭᠡ ᠴᠢᠷᠮᠠᠶᠢᠨ ᠲᠡᠮᠡᠴᠡᠬᠦ ᠬᠡᠷᠡᠭᠲᠡᠢ᠃    ᠡᠴᠦᠰ ᠲᠤ᠂ ᠮᠢᠨᠦ ᠴᠢᠬᠤᠯᠠᠴᠢᠯᠠᠬᠤ ᠵᠦᠢᠯ ᠭᠡᠪᠡᠯ᠂ ᠨᠡᠶᠢᠭᠡᠮ ᠵᠢᠷᠤᠮᠲᠤ ᠳᠤᠮᠳᠠᠳᠤ ᠤᠯᠤᠰ ᠡᠨᠡ ᠡᠳᠦᠷ ᠤᠨ ᠡᠶᠢᠮᠦ ᠬᠡᠮᠵᠢᠶᠡᠨ ᠳᠤ ᠬᠦᠷᠳᠡᠯ᠎ᠡ ᠬᠦᠭᠵᠢᠵᠦ ᠢᠷᠡᠬᠦ ᠳᠤ᠂ ᠣᠯᠤᠭᠰᠠᠨ ᠠᠮᠵᠢᠯᠲᠠ ᠲᠩᠷᠢ ᠠᠴᠠ ᠤᠨᠠᠵᠤ ᠢᠷᠡᠭᠰᠡᠨ ᠪᠢᠰᠢ ᠶᠤᠮ᠂ ᠨᠠᠩ ᠴᠤ ᠪᠤᠰᠤᠳ ᠬᠦᠮᠦᠨ ᠰᠣᠶᠣᠷᠬᠠᠵᠦ ᠬᠠᠶᠢᠷᠠᠯᠠᠬᠰᠠᠨ ᠪᠢᠰᠢ ᠶᠤᠮ᠃ ᠬᠠᠷᠢᠨ ᠥᠷᠭᠡᠨ ᠤᠯᠠᠨ ᠲᠦᠮᠡᠨ ᠤ ᠨᠠᠮ ᠤᠨ ᠤᠳᠤᠷᠢᠳᠤᠯᠭ᠎ᠠ ᠳᠣᠤᠷ᠎ᠠ ᠠᠵᠢᠯᠴᠢ ᠬᠥᠳᠡᠯᠮᠦᠷᠢ᠂ ᠤᠶᠤᠨ ᠤᠬᠠᠭᠠᠨ᠂ ᠡᠷᠴᠢ ᠵᠣᠷᠢᠭ ᠢᠶᠠᠷ ᠢᠶᠠᠨ ᠠᠵᠢᠯᠯᠠᠵᠤ ᠪᠠᠶᠢᠭᠠᠳ ᠣᠯᠵᠦ ᠢᠷᠡᠭᠰᠡᠨ ᠶᠤᠮ︕ ᠮᠠᠨ ᠤ 14 ᠳ᠋ᠦᠩᠰᠢᠭᠤᠷ ᠬᠥᠮᠦᠨ ᠠᠮᠠ ᠲᠠᠢ ᠡᠶᠢᠮᠦ ᠨᠢᠭᠡ ᠤᠯᠤᠰ ᠲᠤ᠂ ᠬᠥᠮᠦᠨ ᠪᠦᠷᠢ ᠨᠢᠭᠡ ᠬᠤᠪᠢ ᠬᠦᠴᠦ ᠭᠠᠷᠭᠠᠪᠠᠯ ᠠᠭᠤᠯᠠ ᠶᠢ ᠨᠤᠷᠠᠭᠠᠵᠤ ᠤᠰᠤ ᠶᠢ ᠨᠡᠭᠦᠯᠭᠡᠬᠦ ᠰᠦᠷ ᠬᠦᠴᠦᠨ ᠢ ᠪᠦᠷᠢᠯᠳᠦᠭᠦᠯᠵᠦ᠂ ᠬᠥᠮᠦᠨ ᠪᠦᠷᠢ ᠨᠢᠭᠡ ᠠᠵᠢᠯ ᠢ ᠪᠦᠳᠦᠭᠡᠵᠦ᠂ ᠨᠢᠭᠡ ᠠᠵᠢᠯ ᠢ ᠰᠠᠶᠢᠨ ᠬᠢᠪᠠᠯ᠂ ᠨᠠᠮ ᠪᠠ ᠤᠯᠤᠰ ᠤᠨ ᠠᠵᠢᠯ ᠦᠢᠯᠡᠰ ᠢ ᠤᠷᠤᠬᠰᠢ ᠨᠢᠭᠡ ᠠᠯᠬᠤᠮ ᠠᠬᠢᠭᠤᠯᠬᠤ ᠪᠤᠯᠤᠨ᠎ᠠ ᠃ ᠣᠯᠠᠨ ᠢᠶᠠᠷ ᠢᠶᠠᠨ ᠦᠨᠳᠦᠰᠦᠨ ᠱᠠᠲᠤ ᠪᠣᠯᠤᠨ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠠᠴᠠ ᠢᠷᠡᠵᠦ᠂ ᠡᠯ᠎ᠡ ᠠᠵᠢᠯ ᠲᠦᠷᠦᠯ ᠢ ᠲᠦᠯᠦᠭᠡᠯᠡᠵᠦ ᠪᠠᠶᠢᠨ᠎ᠠ᠂ ᠬᠦᠰᠡᠯᠡᠩ ᠢᠳᠡᠭᠡᠯ ᠪᠢᠰᠢᠷᠡᠯ ᠢᠶᠠᠨ ᠪᠠᠳᠤᠳᠬᠠᠵᠦ᠂ ᠰᠤᠷᠤᠯᠴᠠᠨ ᠳᠡᠭᠡᠭᠰᠢᠯᠡᠭᠦ ᠶᠢ ᠴᠢᠬᠤᠯᠠᠴᠢᠯᠠᠵᠦ᠂ ᠰᠢᠷᠭᠠᠭᠤ ᠬᠠᠲᠠᠭᠤᠵᠢᠯᠲᠠᠶ ᠲᠡᠮᠡᠴᠡᠬᠦ ᠪᠠᠷ ᠵᠣᠷᠢᠭ ᠰᠢᠭᠤᠳᠴᠤ᠂ ᠵᠢᠵᠢᠭ ᠰᠠᠵᠢᠬ ᠵᠦᠢᠯᠡᠰ ᠠᠴᠠ ᠡᠬᠢᠯᠡᠨ ᠬᠢᠵᠦ᠂ ᠪᠠᠭ᠎ᠠ ᠶᠠᠪᠤᠳᠠᠯ ᠢ ᠶᠡᠭᠡ ᠶᠠᠪᠤᠳᠠᠯ ᠪᠣᠯᠭᠠᠨ ᠬᠢᠵᠦ᠂ ᠬᠢᠵᠦ ᠪᠠᠶᠢᠭ᠎ᠠ ᠤᠴᠢᠷ ᠶᠠᠪᠤᠳᠠᠯ ᠢᠶᠠᠨ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠵᠢᠯᠴᠢ ᠬᠤᠶᠠᠷ ᠭᠠᠷ ᠢᠶᠠᠷ ᠢᠶᠠᠨ ᠥᠪᠡᠷ ᠤᠨ ᠭᠤᠶᠢᠲᠠ ᠰᠠᠶᠢᠬᠠᠠ ᠠᠮᠢᠳᠤᠷᠠᠯ ᠢᠶᠠᠨ ᠴᠤᠭᠴᠠᠯᠠᠵᠦ᠂ ᠮᠠᠨ ᠤ ᠵᠣᠯ ᠵᠢᠷᠭᠠᠯᠲᠤ ᠠᠮᠢᠳᠤᠷᠠᠯ ᠪᠣᠯᠤᠨ ᠰᠠᠶᠢᠨ ᠰᠠᠶᠢᠬᠠᠨ ᠢᠷᠡᠭᠡᠳᠦᠢ ᠪᠠᠨ ᠬᠠᠮᠲᠤ ᠪᠠᠷ ᠴᠣᠭᠴᠠᠯᠠᠬᠤ ᠭᠡᠷᠡᠭᠲᠡᠢ᠃    ︵ᠰᠢᠨᠬᠤᠸᠠ ᠬᠤᠷᠢᠶᠠᠨ ᠤ ᠴᠠᠩᠱᠠ ᠶᠢᠨ 9 ᠰᠠᠷ᠎ᠠ ᠶᠢᠨ 19 ᠤ ᠴᠠᠬᠢᠯᠭᠠᠨ ᠮᠡᠳᠡᠭᠡ ︶
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号