ᠰᠢ ᠶᠢᠨ ᠫᠢᠩ᠄ ᠦᠵᠦ ᠲᠦᠯᠦᠪᠯᠡᠭᠡ ᠶᠢ ᠴᠢᠩᠭᠠᠳᠬᠠᠬᠤ ᠪᠠ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠬᠤ ᠶᠢ ᠨᠢᠭᠡᠳᠭᠡᠵᠦ ︽ᠠᠷᠪᠡᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠬᠤ ᠠᠵᠢᠯ ᠢ ᠠᠷᠠᠳ ᠲᠦᠮᠡᠨ ᠤ ᠬᠦᠰᠡᠯ ᠪᠤᠳᠤᠯ ᠳᠤ ᠨᠡᠶᠢᠴᠡᠬᠦᠯᠬᠦ ᠶᠢ ᠠᠬᠢᠭᠤᠯᠬᠤ ᠭᠡᠷᠡᠭᠲᠡᠢ
ᠨᠡᠶᠢᠲᠡᠯᠡᠭᠰᠡᠨ ᠴᠠᠭ᠄
2020/9/22
   ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ 9 ᠰᠠᠷ᠎ᠠ ᠶᠢᠨ 17 ᠤ ᠦᠳᠡ ᠶᠢᠨ ᠡᠮᠦᠨ᠎ᠠ ᠬᠤᠨᠠᠨ ᠮᠤᠵᠢ ᠶᠢᠨ ᠴᠠᠩᠱᠠ ᠳᠤ ᠦᠨᠳᠦᠰᠦᠨ ᠱᠠᠳᠤᠨ ᠤ ᠲᠦᠯᠦᠭᠡᠯᠡᠭᠴᠢᠳ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠶᠢᠨ ᠬᠠᠮᠳᠦ ᠴᠢᠬᠤᠯᠠ ᠶᠠᠷᠢᠶ᠎ᠠ ᠲᠠᠯᠪᠢᠵᠦ᠂ ᠦᠨᠳᠦᠰᠦᠨ ᠱᠠᠳᠤᠨ ᠤ ᠺᠠᠳ᠋ᠷ ᠤᠯᠠᠨ ᠲᠦᠮᠡᠨ ᠤ ᠲᠦᠯᠦᠭᠡᠯᠡᠭᠴᠢᠳ ᠤᠨ ︽ᠠᠷᠪᠡᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠬᠤ ᠲᠤᠬᠠᠢ ᠰᠠᠨᠠᠯ ᠰᠠᠨᠠᠭᠤᠯᠭ᠎ᠠ ᠶᠢ ᠰᠤᠨᠤᠰᠪᠠ᠃ ᠲᠡᠷᠡ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠤᠯ ᠮᠠᠨ ᠤ ᠲᠡᠮᠡᠴᠡᠬᠦ ᠬᠠᠷᠠᠯᠳᠠ ᠮᠦᠨ᠃ ᠲᠠᠪᠤᠨ ᠵᠢᠯ ᠤᠨ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠬᠤ ᠨᠢ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠡᠯ᠎ᠡ ᠲᠠᠯ᠎ᠠ ᠳᠤ ᠬᠤᠯᠪᠤᠭᠳᠠᠵᠦ᠂ ᠠᠷᠠᠳ ᠤᠯᠠᠨ ᠤ ᠦᠢᠯᠡᠳᠪᠤᠷᠢᠯᠡᠯ ᠠᠮᠢᠳᠤᠷᠠᠯ ᠲᠠᠢ ᠨᠢᠬᠳᠠ ᠬᠤᠯᠪᠤᠭᠳᠠᠨ᠎ᠠ᠂ ᠦᠵᠦ ᠲᠦᠯᠦᠪᠯᠡᠭᠡ ᠶᠢ ᠴᠢᠩᠭᠠᠳᠬᠠᠬᠤ ᠪᠠ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠬᠤ ᠶᠢ ᠨᠢᠭᠡᠳᠭᠡᠵᠦ᠂ ᠦᠷᠭᠡᠨ ᠤᠯᠠᠨ ᠲᠦᠮᠡᠨ ᠪᠤᠯᠤᠨ ᠨᠡᠶᠢᠭᠡᠮ ᠤᠨ ᠡᠯ᠎ᠠ ᠡᠳᠡᠭᠡᠳ ᠤᠨ ᠬᠢᠨ ᠡᠯ᠎ᠠ ᠵᠦᠢᠯ ᠤᠨ ᠠᠷᠭ᠎ᠠ ᠭᠡᠯᠪᠡᠷᠢ ᠪᠠᠷ ᠠᠷᠭ᠎ᠠ ᠤᠬᠠᠭᠠᠨ ᠭᠠᠷᠭᠠᠬᠤ ᠶᠢ ᠵᠤᠷᠢᠬᠵᠢᠭᠤᠯᠤᠨ᠂ ︽ᠠᠷᠪᠡᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠬᠤ ᠠᠵᠢᠯ ᠨᠢ ᠠᠷᠠᠳ ᠲᠦᠮᠡᠨ ᠤ ᠬᠦᠰᠡᠯ ᠳᠤ ᠨᠡᠶᠢᠴᠡᠵᠦ᠂ ᠠᠷᠠᠳ ᠲᠦᠮᠡᠨ ᠤ ᠪᠤᠳᠤᠯ ᠳᠤ ᠨᠡᠶᠢᠴᠡᠬᠦ ᠶᠢ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃  
   ᠰᠢ ᠶᠢᠨ ᠫᠢᠩ ᠬᠤᠨᠠᠨ ᠳᠤ ᠪᠠᠶᠢᠴᠠᠭᠠᠨ ᠰᠤᠳᠤᠯᠬᠤ ᠬᠤᠭᠤᠴᠠᠭᠠᠨ ᠳᠠᠭᠠᠨ ᠲᠤᠰ ᠤᠳᠠᠭᠠᠨ ᠤ ᠶᠠᠷᠢᠯᠴᠠᠬᠤ ᠬᠤᠷᠠᠯ ᠢ ᠬᠤᠷᠠᠯᠳᠤᠭᠤᠯᠵᠠᠢ᠃ ᠶᠠᠷᠢᠯᠴᠠᠬᠤ ᠬᠤᠷᠠᠯ ᠳᠡᠭᠡᠷ᠎ᠠ᠂ ᠾᠧᠩᠶᠠᠩ ᠬᠤᠳᠠ ᠶᠢᠨ ᠴᠠᠩᠨᠢᠩ ᠬᠤᠳᠠ ᠶᠢᠨ ᠲᠠᠱᠠᠨ ᠤ ᠶᠤᠤ ᠦᠨᠳᠦᠰᠦᠳᠡᠨ ᠤ ᠰᠢᠶᠠᠩ ᠤᠨ ᠭᠤᠤᠯ ᠪᠠᠭ᠎ᠠ ᠰᠤᠷᠭᠠᠭᠤᠯᠢ ᠶᠢᠨ ᠳᠡᠳ᠋ ᠵᠠᠬᠢᠷᠤᠯ ᠫᠠᠨ ᠵᠢᠦ ᠷᠧᠨ᠂ ᠱᠤᠤᠶᠠᠩ ᠬᠤᠳᠠ ᠶᠢᠨ ᠯᠦᠩᠬᠤᠢ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠶᠦᠩ ᠬᠤᠩ᠂ ᠴᠠᠩᠱᠠ ᠬᠤᠳᠠ ᠶᠢᠨ ᠸᠠᠩᠴᠧᠩ ᠲᠤᠭᠤᠷᠢᠭ ᠤᠨ ᠭᠤᠸᠠᠩᠶᠤᠸᠠᠨ ᠲᠠᠷᠢᠮᠠᠯ ᠤᠨ ᠲᠤᠰᠬᠠᠢ ᠬᠤᠷᠰᠢᠶᠠᠨ ᠤ ᠭᠡᠷᠡᠭ ᠮᠡᠳᠡᠭᠴᠢᠳ ᠤᠨ ᠳᠠᠷᠤᠭ᠎ᠠ ᠰᠢᠶᠤᠤ ᠳ᠋ᠢᠩ᠂ ᠳᠤᠮᠳᠠᠳᠤ ᠤᠯᠤᠰ ᠤᠨ ᠪᠠᠷᠢᠯᠭ᠎ᠠ ᠶᠢᠨ ᠲᠠᠪᠤᠳᠤᠭᠠᠷ ᠲᠤᠪᠴᠢᠶᠠᠨ ᠤ ᠶᠡᠷᠦᠩᠭᠡᠶᠢᠯᠡᠨ ᠳᠠᠭᠠᠭᠠᠴᠢᠯᠠᠬᠤ ᠺᠤᠮᠫᠠᠨᠢ ᠶᠢᠨ ᠶᠠᠰᠤ ᠴᠢᠨᠠᠷ ᠤᠨ ᠬᠠᠮᠢᠶᠠᠷᠤᠬᠴᠢ ᠽᠸᠦ ᠪᠢᠨ᠂ ᠴᠠᠩᠳᠧ ᠬᠤᠳᠠ ᠶᠢᠨ ᠲᠤᠤᠶᠤᠸᠠᠨ ᠰᠢᠶᠠᠨ ᠤ ᠬᠤᠪᠢ ᠶᠢᠨ ᠵᠦᠭᠡᠭᠡᠪᠦᠷᠢ ᠶᠢᠨ ᠮᠠᠰᠢᠨ ᠤ ᠵᠢᠯᠤᠭᠤᠴᠢ ᠯᠦᠩ ᠪᠢᠩ᠂ ᠬᠤᠨᠠᠨ ᠤ ᠷᠦᠢ ᠲᠦ᠋ ᠤᠶᠤᠨᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠳᠦ ᠺᠤᠮᠫᠠᠨᠢ ᠶᠢᠨ ᠶᠡᠷᠦᠩᠭᠡᠢ ᠳᠠᠭᠠᠭᠠᠮᠠᠯ ᠵᠸᠦ ᠪᠦᠸᠧ ᠸᠧᠨ᠂ ᠰᠢᠶᠠᠩᠰᠢ ᠵᠸᠦ ᠶᠢᠨ ᠹᠧᠩᠬᠤᠸᠠᠩ ᠰᠢᠶᠠᠨ ᠤ ᠯᠢᠶᠤᠤᠵᠢᠶᠠᠴᠢᠶᠤᠤ ᠪᠠᠯᠭᠠᠰᠤ ᠶᠢᠨ ᠴᠠᠩᠫᠦ᠋ᠲ᠋ᠠᠩ ᠲᠤᠰᠬᠤᠨ ᠤ ᠨᠠᠮ ᠤᠨ ᠬᠤᠷᠢᠶᠠᠨ ᠤ ᠱᠦᠵᠢ᠂ ᠲᠤᠰᠬᠤᠨ ᠤ ᠠᠷᠠᠳ ᠤᠨ ᠵᠦᠪᠯᠡᠯ ᠤᠨ ᠡᠷᠬᠢᠯᠡᠭᠴᠢ ᠵᠸᠦ ᠽᠦ ᠬᠤᠢ ᠂ ᠬᠤᠨᠠᠨ ᠤ ᠴᠢ ᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠳᠦ ᠺᠤᠮᠫᠠᠨᠢ ᠶᠢᠨ ᠭᠡᠷᠡᠭ ᠮᠡᠳᠡᠭᠴᠢᠳ ᠤᠨ ᠳᠠᠷᠤᠭ᠎ᠠ ᠶᠠᠩ ᠱᠦ ᠲᠢᠩ᠂ ᠴᠠᠩᠱᠠ ᠬᠤᠳᠠ ᠶᠢᠨ ᠶᠤᠸᠠᠢ ᠯᠦ ᠲᠤᠭᠤᠷᠢᠭ ᠤᠨ ᠰᠢᠶᠠᠨᠵᠢᠶᠠ ᠬᠤ᠋ ᠨᠠᠭᠤᠷ ᠤᠨ ᠷᠦᠨᠽᠧ ᠶᠤᠸᠠᠨ ᠤ ᠵᠢᠶᠠᠩ ᠬᠠᠨ ᠶᠦᠨ ᠶᠦᠨ ᠬᠤᠭᠤᠯᠠᠨ ᠭᠡᠷ ᠤᠨ ᠡᠵᠡᠨ ᠯᠢᠦ ᠴᠢᠤᠸᠠᠨ᠂ ᠬᠤᠨᠠᠨ ᠤ ᠵᠦᠩ ᠴᠦ᠋ ᠬᠠᠤᠯᠢᠴᠢ ᠶᠢᠨ ᠠᠵᠢᠯ ᠤᠨ ᠭᠠᠵᠠᠷ ᠤᠨ ᠲᠤᠬᠠᠢᠢᠯᠠᠬᠰᠠᠨ ᠠᠵᠢᠯ ᠤᠨ ᠬᠠᠤᠯᠢᠴᠢ ᠶᠢᠨ ᠬᠤᠤ ᠮᠢᠩ ᠵᠡᠷᠭᠡ ᠦᠨᠳᠦᠰᠦᠨ ᠱᠠᠳᠤᠨ ᠤ 10 ᠲᠦᠯᠦᠭᠡᠯᠡᠭᠴᠢ ᠤᠷᠢᠳ ᠬᠤᠵᠢᠳ ᠦᠭᠡ ᠭᠡᠯᠡᠵᠦ᠂ ᠬᠦᠳᠡᠭᠡ ᠲᠤᠰᠬᠤᠨ ᠤ ᠰᠤᠷᠭᠠᠨ ᠬᠦᠮᠦᠵᠢᠯ ᠤᠨ ᠦᠢᠯᠡᠰ ᠢ ᠰᠠᠶᠢᠳᠤᠷ ᠡᠷᠬᠢᠯᠡᠬᠦ᠂ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠡᠷᠴᠢᠮ ᠢᠶᠠᠨ ᠴᠢᠩᠭᠠᠷᠠᠭᠤᠯᠬᠤ᠂ ᠪᠠᠭ᠎ᠠ ᠵᠢᠵᠢᠭ ᠠᠵᠤ ᠠᠬᠤᠢᠢᠯᠠᠯ ᠤᠨ ᠬᠦᠭᠵᠢᠯᠳᠠ ᠶᠢ ᠳᠡᠮᠵᠢᠬᠦ᠂ ᠬᠦᠳᠡᠭᠡ ᠲᠤᠰᠬᠤᠨ ᠢ ᠬᠦᠭᠵᠢᠬᠦᠯᠬᠦ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠬᠦ ᠵᠡᠷᠭᠡ ᠲᠤᠬᠠᠢ ᠰᠠᠨᠠᠯ ᠰᠠᠨᠠᠭᠤᠯᠭ᠎ᠠ ᠪᠠᠨ ᠲᠤᠷᠠᠳᠴᠠᠢ᠃ ᠰᠢ ᠶᠢᠨ ᠫᠢᠩ ᠨᠢᠭᠡᠳ ᠨᠢᠭᠡ ᠪᠠᠷ ᠦᠨᠡᠯᠡᠨ ᠬᠠᠷᠢᠭᠤ ᠦᠭᠴᠦ᠂ ᠤᠯᠠᠨ ᠲᠠᠢ ᠰᠠᠨᠠᠯ ᠢᠶᠠᠨ ᠬᠦᠨᠵᠡᠭᠡᠢ ᠰᠤᠯᠢᠯᠴᠠᠨ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠮᠠᠰᠢ ᠬᠦᠭᠵᠢᠶᠡᠨᠳᠠᠢ ᠪᠠᠶᠢᠯ᠎ᠠ᠃    ᠤᠯᠠᠨ ᠤ ᠬᠡᠯᠡᠬᠦ ᠶᠢ ᠨᠠᠷᠢᠨ ᠬᠢᠨᠠᠮᠠᠭᠠᠢ ᠰᠤᠨᠤᠰᠤᠭᠰᠠᠨ ᠤ ᠳᠠᠷᠠᠭ᠎ᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠡᠨᠡ ᠡᠳᠦᠷ ᠤᠨ ᠬᠤᠷᠠᠯ ᠳᠤ ᠤᠷᠤᠯᠴᠠᠭᠰᠠᠨ ᠦᠨᠳᠦᠰᠦᠨ ᠱᠠᠳᠤᠨ ᠤ ᠺᠠᠳ᠋ᠷ ᠤᠯᠠᠨ ᠲᠦᠮᠡᠨ ᠤ ᠲᠦᠯᠦᠭᠡᠯᠡᠭᠴᠢ ᠳᠤ᠂ ᠬᠦᠳᠡᠭᠡ ᠲᠤᠰᠬᠤᠨ᠂ ᠨᠡᠶᠢᠭᠡᠮ ᠲᠤᠭᠤᠷᠢᠭ᠂ ᠠᠵᠤ ᠠᠬᠤᠢᠢᠯᠠᠯ ᠵᠡᠷᠭᠡ ᠲᠠᠯ᠎ᠠ ᠶᠢᠨ ᠬᠦᠮᠦᠰ ᠪᠤᠢ᠂ ᠪᠠᠰᠠ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠡᠷᠡᠬᠦᠯ ᠬᠠᠮᠠᠭᠠᠯᠠᠯ᠂ ᠤᠯᠤᠰ ᠲᠦᠷᠦ ᠬᠠᠤᠯᠢ ᠴᠠᠭᠠᠵᠠ ᠵᠡᠷᠭᠡ ᠹᠷᠤᠨᠲ ᠤᠨ ᠬᠦᠮᠦᠰ ᠴᠦ ᠪᠤᠢ︔ ᠡᠯ᠎ᠠ ᠱᠠᠳᠤᠨ ᠤ ᠨᠠᠮ ᠤᠨ ᠲᠦᠯᠦᠭᠡᠯᠡᠭᠴᠢᠳ ᠤᠨ ᠬᠤᠷᠠᠯ ᠤᠨ ᠲᠦᠯᠦᠭᠡᠯᠡᠭᠴᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ ᠤᠯᠤᠰ ᠲᠦᠷᠦ ᠶᠢᠨ ᠵᠦᠪᠯᠡᠯᠭᠡᠨ ᠤ ᠭᠡᠰᠢᠬᠦᠨ᠂ ᠬᠦᠳᠡᠯᠮᠦᠷᠢ ᠶᠢᠨ ᠵᠢᠱᠢᠶᠡᠴᠢ᠂ ᠶᠠᠳᠠᠭᠤ ᠶᠢ ᠳᠡᠳᠬᠦᠬᠦ ᠺᠠᠳ᠋ᠷ ᠪᠠᠶᠢᠨ᠎ᠠ᠂ ᠪᠠᠰᠠ ᠰᠢᠨ᠎ᠠ ᠨᠡᠶᠢᠭᠡᠮ ᠤᠨ ᠠᠩᠬᠢ ᠳᠠᠪᠬᠤᠷᠭ᠎ᠠ ᠶᠢᠨ ᠬᠦᠮᠦᠰ᠂ ᠬᠦᠯᠦᠰᠦᠨ ᠲᠠᠷᠢᠶᠠᠴᠢᠨ᠂ ᠲᠦᠷᠭᠡᠨ ᠬᠦᠷᠭᠡᠭᠴᠢ᠂ ᠰᠦᠯᠵᠢᠶᠡᠨ ᠤ ᠳᠡᠯᠭᠡᠬᠦᠷ ᠤᠨ ᠡᠵᠡᠨ ᠴᠦ ᠪᠤᠢ᠃ ᠤᠯᠠᠨ ᠢᠶᠠᠷ ᠢᠶᠠᠨ ᠴᠦᠮ ᠦᠭᠡᠷᠡᠴᠢᠯᠡᠯᠳᠠ ᠬᠦᠭᠵᠢᠯᠳᠠ ᠪᠠ ᠦᠢᠯᠡᠳᠪᠦᠷᠢᠯᠡᠯ ᠤᠨ ᠨᠢᠭᠡᠳᠦᠭᠡᠷ ᠹᠷᠤᠨᠲ ᠲᠤ ᠠᠵᠢᠯᠯᠠᠵᠦ᠂ ᠠᠵᠤ ᠠᠬᠤᠢ ᠨᠡᠶᠢᠭᠡᠮ ᠤᠨ ᠠᠮᠢᠳᠤᠷᠠᠯ ᠳᠤ ᠰᠢᠭᠤᠳ ᠤᠷᠤᠯᠴᠠᠵᠦ᠂ ᠤᠯᠠᠨ ᠲᠦᠮᠡᠨ ᠲᠠᠢ ᠪᠠᠶᠢᠩᠭᠤ ᠬᠠᠷᠢᠯᠴᠠᠨ᠂ ᠨᠠᠮ ᠤᠨ ᠱᠤᠭᠤᠮ ᠴᠢᠭᠯᠡᠯᠳᠠ ᠲᠦᠷᠦ ᠶᠢᠨ ᠪᠤᠳᠤᠯᠭ᠎ᠠ ᠶᠢ ᠪᠤᠳᠠᠳᠠᠢ ᠨᠠᠶᠢᠳᠠᠪᠤᠷᠢᠵᠢᠭᠤᠯᠬᠤ ᠳᠤ ᠬᠠᠮᠤᠭ ᠤᠨ ᠦᠨᠡᠨ ᠪᠤᠳᠠᠳᠠᠢ ᠦᠷ᠎ᠠ ᠪᠦᠳᠦᠮᠵᠢ ᠶᠢᠨ ᠲᠦᠷᠦᠭᠳᠡᠯ ᠲᠠᠢ ᠪᠠᠶᠢᠳᠠᠭ ᠠᠴᠠ ᠲᠤᠷᠠᠳᠤᠭᠰᠠᠨ ᠰᠠᠨᠠᠯ ᠰᠠᠨᠠᠭᠤᠯᠭ᠎ᠠ ᠨᠢ ᠦᠨᠳᠦᠰᠦᠨ ᠱᠠᠳᠤᠨ ᠤ ᠪᠤᠳᠠᠳᠠᠢ ᠪᠠᠶᠢᠳᠠᠯ ᠳᠤ ᠨᠡᠩ ᠤᠢᠢᠷᠠᠳᠴᠦ᠂ ᠤᠯᠠᠨ ᠲᠦᠮᠡᠨ ᠤ ᠪᠤᠳᠤᠯ ᠰᠡᠨᠠᠭ᠎ᠠ ᠶᠢ ᠲᠤᠰᠬᠠᠵᠦ ᠪᠠᠶᠢᠨ᠎ᠠ ᠃ ᠤᠯᠠᠨ ᠤ ᠳᠤᠷᠠᠳᠤᠭᠰᠠᠨ ᠰᠠᠨᠠᠯ ᠰᠠᠨᠠᠭᠤᠯᠭ᠎ᠠ ᠶᠢ ᠬᠤᠯᠪᠤᠭᠳᠠᠯ ᠪᠦᠬᠦᠢ ᠲᠠᠯ᠎ᠠ ᠶᠢᠨ ᠬᠢᠨ ᠨᠠᠷᠢᠨ ᠬᠢᠨᠠᠮᠠᠭᠠᠢ ᠰᠤᠳᠤᠯᠤᠨ᠂ ᠬᠦᠢᠴᠡᠳ ᠰᠢᠩᠭᠡᠭᠡᠨ ᠠᠪᠤᠨ᠎ᠠ ᠭᠡᠵᠦ ᠢᠯᠡᠳᠭᠡᠪᠡ᠃    ᠰᠢ ᠶᠢᠨ ᠫᠢᠩ᠂ ᠲᠦᠷᠦᠭᠦᠬᠡᠨ᠂ ᠪᠢᠳᠡ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠲᠤᠬᠠᠶ ᠰᠦᠯᠵᠢᠶᠡᠨ ᠳᠡᠭᠡᠷ᠎ᠠ ᠰᠠᠨᠠᠯ ᠬᠤᠷᠢᠶᠠᠬᠤ ᠠᠵᠢᠯᠯᠠᠭ᠎ᠠ ᠶᠢ ᠥᠷᠨᠢᠭᠦᠯᠪᠡ᠂ ᠥᠷᠭᠡᠨ ᠤᠯᠠᠨ ᠺᠠᠳ᠋ᠷ ᠤᠯᠠᠨ ᠲᠦᠮᠡᠨ ᠤ ᠠᠩᠬᠠᠷᠤᠯ ᠤᠨ ᠬᠡᠮᠵᠢᠶ᠎ᠡ᠂ ᠣᠷᠣᠯᠴᠠᠭᠰᠠᠨ ᠬᠡᠮᠵᠢᠶ᠎ᠡ ᠴᠥᠮ ᠮᠠᠰᠢ ᠥᠨᠳᠥᠷ ᠪᠠᠶᠢᠨ᠎ᠠ᠂ ᠮᠠᠰᠢ ᠣᠯᠠᠨ ᠰᠠᠨᠠᠯ ᠰᠠᠨᠠᠭᠤᠯᠭ᠎ᠠ ᠳᠤᠷᠠᠳᠴᠠᠶ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠨᠠᠭᠤᠯᠭ᠎ᠠ ᠳᠤ ᠡᠳᠡᠭᠡᠷ ᠠᠰᠠᠭᠤᠳᠠᠯ ᠤᠨ ᠲᠤᠬᠠᠢ ᠢᠳᠡᠪᠬᠢᠲᠡᠶ ᠬᠠᠷᠢᠭᠤᠯᠲᠠ ᠥᠭᠬᠦ ᠬᠡᠷᠡᠭᠲᠡᠶ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠮᠠᠨ ᠤ ᠤᠯᠤᠰ ᠤᠨ ᠬᠥᠭᠵᠢᠯᠲᠡ ᠮᠥᠨ ᠬᠦ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠤᠨ ᠬᠤᠭᠤᠴᠠᠭᠠᠨ ᠳᠤ ᠣᠷᠣᠰᠢᠬᠤ ᠪᠤᠯᠤᠨ᠎ᠠ᠂ ᠭᠡᠪᠡᠴᠦ ᠠᠵᠠ ᠲᠣᠬᠢᠶᠠᠯ ᠪᠠ ᠦᠷᠢᠰᠦᠯᠳᠦᠭᠡᠨ ᠳᠤ ᠴᠥᠮ ᠰᠢᠨ᠎ᠡ ᠬᠥᠭᠵᠢᠯᠲᠡ ᠬᠤᠪᠢᠷᠠᠯᠲᠠ ᠭᠠᠷᠴᠤ ᠪᠠᠶᠢᠨ᠎ᠠ᠃ ᠪᠢᠳᠡ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠬᠥᠭᠵᠢᠯᠲᠡ ᠶᠢᠨ ᠶᠡᠭᠡ ᠬᠠᠨᠳᠤᠰᠢ ᠶᠢ ᠡᠵᠡᠮᠳᠡᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠬᠥᠭᠵᠢᠯᠲᠡ ᠶᠢᠨ ᠰᠠᠶᠢᠨ ᠪᠠᠶᠢᠳᠠᠯ ᠢ ᠨᠠᠨᠳᠢᠩᠨᠠᠨ᠂ ᠬᠦᠭᠵᠢᠯᠳᠡ ᠶᠢᠨ ᠰᠠᠶᠢᠨ ᠬᠠᠨᠳᠤᠰᠢ ᠶᠢ ᠪᠠᠬᠢᠵᠢᠭᠦᠯᠦᠨ᠂ ᠤᠯᠤᠰ ᠤᠨ ᠳᠣᠲᠣᠭᠠᠳᠤ ᠶᠢᠨ ᠶᠡᠭᠡ ᠤᠷᠴᠢᠯ ᠢᠶᠠᠷ ᠭᠤᠤᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠤᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠦᠷᠢᠯᠳᠦᠭᠦᠯᠬᠦ ᠬᠡᠷᠡᠭᠳᠠᠢ᠃ ᠤᠷᠲᠤ ᠬᠤᠭᠤᠴᠠᠭᠠᠨ ᠤ ᠲᠤᠷᠰᠢ᠂ ᠡᠯ᠎ᠡ ᠵᠦᠢᠯ ᠤᠨ ᠪᠠᠴᠢᠮ ᠬᠦᠴᠢᠷ ᠠᠶᠤᠯᠲᠠᠶ ᠬᠦᠨᠳᠦ ᠡᠭᠦᠷᠭᠡ ᠪᠠ ᠠᠶᠤᠯ ᠲᠦᠭᠰᠢᠭᠦᠷᠢ ᠥᠷᠢᠰᠥᠯᠳᠦᠭᠡᠨ ᠤ ᠡᠮᠦᠨ᠎ᠡ᠂ ᠥᠷᠭᠡᠨ ᠣᠯᠠᠨ ᠠᠷᠠᠳ ᠲᠦᠮᠡᠨ ᠢᠮᠠᠭᠳᠠ ᠨᠢᠭᠡ ᠰᠡᠳᠬᠢᠯ ᠨᠢᠭᠡ ᠵᠣᠷᠢᠭ ᠢᠶᠠᠷ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠢᠷᠭᠠᠭᠤ ᠬᠠᠲᠠᠭᠤᠵᠢᠯᠲᠠᠶ ᠲᠡᠮᠡᠴᠡᠵᠦ᠂ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠭᠡᠷ ᠢᠷᠡᠵᠠᠢ᠃ ᠨᠠᠮ ᠪᠠ ᠤᠯᠤᠰ ᠤᠨ ᠠᠵᠢᠯ ᠦᠢᠯᠡᠰ ᠤᠨ ᠢᠯᠠᠯᠲᠠ ᠪᠣᠯ ᠴᠥᠮ ᠠᠷᠠᠳ ᠲᠦᠮᠡᠨ ᠤ ᠢᠯᠠᠯᠲᠠ ᠮᠥᠨ︕ ᠠᠷᠠᠳ ᠲᠦᠮᠡᠨ ᠪᠣᠯ ᠵᠢᠩᠬᠢᠨᠢ ᠪᠠᠭᠠᠲᠤᠷ ᠮᠥᠨ︕ ᠭᠡᠵᠤ ᠴᠢᠬᠤᠯᠠᠴᠢᠯᠠᠪᠠ᠃    ᠰᠢ ᠶᠢᠨ ᠫᠢᠩ᠂ ᠮᠠᠨ ᠤ ᠨᠠᠮ ᠪᠣᠯ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠳᠡᠭ ᠨᠠᠮ ᠮᠥᠨ᠂ ᠨᠡᠶᠢᠲᠡ ᠶᠢᠨ ᠲᠥᠯᠥᠭᠡ ᠨᠠᠮ ᠪᠠᠶᠢᠭᠤᠯᠵᠤ᠂ ᠠᠷᠠᠳ ᠤᠨ ᠲᠥᠯᠥᠭᠡ ᠲᠦᠷᠦ ᠪᠠᠷᠢᠬᠤ ᠶᠢ ᠪᠠᠷᠢᠮᠲᠠᠯᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢᠶᠠᠷ ᠡᠭᠦᠷᠢᠳᠡ ᠶᠢᠨ ᠲᠡᠮᠡᠴᠡᠬᠦ ᠬᠠᠷᠠᠯᠲᠠ ᠪᠠᠨ ᠪᠣᠯᠭᠠᠵᠤ ᠪᠠᠶᠢᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠬᠥᠭᠵᠢᠯᠲᠡ ᠶᠢ ᠲᠦᠯᠦᠪᠵᠢᠭᠦᠯᠬᠦ ᠳᠤ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠠᠷᠠᠳ ᠲᠦᠮᠡᠨ ᠤ ᠲᠥᠯᠥᠭᠡ ᠬᠥᠭᠵᠢᠭᠦᠯᠬᠦ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠬᠠᠮᠲᠤ ᠪᠠᠷ ᠡᠳ᠋ᠯᠡᠭᠦᠯᠬᠦ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠠᠪᠤᠴᠠ ᠳᠤ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠦᠢᠯᠡᠰ ᠢ ᠰᠠᠶᠢᠲᠤᠷ ᠡᠷᠬᠢᠯᠡᠵᠦ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠲᠠᠭᠤᠳᠠᠯ ᠢ ᠨᠥᠬᠦᠪᠥᠷᠢᠯᠡᠬᠦ ᠪᠠᠷ ᠴᠢᠷᠮᠠᠶᠢᠬᠤ ᠬᠡᠷᠡᠭᠳᠠᠢ᠃ ᠠᠷᠠᠳ ᠣᠯᠠᠨ ᠤ ᠨᠡᠶᠢᠳᠡᠮ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠠᠰᠠᠭᠤᠳᠠᠯ ᠳᠤ ᠨᠠᠩ ᠢᠯᠡᠭᠦᠦ ᠠᠩᠬᠠᠷᠤᠯ ᠢᠶᠠᠨ ᠬᠠᠨᠳᠤᠭᠤᠯᠵᠤ᠂ ᠨᠡᠩ ᠴᠢᠭᠯᠡᠭᠦᠯᠤᠯᠳᠦ ᠴᠢᠨᠠᠷᠲᠠᠶ ᠠᠷᠭ᠎ᠠ ᠬᠡᠮᠵᠢᠶ᠎ᠡ ᠠᠪᠴᠤ᠂ ᠨᠢᠭᠡ ᠨᠢᠭᠡ ᠵᠦᠯ ᠢᠶᠠᠷ ᠨᠠᠶᠢᠳᠠᠪᠤᠷᠢᠵᠢᠭᠤᠯᠵᠤ᠂ ᠵᠢᠯ ᠵᠢᠯ ᠢᠶᠠᠷ ᠵᠠᠯᠭᠠᠨ ᠬᠢᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠩ ᠭᠦᠢᠴᠡᠳ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠬᠦ ᠪᠣᠯᠭᠠᠬᠤ ᠬᠡᠷᠡᠭᠳᠠᠢ ᠭᠡᠵᠤ ᠵᠢᠭᠠᠵᠤ ᠭᠠᠷᠭᠠᠪᠠ᠃    ᠰᠢ ᠶᠢᠨ ᠫᠢᠩ᠂ ᠰᠠᠭᠤᠷᠢ ᠪᠠᠲᠤ ᠪᠢᠰᠢ ᠪᠤᠯ ᠲᠤᠭᠳᠠᠭᠤᠨ ᠪᠠᠶᠢᠵᠤ ᠴᠢᠳᠠᠬᠤ ᠦᠭᠡᠢ ᠶᠤᠮ᠃ ᠭᠠᠭᠴᠠ ᠬᠦ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠦᠴᠦᠷᠬᠡᠭᠵᠢᠭᠦᠯᠵᠦ᠂ ᠦᠨᠳᠦᠰᠦᠨ ᠱᠠᠲᠤᠨ ᠤ ᠵᠠᠰᠠᠭ ᠤᠨ ᠡᠷᠭᠡ ᠶᠢ ᠰᠠᠶᠢᠲᠤᠷ ᠪᠠᠬᠢᠵᠢᠭᠦᠯᠪᠡᠯ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠨᠳᠦᠰᠦ ᠰᠠᠶᠢ ᠪᠡᠳᠤ ᠪᠠᠬᠢ ᠪᠠᠶᠢᠵᠦ ᠴᠢᠳᠠᠨ᠎ᠠ᠃ ︽ᠠᠷᠪᠠᠠ ᠲᠦᠷᠪᠡᠲᠦᠭᠡᠷ ᠲᠠᠪᠤᠠ ᠵᠢᠯ︾ ᠤᠨ ᠬᠤᠭᠤᠴᠠᠭᠠᠠ ᠳᠤ᠂ ᠦᠨᠲᠦᠰᠦᠨ ᠱᠠᠲᠤᠨ ᠤ ᠰᠠᠭᠤᠷᠢ ᠠᠵᠢᠯ ᠢ ᠴᠢᠩᠭᠠᠳᠬᠠᠬᠤ᠂ ᠦᠨᠲᠦᠰᠦᠨ ᠱᠠᠲᠤᠨ ᠤ ᠵᠠᠰᠠᠯᠲᠠ ᠶᠢᠨ ᠴᠢᠲᠠᠪᠤᠷᠢ ᠶᠢ ᠲᠡᠭᠡᠭᠰᠢᠯᠡᠭᠦᠯᠬᠦ ᠲᠠᠯ᠎ᠠ ᠪᠠᠷ ᠶᠡᠭᠡ ᠬᠦᠴᠤ ᠤᠷᠤᠭᠤᠯᠬᠤ ᠭᠡᠷᠡᠭᠲᠡᠢ᠃ ᠬᠦᠲᠡᠭᠡ ᠲᠤᠰᠬᠤᠨ ᠦᠨᠲᠦᠰᠦᠨ ᠱᠠᠲᠤᠨ ᠤ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠲᠤᠷᠢᠲᠤᠯᠭ᠎ᠠ ᠶᠢ ᠴᠢᠩᠭᠠᠳᠬᠠᠠ ᠰᠠᠶᠢᠵᠢᠷᠠᠭᠤᠯᠵᠦ᠂ ᠬᠦᠲᠡᠭᠡ ᠲᠤᠰᠬᠤᠨ ᠦᠨᠲᠦᠰᠦᠨ ᠱᠠᠲᠤᠨ ᠤ ᠵᠤᠬᠢᠶᠠᠠ ᠪᠠᠶᠢᠭᠤᠯᠤᠯᠲᠠ ᠶᠢᠨ ᠴᠤᠭᠴᠠᠯᠠᠯᠲᠠ ᠶᠢᠨ ᠶᠠᠰᠤ ᠴᠢᠨᠠᠷ ᠢ ᠲᠡᠭᠡᠭᠰᠢᠯᠡᠭᠦᠯᠵᠦ᠂ ᠬᠦᠲᠡᠭᠡ ᠲᠤᠰᠬᠤᠨ ᠢ ᠪᠦᠬᠦ ᠲᠠᠯ᠎ᠠ ᠪᠠᠷ ᠬᠦᠭᠵᠢᠬᠦᠯᠦᠨ ᠮᠠᠨᠳᠤᠭᠤᠯᠬᠤ ᠳᠤ ᠪᠠᠳᠤ ᠴᠢᠩᠭ᠎ᠠ ᠤᠯᠤᠰ ᠲᠦᠷᠦ ᠪᠠ ᠵᠤᠬᠢᠶᠠᠠ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠭᠡᠷᠡᠭᠲᠡᠢ᠃ ᠦᠨᠲᠦᠰᠤᠨ ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠠ ᠰᠢᠨᠡᠴᠢᠯᠡᠵᠦ᠂ ᠰᠢᠨ᠎ᠠ ᠴᠠᠭ ᠦᠶ᠎ᠠ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠠ ᠲᠡᠭᠦᠯᠲᠡᠷᠵᠢᠭᠦᠯᠵᠦ᠂ ᠬᠤᠲᠠ ᠬᠦᠲᠡᠭᠡ ᠨᠡᠶᠢᠭᠡᠮ ᠲᠤᠭᠤᠷᠢᠭ ᠤᠨ ᠪᠦᠲᠦᠭᠡᠡ ᠪᠠᠶᠢᠭᠤᠯᠤᠯᠲᠠ ᠶᠢ ᠴᠢᠩᠭᠠᠳᠬᠠᠵᠦ᠂ ᠲᠤᠤᠷᠵᠢᠭᠤᠯᠤᠬᠰᠠᠨ ᠬᠠᠮᠢᠶᠠᠷᠤᠯᠲᠠ ᠪᠠ ᠦᠢᠯᠡᠴᠢᠯᠡᠭᠡ ᠶᠢ ᠴᠢᠩᠭᠠᠷᠠᠭᠤᠯᠵᠦ᠂ ᠨᠡᠶᠢᠭᠡᠮ ᠤᠨ ᠵᠦᠷᠢᠴᠡᠯ ᠵᠢᠭᠤᠷᠠᠯᠲᠤᠭᠠᠠ ᠢ ᠤᠯᠠᠠ ᠡᠰᠢᠴᠢᠯᠡᠡ ᠤᠷᠢᠳᠴᠢᠯᠠᠠ ᠰᠡᠷᠭᠡᠶᠢᠯᠡᠵᠦ ᠠᠷᠢᠯᠭᠠᠬᠤ ᠶᠡᠷᠦᠩᠭᠡᠶᠢᠯᠡᠭᠰᠡᠡ ᠲᠤᠭᠲᠠᠴᠠ ᠶᠢ ᠲᠡᠭᠦᠯᠲᠡᠷᠵᠢᠭᠦᠯᠵᠦ᠂ ᠵᠦᠷᠢᠴᠡᠯ ᠢ ᠦᠨᠡᠡ ᠬᠦ ᠦᠨᠲᠦᠰᠤᠨ ᠱᠠᠲᠤᠨ ᠳᠤ ᠠᠷᠢᠯᠭᠠᠵᠦ᠂ ᠨᠡᠶᠢᠭᠡᠮ ᠤᠨ ᠲᠤᠭᠲᠠᠭᠤᠠ ᠪᠠᠶᠢᠲᠠᠯ ᠢ ᠰᠠᠶᠢᠲᠤᠷ ᠬᠠᠮᠠᠠᠭᠠᠯᠠᠬᠤ ᠭᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠨᠢ ᠲᠡᠭᠦᠰᠭᠡᠯ ᠪᠢᠰᠢ᠂ ᠬᠠᠷᠢᠨ ᠰᠢᠨ᠎ᠠ ᠠᠮᠢᠳᠤᠷᠠᠯ᠂ ᠰᠢᠨ᠎ᠠ ᠲᠡᠮᠡᠴᠡᠯ ᠤᠨ ᠡᠬᠢᠯᠡᠯᠲᠡ ᠪᠤᠯᠬᠤ ᠶᠤᠮ᠃ ᠠᠷᠠᠳ ᠤᠯᠠᠠ ᠤ ᠲᠤᠮᠲᠠ ᠡᠯᠪᠡᠭ ᠪᠠᠶᠠᠯᠢᠭ ᠤᠶᠤᠨ ᠤᠬᠠᠭᠠᠠ ᠪᠠ ᠬᠢᠵᠠᠭᠠᠯᠠᠰᠢ ᠦᠭᠡᠢ ᠪᠦᠲᠦᠭᠡᠯᠴᠢ ᠬᠦᠴᠤᠨ ᠬᠠᠳᠠᠭᠠᠯᠠᠬᠳᠠᠵᠦ ᠪᠠᠶᠢᠭ᠎ᠠ ᠶᠤᠮ᠃ ᠦᠷᠭᠡᠡ ᠤᠯᠠᠠ ᠦᠨᠲᠦᠰᠦᠨ ᠱᠠᠲᠤᠨ ᠤ ᠤᠯᠠᠠ ᠲᠦᠮᠡᠡ ᠢ ᠵᠤᠬᠢᠶᠠᠠ ᠪᠠᠶᠢᠭᠤᠯᠵᠦ᠂ ᠲᠠᠶᠢᠴᠢᠯᠠᠵᠦ᠂ ᠨᠢᠭᠲᠠᠷᠠᠭᠤᠯᠤᠨ᠂ ᠠᠷᠠᠳ ᠤᠯᠠᠠ ᠤ ᠢᠲᠡᠪᠬᠢᠵᠢᠯ᠂ ᠰᠠᠨᠠᠭᠠᠴᠢᠯᠠᠭᠠᠲᠦ ᠴᠢᠨᠠᠷ᠂ ᠪᠦᠲᠦᠭᠡᠯᠴᠢ ᠴᠢᠳᠠᠪᠤᠷᠢ ᠶᠢ ᠬᠦᠢᠴᠡᠳ ᠬᠦᠭᠵᠢᠭᠡᠬᠦ ᠭᠡᠷᠡᠭᠲᠡᠢ᠃ ᠨᠠᠮ ᠤᠨ ᠭᠡᠰᠢᠭᠦᠨ᠂ ᠺᠠᠳ᠋ᠷ ᠬᠤᠰᠢᠭᠤᠴᠢ ᠵᠢᠱᠢᠶᠡᠴᠢ ᠦᠶ᠋ᠯᠡᠲᠦᠯ ᠢᠶᠠᠨ ᠬᠦᠢᠴᠡᠳ ᠪᠠᠲᠠᠷᠠᠭᠤᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠤᠯᠠᠠ ᠲᠦᠮᠠᠠ ᠲᠠᠢ ᠨᠢᠭᠲᠠ ᠬᠠᠷᠢᠯᠴᠠᠵᠦ᠂ ᠤᠯᠥᠰ ᠲᠦᠷᠦ ᠶᠢᠨ ᠵᠦᠪᠯᠡᠯᠭᠡᠡ ᠤ ᠭᠡᠰᠢᠭᠦᠳ ᠦᠪᠡᠷ ᠤᠨ ᠪᠠᠶᠢᠭ᠎ᠠ ᠡᠲᠡᠭᠡᠳ ᠢᠯᠭᠠᠯ ᠤᠨ ᠤᠯᠠᠠ ᠲᠦᠮᠠᠠ ᠲᠠᠢ ᠨᠡᠩ ᠰᠠᠶᠢᠨ ᠬᠠᠷᠢᠯᠴᠠᠠ ᠲᠡᠳᠡᠨ ᠳᠤ ᠦᠢᠯᠡᠴᠢᠯᠡᠵᠦ᠂ ᠬᠦᠲᠡᠭᠡ ᠲᠤᠰᠬᠤᠨ ᠤ ᠪᠠᠶᠠᠵᠢᠯ ᠴᠢᠨᠡᠭᠡᠯᠢᠭᠵᠢᠯ ᠤᠨ ᠲᠠᠭᠠᠭᠤᠯᠤᠭᠴᠢ ᠤᠷᠢᠳ ᠢᠶᠠᠷ ᠪᠠᠶᠠᠵᠢᠭᠰᠠᠠ ᠨᠢ ᠰᠡᠭᠦᠯᠡᠷ ᠪᠠᠶᠠᠵᠢᠭᠰᠠᠳ ᠢᠶᠠᠨ ᠬᠠᠪᠰᠤᠷᠬᠤ ᠦᠢᠯᠡᠲᠦᠯ ᠢᠶᠠᠨ ᠢᠲᠡᠪᠬᠢᠲᠠᠢ ᠪᠠᠲᠠᠷᠠᠭᠤᠯᠵᠦ᠂ ᠦᠷᠭᠡᠡ ᠤᠯᠠᠠ ᠦᠨᠲᠦᠰᠦᠨ ᠱᠠᠲᠤᠨ ᠤ ᠤᠯᠠᠠ ᠲᠦᠮᠡᠨ ᠲᠠᠢ ᠨᠢᠭᠲᠠᠷᠠᠠ ᠪᠦᠯᠬᠦᠮᠲᠡᠵᠦ ᠨᠡᠩ ᠰᠠᠶᠢᠠ ᠰᠠᠶᠢᠬᠠᠠ ᠰᠢᠨ᠎ᠠ ᠠᠮᠢᠲᠤᠷᠠᠯ ᠢ ᠴᠤᠬᠴᠠᠯᠠᠬᠤ ᠶᠢᠨ ᠲᠦᠯᠦᠭᠡ ᠴᠢᠷᠮᠠᠶᠢᠨ ᠲᠡᠮᠡᠴᠡᠬᠦ ᠭᠡᠷᠡᠭᠲᠡᠢ ᠭᠡᠵᠦ ᠵᠢᠭᠠᠵᠦ ᠭᠠᠷᠭᠠᠪᠠ᠃    ᠰᠢ ᠶᠢᠨ ᠫᠢᠩ᠂ ᠨᠡᠶᠢᠭᠡᠮ ᠵᠢᠷᠤᠮᠲᠦ ᠲᠤᠮᠲᠠᠲᠤ ᠤᠯᠤᠰ ᠡᠨᠡ ᠡᠲᠦᠷ ᠤᠨ ᠡᠶᠢᠮᠦ ᠬᠡᠮᠵᠢᠶᠡᠨ ᠳᠤ ᠬᠦᠷᠳᠡᠯ᠎ᠡ ᠬᠦᠭᠵᠢᠵᠦ ᠢᠷᠡᠬᠦ ᠳᠤ᠂ ᠤᠯᠤᠭᠰᠠᠠ ᠠᠮᠵᠢᠯᠲᠠ ᠲᠡᠭᠷᠢ ᠠᠴᠠ ᠤᠨᠠᠵᠦ ᠢᠷᠡᠭᠰᠡᠡ ᠪᠢᠰᠢ ᠶᠤᠮ᠂ ᠨᠡᠩ ᠴᠤ ᠪᠤᠰᠤᠳ ᠬᠦᠮᠦᠨ ᠰᠤᠶᠤᠷᠬᠠᠵᠦ ᠬᠠᠶᠢᠷᠠᠯᠠᠬᠰᠠᠨ ᠪᠢᠰᠢ ᠶᠤᠮ᠂ ᠬᠠᠷᠢᠨ ᠦᠷᠭᠡᠡ ᠤᠯᠠᠠ ᠲᠦᠮᠠᠠ ᠨᠠᠮ ᠤᠨ ᠤᠲᠤᠷᠢᠲᠤᠯᠭ᠎ᠠ ᠲᠤᠤᠷ᠎ᠠ ᠠᠵᠢᠯᠴᠢ ᠬᠦᠲᠡᠯᠮᠦᠷᠢ᠂ ᠤᠶᠤᠨ ᠤᠬᠠᠭᠠᠠ᠂ ᠡᠷᠴᠢ ᠵᠤᠷᠢᠭ ᠢᠶᠠᠷ ᠢᠶᠠᠨ ᠠᠵᠢᠯᠯᠠᠵᠦ ᠪᠠᠶᠢᠭᠠᠳ ᠤᠯᠵᠦ ᠢᠷᠡᠭᠰᠡᠡ ᠶᠤᠮ︕ ᠮᠠᠨ ᠤ 14 ᠳ᠋ᠦᠩᠰᠢᠭᠤᠷ ᠬᠦᠮᠦᠨ ᠠᠮᠠ ᠲᠠᠢ ᠡᠶᠢᠮᠦ ᠨᠢᠭᠡ ᠤᠯᠤᠰ ᠲᠤ᠂ ᠬᠦᠮᠦᠨ ᠨᠢᠭᠡᠪᠦᠷᠢ ᠨᠢᠭᠡ ᠬᠤᠪᠢ ᠬᠦᠴᠤ ᠭᠠᠷᠭᠠᠪᠠᠯ ᠠᠭᠤᠯᠠ ᠶᠢ ᠨᠤᠷᠠᠭᠠᠵᠦ ᠲᠠᠯᠠᠢ ᠶᠢ ᠶᠡᠭᠦᠯᠡᠬᠦ ᠰᠦᠷ ᠬᠦᠴᠤᠨ ᠢ ᠪᠦᠷᠢᠯᠳᠦᠭᠦᠯᠵᠦ᠂ ᠬᠦᠮᠦᠨ ᠪᠦᠷᠢ ᠨᠢᠭᠡ ᠠᠵᠢᠯ ᠢ ᠪᠦᠲᠦᠭᠡᠵᠦ᠂ ᠨᠢᠭᠡ ᠠᠵᠢᠯ ᠢ ᠰᠠᠶᠢᠨ ᠬᠢᠪᠠᠯ ᠨᠠᠮ ᠪᠠ ᠤᠯᠤᠰ ᠤᠨ ᠠᠵᠢᠯ ᠦᠢᠯᠡᠰ ᠢ ᠤᠷᠤᠭᠰᠢ ᠨᠢᠭᠡ ᠠᠯᠬᠤᠮ ᠠᠬᠢᠭᠤᠯᠬᠤ ᠪᠤᠯᠤᠨ᠎ᠠ᠃ ᠤᠯᠠᠠ ᠢᠶᠠᠷ ᠢᠶᠠᠨ ᠪᠦᠷ ᠦᠨᠲᠦᠰᠦᠨ ᠱᠠᠲᠤ ᠪᠤᠯᠤᠨ ᠦᠢᠯᠡᠳᠪᠦᠷᠢᠯᠡᠯ ᠤᠨ ᠨᠢᠭᠡᠳᠦᠭᠡᠷ ᠹᠷᠤᠨᠲ ᠠᠴᠠ ᠢᠷᠡᠵᠦ᠂ ᠡᠯ᠎ᠠ ᠠᠵᠢᠯ ᠲᠦᠷᠦᠯ ᠢ ᠲᠦᠯᠦᠭᠡᠯᠡᠵᠦ ᠪᠠᠶᠢᠨ᠎ᠠ᠂ ᠬᠦᠰᠡᠯᠡᠩ ᠢᠲᠡᠭᠡᠯ ᠪᠢᠰᠢᠷᠠᠯ ᠢᠶᠠᠨ ᠪᠠᠲᠤᠳᠬᠠᠵᠦ᠂ ᠰᠤᠷᠤᠯᠴᠠᠠ ᠲᠡᠭᠡᠭᠰᠢᠯᠡᠬᠦ ᠶᠢ ᠠᠩᠬᠠᠷᠴᠤ᠂ ᠰᠢᠷᠭᠠᠭᠤ ᠬᠠᠲᠠᠭᠤᠵᠢᠯᠲᠠᠢ ᠲᠡᠮᠡᠴᠡᠬᠦ ᠪᠠᠷ ᠵᠤᠷᠢᠭ ᠰᠢᠭᠤᠳᠴᠤ᠂ ᠵᠢᠵᠢᠭ ᠰᠠᠵᠢᠬ ᠵᠦᠢᠯᠡᠰ ᠠᠴᠠ ᠡᠬᠢᠯᠡᠨ ᠬᠢᠵᠦ᠂ ᠪᠠᠭ᠎ᠠ ᠶᠠᠪᠤᠳᠠᠯ ᠢ ᠶᠡᠭᠡ ᠶᠠᠪᠤᠳᠠᠯ ᠪᠤᠯᠭᠠᠨ ᠬᠢᠵᠦ᠂ ᠬᠢᠵᠦ ᠪᠠᠶᠢᠭ᠎ᠠ ᠤᠴᠢᠷ ᠶᠠᠪᠤᠲᠠᠯ ᠢᠶᠠᠨ ᠯᠠᠪᠲᠠᠭᠤᠨ ᠪᠠᠲᠤᠲᠠᠢ ᠰᠠᠶᠢᠳᠤᠷ ᠬᠢᠵᠦ᠂ ᠠᠵᠢᠯᠴᠢ ᠬᠤᠶᠠᠷ ᠭᠠᠷ ᠢᠶᠠᠷ ᠢᠶᠠᠨ ᠦᠪᠡᠷ ᠤᠨ ᠭᠤᠶᠢᠲᠠ ᠰᠠᠶᠢᠬᠠᠠ ᠠᠮᠢᠲᠤᠷᠠᠯ ᠢᠶᠠᠨ ᠴᠤᠭᠴᠠᠯᠠᠵᠦ᠂ ᠮᠠᠠ ᠤ ᠵᠤᠯ ᠵᠢᠷᠭᠠᠯᠲᠦ ᠠᠮᠢᠳᠤᠷᠠᠯ ᠪᠤᠯᠤᠨ ᠰᠠᠶᠢᠨ ᠰᠠᠶᠢᠬᠠᠠ ᠢᠷᠡᠭᠡᠲᠦᠢ ᠪᠠᠨ ᠬᠠᠮᠲᠤ ᠪᠠᠷ ᠴᠤᠭᠴᠠᠯᠠᠠ ᠪᠠᠶᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃    ᠳ᠋ᠢᠩ ᠰᠢᠤᠸᠡᠢ ᠰᠢᠶᠠᠩ᠂ ᠯᠢᠤ ᠡᡁᠧ᠂ ᠴᠸᠠ ᠰᠢ᠂ ᠡᡁᠧ ᠯᠢ ᠹᠧᠩ ᠶᠠᠷᠢᠯᠴᠠᠬᠤ ᠬᠤᠷᠠᠯ ᠳᠤ ᠤᠷᠤᠯᠴᠠᠵᠠᠢ᠃    ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠤᠭᠲᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠠ ᠨᠦᠬᠦᠳ᠂ ᠬᠤᠨᠠᠠ ᠮᠤᠵᠢ ᠶᠢᠨ ᠬᠠᠷᠢᠭᠤᠴᠠᠯᠭᠠᠲᠠᠠ ᠨᠦᠬᠦᠳ ᠪᠤᠯᠤᠨ ᠡᠯ᠎ᠠ ᠲᠠᠯ᠎ᠠ ᠶᠢᠨ ᠦᠨᠲᠦᠰᠤᠨ ᠱᠠᠲᠤᠨ ᠤ ᠲᠦᠯᠦᠭᠡᠯᠡᠭᠴᠢ ᠶᠠᠷᠢᠯᠴᠠᠬᠤ ᠬᠤᠷᠠᠯ ᠳᠤ ᠤᠷᠤᠯᠴᠠᠪᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号