ᠰᠢ ᠶᠢᠨ ᠫᠢᠩ᠄ ᠵᠦᠪ ᠣᠯᠣᠰ ᠲᠦᠷᠦ ᠶᠢᠨ ᠴᠢᠭᠯᠡᠯ ᠢ ᠪᠠᠷᠢᠮᠳᠠᠯᠠᠵᠣ ᠨᠠᠮ ᠪᠣᠯᠣᠨ ᠣᠯᠣᠰ ᠤᠨ ᠠᠵᠢᠯ ᠤᠨ ᠶᠡᠭᠡ ᠲᠠᠯ᠎ᠠ ᠳᠤ ᠦᠢᠯᠡᠴᠢᠯᠡᠨ ᠶᠠᠨ ᠠᠨ ᠤ ᠵᠣᠷᠢᠭ ᠰᠠᠨᠠᠭ᠎ᠠ ᠶᠢ ᠭᠦᠨᠵᠡᠭᠡᠢ ᠰᠣᠳᠣᠯᠵᠣ ᠶᠡᠭᠡ ᠪᠠᠷ ᠣᠬᠠᠭᠤᠯᠣᠨ ᠨᠠᠷᠢᠨ ᠬᠢᠨᠠᠮᠠᠭᠠᠢ ᠦᠢᠯᠡᠳᠦᠯᠭᠡᠵᠢᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2020/9/22
     ᠳᠤᠮᠳᠠᠳᠤ ᠤᠯᠤᠰ ᠤᠨ ᠶᠠᠨ ᠠᠨ ᠤ ᠵᠤᠷᠢᠭ ᠰᠠᠨᠠᠭᠠᠨ ᠤ ᠰᠤᠳᠤᠯᠭᠠᠨ ᠤ ᠨᠡᠶᠢᠭᠡᠮᠯᠢᠭ ᠤᠨ ᠵᠢᠷᠭᠤᠳᠤᠭᠠᠷ ᠤᠳᠠᠭᠠᠨ ᠤ ᠭᠡᠰᠢᠬᠦᠳ ᠤᠨ ᠬᠤᠷᠠᠯ 9 ᠰᠠᠷ᠎ᠠ ᠶᠢᠨ 19 ᠤ ᠡᠳᠦᠷ ᠪᠡᠭᠡᠵᠢᠩ ᠳᠤ ᠬᠤᠷᠠᠯᠳᠤᠪᠠ᠂ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠪᠠᠶᠠᠷ ᠤᠨ ᠵᠠᠬᠢᠳᠠᠯ ᠢᠯᠡᠭᠡᠵᠦ᠂ ᠶᠡᠭᠡ ᠬᠤᠷᠠᠯ ᠤᠨ ᠬᠤᠷᠠᠯᠳᠤᠭᠰᠠᠨ ᠪᠠ ᠰᠤᠳᠤᠯᠭᠠᠨ ᠤ ᠨᠡᠶᠢᠭᠡᠮᠯᠢᠭ ᠪᠠᠶᠢᠭᠤᠯᠤᠭᠳᠠᠭᠰᠠᠨ 30 ᠵᠢᠯ ᠤᠨ ᠤᠢ ᠳᠤ ᠬᠠᠯᠠᠭᠤᠨ ᠪᠠᠶᠠᠷ ᠬᠦᠷᠭᠡᠵᠦ᠂ ᠶᠠᠨ ᠠᠨ ᠤ ᠵᠤᠷᠢᠭ ᠰᠠᠨᠠᠭ᠎ᠠ ᠶᠢ ᠪᠠᠳᠠᠷᠠᠭᠤᠯᠬᠤ ᠳᠤ ᠬᠦᠴᠦ ᠪᠠᠨ ᠡᠷᠬᠦᠵᠦ ᠪᠠᠶᠢᠭ᠎ᠠ ᠪᠤᠢ ᠪᠦᠬᠦᠢ ᠨᠦᠬᠦᠳ ᠲᠤ ᠴᠢᠩ ᠰᠡᠳᠬᠢᠯ ᠤᠨ ᠮᠡᠨᠳᠤᠴᠢᠯᠡᠯ ᠬᠦᠷᠭᠡᠪᠡ᠃      ᠰᠢ ᠶᠢᠨ ᠫᠢᠩ ᠪᠠᠶᠠᠷ ᠤᠨ ᠵᠠᠬᠢᠳᠠᠯ ᠳᠠᠭᠠᠨ᠂ ᠶᠠᠨ ᠠᠨ ᠪᠤᠯ ᠳᠤᠮᠳᠠᠳᠤ ᠤᠯᠤᠰ ᠤᠨ ᠬᠤᠪᠢᠰᠬᠠᠯ ᠤᠨ ᠭᠤᠯᠤᠮᠳᠠ ᠮᠦᠨ᠂ ᠠᠬᠠᠮᠠᠳ ᠨᠢᠭᠡ ᠦᠶ᠎ᠠ ᠶᠢᠨ ᠬᠤᠪᠢᠰᠬᠠᠯᠴᠢᠳ ᠪᠠ ᠠᠬᠠᠮᠠᠳ ᠨᠢᠭᠡ ᠦᠶ᠎ᠠ ᠶᠢᠨ ᠡᠪ ᠬᠠᠮᠳᠤᠴᠤᠳ ᠶᠠᠨ ᠠᠨ ᠳᠤ ᠪᠠᠶᠢᠬᠤ ᠦᠶ᠎ᠠ ᠳᠡᠭᠡᠨ ᠪᠤᠢ ᠪᠤᠯᠭᠠᠨ ᠪᠦᠷᠢᠯᠳᠦᠬᠦᠯᠦᠭᠰᠡᠨ ᠶᠠᠨ ᠠᠨ ᠤ ᠵᠤᠷᠢᠭ ᠰᠠᠨᠠᠭ᠎ᠠ ᠪᠤᠯ ᠮᠠᠨ ᠤ ᠨᠠᠮ ᠤᠨ ᠬᠤᠪᠤᠷ ᠨᠠᠨᠳᠢᠨ ᠤᠶᠤᠨ ᠤ ᠦᠪ ᠬᠦᠷᠦᠩᠭᠡ ᠮᠦᠨ᠃ ᠨᠦᠬᠦᠳ ᠨᠠᠷ ᠰᠢᠨ᠎ᠠ ᠲᠡᠦᠭᠡ ᠶᠢᠨ ᠨᠦᠬᠦᠴᠡᠯ ᠲᠤᠤᠷ᠎ᠠ᠂ ᠵᠦᠪ ᠤᠯᠤᠰ ᠲᠦᠷᠦ ᠶᠢᠨ ᠴᠢᠭᠯᠡᠯ ᠢ ᠪᠠᠷᠢᠮᠳᠠᠯᠠᠵᠦ᠂ ᠨᠠᠮ ᠪᠤᠯᠤᠨ ᠤᠯᠤᠰ ᠤᠨ ᠠᠵᠢᠯ ᠤᠨ ᠶᠡᠭᠡ ᠲᠠᠯ᠎ᠠ ᠳᠤ ᠦᠢᠯᠡᠴᠢᠯᠡᠨ᠂ ᠶᠠᠨ ᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠳᠤᠯᠵᠦ᠂ ᠶᠡᠭᠡ ᠪᠠᠷ ᠤᠬᠠᠭᠤᠯᠤᠨ᠂ ᠨᠠᠷᠢᠨ ᠬᠢᠨᠠᠮᠠᠭᠠᠢ ᠦᠢᠯᠡᠳᠦᠯᠭᠡᠵᠢᠬᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ᠂ ᠠᠰᠢᠬᠳᠠᠢ ᠪᠠᠶᠢᠳᠠᠯ ᠢ ᠠᠮᠵᠢᠨ ᠤᠷᠤᠬᠰᠢᠯᠠᠵᠦ ᠨᠡᠶᠢᠭᠡᠮ ᠵᠢᠷᠤᠮ ᠤᠨ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠠᠶᠠᠨ ᠢ ᠡᠬᠢᠯᠡᠬᠦᠯᠬᠦ ᠳᠤ ᠬᠦᠴᠦᠳᠠᠢ ᠤᠶᠤᠨ ᠰᠠᠨᠠᠭᠠᠨ ᠤ ᠬᠦᠳᠡᠯᠭᠡᠬᠦ ᠬᠦᠴᠦᠨ ᠬᠠᠩᠭᠠᠬᠤ ᠶᠢ ᠬᠦᠰᠡᠵᠦ ᠪᠠᠶᠢᠨ᠎ᠠ ᠭᠡᠵᠦ ᠵᠢᠭᠠᠵᠦ ᠭᠠᠷᠭᠠᠪᠠ᠃      ᠳᠤᠮᠳᠠᠳᠤ ᠤᠯᠤᠰ ᠤᠨ ᠶᠠᠨ ᠠᠨ ᠤ ᠵᠤᠷᠢᠭ ᠰᠠᠨᠠᠭᠠᠨ ᠤ ᠰᠤᠳᠤᠯᠭᠠᠨ ᠤ ᠨᠡᠶᠢᠭᠡᠮᠯᠢᠭ 1990 ᠤᠨ ᠤ 5 ᠰᠠᠷ᠎ᠠ ᠳᠤ ᠪᠠᠶᠢᠭᠤᠯᠤᠭᠳᠠᠪᠠ᠂ ᠶᠠᠨ ᠠᠨ ᠤ ᠵᠤᠷᠢᠭ ᠰᠠᠨᠠᠭ᠎ᠠ ᠶᠢ ᠰᠤᠷᠤᠯᠴᠠᠬᠤ᠂ ᠰᠤᠳᠤᠯᠬᠤ᠂ ᠤᠬᠠᠭᠤᠯᠬᠤ ᠪᠠᠷ ᠭᠤᠤᠯ ᠡᠬᠦᠷᠭᠡ ᠪᠠᠨ ᠪᠤᠯᠭᠠᠵᠦ᠂ 30 ᠵᠢᠯ ᠤᠨ ᠲᠤᠷᠰᠢ ᠶᠠᠨ ᠠᠨ ᠤ ᠵᠤᠷᠢᠭ ᠰᠠᠨᠠᠭ᠎ᠠ ᠶᠢ ᠪᠠᠳᠠᠷᠠᠭᠤᠯᠬᠤ ᠳᠤ ᠢᠳᠡᠪᠬᠢᠳᠠᠢ ᠦᠢᠯᠡᠳᠦᠯ ᠦᠵᠡᠬᠦᠯᠵᠡᠢ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号