ᠰᠢ ᠶᠢᠨ ᠫᠢᠩ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 75 ᠵᠢᠯ ᠤᠨ ᠤᠢ ᠶᠢ ᠳᠤᠷᠠᠰᠬᠠᠬᠤ ᠲᠦᠷᠦᠭᠦᠴᠦᠳ ᠤᠨ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2020/9/23
   ᠬᠢᠵᠢᠭ ᠤᠨ ᠳᠠᠷᠠᠭᠠᠬᠢ ᠴᠠᠭ ᠦᠶ᠎ᠡ ᠳᠤ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠲᠥᠪ ᠭᠤᠤᠯᠴᠢ ᠶᠢ ᠪᠠᠷᠢᠮᠲᠠᠯᠠᠨ ᠬᠠᠤᠯᠢ ᠪᠠᠷ ᠵᠠᠰᠠᠬᠤ ᠶᠢ ᠴᠢᠩᠭ᠎ᠠ ᠬᠡᠷᠡᠭᠵᠢᠭᠦᠯᠵᠦ ᠬᠠᠮᠲᠤᠷᠠᠯᠴᠠᠭ᠎ᠠ ᠶᠢ ᠠᠬᠢᠭᠤᠯᠵᠤ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ    ᠳᠤᠮᠳᠠᠳᠤ ᠤᠯᠤᠰ ᠢᠮᠠᠭᠲᠠ ᠣᠯᠠᠨ ᠲᠠᠯᠠᠲᠤ ᠦᠵᠡᠯ ᠤᠨ ᠦᠢᠯᠡᠳᠦᠯᠭᠡᠵᠢᠭᠦᠯᠦᠭᠴᠢ ᠪᠣᠯᠵᠤ᠂ ᠪᠦᠬᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠠ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠳᠠ ᠶᠢ ᠠᠬᠢᠭᠤᠯᠤᠨ᠎ᠠ ᠭᠡᠵᠥ ᠳᠠᠪᠳᠠᠨ ᠢᠯᠡᠷᠬᠡᠶᠢᠯᠡᠪᠡ    ᠤᠯᠤᠰ ᠤᠨ ᠲᠡᠷᠢᠭᠦᠯᠡᠭᠴᠢ ᠰᠢ ᠶᠢᠨ ᠫᠢᠩ 21 ᠤ ᠡᠳᠦᠷ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 75 ᠵᠢᠯ ᠤᠨ ᠤᠢ ᠶᠢ ᠳᠤᠷᠠᠰᠬᠠᠬᠤ ᠲᠦᠷᠦᠭᠦᠴᠦᠳ ᠤᠨ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃    ᠰᠢ ᠶᠢᠨ ᠫᠢᠩ᠂ 75 ᠵᠢᠯ ᠤᠨ ᠡᠮᠦᠨ᠎ᠡ᠂ ᠳᠡᠯᠡᠬᠡᠶ ᠶᠢᠨ ᠠᠷᠠᠳ ᠲᠦᠮᠡᠨ ᠴᠢᠰᠤᠲᠤ ᠪᠠᠶᠢᠯᠳᠤᠭᠠᠨ ᠢᠶᠠᠷ ᠲᠠᠮᠵᠢᠨ᠂ ᠳᠡᠯᠡᠬᠡᠶ ᠶᠢᠨ ᠹᠠᠱᠢᠰ ᠢ ᠡᠰᠡᠷᠭᠦᠴᠡᠬᠦ ᠲᠠᠶᠢᠨ ᠤ ᠠᠭᠤᠤ ᠶᠡᠭᠡ ᠢᠯᠠᠯᠲᠠ ᠶᠢ ᠤᠯᠪᠠ᠃ ᠡᠨᠡ ᠪᠣᠯ ᠰᠢᠳᠤᠷᠭᠤ ᠶᠣᠰᠣᠨ ᠤ ᠢᠯᠠᠯᠲᠠ᠂ ᠠᠷᠠᠳ ᠲᠦᠮᠡᠨ ᠤ ᠢᠯᠠᠯᠲᠠ ᠮᠥᠨ᠃ ᠳᠡᠭᠡᠷ᠎ᠡ ᠵᠠᠭᠤᠨ ᠤ ᠡᠬᠢᠨ ᠳᠤ ᠬᠥᠮᠦᠨ ᠲᠥᠷᠥᠯᠬᠢᠲᠡᠨ ᠬᠤᠶᠠᠷ ᠤᠳᠠᠭᠠᠨ ᠤ ᠬᠠᠷᠠᠰᠠᠯᠲᠤ ᠳᠠᠶᠢᠨ ᠢ ᠦᠩᠬᠡᠷᠡᠬᠦᠯᠦᠭᠰᠡᠨ ᠤ ᠳᠠᠷᠠᠭ᠎ᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠵᠤ᠂ ᠤᠳᠤ ᠪᠤᠯᠬᠤ ᠳᠤ 75 ᠵᠢᠯ ᠤᠨ ᠶᠡᠷᠦ ᠪᠤᠰᠤ ᠶᠢᠨ ᠲᠡᠦᠬᠡ ᠶᠢ ᠥᠩᠭᠡᠷᠡᠭᠦᠯᠵᠠᠢ᠃ ᠳᠡᠯᠡᠬᠡᠢ ᠶᠢᠨ ᠡᠩᠬᠡ ᠲᠠᠶᠢᠪᠤᠩ ᠬᠢᠭᠡᠳ ᠬᠥᠭᠵᠢᠯᠲᠡ ᠰᠢᠨ᠎ᠡ ᠬᠠᠭᠤᠳᠠᠰᠤ ᠶᠢ ᠰᠡᠬᠦᠪᠡ᠃    
   9 ᠰᠠᠷ᠎ᠠ ᠶᠢᠨ 21 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠪᠠᠶᠢᠭᠤᠯᠤᠭᠳᠠᠭᠰᠠᠨ 75 ᠵᠢᠯ ᠤᠨ ᠤᠢ ᠶᠢ ᠲᠤᠷᠠᠰᠬᠠᠬᠤ ᠲᠦᠷᠦᠭᠦᠴᠤᠳ ᠤᠨ ᠬᠤᠷᠠᠯ ᠲᠡᠭᠡᠷ᠎ᠠ ᠴᠢᠬᠤᠯᠠ ᠶᠠᠷᠢᠶ᠎ᠠ ᠲᠠᠯᠪᠢᠪᠠ᠃    ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ    ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 75 ᠵᠢᠯ ᠪᠣᠯ ᠬᠥᠮᠦᠨ ᠲᠥᠷᠥᠯᠬᠢᠲᠡᠨ ᠤ ᠨᠡᠶᠢᠭᠡᠮ ᠦᠳᠲᠡᠷ ᠲᠦᠷᠭᠡᠨ ᠬᠥᠭᠵᠢᠭᠰᠡᠨ 75 ᠵᠢᠯ ᠪᠣᠯᠤᠨ᠎ᠠ᠃ ᠪᠢᠳᠡ ᠭᠦᠨ ᠭᠦᠨᠵᠡᠭᠡᠶ ᠥᠷᠭᠡᠨ ᠳᠡᠯᠭᠡᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠪᠠ ᠠᠵᠤ ᠦᠢᠯᠡᠳᠪᠦᠷᠢ ᠶᠢᠨ ᠬᠤᠪᠢᠰᠬᠠᠯ ᠢ ᠥᠩᠭᠡᠷᠡᠭᠦᠯᠵᠦ᠂ ᠤᠳᠤ ᠶᠠᠭ ᠰᠢᠨ᠎ᠡ ᠨᠢᠭᠡ ᠡᠭᠡᠯᠵᠢ ᠶᠢᠨ ᠨᠡᠩ ᠦᠷᠭᠡᠨ ᠬᠦᠷᠢᠶᠡᠨ ᠤ᠂ ᠨᠡᠩ ᠭᠦᠨ ᠳᠠᠪᠬᠤᠷᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ ᠶᠢ ᠤᠭᠲᠤᠨ ᠠᠪᠴᠢᠷᠠᠵᠤ᠂ ᠳᠡᠯᠡᠬᠡᠶ ᠶᠢᠨ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠲᠦᠢᠯ ᠤᠨ ᠶᠡᠭᠡ ᠪᠠᠷ ᠴᠢᠯᠥᠭᠡᠯᠡᠭᠳᠡᠭᠰᠡᠨ ᠪᠠ ᠬᠥᠭᠵᠢᠵᠤ ᠂ ᠬᠥᠮᠦᠨ ᠲᠥᠷᠥᠯᠬᠢᠲᠡᠨ ᠤ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠪᠠ ᠶᠢᠷᠲᠢᠨᠴᠦ ᠶᠢ ᠥᠭᠡᠷᠡᠴᠢᠯᠡᠬᠦ ᠴᠢᠳᠠᠪᠤᠷᠢ ᠤᠷᠢᠳᠦ ᠡᠮᠦᠨ᠎ᠡ ᠪᠠᠶᠢᠭ᠎ᠠ ᠦᠭᠡᠢ ᠳᠡᠭᠡᠭᠰᠢᠯᠡᠪᠡ᠃    ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 75 ᠵᠢᠯ ᠪᠣᠯ ᠳᠡᠯᠡᠬᠡᠢ ᠶᠢᠨ ᠪᠠᠶᠢᠳᠠᠯ ᠳᠤ ᠭᠦᠨᠵᠡᠭᠡᠢ ᠬᠤᠪᠢᠷᠠᠯᠲᠠ ᠭᠠᠷᠤᠭᠰᠠᠨ 75 ᠵᠢᠯ ᠪᠣᠯᠤᠨ᠎ᠠ᠃ ᠥᠷᠭᠡᠨ ᠣᠯᠠᠨ ᠬᠥᠭᠵᠢᠵᠦ ᠪᠠᠶᠢᠭ᠎ᠠ ᠤᠯᠤᠰ ᠦᠨᠳᠦᠰᠦᠲᠡᠨ ᠤ ᠴᠢᠯᠥᠭᠡᠯᠡᠯᠲᠡ ᠪᠠ ᠤᠯᠤᠰ ᠣᠷᠣᠨ ᠤ ᠲᠤᠰᠠᠭᠠᠷ ᠲᠣᠭᠲᠠᠨᠢᠯ ᠢᠶᠠᠨ ᠣᠯᠵᠤ᠂ ᠠᠷᠪᠠᠨ ᠬᠡᠳᠦᠨ ᠳ᠋ᠦᠩᠰᠢᠭᠤᠷ ᠬᠥᠮᠦᠨ ᠠᠮᠠ ᠶᠠᠳᠠᠭᠤ ᠠᠴᠠ ᠠᠩᠭᠢᠵᠢᠷᠠᠵᠤ᠂ ᠬᠡᠳᠦᠨ ᠠᠷᠪᠠᠨ ᠳ᠋ᠦᠩᠰᠢᠭᠤᠷ ᠬᠥᠮᠦᠨ ᠠᠮᠠ ᠣᠳᠣᠬᠢᠴᠢᠯᠠᠯᠳᠠ ᠶᠢᠨ ᠠᠶᠠᠨ ᠳᠤ ᠮᠤᠷᠳᠠᠵᠤ᠂ ᠳᠡᠯᠡᠬᠡᠶ ᠶᠢᠨ ᠡᠩᠭᠡ ᠲᠠᠶᠢᠪᠤᠩ ᠬᠢᠭᠡᠳ ᠬᠥᠭᠵᠢᠯᠲᠡ ᠶᠢᠨ ᠬᠦᠴᠦᠨ ᠢ ᠲᠦᠢᠯ ᠤᠨ ᠶᠡᠭᠡ ᠪᠠᠷ ᠴᠢᠩᠭᠠᠷᠠᠭᠤᠯᠵᠤ᠂ ᠳᠡᠯᠡᠬᠡᠶ ᠶᠢᠨ ᠪᠠᠶᠢᠷᠢᠰᠢᠯ ᠢ ᠭᠦᠨᠵᠡᠭᠡᠶ ᠬᠤᠪᠢᠷᠠᠭᠤᠯᠵᠠᠶ᠃    ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 75 ᠵᠢᠯ ᠪᠣᠯ ᠤᠯᠠᠨ ᠲᠠᠯᠠᠲᠤ ᠦᠵᠡᠯ ᠲᠦᠷᠭᠡᠨ ᠬᠥᠭᠵᠢᠭᠰᠡᠨ 75 ᠵᠢᠯ ᠪᠣᠯᠤᠨ᠎ᠠ᠃ ᠳᠡᠯᠡᠬᠡᠢ ᠶᠢᠨ ᠠᠰᠠᠭᠤᠳᠠᠯ ᠮᠠᠰᠢ ᠤᠯᠡᠠ᠂ ᠮᠠᠰᠢ ᠶᠡᠭᠡ ᠪᠠᠶᠢᠵᠥ᠂ ᠪᠦᠬᠦ ᠪᠥᠮᠪᠥᠷᠴᠡᠭ ᠤᠨ ᠴᠢᠨᠠᠷᠲᠠᠢ ᠥᠷᠢᠰᠥᠯᠳᠦᠭᠡᠨ ᠡᠳᠦᠷ ᠢᠷᠡᠬᠦᠶ᠎ᠡ ᠨᠡᠮᠡᠭᠳᠡᠪᠡ᠂ ᠡᠭᠦᠨ ᠢ ᠶᠠᠷᠢᠯᠴᠠᠭ᠎ᠠ ᠬᠢᠵᠦ ᠬᠠᠮᠳᠤᠷᠠᠨ ᠠᠵᠢᠯᠯᠠᠬᠤ ᠪᠠᠷ ᠳᠠᠮᠵᠢᠨ ᠰᠢᠢᠳᠪᠦᠷᠢᠯᠡᠬᠦ ᠯᠡ ᠬᠡᠷᠡᠭᠲᠡᠢ ᠶᠤᠮ᠃ ᠤᠯᠠᠨ ᠤᠯᠤᠰ ᠤᠨ ᠤᠴᠢᠷ ᠢ ᠤᠯᠠᠨ ᠢᠶᠠᠷ ᠢᠶᠠᠨ ᠵᠥᠪᠳᠡᠵᠤ ᠪᠠᠶᠢᠭᠠᠳ ᠰᠢᠢᠳᠪᠦᠷᠢᠯᠡᠵᠦ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ ᠨᠢ ᠨᠢᠭᠡᠨᠲᠡ ᠳᠡᠯᠡᠬᠡᠶ ᠨᠡᠶᠢᠲᠡ ᠶᠢᠨ ᠥᠷᠭᠡᠨ ᠳᠡᠯᠭᠡᠷ ᠬᠠᠮᠲᠤ ᠶᠢᠨ ᠲᠠᠨᠢᠯᠲᠠ ᠪᠣᠯᠵᠠᠶ᠃ ᠰᠠᠯᠬᠢ ᠪᠣᠷᠣᠭᠠᠨ ᠤ ᠳᠠᠷᠠᠭ᠎ᠠ ᠰᠣᠯᠣᠩᠭ᠎ᠠ ᠢᠯᠡᠷᠡᠳᠡᠭ᠃ ᠤᠳᠠᠭ᠎ᠠ ᠳᠠᠷᠠᠭ᠎ᠠ ᠶᠢᠨ ᠰᠢᠯᠭᠠᠯᠳᠠ ᠶᠢ ᠦᠩᠭᠡᠷᠡᠭᠦᠯᠦᠭᠡᠳ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠮᠥᠨ ᠬᠦ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠵᠤ᠂ ᠳᠠᠯᠠᠨ ᠬᠡᠳᠦᠨ ᠳ᠋ᠦᠩᠰᠢᠭᠤᠷ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠠᠴᠢᠶᠠᠯᠠᠵᠥ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠲᠦᠷᠢᠮ ᠮᠥᠨ ᠬᠦ ᠳᠡᠯᠡᠬᠡᠢ ᠶᠢᠨ ᠡᠩᠬᠡ ᠲᠠᠶᠢᠪᠤᠩ ᠬᠢᠭᠡᠳ ᠬᠥᠭᠵᠢᠯᠲᠡ ᠶᠢᠨ ᠴᠢᠬᠤᠯᠠ ᠪᠠᠲᠤᠯᠠᠭ᠎ᠠ ᠪᠤᠯᠵᠤ ᠪᠠᠶᠢᠨ᠎ᠠ᠃    ᠰᠢ ᠶᠢᠨ ᠫᠢᠩ᠂ ᠣᠳᠣᠬᠠᠨ ᠤ ᠳᠡᠯᠡᠬᠡᠶ ᠶᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠥᠬᠡᠶ ᠶᠡᠭᠡ ᠬᠤᠪᠢᠰᠤᠯᠲᠠ ᠶᠢ ᠥᠩᠭᠡᠷᠡᠭᠡᠵᠦ᠂ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠪᠥᠬᠦ ᠳᠡᠯᠡᠬᠡᠶ ᠳᠤ ᠠᠪᠴᠤ ᠬᠡᠯᠡᠪᠡᠯ ᠨᠢᠭᠡ ᠤᠳᠠᠭᠠᠨ ᠤ ᠬᠠᠲᠠᠭᠤ ᠰᠢᠯᠭᠠᠯᠲᠠ ᠪᠣᠯᠤᠨ᠎ᠠ᠃ ᠬᠥᠮᠦᠨ ᠲᠥᠷᠥᠯᠬᠢᠲᠡᠨ ᠨᠢᠭᠡᠨᠲᠡ ᠬᠤᠯᠪᠣᠯᠳᠤᠨ ᠨᠡᠪᠲᠡᠷᠡᠯᠴᠡᠬᠦ ᠰᠢᠨ᠎ᠡ ᠴᠠᠭ ᠦᠶ᠎ᠡ ᠳᠤ ᠣᠷᠣᠵᠤ᠂ ᠡᠯ᠎ᠡ ᠤᠯᠤᠰ ᠤᠨ ᠠᠰᠢᠭ ᠲᠤᠰᠠ ᠬᠠᠷᠢᠯᠴᠠᠨ ᠬᠤᠯᠪᠤᠯᠳᠤᠵᠤ᠂ ᠬᠤᠪᠢ ᠵᠠᠶᠠᠭ᠎ᠠ ᠨᠢᠭᠲᠠ ᠬᠤᠯᠪᠤᠭ᠎ᠠ ᠲᠠᠢ ᠪᠤᠯᠪᠠ᠃ ᠪᠦᠬᠦ ᠪᠥᠮᠪᠥᠷᠴᠡᠭ ᠤᠨ ᠴᠢᠨᠠᠷᠲᠠᠶ ᠰᠦᠷᠳᠡᠭᠦᠯᠦᠯ ᠪᠠ ᠥᠷᠢᠰᠥᠯᠳᠦᠭᠡᠨ ᠨᠢ ᠴᠢᠩᠭ᠎ᠠ ᠬᠦᠴᠦᠲᠡᠶ ᠪᠦᠬᠦ ᠪᠥᠮᠪᠥᠷᠴᠡᠭ ᠤᠨ ᠴᠢᠨᠠᠷᠲᠠᠶ ᠠᠷᠭᠠᠴᠠᠭᠠᠯᠳᠠ ᠱᠠᠭᠠᠷᠳᠠᠭᠳᠠᠨ᠎ᠠ ᠭᠡᠵᠤ ᠴᠢᠬᠤᠯᠠᠴᠢᠯᠠᠪᠠ᠃ ᠰᠢᠨ᠎ᠡ ᠪᠠᠶᠢᠳᠠᠯ ᠰᠢᠨ᠎ᠡ ᠥᠷᠢᠰᠥᠯᠳᠦᠭᠡᠨ ᠤ ᠡᠮᠦᠨ᠎ᠠ᠂ ᠪᠢᠳᠡ ᠡᠷᠬᠡᠪᠰᠢ ᠲᠥᠪ ᠴᠢᠩᠭ᠎ᠠ ᠪᠠᠷ ᠪᠤᠳᠤᠯᠬᠢᠯᠬᠠᠤ ᠬᠡᠷᠡᠭᠲᠡᠢ᠄ ᠳᠡᠯᠡᠬᠡᠢ ᠳ᠋ᠠᠬᠢᠨ ᠶᠠᠮᠠᠷ ᠶᠠᠩᠵᠤ ᠶᠢᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢ ᠱᠠᠭᠠᠷᠳᠠᠵᠥ ᠪᠠᠶᠢᠬᠤ ᠪᠤᠢ︖ ᠬᠢᠵᠢᠭ ᠤᠨ ᠳᠠᠷᠠᠭᠠᠬᠢ ᠴᠠᠬ ᠦᠶ᠎ᠡ ᠳᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠬᠡᠷᠬᠢᠨ ᠦᠢᠯᠡᠳᠦᠯ ᠢᠶᠠᠨ ᠪᠠᠳᠠᠷᠠᠭᠤᠯᠪᠠᠯ ᠵᠣᠬᠢᠬᠤ ᠪᠤᠢ︖    ᠰᠢ ᠶᠢᠨ ᠫᠢᠩ ᠡᠭᠦᠨ ᠤ ᠲᠤᠬᠠᠢ 4 ᠲᠠᠯ᠎ᠠ ᠶᠢᠨ ᠰᠠᠨᠠᠭᠤᠯᠭ᠎ᠠ ᠳᠤᠷᠠᠳᠪᠠ᠃    ᠨᠢᠭᠡ ᠳᠤ ᠳᠦᠪ ᠭᠤᠤᠯᠴᠢ ᠶᠢ ᠪᠠᠷᠢᠮᠲᠠᠯᠠᠨ᠎ᠠ᠃ ᠶᠡᠭᠡ ᠪᠠᠭ᠎ᠠ ᠤᠯᠤᠰ ᠬᠠᠷᠢᠯᠴᠠᠨ ᠬᠦᠨᠳᠦᠳᠬᠡᠵᠦ᠂ ᠪᠦᠬᠦᠳᠡ ᠡᠷᠬᠡ ᠲᠡᠭᠰᠢ ᠪᠠᠶᠢᠬᠤ ᠪᠣᠯ ᠴᠠᠭ ᠦᠶ᠎ᠡ ᠶᠢᠨ ᠲᠠᠪᠰᠢᠯᠳᠠ ᠶᠢᠨ ᠱᠠᠭᠠᠷᠳᠠᠯᠭ᠎ᠠ ᠮᠥᠨ᠂ ᠪᠠᠰᠠ ᠴᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠲᠡᠷᠢᠭᠦᠨ ᠴᠢᠬᠤᠯᠠ ᠵᠠᠷᠴᠢᠮ ᠮᠥᠨ᠃ ᠶᠠᠮᠠᠷ ᠴᠤ ᠤᠯᠤᠰ ᠭᠡᠳ ᠣᠯᠠᠨ ᠤᠯᠤᠰ ᠤᠨ ᠬᠡᠷᠡᠭ ᠶᠠᠪᠤᠳᠠᠯ ᠢ ᠪᠦᠬᠦᠨ ᠢ ᠬᠠᠮᠢᠶᠠᠷᠴᠤ᠂ ᠪᠤᠰᠤᠳ ᠤᠯᠤᠰ ᠤᠨ ᠬᠤᠪᠢ ᠵᠠᠶᠠᠭ᠎ᠠ ᠶᠢ ᠡᠵᠡᠮᠳᠡᠵᠦ᠂ ᠬᠥᠭᠵᠢᠯᠲᠡ ᠶᠢᠨ ᠳᠠᠪᠠᠭᠤᠯᠢᠭ ᠢ ᠭᠠᠭᠴᠠᠭᠠᠷ ᠡᠵᠡᠮᠰᠢᠬᠦ ᠡᠷᠬᠡ ᠦᠭᠡᠢ᠂ ᠨᠡᠩ ᠴᠤ ᠳᠡᠯᠡᠬᠡᠶ ᠳᠡᠭᠡᠷ᠎ᠡ ᠳᠤᠷ᠎ᠠ ᠳᠠᠪᠠ ᠪᠠᠷ ᠢᠶᠠᠨ ᠠᠭᠠᠰᠢᠯᠠᠵᠤ᠂ ᠡᠵᠡᠷᠬᠡᠬᠦ ᠦᠵᠡᠯ ᠶᠠᠪᠤᠭᠤᠯᠵᠤ᠂ ᠪᠤᠰᠤᠳ ᠢ ᠳᠠᠷᠤᠯᠠᠨ ᠳᠤᠷᠤᠮᠵᠢᠯᠠᠵᠤ᠂ ᠬᠠᠷᠬᠢᠰ ᠬᠡᠷᠴᠡᠭᠡᠢ ᠶᠠᠪᠤᠵᠤ ᠪᠣᠯᠬᠤ ᠦᠭᠡᠢ ᠶᠤᠮ᠃ ᠭᠠᠭᠴᠠ ᠲᠠᠯᠠᠳᠦ ᠦᠵᠡᠯ ᠭᠠᠷᠬᠤ ᠵᠠᠮ ᠦᠭᠡᠢ ᠶᠤᠮ᠂ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠡᠯ᠎ᠡ ᠤᠯᠤᠰ ᠬᠠᠮᠳᠤ ᠪᠠᠷ ᠨᠡᠶᠢᠳᠡᠮ ᠤᠨ ᠠᠮᠤᠷ ᠲᠦᠪᠰᠢᠨ ᠢ ᠬᠠᠮᠠᠭᠠᠯᠠᠵᠤ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠵᠦ᠂ ᠳᠡᠯᠡᠬᠡᠢ ᠶᠢᠨ ᠬᠤᠪᠢ ᠵᠠᠶᠠᠭ᠎ᠠ ᠶᠢ ᠬᠠᠮᠲᠤ ᠪᠠᠷ ᠡᠵᠡᠮᠰᠢᠬᠦ ᠬᠡᠷᠡᠭᠳᠡᠢ᠃ ᠬᠥᠭᠵᠢᠵᠦ ᠪᠠᠶᠢᠭ᠎ᠠ ᠤᠯᠤᠰ ᠤᠳ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠲᠥᠯᠥᠭᠡᠯᠡᠬᠦ ᠴᠢᠨᠠᠷ ᠪᠠ ᠦᠭᠡ ᠬᠡᠯᠡᠬᠦ ᠡᠷᠬᠡ ᠶᠢ ᠦᠨᠡᠨ ᠬᠦ ᠳᠡᠭᠡᠭᠰᠢᠯᠡᠭᠦᠯᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢ ᠣᠯᠠᠩᠬᠢ ᠤᠯᠤᠰ ᠤᠨ ᠠᠰᠢᠭ ᠲᠤᠰᠠ ᠪᠠ ᠬᠦᠰᠡᠯ ᠰᠠᠨᠠᠯ ᠢ ᠨᠡᠩ ᠲᠡᠩᠴᠡᠭᠦᠷᠢᠲᠡᠶ ᠲᠤᠰᠬᠠᠬᠤ ᠪᠣᠯᠭᠠᠬᠤ ᠬᠡᠷᠡᠭᠲᠡᠶ᠃    ᠬᠤᠶᠠᠷ ᠲᠤ ᠬᠠᠤᠯᠢ ᠪᠠᠷ ᠵᠠᠰᠠᠬᠤ ᠶᠢ ᠴᠢᠩᠭ᠎ᠠ ᠬᠡᠷᠡᠭᠵᠢᠭᠦᠯᠦᠨ᠎ᠡ᠃ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠪᠣᠯ ᠣᠯᠠᠨ ᠤᠯᠤᠰ ᠤᠨ ᠬᠠᠷᠢᠯᠴᠠᠭ᠎ᠠ ᠶᠢ ᠰᠢᠢᠳᠪᠦᠷᠢᠯᠡᠬᠦ ᠦᠨᠳᠦᠰᠦᠨ ᠵᠢᠷᠤᠮᠯᠠᠯ ᠪᠣᠯᠤᠨ᠎ᠠ᠂ ᠪᠠᠰᠠ ᠴᠤ ᠳᠡᠯᠡᠬᠡᠢ ᠶᠢᠨ ᠡᠮᠬᠢ ᠲᠢᠭᠯᠢᠮ ᠲᠣᠭᠲᠠᠭᠤᠨ ᠪᠠᠶᠢᠬᠤ ᠶᠢᠨ ᠴᠢᠬᠤᠯᠠ ᠰᠠᠭᠤᠷᠢ ᠮᠥᠨ᠂ ᠡᠷᠬᠡᠪᠰᠢ ᠥᠴᠦᠬᠡᠨ ᠴᠦ ᠭᠤᠶᠢᠪᠢᠰᠢ ᠦᠭᠡᠢ ᠪᠠᠷ ᠬᠠᠮᠠᠭᠠᠯᠠᠬᠤ ᠬᠡᠷᠡᠭᠲᠡᠶ᠃ ᠡᠯ᠎ᠡ ᠤᠯᠤᠰ ᠤᠨ ᠬᠠᠷᠢᠯᠴᠠᠭ᠎ᠠ ᠪᠠ ᠠᠰᠢᠭ ᠲᠤᠰᠠ ᠶᠢ ᠭᠠᠭᠴᠠ ᠬᠦ ᠳᠦᠷᠢᠮ ᠳᠤᠭᠳᠠᠭᠠᠯ ᠶᠤᠰᠤᠭᠠᠷ ᠵᠣᠬᠢᠴᠠᠭᠤᠯᠬᠤ ᠬᠡᠷᠡᠭᠲᠡᠶ᠂ ᠬᠠᠷᠢᠨ ᠬᠡᠨ ᠨᠢ ᠬᠦᠴᠦᠷᠬᠡᠭ ᠪᠣᠯ ᠬᠡᠨ ᠤ ᠬᠢ ᠶᠢ ᠰᠣᠨᠣᠰᠤᠭᠠᠳ ᠪᠣᠯᠬᠤ ᠦᠭᠡᠢ᠃ ᠲᠣᠮᠣ ᠤᠯᠤᠰ ᠨᠡᠩ ᠴᠤ ᠲᠦᠷᠦᠭᠦᠯᠡᠨ ᠣᠯᠠᠨ ᠤᠯᠤᠰ ᠤᠨ ᠬᠠᠤᠯᠢ ᠪᠠᠷ ᠵᠠᠰᠠᠬᠤ ᠶᠢ ᠰᠠᠨᠠᠭᠠᠴᠢᠯᠠᠭᠴᠢ ᠪᠠ ᠬᠠᠮᠠᠭᠠᠯᠠᠭᠴᠢ ᠪᠣᠯᠵᠥ᠂ ᠠᠮᠠᠯᠠᠯᠲᠠ ᠪᠠᠨ ᠪᠠᠲᠤ ᠰᠠᠬᠢᠵᠤ ᠭᠦᠢᠴᠡᠳᠭᠡᠬᠦ ᠬᠡᠷᠡᠭᠳᠡᠢ᠂ ᠣᠨᠴᠠᠭᠠᠢ ᠦᠵᠡᠯ ᠶᠠᠪᠤᠭᠤᠯᠬᠤ ᠦᠭᠡᠢ᠂ ᠳᠠᠪᠬᠤᠷ ᠪᠠᠷᠢᠮᠵᠢᠶ᠎ᠠ ᠬᠡᠷᠡᠭᠵᠢᠭᠦᠯᠬᠦ ᠦᠭᠡᠢ᠂ ᠤᠯᠠᠨ ᠤᠯᠤᠰ ᠤᠨ ᠬᠠᠤᠯᠢ ᠶᠢ ᠭᠠᠵᠢᠭᠤᠳᠠᠭᠤᠯᠵᠤ᠂ ᠬᠠᠤᠯᠢ ᠪᠠᠷ ᠵᠠᠰᠠᠬᠤ ᠨᠡᠷ᠎ᠡ ᠪᠠᠷ ᠪᠤᠰᠤᠳ ᠤᠯᠤᠰ ᠤᠨ ᠵᠦᠶ ᠶᠣᠰᠣᠨ ᠤ ᠡᠷᠬᠡ ᠠᠰᠢᠭ ᠢ ᠬᠤᠬᠢᠷᠠᠭᠤᠯᠵᠤ᠂ ᠳᠡᠯᠡᠬᠡᠢ ᠶᠢᠨ ᠡᠩᠭᠡ ᠲᠠᠶᠢᠪᠤᠩ ᠲᠣᠭᠲᠠᠭᠤᠨ ᠢ ᠡᠪᠳᠡᠬᠦ ᠦᠭᠡᠢ ᠪᠠᠶᠢᠪᠠᠯ ᠳᠠᠭᠠᠷᠠᠨ᠎ᠠ᠃    ᠭᠤᠷᠪᠠ ᠳᠤ ᠬᠠᠮᠲᠤᠷᠠᠯᠴᠠᠭ᠎ᠠ ᠶᠢ ᠠᠬᠢᠭᠤᠯᠤᠨ᠎ᠠ᠃ ᠤᠯᠠᠨ ᠤᠯᠤᠰ ᠤᠨ ᠬᠠᠮᠲᠤᠷᠠᠯᠴᠠᠭ᠎ᠠ ᠶᠢ ᠠᠬᠢᠭᠤᠯᠬᠤ ᠪᠣᠯ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠪᠠᠶᠢᠭᠤᠯᠤᠭᠳᠠᠭᠰᠠᠨ ᠤᠭ ᠰᠠᠨᠠᠭ᠎ᠠ ᠮᠥᠨ᠂ ᠪᠠᠰᠠ ᠴᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠲᠦᠷᠢᠮ ᠤᠨ ᠴᠢᠬᠤᠯᠠ ᠵᠣᠷᠢᠯᠲᠠ ᠮᠥᠨ᠃ ᠬᠦᠢᠲᠡᠨ ᠳᠠᠶᠢᠨ ᠤ ᠰᠡᠳᠬᠢᠬᠦᠢ ᠳᠤ ᠲᠦᠰᠢᠭᠯᠡᠵᠦ᠂ ᠦᠵᠡᠯ ᠤᠬᠠᠮᠰᠠᠷ ᠤᠨ ᠬᠡᠯᠪᠡᠷᠢ ᠪᠠᠷ ᠱᠤᠭᠤᠮ ᠵᠢᠷᠤᠵᠤ᠂ ᠤᠭᠳᠤ ᠡᠪᠰᠡᠬᠦ ᠦᠭᠡᠢ ᠦᠷᠢᠰᠦᠯᠳᠦᠭᠡᠨ ᠬᠢᠬᠦ ᠨᠢ ᠲᠤᠰ ᠤᠯᠤᠰ ᠤᠨ ᠢᠶᠠᠨ ᠠᠰᠠᠭᠤᠳᠠᠯ ᠢ ᠰᠢᠢᠳᠪᠦᠷᠢᠯᠡᠵᠦ ᠳᠡᠶᠢᠯᠬᠦ ᠦᠭᠡᠢ ᠪᠦᠭᠡᠳ ᠬᠥᠮᠦᠨ ᠲᠥᠷᠥᠯᠬᠢᠲᠡᠨ ᠳᠤ ᠲᠤᠯᠭᠠᠷᠠᠵᠤ ᠪᠠᠶᠢᠭ᠎ᠠ ᠬᠠᠮᠲᠤ ᠶᠢᠨ ᠥᠷᠢᠰᠥᠯᠳᠦᠭᠡᠨ ᠢ ᠨᠡᠩ ᠴᠤ ᠠᠷᠭᠠᠴᠠᠭᠠᠵᠤ ᠳᠡᠶᠢᠯᠬᠦ ᠦᠭᠡᠢ ᠶᠤᠮ᠃ ᠪᠢᠳᠡᠨ ᠤ ᠬᠢᠪᠡᠰᠤ ᠵᠤᠬᠢᠬᠤ ᠠᠵᠢᠯ ᠪᠤᠯ᠂ ᠶᠠᠷᠢᠯᠴᠠᠭ᠎ᠠ ᠬᠢᠬᠦ ᠪᠠᠷ ᠮᠥᠷᠭᠦᠯᠳᠦᠭᠡᠨ ᠢ ᠣᠷᠣᠯᠠᠭᠤᠯᠵᠥ᠂ ᠵᠥᠪᠳᠡᠯᠴᠡᠬᠦ ᠪᠠᠷ ᠰᠦᠷᠳᠡᠭᠦᠯᠤᠯ ᠢ ᠣᠷᠣᠯᠠᠭᠤᠯᠵᠤ᠂ ᠬᠠᠮᠲᠤ ᠪᠠᠷ ᠠᠰᠢᠭ ᠬᠦᠷᠲᠡᠬᠦ ᠪᠠᠷ ᠤᠭᠳᠤ ᠡᠪᠰᠡᠬᠦ ᠦᠭᠡᠢ ᠶᠢ ᠣᠷᠣᠯᠠᠭᠤᠯᠵᠤ᠂ ᠲᠣᠰ ᠤᠯᠤᠰ ᠤᠨ ᠢᠶᠠᠨ ᠠᠰᠢᠭ ᠲᠤᠰᠠ ᠶᠢ ᠡᠯ᠎ᠡ ᠤᠯᠤᠰ ᠤᠨ ᠬᠠᠮᠲᠤ ᠶᠢᠨ ᠠᠰᠢᠭ ᠲᠤᠰᠠ ᠲᠠᠢ ᠤᠶᠠᠯᠳᠤᠭᠤᠯᠵᠤ᠂ ᠡᠯ᠎ᠡ ᠤᠯᠤᠰ ᠤᠨ ᠬᠠᠮᠲᠤ ᠶᠢᠨ ᠠᠰᠢᠭ ᠲᠤᠰᠠ ᠶᠢᠨ ᠨᠡᠶᠢᠯᠡᠯ ᠴᠡᠭ ᠢ ᠴᠢᠷᠮᠠᠶᠢᠨ ᠥᠷᠭᠡᠳᠬᠡᠵᠦ᠂ ᠡᠶ᠎ᠡ ᠵᠤᠬᠢᠴᠠᠩᠭᠤᠢ ᠬᠠᠮᠳᠤᠷᠠᠯᠴᠠᠬᠤ ᠳᠡᠯᠡᠬᠡᠶ ᠶᠢᠨ ᠶᠡᠭᠡ ᠭᠡᠷ ᠪᠦᠯᠢ ᠶᠢ ᠪᠠᠶᠢᠭᠤᠯᠤᠨ᠎ᠠ᠃    ᠳᠥᠷᠪᠡ ᠳᠤ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ᠣᠯᠠᠨ ᠲᠠᠯᠠᠲᠤ ᠦᠵᠡᠯ ᠢ ᠦᠢᠯᠡᠳᠦᠯᠭᠡᠵᠢᠭᠦᠯᠬᠦ ᠳᠤ ᠬᠤᠭᠤᠰᠤᠨ ᠦᠭᠡ ᠶᠠᠷᠢᠭᠠᠳ ᠪᠣᠯᠬᠤ ᠦᠭᠡᠢ᠂ ᠭᠠᠷᠳᠠᠵᠤ ᠬᠢᠬᠦ ᠬᠡᠷᠡᠭᠲᠡᠶ᠂ ᠡᠮ ᠤᠨ ᠵᠣᠷ ᠦᠭᠭᠦᠭᠡᠳ ᠯᠡ ᠪᠤᠯᠴᠢᠬᠠᠬᠤ ᠪᠢᠰᠢ᠂ ᠲᠤᠰᠠ ᠭᠠᠷᠭᠠᠬᠤ ᠦᠭᠡᠢ ᠪᠣᠯᠬᠤ ᠦᠭᠡᠢ᠃ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠠᠰᠠᠭᠤᠳᠠᠯ ᠢ ᠰᠢᠢᠳᠪᠦᠷᠢᠯᠡᠬᠦ ᠪᠠᠷ ᠭᠠᠷᠤᠭ᠎ᠠ ᠪᠣᠯᠭᠠᠵᠤ᠂ ᠢᠯᠡᠷᠬᠡᠢ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠵᠤ᠂ ᠠᠮᠤᠷ ᠲᠦᠪᠰᠢᠨ᠂ ᠬᠥᠭᠵᠢᠯᠲᠡ᠂ ᠬᠥᠮᠦᠨ ᠤ ᠡᠷᠬᠡ ᠶᠢᠨ ᠠᠰᠠᠭᠤᠳᠠᠯ ᠢ ᠲᠡᠩᠴᠡᠭᠦᠷᠢᠲᠡᠶ ᠠᠬᠢᠭᠤᠯᠵᠤ᠂ ᠤᠨᠴᠠᠭᠠᠢᠢᠯᠠᠨ ︽2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯᠡᠰ︾ ᠢ ᠨᠠᠶᠢᠳᠠᠪᠤᠷᠢᠵᠢᠭᠤᠯᠬᠤ ᠪᠠᠷ ᠠᠵᠠ ᠲᠣᠬᠢᠶᠠᠯ ᠪᠣᠯᠭᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠤᠯᠠᠮᠵᠢᠯᠠᠯᠲᠤ ᠪᠤᠰᠤ ᠠᠮᠤᠷ ᠲᠦᠪᠰᠢᠨ ᠤ ᠥᠷᠢᠰᠥᠯᠳᠦᠭᠡᠨ ᠢ ᠠᠷᠭᠠᠴᠠᠭᠠᠬᠤ ᠶᠢ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠩ ᠲᠡᠷᠢᠭᠦᠨ ᠳᠤ ᠪᠤᠳᠤᠯᠬᠢᠯᠠᠬᠤ ᠠᠵᠢᠯ ᠪᠣᠯᠭᠠᠵᠤ᠂ ᠬᠥᠭᠵᠢᠯᠲᠡ ᠶᠢᠨ ᠠᠰᠠᠭᠤᠳᠠᠯ ᠢ ᠪᠦᠬᠦ ᠪᠥᠮᠪᠥᠷᠴᠡᠭ ᠤᠨ ᠬᠤᠷᠸ᠎ᠠ ᠪᠣᠷᠣ ᠲᠥᠯᠥᠪ ᠤᠨ ᠲᠤᠪᠤᠶᠢᠮ᠎ᠠ ᠪᠠᠶᠢᠷᠢᠨ ᠳᠤ ᠲᠠᠯᠪᠢᠵᠤ᠂ ᠣᠷᠣᠰᠢᠨ ᠲᠣᠭᠲᠠᠨᠢᠬᠤ ᠡᠷᠬᠡ ᠪᠠ ᠬᠥᠭᠵᠢᠯᠲᠡ ᠶᠢᠨ ᠡᠷᠬᠡ ᠶᠢ ᠠᠬᠢᠭᠤᠯᠬᠤ ᠪᠠ ᠬᠠᠮᠠᠭᠠᠯᠠᠬᠤ ᠶᠢ ᠨᠡᠩ ᠢᠯᠡᠭᠦᠦ ᠴᠢᠬᠤᠯᠠᠴᠢᠯᠠᠬᠤ ᠬᠡᠷᠡᠭᠳᠠᠢ᠃    ᠰᠢ ᠶᠢᠨ ᠫᠢᠩ᠂ ᠳᠤᠮᠳᠠᠳᠤ ᠤᠯᠤᠰ ᠪᠣᠯ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠳᠡᠭᠡᠷ᠎ᠡ ᠭᠠᠷ ᠤᠨ ᠦᠰᠦᠭ ᠵᠢᠷᠤᠭᠰᠠᠨ ᠠᠩᠬᠠᠳᠠᠭᠴᠢ ᠤᠯᠤᠰ ᠪᠣᠯᠬᠤ ᠪᠥᠭᠡᠳ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢ ᠡᠭᠦᠰᠭᠡᠨ ᠪᠠᠶᠢᠭᠤᠯᠤᠭᠰᠠᠨ ᠭᠡᠰᠢᠭᠦᠨ ᠤᠯᠤᠰ ᠪᠣᠯᠤᠨ᠎ᠠ᠂ ᠮᠥᠨ ᠴᠦ ᠠᠶᠤᠯ ᠦᠭᠡᠶ ᠶᠢᠨ ᠵᠥᠪᠯᠡᠯ ᠤᠨ ᠪᠠᠶᠢᠩᠭᠤ ᠶᠢᠨ ᠬᠡᠷᠡᠭ ᠡᠷᠬᠢᠯᠡᠬᠦ ᠤᠯᠤᠰ ᠤᠨ ᠳᠣᠲᠣᠷᠠᠬᠢ ᠴᠤᠷ ᠤᠨ ᠭᠠᠭᠴᠠ ᠬᠥᠭᠵᠢᠵᠦ ᠪᠠᠶᠢᠭ᠎ᠠ ᠤᠯᠤᠰ ᠪᠣᠯᠤᠨ᠎ᠠ᠃ ᠪᠢᠳᠡ ᠢᠮᠠᠭᠲᠠ ᠣᠯᠠᠨ ᠲᠠᠯᠠᠲᠤ ᠦᠵᠡᠯ ᠢ ᠦᠢᠯᠡᠳᠦᠯᠭᠡᠵᠢᠭᠦᠯᠦᠭᠴᠢ ᠪᠣᠯᠵᠤ᠂ ᠪᠦᠬᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠠ ᠪᠦᠲᠦᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠨ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠤᠯ ᠪᠣᠯᠭᠠᠭᠰᠠᠨ ᠣᠯᠠᠨ ᠤᠯᠤᠰ ᠤᠨ ᠰᠢᠰᠲ᠋ᠧᠮ ᠢ ᠡᠷᠡᠰ ᠬᠠᠮᠠᠭᠠᠯᠠᠵᠥ᠂ ᠤᠯᠠᠨ ᠤᠯᠤᠰ ᠤᠨ ᠬᠠᠤᠯᠢ ᠪᠠᠷ ᠰᠠᠭᠤᠷᠢ ᠪᠣᠯᠭᠠᠭᠰᠠᠨ ᠤᠯᠠᠨ ᠤᠯᠤᠰ ᠤᠨ ᠡᠮᠬᠢ ᠲᠢᠭᠯᠢᠮ ᠢ ᠡᠷᠡᠰ ᠬᠠᠮᠠᠭᠠᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠤᠯᠠᠨ ᠤᠯᠤᠰ ᠤᠨ ᠬᠡᠷᠡᠭ ᠶᠠᠪᠤᠳᠠᠯ ᠳᠠᠬᠢ ᠭᠤᠤᠯᠯᠠᠬᠤ ᠦᠢᠯᠡᠳᠦᠯ ᠢ ᠡᠷᠡᠰ ᠬᠠᠮᠠᠭᠠᠯᠠᠨ᠎ᠠ ᠬᠡᠵᠥ ᠴᠢᠬᠤᠯᠠᠴᠢᠯᠠᠪᠠ᠃    ᠰᠢ ᠶᠢᠨ ᠫᠢᠩ ᠬᠠᠮᠤᠭ ᠰᠡᠬᠦᠯ ᠳᠤ᠂ ᠳᠡᠯᠡᠬᠡᠢ ᠳ᠋ᠠᠬᠢᠨ ᠶᠠᠭ ᠨᠢᠭᠡᠨ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠵᠤ ᠪᠠᠶᠢᠨ᠎ᠠ᠃ ᠪᠢᠳᠡ ᠣᠯᠠᠨ ᠲᠠᠯᠠᠲᠤ ᠦᠵᠡᠯ ᠤᠨ ᠳᠤᠬᠠᠢ ᠪᠠᠳᠤ ᠴᠢᠩᠭ᠎ᠠ ᠠᠮᠠᠯᠠᠯᠲᠠ ᠪᠠᠨ ᠳᠠᠬᠢᠨᠳᠠ ᠢᠯᠡᠷᠬᠡᠶᠢᠯᠡᠵᠥ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠳᠠ ᠶᠢ ᠠᠬᠢᠭᠤᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠲᠤᠭ ᠤᠨ ᠳᠣᠣᠷ᠎ᠠ ᠨᠡᠩ ᠶᠡᠭᠡ ᠪᠦᠯᠬᠦᠮᠳᠡᠯ ᠪᠠ ᠲᠠᠪᠰᠢᠯᠳᠠ ᠶᠢ ᠪᠡᠶᠡᠯᠡᠭᠦᠯᠦᠶ᠎ᠠ ᠬᠡᠵᠥ ᠴᠢᠬᠤᠯᠠᠴᠢᠯᠠᠪᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号