ᠭᠤᠷᠪᠠᠳᠡᠬᠢ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠳᠠ ᠶᠢᠨ ᠪᠠᠶᠠᠷ︾ ᠬᠦᠷᠴᠤ ᠢᠷᠡᠬᠦ ᠲᠠᠰᠢᠷᠠᠮ ᠳᠤ ᠰᠢ ᠶᠢᠨ ᠫᠢᠩ ᠪᠦᠬᠦ ᠤᠯᠤᠰ ᠤᠨ ᠦᠷᠭᠡᠨ ᠤᠯᠠᠨ ᠲᠠᠷᠢᠶᠠᠴᠢᠨ ᠪᠤᠯᠤᠨ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠤ ᠠᠵᠢᠯ ᠤᠨ ᠹᠷᠤᠨᠲ ᠲᠤ ᠠᠵᠢᠯᠯᠠᠵᠤ ᠪᠠᠶᠢᠭ᠎ᠠ ᠨᠦᠭᠦᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠤᠨ ᠴᠢᠩ ᠰᠡᠳᠭᠢᠯ ᠠᠴᠠ ᠪᠠᠨ ᠲᠤᠬᠤᠨᠢᠭᠤᠯᠵᠠᠢ
ᠨᠡᠶᠢᠲᠡᠯᠡᠭᠰᠡᠨ ᠴᠠᠭ᠄
2020/9/23
     ᠪᠦᠬᠦ ᠨᠡᠶᠢᠭᠡᠮ ᠳᠤ ᠬᠦᠳᠡᠭᠡ ᠠᠵᠤ ᠠᠬᠤᠢ ᠳᠤ ᠠᠩᠬᠠᠷᠤᠯ ᠢᠶᠠᠨ ᠬᠠᠨᠳᠤᠭᠤᠯᠬᠤ ᠬᠦᠳᠡᠭᠡ ᠲᠤᠰᠬᠤᠨ ᠢ ᠬᠠᠯᠠᠮᠵᠢᠯᠠᠬᠤ ᠲᠠᠷᠢᠶᠠᠴᠢᠳ ᠢ ᠬᠠᠯᠠᠮᠵᠢᠯᠠᠬᠤ ᠦᠳᠭᠡᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠤ ᠨᠤᠳᠤᠭ ᠤᠨ ᠠᠬ᠎ᠠ ᠳᠡᠭᠦᠦ ᠨᠡᠷ ᠤᠨ ᠠᠮᠢᠳᠤᠷᠠᠯ ᠢ ᠡᠳᠦᠷ ᠠᠴᠠ ᠡᠳᠦᠷ ᠦᠭᠡᠳᠡᠯᠡᠭᠦᠯᠬᠦ ᠬᠡᠷᠡᠭᠳᠠᠢ ᠭᠡᠵᠤ ᠴᠢᠬᠤᠯᠠᠴᠢᠯᠠᠪᠠ      ᠭᠤᠷᠪᠠᠳᠡᠬᠢ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠳᠠ ᠶᠢᠨ ᠪᠠᠶᠠᠷ︾ ᠬᠦᠷᠴᠤ ᠢᠷᠡᠬᠦ ᠲᠠᠰᠢᠷᠠᠮ ᠳᠤ᠂ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠨᠠᠮ ᠤᠨ ᠲᠦᠪ ᠬᠤᠷᠢᠶᠠᠨ ᠤ ᠡᠮᠦᠨ᠎ᠠ ᠠᠴᠠ ᠪᠦᠬᠦ ᠤᠯᠤᠰ ᠤᠨ ᠦᠷᠭᠡᠨ ᠤᠯᠠᠨ ᠲᠠᠷᠢᠶᠠᠴᠢᠨ ᠪᠤᠯᠤᠨ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠤ ᠠᠵᠢᠯ ᠤᠨ ᠹᠷᠤᠨᠲ ᠲᠤ ᠠᠵᠢᠯᠯᠠᠵᠤ ᠪᠠᠶᠢᠭ᠎ᠠ ᠨᠦᠭᠦᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠤᠨ ᠴᠢᠩ ᠰᠡᠳᠭᠢᠯ ᠠᠴᠠ ᠪᠠᠨ ᠲᠤᠬᠤᠨᠢᠭᠤᠯᠵᠠᠢ᠃      ᠰᠢ ᠶᠢᠨ ᠫᠢᠩ᠂ ᠤᠲᠤ ᠪᠤᠯ ᠶᠠᠭ ᠨᠠᠮᠤᠷ ᠤᠨ ᠠᠮᠤ ᠪᠤᠲᠠᠭ᠎ᠠ ᠶᠢᠨ ᠬᠤᠷᠢᠶᠠᠯᠲᠠ ᠶᠢᠨ ᠤᠯᠠᠷᠢᠯ ᠮᠦᠨ᠂ ᠡᠭᠡ ᠤᠯᠤᠰ ᠤᠨ ᠭᠠᠵᠠᠷ ᠪᠤᠯᠭᠠᠠ ᠳᠤ ᠡᠯᠪᠡᠭ ᠬᠤᠷᠢᠶᠠᠯᠲᠠ ᠶᠢᠨ ᠪᠠᠶᠢᠲᠠᠯ ᠬᠠᠷᠠᠭᠲᠠᠨ᠎ᠠ᠃ ᠡᠨᠡ ᠵᠢᠯ ᠤᠨ ᠡᠯᠪᠡᠭ ᠬᠤᠷᠢᠶᠠᠯᠲᠠ ᠶᠢ ᠬᠢᠯᠪᠠᠷᠬᠠᠠ ᠢᠶᠠᠷ ᠤᠯᠤᠭᠰᠠᠠ ᠪᠢᠰᠢ᠂ ᠬᠡᠨᠡᠳᠲᠡ ᠲᠠᠭᠠᠷᠢᠵᠤ ᠢᠷᠡᠭᠰᠡᠡ ᠰᠢᠨ᠎ᠠ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠲᠠᠯ᠂ ᠬᠦᠬᠡᠮᠦ᠋ᠷᠠᠠ ᠤ ᠰᠠᠪᠠ ᠭᠠᠵᠠᠷ ᠤᠨ ᠬᠦᠨᠲᠦ ᠨᠤᠴᠢᠲᠠᠢ ᠦᠶᠡᠷ ᠤᠰᠤᠲᠤᠯ ᠤᠨ ᠭᠠᠮᠰᠢᠭ᠂ ᠵᠡᠭᠦᠨ ᠬᠤᠶᠢᠲᠦ ᠤᠷᠤᠨ ᠤ ᠵᠤᠨ ᠤ ᠹᠦ᠋ ᠶᠢᠨ ᠭᠠᠩ᠂ ᠬᠡᠳᠦ ᠤᠳᠠᠭ᠎ᠠ ᠶᠢᠨ ᠲᠠᠶᠢᠹᠧᠩ ᠰᠠᠯᠬᠢ ᠨᠢ ᠠᠮᠤ ᠪᠤᠲᠠᠭ᠎ᠠ ᠪᠤᠯᠤᠨ ᠬᠦᠲᠡᠭᠡ ᠠᠵᠦ ᠠᠬᠤᠢ ᠶᠢᠨ ᠦᠢᠯᠡᠳᠪᠦᠷᠢᠯᠡᠯ ᠳᠤ ᠦᠷᠢᠰᠦᠯᠲᠦᠭᠡᠡ ᠠᠪᠴᠢᠷᠠᠵᠠᠢ ᠃ ᠪᠦᠬᠦ ᠤᠯᠤᠰ ᠤᠨ ᠦᠷᠭᠡᠡ ᠤᠯᠠᠠ ᠲᠠᠷᠢᠶᠠᠴᠢᠠ ᠪᠤᠯᠤᠨ ᠦᠨᠲᠦᠰᠦᠨ ᠱᠠᠲᠤᠨ ᠤ ᠺᠠᠳ᠋ᠷ ᠬᠢᠵᠢᠭ ᠲᠠᠢ ᠲᠡᠮᠡᠴᠡᠬᠦ ᠠᠭᠤᠤ ᠶᠡᠭᠡ ᠵᠤᠷᠢᠭ ᠰᠠᠨᠠᠭ᠎ᠠ ᠶᠢ ᠪᠠᠲᠠᠷᠠᠭᠤᠯᠵᠤ᠂ ᠬᠢᠵᠢᠭ ᠢ ᠰᠡᠷᠭᠡᠶᠢᠯᠡᠡ ᠡᠵᠡᠮᠲᠡᠵᠦ ᠬᠠᠪᠤᠷ ᠤᠨ ᠲᠠᠷᠢᠶᠠᠯᠠᠭ᠎ᠠ ᠶᠢ ᠪᠠᠲᠤᠯᠠᠨ᠂ ᠳᠠᠷᠢᠶᠠᠯᠠᠬᠤ ᠴᠠᠭ ᠢ ᠠᠮᠵᠢᠵᠤ ᠦᠢᠯᠡᠳᠪᠦᠷᠢᠯᠡᠯ ᠢᠶᠠᠨ ᠠᠳᠬᠤᠵᠦ᠂ ᠭᠠᠮᠰᠢᠭ ᠲᠠᠢ ᠲᠡᠮᠡᠴᠡᠵᠦ ᠡᠯᠪᠡᠭ ᠬᠤᠷᠢᠶᠠᠯᠲᠠ ᠤᠯᠬᠤ ᠶᠢ ᠪᠠᠷᠢᠮᠲᠠᠯᠠᠨ᠂ ᠠᠵᠦ ᠠᠬᠤᠢ ᠨᠡᠶᠢᠭᠡᠮ ᠤᠨ ᠶᠡᠭᠡ ᠪᠠᠶᠢᠲᠠᠯ ᠤᠨ ᠲᠤᠭᠲᠠᠭᠤᠨ ᠳᠤ ᠬᠦᠴᠦᠳᠠᠢ ᠲᠤᠯᠭᠠᠭᠤᠷᠢᠯᠠᠯ ᠬᠠᠩᠭᠠᠭᠰᠠᠠ ᠪᠠᠶᠢᠨ᠎ᠠ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ ᠡᠯ᠎ᠠ ᠱᠠᠲᠤᠠ ᠤ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠲᠤᠨ ᠨᠠᠮ ᠤᠨ ᠲᠦᠪ ᠬᠤᠷᠢᠶᠠᠠ ᠤ ︽ᠬᠦᠲᠡᠭᠡ ᠠᠵᠦ ᠠᠬᠤᠢ ᠬᠦᠲᠡᠭᠡ ᠲᠤᠰᠬᠤᠨ ᠲᠠᠷᠢᠶᠠᠴᠢᠨ︾ ᠤ ᠠᠵᠢᠯ ᠤᠨ ᠶᠡᠭᠡ ᠪᠤᠲᠤᠯᠭ᠎ᠠ ᠴᠢᠭᠯᠡᠯᠲᠡ ᠪᠤᠯᠤᠨ ᠠᠵᠢᠯ ᠤᠨ ᠪᠠᠶᠢᠷᠢᠯᠠᠭᠤᠯᠤᠯᠲᠠ ᠶᠢ ᠦᠨᠡᠡ ᠬᠦ ᠰᠠᠶᠢᠲᠤᠷ ᠨᠠᠶᠢᠲᠠᠪᠤᠷᠢᠵᠢᠭᠤᠯᠵᠦ᠂ ᠪᠦᠬᠦ ᠨᠡᠶᠢᠭᠡᠮ ᠳᠤ ᠬᠦᠳᠡᠭᠡ ᠠᠵᠤ ᠠᠬᠤᠢ ᠳᠤ ᠠᠩᠬᠠᠷᠤᠯ ᠢᠶᠠᠨ ᠬᠠᠨᠳᠤᠭᠤᠯᠬᠤ ᠬᠦᠳᠡᠭᠡ ᠲᠤᠰᠬᠤᠨ ᠢ ᠬᠠᠯᠠᠮᠵᠢᠯᠠᠬᠤ ᠲᠠᠷᠢᠶᠠᠴᠢᠳ ᠢ ᠬᠠᠯᠠᠮᠵᠢᠯᠠᠬᠤ ᠦᠳᠭᠡᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠤ᠂ ᠨᠤᠳᠤᠭ ᠤᠨ ᠠᠬ᠎ᠠ ᠳᠡᠭᠦᠦ ᠨᠡᠷ ᠤᠨ ᠠᠮᠢᠳᠤᠷᠠᠯ ᠢ ᠡᠳᠦᠷ ᠠᠴᠠ ᠡᠳᠦᠷ ᠦᠭᠡᠳᠡᠯᠡᠭᠦᠯᠬᠦ ᠬᠡᠷᠡᠭᠳᠠᠢ᠃ ᠪᠦᠬᠦ ᠤᠯᠤᠰ ᠤᠨ ᠦᠷᠭᠡᠡ ᠤᠯᠠᠠ ᠲᠠᠷᠢᠶᠠᠴᠢᠨ ᠨᠠᠮ ᠤᠨ ᠲᠤᠭᠤᠷᠢᠨ ᠳᠤ ᠨᠢᠭᠲᠠᠷᠠᠠ ᠪᠦᠯᠬᠦᠮᠲᠡᠵᠦ᠂ ᠬᠦᠲᠡᠭᠡ ᠲᠤᠰᠬᠤᠨ ᠢ ᠪᠦᠬᠦ ᠲᠠᠯ᠎ᠠ ᠪᠠᠷ ᠬᠦᠭᠵᠢᠭᠦᠯᠦᠨ ᠮᠠᠠᠲᠤᠭᠤᠯᠬᠤ ᠰᠠᠶᠢᠨ ᠰᠠᠶᠢᠬᠠᠠ ᠮᠠᠷᠭᠠᠰᠢ ᠶᠢᠨ ᠲᠦᠯᠦᠭᠡ᠂ ᠲᠤᠮᠲᠠᠲᠤ ᠶᠢᠨ ᠦᠨᠲᠦᠰᠦᠲᠠᠠ ᠤ ᠠᠭᠤᠤ ᠶᠡᠭᠡ ᠰᠡᠷᠭᠦᠨ ᠮᠠᠠᠲᠤᠯᠲᠠ ᠶᠢᠨ ᠲᠤᠮᠲᠠᠲᠤ ᠶᠢᠨ ᠵᠡᠭᠦᠲᠦ ᠶᠢ ᠲᠡᠷᠭᠡᠯᠰᠢᠭᠦᠯᠬᠦ ᠶᠢᠨ ᠲᠦᠯᠦᠭᠡ ᠴᠢᠷᠮᠠᠶᠢᠨ ᠲᠡᠮᠡᠴᠡᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号