ᠰᠢ ᠶᠢᠨ ᠫᠢᠩ ᠰᠤᠷᠭᠠᠨ ᠬᠦᠮᠦᠵᠢᠯ ᠰᠣᠶᠣᠯ ᠡᠷᠡᠬᠦᠯ ᠬᠠᠮᠠᠭᠠᠯᠠᠯ ᠪᠡᠶ᠎ᠡ ᠶᠢᠨ ᠲᠠᠮᠢᠷ ᠤᠨ ᠬᠦᠷᠢᠶᠡᠨ ᠤ ᠲᠤᠰᠬᠠᠢ ᠮᠡᠷᠭᠡᠵᠢᠯᠲᠡᠨ ᠪᠠ ᠲᠥᠯᠥᠭᠡᠯᠡᠭᠴᠢᠳ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠵᠥ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠳᠡᠢ
ᠨᠡᠶᠢᠲᠡᠯᠡᠭᠰᠡᠨ ᠴᠠᠭ᠄
2020/9/24
   ᠸᠠᠩ ᠬᠤ᠋ ᠨᠢᠩ ᠬᠠᠨ ᠵᠧᠩ ᠣᠷᠣᠯᠴᠠᠵᠠᠢ    ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 9 ᠰᠠᠷ᠎ᠠ ᠶᠢᠨ 22 ᠤᠨ ᠦᠳᠡ ᠶᠢᠨ ᠬᠤᠶᠢᠨ᠎ᠠ ᠪᠡᠭᠡᠵᠢᠩ ᠳᠤ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠤᠨ ᠬᠦᠷᠢᠶᠡᠨ ᠤ ᠲᠤᠰᠬᠠᠢ ᠮᠡᠷᠭᠡᠵᠢᠯᠲᠡᠨ ᠪᠠ ᠲᠥᠯᠥᠭᠡᠯᠡᠭᠴᠢᠳ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠤᠬᠠᠶ ᠰᠠᠨᠠᠯ ᠰᠠᠨᠠᠭᠤᠯᠭ᠎ᠠ ᠶᠢ ᠨᠢ ᠰᠣᠨᠣᠰᠪᠠ᠃ ᠲᠡᠷᠡ᠂ ᠨᠠᠮ ᠪᠠ ᠤᠯᠤᠰ ᠠᠴᠠ ᠰᠤᠷᠭᠠᠨ ᠬᠥᠮᠦᠵᠢᠯ᠂ ᠰᠣᠶᠣᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠨᠠᠮ ᠤᠨ ᠲᠥᠪ ᠬᠤᠷᠢᠶ᠎ᠠ ᠡᠭᠦᠨ ᠤ ᠲᠤᠬᠠᠶ ᠠᠯᠢ ᠣᠯᠠᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠡᠶ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠢ ᠴᠢᠷᠮᠠᠶᠢᠨ ᠬᠥᠮᠦᠵᠢᠭᠦᠯᠵᠦ᠂ ᠨᠡᠶᠢᠭᠡᠮ ᠵᠢᠷᠤᠮ ᠤᠨ ᠰᠣᠶᠣᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠤᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠢ ᠶᠡᠭᠡ ᠪᠠᠷ ᠬᠥᠭᠵᠢᠭᠦᠯᠵᠦ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠰᠢᠨ᠎ᠡ ᠬᠥᠳᠡᠯᠭᠡᠬᠦ ᠬᠦᠴᠦᠨ ᠨᠡᠮᠡᠭᠳᠡᠬᠦ᠂ ᠰᠢᠨ᠎ᠡ ᠪᠠᠶᠢᠳᠠᠯ ᠢ ᠡᠭᠦᠳᠬᠦ ᠶᠢ ᠠᠬᠢᠭᠤᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠳᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠳᠡᠢ ᠬᠡᠵᠥ ᠴᠢᠬᠤᠯᠠᠴᠢᠯᠠᠪᠠ᠃    
  9 ᠰᠠᠷ᠎ᠠ ᠶᠢᠨ 22 ᠤᠨ ᠡᠳᠦᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠤᠨ ᠬᠦᠷᠢᠶᠡᠨ ᠤ ᠲᠤᠰᠬᠠᠢ ᠮᠡᠷᠭᠡᠵᠢᠯᠲᠡᠨ ᠪᠠ ᠲᠥᠯᠥᠭᠡᠯᠡᠭᠴᠢᠳ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠤᠬᠠᠶ ᠰᠠᠨᠠᠯ ᠰᠠᠨᠠᠭᠤᠯᠭ᠎ᠠ ᠶᠢ ᠨᠢ ᠰᠣᠨᠣᠰᠪᠠ᠃    ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢᠤ ᠸᠧᠢ ᠪᠢᠩ ᠰᠡᠭᠦᠳᠡᠷᠯᠡᠪᠡ    ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ ᠸᠠᠩ ᠬᠤ᠋ ᠨᠢᠩ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠬᠠᠨ ᠵᠧᠩ ᠶᠠᠷᠢᠯᠴᠠᠬᠤ ᠬᠤᠷᠠᠯ ᠳᠤ ᠣᠷᠣᠯᠴᠠᠪᠠ᠃    ᠶᠠᠷᠢᠯᠴᠠᠬᠤ ᠬᠤᠷᠠᠯ ᠳᠡᠭᠡᠷ᠎ᠡ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠴᠧᠩ ᠵᠢᠶᠠᠨ ᠫᠢᠩ᠂ ᠪᠡᠭᠡᠵᠢᠩ ᠶᠡᠭᠡ ᠰᠤᠷᠭᠠᠭᠤᠯᠢ ᠶᠢᠨ ᠵᠠᠬᠢᠷᠤᠯ ᠬᠤᠤ ᠫᠢᠩ᠂ ᠲᠢᠶᠠᠨᠵᠢᠨ ᠶᠡᠭᠡ ᠰᠤᠷᠭᠠᠭᠤᠯᠢ ᠶᠢᠨ ᠹᠧᠩ ᠵᠢᠶ ᠼᠠᠢ ᠤᠳᠬ᠎ᠠ ᠵᠣᠬᠢᠶᠠᠯ ᠤᠷᠠᠯᠢᠭ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠹᠧᠩ ᠵᠢᠶ ᠼᠠᠢ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠭᠤᠴᠢ ᠰᠤᠳᠤᠯᠤᠯ ᠤᠨ ᠭᠠᠵᠠᠷ ᠤᠨ ᠳᠠᠷᠤᠭ᠎ᠠ ᠴᠧᠨ ᠰᠢᠩ ᠼᠠᠨ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠳᠡᠳ᠋ ᠲᠡᠷᠢᠭᠦᠯᠡᠭᠴᠢ᠂ ᠳᠤᠮᠳᠠᠳᠤ ᠤᠯᠤᠰ ᠤᠨ ᠰᠢ ᠵᠦᠴᠦᠭᠡᠴᠢᠳ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ᠂ ᠲᠢᠶᠠᠨᠵᠢᠨ ᠤ ᠵᠠᠯᠠᠭᠤᠴᠤᠳ ᠤᠨ ᠪᠡᠭᠡᠵᠢᠩ ᠵᠦᠴᠦᠭᠡ ᠶᠢᠨ ᠪᠦᠯᠬᠦᠮ ᠤᠨ ᠤᠷᠠᠯᠢᠭ ᠤᠨ ᠵᠥᠪᠯᠡᠯ ᠤᠨ ᠡᠷᠬᠢᠯᠡᠭᠴᠢ ᠮᠧᠩ ᠭᠤᠸᠠᠩ ᠯᠦ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠳᠡᠳ᠋ ᠲᠡᠷᠢᠭᠦᠯᠡᠭᠴᠢ᠂ ᠱᠠᠩᠬᠠᠶ ᠶᠢᠨ ᠶᠠᠷᠢᠶᠠᠲᠤ ᠵᠦᠴᠦᠭᠡ ᠶᠢᠨ ᠤᠷᠠᠯᠢᠭ ᠤᠨ ᠲᠥᠪ ᠤᠨ ᠨᠢᠭᠡᠳᠦᠭᠡᠷ ᠳᠡᠰ ᠤᠨ ᠲᠣᠭᠯᠠᠭᠴᠢ ᠰᠢ ᠮᠧᠶ ᠵᠢᠤᠸᠠᠨ᠂ ᠳᠤᠮᠳᠠᠳᠤ ᠤᠯᠤᠰ ᠤᠨ ᠤᠷᠠᠨ ᠵᠢᠷᠤᠭᠴᠢᠳ ᠤᠨ ᠨᠡᠶᠢᠭᠡᠮᠯᠢᠭ ᠤᠨ ᠲᠡᠷᠢᠭᠦᠯᠡᠭᠴᠢ᠂ ᠲᠥᠪ ᠤᠨ ᠤᠷᠠᠨ ᠵᠢᠷᠤᠭ ᠤᠨ ᠳᠡᠭᠡᠳᠦ ᠰᠤᠷᠭᠠᠭᠤᠯᠢ ᠶᠢᠨ ᠵᠠᠬᠢᠷᠤᠯ ᠹᠠᠨ ᠳ᠋ᠢ ᠠᠨ ᠂ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠨᠠᠮ ᠤᠨ ᠬᠤᠷᠢᠶᠠᠨ ᠤ ᠱᠦᠵᠢ ᠯᠦ ᠵᠢᠶᠠᠩ᠂ ᠪᠡᠭᠡᠵᠢᠩ ᠶᠡᠭᠡ ᠰᠤᠷᠭᠠᠭᠤᠯᠢ ᠶᠢᠨ ᠠᠨᠠᠭᠠᠬᠤ ᠤᠬᠠᠭᠠᠨ ᠤ ᠬᠡᠯᠲᠡᠰ ᠤᠨ ᠪᠠᠶᠢᠩᠭᠤ ᠶᠢᠨ ᠳᠡᠳ᠋ ᠡᠷᠬᠢᠯᠡᠭᠴᠢ᠂ ᠪᠡᠭᠡᠵᠢᠩ ᠶᠡᠭᠡ ᠰᠤᠷᠭᠠᠭᠤᠯᠢ ᠶᠢᠨ ᠭᠤᠷᠪᠠᠳᠤᠭᠠᠷ ᠡᠮᠨᠡᠯᠭᠡ ᠶᠢᠨ ᠬᠤᠷᠢᠶᠠᠨ ᠤ ᠳᠠᠷᠤᠭ᠎ᠠ ᠴᠢᠶᠣᠤ ᠵᠢᠶᠧ ᠂ ᠪᠡᠭᠡᠵᠢᠩ ᠤᠨ ᠪᠡᠶ᠎ᠡ ᠶᠢᠨ ᠲᠠᠮᠢᠷ ᠤᠨ ᠶᠡᠭᠡ ᠰᠤᠷᠭᠠᠭᠤᠯᠢ ᠶᠢᠨ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠷᠥ ᠶᠢᠨ ᠪᠣᠳᠣᠯᠭ᠎ᠠ ᠶᠢᠨ ᠰᠤᠳᠤᠯᠭᠠᠨ ᠤ ᠬᠦᠷᠢᠶᠡᠯᠡᠩ ᠤᠨ ᠭᠦᠢᠴᠡᠳᠭᠡᠭᠴᠢ ᠵᠠᠬᠢᠷᠤᠯ ᠪᠦᠦ ᠮᠢᠩ ᠰᠢᠶᠤᠤ ᠵᠡᠷᠭᠡ ᠰᠤᠷᠭᠠᠨ ᠬᠥᠮᠦᠵᠢᠯ᠂ ᠰᠣᠶᠣᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠤᠨ ᠬᠦᠷᠢᠶᠡᠨ ᠤ 10 ᠲᠤᠰᠬᠠᠶ ᠮᠡᠷᠭᠡᠵᠢᠯᠲᠡᠨ ᠪᠣᠯᠤᠨ ᠲᠥᠯᠥᠭᠡᠯᠡᠭᠴᠢ ᠤᠷᠢᠳ ᠬᠤᠵᠢᠳ ᠦᠬᠡ ᠬᠡᠯᠡᠵᠥ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠪᠠ ᠬᠥᠭᠵᠢᠯᠲᠡ᠂ ᠰᠣᠶᠣᠯ ᠤᠨ ᠤᠯᠠᠮᠵᠢᠯᠠᠯ ᠪᠠ ᠰᠢᠨ᠎ᠡ ᠡᠭᠦᠳᠦᠯᠲᠡ᠂ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠪᠠᠨ ᠳᠤᠷᠠᠳᠪᠠ᠃ ᠰᠢ ᠶᠢᠨ ᠫᠢᠩ ᠦᠭᠡ ᠶᠠᠷᠢᠭᠰᠠᠨ ᠲᠥᠯᠥᠭᠡᠯᠡᠭᠴᠢ ᠨᠢᠭᠡ ᠪᠦᠷᠢ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠬᠤᠯᠪᠣᠭᠳᠠᠯ ᠪᠦᠬᠦᠢ ᠪᠠᠶᠢᠳᠠᠯ ᠢ ᠯᠠᠪᠯᠠᠨ ᠠᠰᠠᠭᠤᠵᠤ᠂ ᠵᠠᠷᠢᠮ ᠠᠵᠢᠯ ᠪᠣᠯᠤᠨ ᠠᠰᠠᠭᠤᠳᠠᠯ ᠤᠨ ᠲᠤᠬᠠᠢ ᠤᠯᠠᠮ ᠨᠢᠭᠡ ᠠᠯᠬᠤᠮ ᠰᠠᠨᠠᠯ ᠰᠣᠨᠣᠰᠴᠤ᠂ ᠦᠨᠡᠯᠡᠯᠲᠡ ᠬᠢᠵᠦ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠶᠡᠭᠡ ᠬᠦᠷ ᠬᠥᠭᠵᠢᠶᠡᠨ ᠲᠠᠢ ᠪᠠᠶᠢᠯ᠎ᠠ᠃    ᠤᠯᠠᠨ ᠤ ᠶᠠᠷᠢᠬᠤ ᠶᠢ ᠨᠠᠷᠢᠨ ᠬᠢᠨᠠᠮᠠᠭᠠᠢ ᠰᠣᠨᠣᠰᠤᠭᠰᠠᠨ ᠤ ᠲᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠠᠢ᠃ ᠲᠡᠷᠡ᠂ ᠣᠯᠠᠨ ᠢᠶᠠᠷ ᠢᠶᠠᠨ ᠮᠠᠰᠢ ᠰᠠᠶᠢᠨ ᠶᠠᠷᠢᠵᠥ᠂ ᠮᠠᠰᠢ ᠦᠨ᠎ᠡ ᠥᠷᠲᠡᠭ ᠲᠠᠢ ᠰᠠᠨᠠᠯ ᠪᠠ ᠰᠠᠨᠠᠭᠤᠯᠭ᠎ᠠ ᠳᠤᠷᠠᠳᠪᠠ᠂ ᠬᠤᠷᠠᠯ ᠳᠤ ᠣᠷᠣᠯᠴᠠᠭᠰᠠᠨ ᠪᠤᠰᠤᠳ ᠲᠤᠰᠬᠠᠶ ᠮᠡᠷᠭᠡᠵᠢᠯᠲᠡᠨ ᠲᠥᠯᠥᠭᠡᠯᠡᠭᠴᠢᠳ ᠪᠢᠴᠢᠭ ᠤᠨ ᠬᠡᠯᠪᠡᠷᠢ ᠶᠢᠨ ᠶᠠᠷᠢᠶ᠎ᠠ ᠪᠠᠨ ᠳᠡᠪᠰᠢᠭᠦᠯᠪᠠ᠂ ᠬᠤᠯᠪᠣᠭᠳᠠᠯ ᠪᠦᠬᠦᠢ ᠲᠠᠯ᠎ᠠ ᠶᠢᠨ ᠬᠢᠨ ᠰᠤᠳᠤᠯᠵᠤ ᠰᠢᠩᠭᠡᠭᠡᠨ ᠠᠪᠬᠤ ᠬᠡᠷᠡᠭᠳᠠᠢ ᠬᠡᠵᠥ ᠢᠯᠡᠳᠬᠡᠪᠡ᠃    ᠰᠢ ᠶᠢᠨ ᠫᠢᠩ᠂ ᠰᠤᠷᠭᠠᠨ ᠬᠥᠮᠦᠵᠢᠯ ᠪᠣᠯ ᠤᠯᠤᠰ ᠤᠨ ᠶᠡᠭᠡ ᠪᠤᠳᠤᠯᠭ᠎ᠠ᠂ ᠨᠠᠮ ᠤᠨ ᠶᠡᠭᠡ ᠪᠤᠳᠤᠯᠭ᠎ᠠ ᠮᠥᠨ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠤᠪᠵᠢᠭᠦᠯᠭᠡ ᠶᠢᠨ ᠬᠤᠭᠤᠴᠠᠭᠠᠨ ᠳᠤ᠂ ᠪᠢᠳᠡ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠶᠢᠨ ᠦᠨᠳᠦᠷᠴᠠ ᠠᠴᠠ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠤᠷᠭᠠᠨ ᠬᠥᠮᠦᠵᠢᠯ ᠤᠨ ᠦᠢᠯᠡᠰ ᠢ ᠡᠩ ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠨ᠂ ᠨᠠᠮ ᠤᠨ ᠲᠥᠯᠥᠭᠡ ᠬᠥᠮᠦᠨ ᠬᠥᠮᠦᠵᠢᠭᠦᠯᠬᠦ᠂ ᠤᠯᠤᠰ ᠣᠷᠣᠨ ᠤ ᠲᠥᠯᠥᠭᠡ ᠴᠢᠳᠠᠪᠤᠷᠢᠲᠠᠨ ᠬᠥᠮᠦᠵᠢᠭᠦᠯᠬᠦ ᠶᠢ ᠪᠠᠲᠤ ᠪᠠᠷᠢᠮᠳᠠᠯᠠᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠪᠠᠷ ᠴᠢᠷᠮᠠᠶᠢᠨ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠰᠢᠨ᠎ᠡ ᠠᠶᠠᠯᠠᠯ ᠳᠤ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠬᠦ ᠭᠡᠷᠡᠭᠳᠠᠢ᠃ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠲᠠᠯᠠᠵᠤ᠂ ᠶᠤᠰᠤ ᠰᠤᠷᠳᠠᠬᠤᠨ ᠢᠶᠠᠷ ᠬᠥᠮᠦᠨ ᠢ ᠬᠥᠮᠦᠵᠢᠭᠦᠯᠬᠦ ᠶᠢ ᠰᠤᠷᠭᠠᠨ ᠬᠥᠮᠦᠵᠢᠯ ᠤᠨ ᠦᠨᠳᠦᠰᠦᠨ ᠡᠭᠦᠷᠭᠡ ᠪᠣᠯᠭᠠᠨ᠂ ᠰᠤᠷᠭᠠᠨ ᠬᠥᠮᠦᠵᠢᠯ ᠤᠨ ᠨᠡᠶᠢᠭᠡᠮ ᠵᠢᠷᠤᠮ ᠤᠨ ᠭᠤᠤᠯᠯᠠᠬᠴᠢ ᠥᠷᠲᠡᠭ ᠤᠨ ᠦᠵᠡᠯᠲᠡ ᠶᠢ ᠪᠤᠢ ᠪᠤᠯᠭᠠᠨ ᠦᠢᠯᠡᠳᠦᠯᠭᠡᠵᠢᠭᠦᠯᠬᠦ ᠳᠤ ᠦᠵᠡᠭᠦᠯᠬᠦ ᠴᠢᠬᠤᠯᠠ ᠦᠢᠯᠡᠳᠦᠯ ᠢ ᠪᠠᠳᠠᠷᠠᠭᠤᠯᠵᠤ᠂ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠣᠨᠣᠯ ᠤᠨ ᠬᠢᠴᠢᠶᠡᠯ ᠤᠨ ᠥᠭᠡᠷᠡᠴᠢᠯᠡᠯᠲᠡ ᠰᠢᠨᠡᠴᠢᠯᠡᠯᠳᠡ ᠶᠢ ᠭᠦᠨᠵᠡᠭᠡᠶᠢᠷᠡᠭᠦᠯᠤᠨ᠂ ᠰᠤᠷᠭᠠᠭᠤᠯᠢ ᠶᠢᠨ ᠪᠡᠶ᠎ᠡ ᠶᠢᠨ ᠲᠠᠮᠢᠷ ᠭᠤᠸ᠎ᠠ ᠰᠠᠶᠢᠬᠠᠨ ᠤ ᠬᠥᠮᠦᠵᠢᠯ ᠢ ᠴᠢᠩᠭᠠᠳᠬᠠᠨ ᠰᠠᠶᠢᠵᠢᠷᠠᠭᠤᠯᠵᠤ᠂ ᠬᠥᠳᠡᠯᠮᠦᠷᠢ ᠶᠢᠨ ᠬᠥᠮᠦᠵᠢᠯ ᠢ ᠥᠷᠭᠡᠨ ᠳᠡᠯᠭᠡᠷ ᠥᠷᠨᠢᠭᠦᠯᠤᠨ᠂ ᠬᠡᠪ ᠴᠢᠨᠠᠷ ᠤᠨ ᠰᠤᠷᠭᠠᠨ ᠬᠥᠮᠦᠵᠢᠯ ᠢ ᠬᠥᠭᠵᠢᠭᠦᠯᠵᠦ᠂ ᠰᠤᠷᠭᠠᠨ ᠬᠥᠮᠦᠵᠢᠯ ᠤᠨ ᠡᠷᠬᠡ ᠲᠡᠭᠰᠢ ᠶᠢ ᠠᠬᠢᠭᠤᠯᠤᠨ᠂ ᠰᠤᠷᠤᠭᠴᠢᠳ ᠤᠨ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠵᠤ᠂ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ᠂ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ᠂ ᠰᠢᠨ᠎ᠡ ᠶᠢ ᠡᠭᠦᠳᠬᠦ ᠵᠣᠷᠢᠭ ᠰᠠᠨᠠᠭ᠎ᠠ᠂ ᠦᠢᠯᠡᠳᠦᠯᠭᠡ ᠶᠢᠨ ᠴᠢᠳᠠᠪᠤᠷᠢ ᠶᠢ ᠬᠥᠮᠦᠵᠢᠭᠦᠯᠬᠦ ᠭᠡᠷᠡᠭᠳᠠᠢ᠃ ᠰᠢᠨ᠎ᠡ ᠬᠥᠭᠵᠢᠯᠲᠡ ᠶᠢᠨ ᠪᠠᠶᠢᠷᠢᠰᠢᠯ ᠲᠠᠢ ᠵᠣᠬᠢᠴᠠᠬᠤ ᠰᠤᠷᠭᠠᠨ ᠬᠥᠮᠦᠵᠢᠯ ᠤᠨ ᠪᠦᠲᠦᠴᠡ᠂ ᠰᠢᠨᠵᠢᠯᠡᠭᠡᠨ ᠤ ᠰᠠᠯᠠᠭ᠎ᠠ ᠲᠤᠰᠬᠠᠶ ᠮᠡᠷᠭᠡᠵᠢᠯ ᠤᠨ ᠪᠦᠲᠦᠴᠡ᠂ ᠴᠢᠳᠠᠪᠤᠷᠢᠲᠠᠨ ᠬᠥᠮᠦᠵᠢᠭᠦᠯᠬᠦ ᠪᠦᠲᠦᠴᠡ ᠶᠢ ᠰᠢᠯᠢᠳᠡᠭᠵᠢᠭᠦᠯᠵᠦ᠂ ᠪᠦᠬᠦ ᠠᠷᠠᠳ ᠤᠨ ᠨᠠᠰᠤᠨ ᠲᠤᠷᠰᠢᠳᠠ ᠶᠢᠨ ᠰᠤᠷᠤᠯᠴᠠᠯᠭ᠎ᠠ ᠶᠢ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠭᠡᠷᠡᠭᠳᠠᠢ᠃ ᠮᠠᠨ ᠤ ᠤᠯᠤᠰ ᠤᠨ ᠶᠡᠭᠡ ᠳᠡᠭᠡᠳᠦ ᠰᠤᠷᠭᠠᠭᠤᠯᠢ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ ᠳᠤ ᠴᠢᠭᠯᠡᠭᠦᠯᠦᠨ ᠮᠡᠷᠭᠡᠵᠢᠯ ᠤᠨ ᠪᠣᠭᠤᠮᠲᠠ ᠰᠢᠪᠲᠤᠯᠬᠤ ᠪᠠᠨ ᠲᠦᠷᠭᠡᠳᠬᠡᠬᠦ ᠬᠡᠷᠡᠭᠲᠡᠢ᠃ ᠤᠯᠤᠰ ᠤᠨ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠳᠤ ᠰᠠᠭᠤᠷᠢᠯᠠᠵᠤ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠤᠨ᠂ ᠴᠡᠭ ᠱᠤᠭᠤᠮ ᠪᠠ ᠤᠷᠤᠨ ᠪᠦᠰᠡ ᠶᠢ ᠤᠶᠠᠯᠳᠤᠭᠤᠯᠬᠤ᠂ ᠵᠡᠭᠦᠨ ᠳᠤᠮᠳᠠ ᠪᠠᠷᠠᠭᠤᠨ ᠣᠷᠣᠨ ᠠᠪᠴᠠᠯᠳᠤᠬᠤ ᠰᠤᠷᠭᠠᠨ ᠬᠥᠮᠦᠵᠢᠯ ᠤᠨ ᠬᠥᠭᠵᠢᠯᠲᠡ ᠶᠢᠨ ᠣᠷᠣᠨ ᠵᠠᠶ ᠶᠢᠨ ᠪᠠᠶᠢᠷᠢᠰᠢᠯ ᠢ ᠱᠠᠯᠠᠪᠳᠠᠨ ᠪᠦᠷᠢᠯᠳᠦᠭᠦᠯᠵᠦ᠂ ᠰᠤᠷᠭᠠᠨ ᠬᠥᠮᠦᠵᠢᠯ ᠤᠨ ᠦᠢᠯᠡᠴᠢᠯᠡᠭᠡᠨ ᠤ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠦᠪᠰᠢᠨ ᠢ ᠳᠡᠭᠡᠭᠰᠢᠯᠡᠭᠦᠯᠬᠦ ᠭᠡᠷᠡᠭᠳᠠᠢ᠃ ᠰᠤᠷᠭᠠᠨ ᠬᠥᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠴᠢᠩᠭᠠᠳᠬᠠᠬᠤ ᠬᠡᠷᠡᠭᠲᠡᠢ ᠬᠡᠵᠤ ᠵᠢᠭᠠᠵᠤ ᠭᠠᠷᠭᠠᠪᠠ᠃    ᠰᠢ ᠶᠢᠨ ᠫᠢᠩ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠪᠣᠯ ᠪᠦᠬᠦ ᠲᠠᠯ᠎ᠠ ᠪᠠᠷ ᠬᠥᠭᠵᠢᠵᠦ᠂ ᠪᠦᠬᠦ ᠲᠠᠯ᠎ᠠ ᠪᠠᠷ ᠳᠠᠪᠰᠢᠬᠤ ᠠᠭᠤᠤ ᠶᠡᠭᠡ ᠦᠢᠯᠡᠰ ᠮᠥᠨ᠂ ᠨᠡᠶᠢᠭᠡᠮ ᠵᠢᠷᠤᠮ ᠤᠨ ᠰᠣᠶᠣᠯ ᠤᠨ ᠴᠡᠴᠡᠭᠯᠡᠯ ᠬᠥᠭᠵᠢᠯ ᠪᠠᠶᠢᠬᠤ ᠦᠭᠡᠢ ᠪᠣᠯ ᠨᠡᠶᠢᠭᠡᠮ ᠵᠢᠷᠤᠮ ᠤᠨ ᠣᠳᠣᠬᠢᠴᠢᠯᠠᠯᠲᠠ ᠪᠠᠶᠢᠬᠤ ᠦᠭᠡᠢ ᠶᠤᠮ᠃ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠦᠲᠦᠭᠡᠯᠴᠢ ᠪᠠᠷ ᠤᠨᠳᠤᠤᠰᠢᠭᠤᠯᠬᠤ᠂ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠬᠤᠪᠢᠰᠬᠠᠯ ᠤᠨ ᠰᠣᠶᠣᠯ ᠢ ᠵᠠᠯᠭᠠᠮᠵᠢᠯᠠᠨ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠵᠦ᠂ ᠳᠤᠮᠳᠠᠳᠤ ᠶᠢᠨ ᠰᠣᠶᠣᠯ ᠤᠨ ᠰᠢᠨ᠎ᠡ ᠭᠡᠷᠡᠯ ᠰᠠᠴᠤᠷᠠᠩᠭᠤᠶ ᠠᠮᠵᠢᠯᠳᠠ ᠶᠢ ᠲᠠᠰᠤᠷᠠᠯᠲᠠ ᠦᠭᠡᠢ ᠴᠤᠭᠴᠠᠯᠠᠨ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠭᠡᠷᠡᠭᠳᠠᠢ᠃ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠳᠠ ᠶᠢ ᠨᠢᠭᠡᠳᠦᠯᠲᠡᠶ ᠲᠥᠯᠥᠪᠵᠢᠬᠦᠯᠤᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠳᠠ ᠶᠢ ᠵᠣᠬᠢᠴᠠᠭᠤᠯᠤᠨ ᠠᠬᠢᠭᠤᠯᠬᠤ ᠳᠤ ᠰᠣᠶᠣᠯ ᠪᠣᠯ ᠴᠢᠬᠤᠯᠠ ᠠᠭᠤᠯᠭ᠎ᠠ ᠮᠥᠨ︔ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠣᠶᠣᠯ ᠪᠣᠯ ᠴᠢᠬᠤᠯᠠ ᠲᠤᠯᠭᠠᠭᠤᠷᠢᠯᠠᠯ ᠮᠦᠨ︔ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠳᠤ ᠰᠣᠶᠣᠯ ᠪᠣᠯ ᠴᠢᠬᠤᠯᠠ ᠡᠯᠧᠮᠧᠨ᠋ᠲ ᠮᠥᠨ︔ ᠤᠷᠤᠭᠰᠢᠯᠠᠯᠲᠠ ᠶᠢᠨ ᠵᠠᠮ ᠳᠡᠭᠡᠷᠡᠬᠢ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠢᠯᠠᠨ ᠳᠠᠪᠠᠭ᠋ᠤ ᠳᠤ ᠰᠣᠶᠣᠯ ᠪᠣᠯ ᠴᠢᠬᠤᠯᠠ ᠬᠦᠴᠦᠨ ᠴᠢᠳᠠᠯ ᠤᠨ ᠡᠬᠢ ᠪᠤᠯᠠᠭ ᠮᠥᠨ᠃ ᠰᠣᠶᠣᠯ ᠤᠨ ᠪᠠᠶᠢᠭᠤᠯᠤᠯᠲᠠ ᠶᠢ ᠪᠦᠬᠦ ᠲᠠᠯ᠎ᠠ ᠶᠢᠨ ᠠᠵᠢᠯ ᠤᠨ ᠲᠤᠪᠤᠶᠢᠮ᠎ᠠ ᠪᠠᠶᠢᠷᠢᠨ ᠳᠤ ᠲᠠᠯᠪᠢᠵᠤ᠂ ᠨᠡᠶᠢᠭᠡᠮ ᠵᠢᠷᠤᠮ ᠤᠨ ᠭᠤᠤᠯᠯᠠᠬᠴᠢ ᠥᠷᠲᠡᠭ ᠤᠨ ᠦᠵᠡᠯᠲᠡ ᠪᠠᠷ ᠰᠣᠶᠣᠯ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ᠂ ᠨᠡᠶᠢᠭᠡᠮ ᠵᠢᠷᠤᠮ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠂ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠨᠡᠶᠢᠭᠡᠮ ᠤᠨ ᠪᠣᠯᠪᠠᠰᠤᠨ ᠤ ᠲᠦᠪᠰᠢᠨ ᠢ ᠳᠡᠭᠡᠭᠰᠢᠯᠡᠭᠦᠯᠤᠨ᠂ ᠰᠣᠶᠣᠯ ᠤᠨ ᠬᠡᠪ ᠰᠤᠷᠲᠠᠯ ᠢ ᠬᠥᠲᠥᠯᠥᠨ ᠳᠠᠭᠠᠭᠤᠯᠬᠤ᠂ ᠠᠷᠠᠳ ᠲᠦᠮᠡᠨ ᠢ ᠰᠤᠷᠭᠠᠨ ᠬᠥᠮᠦᠵᠢᠭᠦᠯᠬᠦ᠂ ᠨᠡᠶᠢᠭᠡᠮ ᠳᠤ ᠦᠢᠯᠡᠴᠢᠯᠡᠬᠦ᠂ ᠬᠥᠭᠵᠢᠯᠲᠡ ᠶᠢ ᠠᠬᠢᠭᠤᠯᠬᠤ ᠦᠢᠯᠡᠳᠦᠯ ᠢ ᠪᠠᠳᠠᠷᠠᠭᠤᠯᠬᠤ ᠭᠡᠷᠡᠭᠳᠠᠢ᠃ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠠᠬᠢᠭᠤᠯᠵᠤ᠂ ᠨᠠᠮ ᠤᠨ ᠲᠡᠤᠬᠡ᠂ ᠰᠢᠨ᠎ᠡ ᠳᠤᠮᠳᠠᠳᠤ ᠤᠯᠤᠰ ᠤᠨ ᠲᠡᠤᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠤᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠤᠬᠡ ᠶᠢᠨ ᠬᠥᠮᠦᠵᠢᠯ ᠢ ᠴᠢᠩᠭᠠᠳᠬᠠᠨ᠂ ᠤᠯᠤᠰ ᠢᠶᠠᠨ ᠬᠠᠶᠢᠷᠠᠯᠠᠬᠤ ᠦᠵᠡᠯ᠂ ᠬᠠᠮᠳᠤᠴᠢ ᠦᠵᠡᠯ᠂ ᠨᠡᠶᠢᠭᠡᠮ ᠵᠢᠷᠤᠮ ᠤᠨ ᠬᠥᠮᠦᠵᠢᠯ ᠢ ᠴᠢᠩᠭᠠᠳᠬᠠᠵᠤ᠂ ᠬᠥᠮᠦᠰ ᠢ ᠬᠥᠲᠥᠯᠥᠨ ᠵᠢᠯᠣᠭᠤᠳᠴᠤ ᠵᠠᠮ ᠤᠨ ᠢᠲᠡᠭᠡᠯ᠂ ᠣᠨᠣᠯ ᠤᠨ ᠢᠲᠡᠭᠡᠯ᠂ ᠲᠦᠷᠢᠮ ᠤᠨ ᠢᠲᠡᠭᠡᠯ᠂ ᠰᠣᠶᠣᠯ ᠤᠨ ᠢᠲᠡᠭᠡᠯ ᠢ ᠪᠠᠲᠤᠳᠬᠠᠵᠤ᠂ ᠪᠦᠬᠦ ᠠᠷᠠᠳ ᠤᠨ ᠦᠵᠡᠯ ᠰᠠᠨᠠᠭ᠎ᠠ ᠪᠠ ᠵᠣᠷᠢᠭ ᠰᠠᠨᠠᠭᠠᠨ ᠳᠡᠭᠡᠷ᠎ᠠ ᠪᠠᠨ ᠨᠢᠭᠲᠠ ᠪᠦᠯᠬᠦᠮᠳᠡᠬᠦ ᠶᠢ ᠠᠬᠢᠭᠤᠯᠬᠤ ᠬᠡᠷᠡᠭᠲᠡᠶ ᠬᠡᠵᠤ ᠴᠢᠬᠤᠯᠠᠴᠢᠯᠠᠪᠠ᠃    ᠰᠢ ᠶᠢᠨ ᠫᠢᠩ᠂ ᠠᠷᠠᠳ ᠲᠦᠮᠡᠨ ᠡᠷᠡᠭᠦᠯ ᠮᠡᠨᠳᠦ ᠪᠠᠶᠢᠬᠤ ᠪᠣᠯ ᠨᠡᠶᠢᠭᠡᠮ ᠤᠨ ᠪᠣᠯᠪᠠᠰᠤᠨ ᠳᠠᠪᠰᠢᠯᠲᠠ ᠶᠢᠨ ᠰᠠᠭᠤᠷᠢ ᠮᠥᠨ᠂ ᠦᠨᠳᠦᠰᠦᠲᠡᠨ ᠤ ᠬᠥᠭᠵᠢᠯ ᠪᠠᠳᠠᠷᠠᠯ ᠪᠠ ᠤᠯᠤᠰ ᠣᠷᠣᠨ ᠤ ᠪᠠᠶᠠᠨ ᠬᠦᠴᠦᠷᠬᠡᠭ ᠤᠨ ᠴᠢᠬᠤᠯᠠ ᠪᠡᠯᠭᠡ ᠲᠡᠮᠳᠡᠭ ᠮᠥᠨ᠂ ᠪᠠᠰᠠ ᠴᠤ ᠥᠷᠭᠡᠨ ᠣᠯᠠᠨ ᠠᠷᠠᠳ ᠲᠦᠮᠡᠨ ᠤ ᠬᠠᠮᠲᠤ ᠶᠢᠨ ᠬᠥᠭᠡᠭᠡᠴᠡᠯᠳᠦᠯ ᠮᠥᠨ᠃ ᠪᠦᠬᠦ ᠲᠠᠯ᠎ᠠ ᠳᠤ ᠰᠠᠭᠤᠷᠢᠯᠠᠵᠤ᠂ ᠠᠯᠤᠰ ᠬᠡᠳᠦ ᠶᠢᠨ ᠬᠠᠷᠠᠴᠠ ᠪᠠᠷ᠂ ᠲᠤᠯᠭᠠᠷᠠᠵᠤ ᠪᠦᠬᠦᠢ ᠬᠠᠭᠤᠴᠢᠨ ᠪᠡᠷᠬᠡ ᠠᠰᠠᠭᠤᠳᠠᠯ ᠪᠣᠯᠤᠨ ᠰᠢᠨ᠎ᠡ ᠥᠷᠢᠰᠥᠯᠳᠦᠭᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠩᠭ᠎ᠠ ᠪᠣᠳᠠᠲᠠᠶ ᠠᠷᠭ᠎ᠠ ᠬᠡᠮᠵᠢᠶ᠎ᠡ ᠠᠪᠴᠤ᠂ ᠡᠷᠡᠭᠦᠯ ᠡᠩᠬᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠭᠡᠷᠡᠭᠳᠠᠢ᠃ ᠠᠷᠠᠳ ᠲᠦᠮᠡᠨ ᠤ ᠡᠷᠡᠭᠦᠯ ᠮᠡᠨᠳᠦ ᠶᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠪᠦᠬᠦ ᠲᠠᠯ᠎ᠠ ᠪᠠᠷ ᠪᠦᠬᠦ ᠦᠶᠡᠯᠡᠯ ᠤᠨ ᠬᠤᠭᠤᠴᠠᠭ᠎ᠠ ᠪᠠᠷ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠪᠠᠷ ᠴᠢᠷᠮᠠᠶᠢᠨ᠂ ᠳᠦᠷᠢᠮ ᠤᠨ ᠰᠢᠰᠲ᠋ᠧᠮ ᠢ ᠲᠦᠷᠭᠡᠨ ᠪᠠᠶᠢᠭᠤᠯᠤᠨ ᠲᠡᠭᠦᠯᠳᠡᠷᠵᠢᠭᠦᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠪᠠᠲᠤᠯᠠᠵᠤ᠂ ᠡᠷᠡᠭᠦᠯ ᠮᠡᠨᠳᠦ ᠳᠤ ᠠᠰᠢᠭᠲᠠᠶ ᠠᠮᠢᠳᠤᠷᠠᠯ ᠤᠨ ᠠᠷᠭ᠎ᠠ ᠬᠡᠯᠪᠡᠷᠢ ᠦᠢᠯᠡᠳᠪᠦᠷᠢᠯᠡᠯ ᠤᠨ ᠠᠷᠭ᠎ᠠ ᠬᠡᠯᠪᠡᠷᠢ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠵᠠᠭᠪᠤᠷ ᠪᠣᠯᠤᠨ ᠵᠠᠰᠠᠯᠲᠠ ᠶᠢᠨ ᠵᠠᠭᠪᠤᠷ ᠢ ᠲᠦᠷᠭᠡᠨ ᠪᠦᠷᠢᠯᠳᠦᠭᠦᠯᠵᠤ᠂ ᠡᠷᠡᠭᠦᠯ ᠮᠡᠨᠳᠦ ᠪᠠ ᠠᠵᠤ ᠠᠬᠤᠢ ᠨᠡᠶᠢᠭᠡᠮ ᠤᠨ ᠰᠠᠶᠢᠨ ᠰᠠᠶᠢᠬᠠᠨ ᠵᠤᠬᠢᠴᠠᠩᠭᠤᠢ ᠬᠥᠭᠵᠢᠯᠲᠡ ᠶᠢ ᠪᠡᠶᠡᠯᠡᠭᠦᠯᠬᠦ ᠬᠡᠷᠡᠭᠳᠠᠢ᠃ ᠰᠡᠷᠭᠡᠶᠢᠯᠡᠬᠦ ᠪᠠᠷ ᠭᠤᠤᠯ ᠪᠣᠯᠭᠠᠬᠤ ᠴᠢᠭᠯᠡᠯᠲᠡ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠰᠡᠷᠭᠡᠶᠢᠯᠡᠬᠦ ᠪᠠ ᠵᠠᠰᠠᠬᠤ ᠶᠢ ᠤᠶᠠᠯᠳᠤᠭᠤᠯᠬᠤ᠂ ᠬᠤᠯᠪᠤᠭᠠᠯᠠᠨ ᠰᠡᠷᠭᠡᠶᠢᠯᠡᠵᠤ ᠬᠤᠯᠪᠤᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠶᠢ ᠪᠠᠷᠢᠮᠲᠠᠯᠠᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠰ ᠤᠨ ᠲᠣᠭᠲᠠᠪᠤᠷᠢᠳᠠᠢ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠢᠰᠲ᠋ᠧᠮ ᠤᠨ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠬᠤ ᠬᠡᠷᠡᠭᠳᠠᠢ᠃ ᠠᠷᠠᠳ ᠲᠦᠮᠡᠨ ᠤ ᠡᠷᠡᠭᠦᠯ ᠮᠡᠨᠳᠦ ᠶᠢ ᠨᠥᠯᠥᠭᠡᠯᠡᠬᠦ ᠬᠦᠨᠳᠦ ᠶᠡᠭᠡ ᠡᠪᠡᠳᠴᠢᠨ ᠪᠠ ᠭᠤᠣᠯ ᠪᠤᠯᠬᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ᠶᠢ ᠲᠦᠷᠭᠡᠳᠬᠡᠨ ᠬᠡᠷᠡᠭᠵᠢᠭᠦᠯᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠤᠨ᠂ ᠤᠯᠤᠰ ᠠᠷᠠᠳ ᠤᠨ ᠡᠷᠡᠭᠦᠯ ᠮᠡᠨᠳᠦ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠳᠠᠶᠢᠴᠢᠯᠠᠯᠲᠠ ᠶᠢᠨ ᠲᠣᠭᠲᠠᠴᠠ ᠶᠢ ᠰᠢᠨᠡᠴᠢᠯᠡᠵᠤ᠂ ᠡᠷᠡᠭᠦᠯ ᠮᠡᠨᠳᠦ ᠶᠢᠨ ᠬᠥᠮᠦᠵᠢᠯ ᠤᠨ ᠳᠦᠷᠢᠮ ᠢ ᠲᠡᠭᠦᠯᠳᠡᠷᠵᠢᠭᠦᠯᠤᠨ᠂ ᠬᠦᠨᠳᠦ ᠶᠡᠭᠡ ᠡᠪᠡᠳᠴᠢᠨ ᠢ ᠡᠬᠢ ᠦᠨᠳᠦᠰᠦ ᠠᠴᠠ ᠨᠢ ᠰᠡᠷᠭᠡᠶᠢᠯᠡᠨ ᠡᠵᠡᠮᠳᠡᠵᠦ᠂ ᠡᠪᠡᠳᠴᠢᠨ ᠵᠠᠰᠠᠬᠤ ᠪᠠᠷ ᠭᠤᠤᠯ ᠪᠣᠯᠭᠠᠵᠤ ᠪᠠᠶᠢᠭᠰᠠᠨ ᠠᠴᠠ ᠡᠷᠡᠭᠦᠯ ᠮᠡᠨᠳᠦ ᠪᠠᠷ ᠭᠤᠤᠯ ᠪᠣᠯᠭᠠᠬᠤ ᠲᠡᠶᠢᠰᠢ ᠰᠢᠯᠵᠢᠬᠦ ᠶᠢ ᠪᠡᠶᠡᠯᠡᠭᠦᠯᠬᠦ ᠬᠡᠷᠡᠭᠳᠠᠢ᠃ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠨᠡᠶᠢᠲᠡ ᠶᠢᠨ ᠠᠰᠠᠷᠠᠮᠵᠢ ᠶᠢᠨ ᠴᠢᠨᠠᠷ ᠢ ᠪᠠᠷᠢᠮᠲᠠᠯᠠᠵᠤ᠂ ᠴᠢᠨᠠᠷ ᠰᠠᠶᠢᠲᠠᠶ ᠡᠮ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠪᠠ ᠣᠷᠣᠨ ᠪᠦᠰᠡ ᠶᠢᠨ ᠲᠡᠩᠴᠡᠭᠦᠷᠢᠲᠡᠶ ᠪᠠᠶᠢᠷᠢᠰᠢᠭᠤᠯᠤᠯᠳᠠ ᠶᠢ ᠲᠦᠷᠭᠡᠳᠭᠡᠨ᠂ ᠥᠷᠭᠡᠨ ᠣᠯᠠᠨ ᠠᠷᠠᠳ ᠲᠦᠮᠡᠨ ᠳᠤ ᠲᠥᠪ ᠭᠤᠤᠯᠴᠢ ᠪᠥᠭᠡᠳ ᠤᠢᠢᠷᠠᠬᠠᠨ ᠬᠦᠷᠲᠡᠵᠦ ᠪᠣᠯᠬᠤ᠂ ᠰᠢᠰᠲ᠋ᠧᠮ ᠲᠠᠢ ᠦᠷᠭᠦᠯᠵᠢᠯᠡᠭᠰᠡᠨ ᠤᠷᠢᠳᠴᠢᠯᠠᠭᠰᠠᠨ ᠰᠡᠷᠭᠡᠶᠢᠯᠡᠯᠳᠡ᠂ ᠡᠮᠴᠢᠯᠡᠭᠡ᠂ ᠡᠷᠡᠭᠦᠯᠵᠢᠯ᠂ ᠡᠷᠡᠭᠦᠯ ᠮᠡᠨᠳᠦ ᠶᠢ ᠠᠬᠢᠭᠤᠯᠬᠤ ᠵᠡᠷᠭᠡ ᠡᠷᠡᠭᠦᠯ ᠮᠡᠨᠳᠦ ᠶᠢᠨ ᠦᠢᠯᠡᠴᠢᠯᠡᠭᠡ ᠶᠢ ᠬᠦᠷᠲᠡᠭᠡᠬᠦ ᠬᠡᠷᠡᠭᠲᠡᠶ᠃ ᠬᠢᠵᠢᠭ ᠲᠠᠢ ᠲᠡᠮᠡᠴᠡᠬᠦ ᠠᠭᠤᠤ ᠶᠡᠭᠡ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠠᠪᠤᠴᠠ ᠳᠠᠬᠢ ᠦᠢᠯᠡᠳᠦᠯᠭᠡ ᠶᠢᠨ ᠰᠢᠯᠭᠠᠯᠳᠠ ᠶᠢ ᠦᠩᠭᠡᠷᠡᠭᠦᠯᠦᠭᠰᠡᠨ ᠲᠤᠷᠰᠢᠯᠭ᠎ᠠ ᠪᠠ ᠵᠠᠭᠪᠤᠷ ᠢ ᠨᠠᠷᠢᠨ ᠬᠢᠨᠠᠮᠠᠭᠠᠶ ᠳ᠋ᠦᠩᠨᠡᠵᠦ᠂ ᠳᠦᠷᠢᠮ ᠤᠨ ᠬᠡᠯᠪᠡᠷᠢ ᠪᠠᠷ ᠪᠠᠬᠢᠵᠢᠭᠦᠯᠬᠦ ᠬᠡᠷᠡᠭᠲᠡᠶ᠃ ᠣᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠮᠠᠨ ᠤ ᠤᠯᠤᠰ ᠤᠨ ᠣᠯᠠᠨ ᠤᠯᠤᠰ ᠤᠨ ᠣᠨᠴᠠ ᠬᠦᠨᠳᠤ ᠶᠡᠭᠡ ᠭᠡᠨᠡᠳᠳᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠭᠠᠬᠤ ᠠᠵᠢᠯ ᠳᠤ ᠤᠷᠤᠯᠴᠠᠬᠤ ᠲᠣᠭᠲᠠᠴᠠ ᠶᠢ ᠲᠡᠭᠦᠯᠳᠡᠷᠵᠢᠭᠦᠯᠤᠨ᠂ ᠣᠯᠠᠨ ᠤᠯᠤᠰ ᠤᠨ ᠡᠭᠦᠷᠭᠡ ᠶᠢ ᠭᠦᠢᠴᠡᠳᠭᠡᠵᠤ᠂ ᠪᠦᠬᠦ ᠳᠡᠯᠡᠬᠡᠢ ᠶᠢᠨ ᠬᠢᠵᠢᠭ ᠢ ᠡᠰᠡᠷᠭᠦᠴᠡᠬᠦ ᠡᠳ᠋ ᠪᠣᠳᠠᠰ ᠤᠨ ᠬᠠᠩᠭᠠᠯᠭ᠎ᠠ ᠶᠢᠨ ᠬᠠᠮᠤᠭ ᠤᠨ ᠶᠡᠭᠡ ᠤᠯᠤᠰ ᠤᠨ ᠦᠢᠯᠡᠳᠦᠯ ᠢ ᠪᠠᠳᠠᠷᠠᠭᠤᠯᠵᠤ᠂ ᠬᠥᠮᠦᠨ ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠳᠠ ᠶᠢ ᠠᠬᠢᠭᠤᠯᠬᠤ ᠬᠡᠷᠡᠭᠳᠠᠢ ᠬᠡᠵᠤ ᠵᠢᠭᠠᠵᠤ ᠭᠠᠷᠭᠠᠪᠠ᠃    ᠰᠢ ᠶᠢᠨ ᠫᠢᠩ᠂ ᠪᠡᠶ᠎ᠡ ᠶᠢᠨ ᠲᠠᠮᠢᠷ ᠪᠣᠯ ᠠᠷᠠᠳ ᠲᠦᠮᠡᠨ ᠤ ᠡᠷᠡᠭᠦᠯ ᠮᠡᠨᠳᠦ ᠶᠢᠨ ᠲᠦᠪᠰᠢᠨ ᠢ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠮᠥᠨ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠬᠠᠩᠭᠠᠬᠤ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠪᠠᠷᠢᠯ ᠮᠥᠨ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠡᠶ᠎ᠡ ᠶᠢᠨ ᠲᠠᠮᠢᠷ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠤᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠬᠠᠨᠳᠤᠭᠤᠯᠤᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ᠂ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠬᠦ ᠬᠡᠷᠡᠭᠳᠠᠢ᠃ ᠠᠷᠠᠳ ᠣᠯᠠᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠭᠤᠤᠯᠳᠠᠭᠤᠯᠤᠨ᠂ ᠨᠠᠩ ᠥᠨᠳᠥᠷ ᠲᠦᠪᠰᠢᠨ ᠪᠥᠬᠦᠶ ᠪᠦᠬᠦ ᠠᠷᠠᠳ ᠤᠨ ᠪᠡᠶ᠎ᠡ ᠪᠠᠨ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠬᠡᠷᠡᠭᠲᠡᠶ᠃ ᠡᠷᠡᠭᠦᠯ ᠮᠡᠨᠳᠦ ᠶᠢᠨ ᠪᠣᠭᠤᠮᠲᠠ ᠶᠢ ᠤᠷᠤᠭᠰᠢ ᠰᠢᠯᠵᠢᠭᠦᠯᠬᠦ ᠶᠢ ᠠᠬᠢᠭᠤᠯᠵᠤ᠂ ᠪᠡᠶ᠎ᠡ ᠶᠢᠨ ᠲᠠᠮᠢᠷ ᠪᠣᠯᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠰᠠᠯᠠᠭ᠎ᠠ ᠮᠥᠴᠢᠷ ᠬᠠᠮᠵᠢᠯᠴᠠᠭᠰᠠᠨ᠂ ᠪᠦᠬᠦ ᠨᠡᠶᠢᠭᠡᠮ ᠢᠶᠠᠷ ᠢᠶᠠᠨ ᠣᠷᠣᠯᠴᠠᠭᠰᠠᠨ ᠬᠥᠳᠡᠯᠭᠡᠭᠡᠨ ᠢᠶᠠᠷ ᠡᠷᠡᠭᠦᠯ ᠮᠡᠨᠳᠦ ᠶᠢ ᠠᠬᠢᠭᠤᠯᠬᠤ ᠰᠢᠨ᠎ᠡ ᠵᠠᠭᠪᠤᠷ ᠢ ᠪᠠᠶᠢᠭᠤᠯᠬᠤ ᠬᠡᠷᠡᠭᠲᠡᠢ᠃ ᠡᠷᠡᠭᠦᠯ ᠮᠡᠨᠳᠦ ᠶᠢ ᠲᠡᠷᠢᠭᠦᠨ ᠳᠤ ᠲᠠᠯᠪᠢᠬᠤ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠪᠠᠷᠢᠮᠲᠠᠯᠠᠵᠤ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠢ ᠴᠢᠩᠭᠠᠳᠬᠠᠨ᠂ ᠵᠠᠯᠠᠭᠤᠴᠤᠳ ᠪᠠᠭᠠᠴᠤᠳ ᠤᠨ ᠰᠣᠶᠣᠯ ᠤᠨ ᠰᠤᠷᠤᠯᠴᠠᠯᠭ᠎ᠠ ᠪᠠ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠪᠡᠶ᠎ᠡ ᠶᠢᠨ ᠲᠠᠮᠢᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠬᠡᠷᠡᠭᠲᠡᠢ᠃ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠰᠢᠨᠡᠴᠢᠯᠡᠯᠳᠡ ᠶᠢᠨ ᠠᠬᠢᠴᠠ ᠶᠢ ᠲᠦᠷᠭᠡᠳᠬᠡᠵᠤ᠂ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠤᠷᠤᠯᠳᠤᠭᠠᠨ ᠤ ᠪᠡᠶ᠎ᠡ ᠶᠢᠨ ᠲᠠᠮᠢᠷ ᠤᠨ ᠴᠢᠳᠠᠪᠤᠷᠢᠲᠠᠨ ᠢ ᠬᠥᠮᠦᠵᠢᠭᠦᠯᠬᠦ᠂ ᠰᠢᠯᠢᠨ ᠰᠤᠩᠭᠤᠬᠤ᠂ ᠤᠷᠮᠠᠰᠢᠭᠤᠯᠬᠤ ᠪᠠᠲᠤᠯᠠᠭ᠎ᠠ ᠶᠢᠨ ᠲᠣᠭᠲᠠᠴᠠ ᠪᠠ ᠤᠯᠤᠰ ᠤᠨ ᠠᠩᠭᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠰᠢᠨᠡᠴᠢᠯᠡᠬᠦ ᠬᠡᠷᠡᠭᠲᠡᠶ᠃ ᠬᠥᠭᠡᠷᠦᠭᠦᠯᠬᠦ ᠡᠮ ᠬᠡᠷᠡᠭᠯᠡᠬᠦ ᠶᠢ ᠡᠰᠡᠷᠭᠦᠴᠡᠬᠦ ᠲᠡᠮᠡᠴᠡᠯ ᠢ ᠡᠷᠡᠰ ᠠᠬᠢᠭᠤᠯᠵᠤ᠂ ᠶᠣᠰᠣ ᠰᠤᠷᠲᠠᠬᠤᠨ ᠤ ᠠᠯᠲᠠᠨ ᠮᠧᠳᠠᠯ ᠤᠯᠬᠤ᠂ ᠬᠡᠪ ᠰᠤᠷᠳᠠᠯ ᠤᠨ ᠠᠯᠲᠠᠨ ᠮᠧᠳᠠᠯ ᠤᠯᠬᠤ᠂ ᠠᠷᠢᠭᠤᠨ ᠴᠡᠪᠡᠷ ᠠᠯᠲᠠᠨ ᠮᠧᠳᠠᠯ ᠤᠯᠬᠤ ᠤᠬᠠᠮᠰᠠᠷ ᠢ ᠴᠢᠩᠭᠠᠷᠠᠭᠤᠯᠵᠤ᠂ ᠬᠥᠭᠡᠷᠦᠭᠦᠯᠬᠦ ᠡᠮ ᠤᠨ ᠠᠰᠠᠭᠤᠳᠠᠯ ︽ᠭᠠᠷᠬᠤ ᠥᠬᠡᠶ︾᠂ ︽ᠠᠭᠤᠴᠢᠯᠠᠬᠤ ᠥᠬᠡᠶ︾ ᠪᠠᠶᠢᠬᠤ ᠶᠢ ᠡᠷᠡᠰ ᠪᠡᠶᠡᠯᠡᠭᠦᠯᠬᠦ ᠬᠡᠷᠡᠭᠳᠠᠢ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠴᠢᠨᠠᠷ ᠰᠠᠶᠢᠲᠠᠢ ᠡᠷᠬᠢᠯᠡᠵᠤ᠂ ᠤᠷᠤᠯᠳᠤᠭᠠᠨ ᠢ ᠰᠠᠶᠢᠳᠦᠷ ᠡᠷᠬᠢᠯᠡᠬᠦ᠂ ᠤᠷᠤᠯᠳᠤᠭᠠᠨ ᠳᠤ ᠭᠢᠯᠠᠯᠵᠠᠭᠰᠠᠨ ᠠᠮᠵᠢᠯᠳᠠ ᠤᠯᠬᠤ ᠬᠠᠷᠠᠯᠲᠠ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠳ᠋ᠢᠩ ᠰᠢᠤᠸᠠᠢ ᠰᠢᠶᠠᠩ᠂ ᠰᠦᠨ ᠴᠦᠨ ᠯᠠᠨ᠂ ᠴᠧᠨ ᠰᠢ᠂ ᠬᠤᠸᠠᠩ ᠺᠦᠨ ᠮᠢᠩ᠂ ᠰᠢᠶᠤᠤ ᠵᠢᠶᠧ᠂ ᠾᠧ ᠯᠢ ᠹᠧᠩ ᠶᠠᠷᠢᠯᠴᠠᠬᠤ ᠬᠤᠷᠠᠯ ᠳᠤ ᠣᠷᠣᠯᠴᠠᠪᠠ᠃    ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠪᠦᠯᠬᠦᠮ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠰᠤᠷᠭᠠᠨ ᠬᠥᠮᠦᠵᠢᠯ᠂ ᠰᠣᠶᠣᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠤᠨ ᠬᠦᠷᠢᠶᠡᠨ ᠤ ᠲᠤᠰᠬᠠᠢ ᠮᠡᠷᠭᠡᠵᠢᠯᠲᠡᠨ ᠲᠥᠯᠥᠭᠡᠯᠡᠭᠴᠢᠳ ᠶᠠᠷᠢᠯᠴᠠᠬᠤ ᠬᠤᠷᠠᠯ ᠳᠤ ᠣᠷᠣᠯᠴᠠᠪᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号