ᠰᠢ ᠶᠢᠨ ᠫᠢᠩ ᠳᠠᠯᠠᠨ ᠲᠠᠪᠤᠳᠤᠭᠠᠷ ᠬᠤᠭᠤᠴᠠᠭᠠᠨ ᠤ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠤᠨ ᠡᠩ ᠤᠨ ᠮᠠᠷᠭᠤᠯᠳᠤᠭᠠᠨ ᠳᠡᠭᠡᠷ᠎ᠡ ᠴᠢᠬᠤᠯᠠ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2020/9/24
   ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠤᠬᠠᠮᠰᠠᠷ ᠪᠠ ᠬᠠᠮᠲᠤᠷᠠᠯᠴᠠᠵᠥ ᠬᠠᠮᠲᠤ ᠪᠠᠷ ᠠᠰᠢᠭ ᠬᠦᠷᠲᠡᠬᠦ ᠣᠶᠢᠯᠠᠭᠠᠭᠳᠠᠬᠤᠨ ᠢ ᠪᠤᠢ ᠪᠣᠯᠭᠠᠨ᠂ ᠨᠡᠭᠡᠭᠡᠯᠲᠡᠲᠦ ᠬᠡᠯᠪᠡᠷᠢ ᠶᠢᠨ ᠳᠡᠯᠡᠬᠡᠶ ᠶᠢᠨ ᠠᠵᠤ ᠠᠬᠤᠶ ᠶᠢ ᠡᠷᠡᠰ ᠭᠤᠶᠢᠪᠢᠰᠢ ᠦᠭᠡᠢ ᠪᠠᠶᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠤᠢ ᠪᠣᠯᠭᠠᠨ᠂ ᠣᠯᠠᠨ ᠲᠠᠯᠠᠲᠤ ᠦᠵᠡᠯ ᠤᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠪᠦᠬᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠢ ᠥᠭᠡᠷᠡᠴᠢᠯᠡᠨ ᠲᠡᠭᠦᠯᠳᠡᠷᠵᠢᠭᠦᠯᠬᠦ ᠬᠡᠷᠡᠭᠳᠡᠢ ᠬᠡᠵᠥ ᠴᠢᠬᠤᠯᠠᠴᠢᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠭᠤᠣᠯᠯᠠᠭᠴᠢ ᠦᠢᠯᠡᠳᠦᠯ ᠢᠶᠠᠨ ᠪᠠᠳᠠᠷᠠᠭᠤᠯᠬᠤ ᠶᠢ ᠳᠡᠮᠵᠢᠬᠦ ᠳᠤᠮᠳᠠᠳᠤ ᠤᠯᠤᠰ ᠤᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠨᠡᠶᠢᠲᠡᠯᠡᠪᠡ    ᠤᠯᠤᠰ ᠤᠨ ᠲᠡᠷᠢᠭᠦᠯᠡᠭᠴᠢ ᠰᠢ ᠶᠢᠨ ᠫᠢᠩ 22 ᠤᠨ ᠡᠳᠦᠷ ᠲᠠᠯᠠᠨ ᠲᠠᠪᠤᠳᠤᠭᠠᠷ ᠬᠤᠭᠤᠴᠠᠭᠠᠨ ᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠤᠨ ᠡᠩ ᠤᠨ ᠮᠠᠷᠭᠤᠯᠳᠤᠭᠠᠨ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠠ᠂ ᠡᠯ᠎ᠡ ᠤᠯᠤᠰ ᠤᠨ ᠬᠢᠨ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠪᠦᠯᠬᠦᠮᠳᠡᠯ ᠢᠶᠠᠨ ᠴᠢᠩᠭᠠᠳᠬᠠᠨ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ ᠬᠡᠷᠡᠭᠲᠡᠢ᠃ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠤᠬᠠᠮᠰᠠᠷ ᠪᠠ ᠬᠠᠮᠲᠤᠷᠠᠯᠴᠠᠵᠥ ᠬᠠᠮᠲᠤ ᠪᠠᠷ ᠠᠰᠢᠭ ᠬᠦᠷᠲᠡᠬᠦ ᠣᠶᠢᠯᠠᠭᠠᠭᠳᠠᠬᠤᠨ ᠢ ᠪᠤᠢ ᠪᠣᠯᠭᠠᠵᠤ᠂ ᠡᠯ᠎ᠡ ᠤᠯᠤᠰ ᠤᠨ ᠪᠡᠶ᠎ᠡ ᠪᠠᠨ ᠳᠠᠭᠠᠭᠠᠵᠤ ᠰᠣᠩᠭᠤᠭᠰᠠᠨ ᠬᠥᠭᠵᠢᠯᠲᠡ ᠶᠢᠨ ᠵᠠᠮ ᠪᠣᠯᠤᠨ ᠬᠡᠪ ᠵᠠᠭᠪᠤᠷ ᠢ ᠬᠠᠷᠢᠯᠴᠠᠨ ᠬᠦᠨᠳᠦᠳᠬᠡᠨ᠂ ᠨᠡᠭᠡᠭᠡᠯᠲᠡᠲᠤ ᠪᠠᠭᠲᠠᠭᠠᠮᠵᠢᠲᠠᠶ ᠪᠠᠶᠢᠬᠤ ᠣᠶᠢᠯᠠᠭᠠᠭᠳᠠᠬᠤᠨ ᠢ ᠪᠠᠷᠢᠮᠲᠠᠯᠠᠵᠤ᠂ ᠨᠡᠭᠡᠭᠡᠯᠲᠡᠲᠦ ᠬᠡᠯᠪᠡᠷᠢ ᠶᠢᠨ ᠳᠡᠯᠡᠬᠡᠶ ᠶᠢᠨ ᠠᠵᠤ ᠠᠬᠤᠶ ᠶᠢ ᠡᠷᠡᠰ ᠭᠤᠶᠢᠪᠢᠰᠢ ᠦᠭᠡᠢ ᠪᠠᠶᠢᠭᠤᠯᠤᠨ᠂ ᠰᠢᠨ᠎ᠡ ᠶᠢ ᠡᠭᠦᠳᠬᠦ᠂ ᠡᠶ᠎ᠡ ᠵᠣᠬᠢᠴᠠᠩᠭᠤᠶ᠂ ᠪᠣᠬᠢᠷᠲᠤᠯ ᠦᠭᠡᠶ᠂ ᠨᠡᠭᠡᠭᠡᠯᠲᠡᠳᠤ᠂ ᠬᠠᠮᠲᠤ ᠪᠠᠷ ᠡᠳ᠋ᠯᠡᠬᠦ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠣᠶ ᠪᠣᠯᠭᠠᠵᠤ᠂ ᠬᠢᠵᠢᠭ ᠤᠨ ᠳᠠᠷᠠᠭᠠᠬᠢ ᠳᠡᠯᠡᠬᠡᠶ ᠶᠢᠨ ᠠᠵᠤ ᠠᠬᠤᠢ ᠶᠢᠨ ︽ᠪᠤᠬᠢᠷᠳᠦᠯ ᠦᠭᠡᠢ ᠰᠡᠷᠭᠦᠯᠲᠡ︾ ᠶᠢ ᠠᠬᠢᠭᠤᠯᠵᠤ᠂ ᠤᠯᠠᠨ ᠲᠠᠯᠠᠲᠤ ᠦᠵᠡᠯ ᠤᠨ ᠵᠠᠮ ᠢᠶᠠᠷ ᠵᠠᠮᠨᠠᠬᠤ ᠶᠢ ᠪᠠᠷᠢᠮᠲᠠᠯᠠᠨ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠣᠯᠭᠠᠭᠰᠠᠨ ᠳᠡᠯᠡᠬᠡᠢ ᠶᠢᠨ ᠰᠢᠰᠲ᠋ᠧᠮ ᠢ ᠬᠠᠮᠠᠭᠠᠯᠠᠬᠤ ᠬᠡᠷᠡᠭᠳᠡᠢ᠃ ᠳᠤᠮᠳᠠᠳᠤ ᠤᠯᠤᠰ ᠡᠩᠬᠡ ᠲᠠᠶᠢᠪᠤᠩ ᠬᠥᠭᠵᠢᠯᠲᠡ᠂ ᠨᠡᠭᠡᠭᠡᠯᠲᠡᠳᠤ ᠬᠥᠭᠵᠢᠯᠲᠡ᠂ ᠬᠠᠮᠳᠤᠷᠠᠯᠴᠠᠬᠤ ᠬᠥᠭᠵᠢᠯᠲᠡ᠂ ᠬᠠᠮᠲᠤ ᠪᠠᠷ ᠬᠥᠭᠵᠢᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠦᠷᠭᠦᠯᠵᠢᠯᠡᠨ ᠳᠡᠯᠡᠬᠡᠢ ᠶᠢᠨ ᠡᠩᠬᠡ ᠲᠠᠶᠢᠪᠤᠩ ᠤᠨ ᠪᠦᠳᠦᠭᠡᠨ ᠪᠠᠶᠢᠭᠤᠯᠤᠭᠴᠢ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠬᠤᠪᠢ ᠨᠡᠮᠡᠷᠢ ᠦᠵᠡᠭᠦᠯᠦᠭᠴᠢ᠂ ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠪᠣᠯᠤᠨ᠎ᠠ ᠬᠡᠵᠥ ᠵᠢᠭᠠᠵᠥ ᠭᠠᠷᠭᠠᠪᠠ᠃    
  9 ᠰᠠᠷ᠎ᠠ ᠶᠢᠨ 22 ᠤᠨ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠯᠠᠨ ᠲᠠᠪᠤᠳᠤᠭᠠᠷ ᠬᠤᠭᠤᠴᠠᠭᠠᠨ ᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠤᠨ ᠡᠩ ᠤᠨ ᠮᠠᠷᠭᠤᠯᠳᠤᠭᠠᠨ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃    ᠰᠢᠨᠬᠤᠸᠠ ᠬᠤᠷᠢᠶᠠᠨ ᠤ ᠰᠤᠷᠪᠤᠯᠵᠢᠯᠠᠬᠴᠢ ᠵᠢᠤᠢ ᠫᠧᠩ ᠰᠡᠭᠦᠳᠡᠷᠯᠡᠪᠡ    ᠰᠢ ᠶᠢᠨ ᠫᠢᠩ᠂ ᠡᠨᠡ ᠵᠢᠯ ᠪᠣᠯ ᠳᠡᠯᠡᠬᠡᠶ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠤᠭᠰᠠᠨ 75 ᠵᠢᠯ ᠤᠨ ᠣᠶ ᠪᠣᠯᠬᠤ ᠪᠥᠭᠡᠳ ᠪᠠᠰᠠ ᠴᠤ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 75 ᠵᠢᠯ ᠤᠨ ᠣᠶ ᠪᠣᠯᠤᠨ᠎ᠠ᠃ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠤᠷᠠᠰᠬᠠᠬᠤ ᠲᠦᠷᠦᠭᠦᠴᠦᠳ ᠤᠨ ᠬᠤᠷᠠᠯ ᠢ ᠦᠪᠡᠳᠡᠭᠰᠢ ᠶᠡᠭᠡ ᠪᠠᠷ ᠬᠤᠷᠠᠯᠳᠤᠭᠤᠯᠵᠤ᠂ ᠳᠡᠯᠡᠬᠡᠶ ᠶᠢᠨ ᠹᠠᠱᠢᠰ ᠢ ᠡᠰᠡᠷᠭᠦᠴᠡᠬᠦ ᠳᠠᠶᠢᠨ ᠤ ᠲᠡᠤᠬᠡᠨ ᠲᠤᠷᠰᠢᠯᠭ᠎ᠠ ᠪᠠ ᠰᠤᠷᠭᠠᠮᠵᠢ ᠶᠢ ᠪᠠᠲᠤ ᠴᠡᠭᠡᠵᠢᠯᠡᠵᠦ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠣᠯᠤᠨ ᠵᠠᠷᠴᠢᠮ ᠤᠨ ᠲᠤᠬᠠᠶ ᠡᠷᠡᠰ ᠪᠠᠲᠤ ᠠᠮᠠᠯᠠᠯᠲᠠ ᠪᠠᠨ ᠳᠠᠬᠢᠨᠳᠠ ᠢᠯᠡᠷᠬᠡᠶᠢᠯᠡᠵᠡᠶ᠂ ᠡᠨᠡ ᠨᠢ ᠴᠢᠬᠤᠯᠠ ᠠᠴᠢ ᠬᠤᠯᠪᠣᠭᠳᠠᠯ ᠲᠠᠢ ᠶᠤᠮ ᠬᠡᠵᠥ ᠵᠢᠭᠠᠵᠥ ᠭᠠᠷᠭᠠᠪᠠ᠃    ᠰᠢ ᠶᠢᠨ ᠫᠢᠩ᠂ ᠬᠥᠮᠦᠨ ᠲᠥᠷᠥᠯᠬᠢᠲᠡᠨ ᠶᠠᠭ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠲᠠᠢ ᠲᠡᠮᠡᠴᠡᠵᠦ ᠪᠠᠶᠢᠨ᠎ᠠ᠃ ᠡᠯ᠎ᠡ ᠤᠯᠤᠰ ᠤᠨ ᠠᠷᠠᠳ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠥᠮᠦᠨ ᠲᠥᠷᠥᠯᠬᠢᠲᠡᠨ ᠤ ᠬᠦᠨᠳᠦ ᠶᠡᠭᠡ ᠭᠠᠶ ᠭᠠᠮᠰᠢᠭ ᠤᠨ ᠡᠮᠦᠨᠡᠬᠢ ᠰᠥᠰᠥ ᠵᠣᠷᠢᠭ᠂ ᠡᠷᠴᠢ ᠵᠣᠷᠢᠭ᠂ ᠬᠠᠶᠢᠷ᠎ᠠ ᠬᠠᠯᠠᠮᠵᠢ ᠶᠢ ᠢᠯᠡᠷᠡᠭᠦᠯᠵᠦ᠂ ᠬᠠᠷᠠᠩᠭᠤᠶ ᠴᠠᠭ ᠮᠥᠴᠡ ᠳᠤ ᠬᠡᠷᠡᠯ ᠬᠡᠬᠡ ᠲᠤᠰᠬᠠᠵᠠᠢ᠃ ᠬᠥᠮᠦᠨ ᠲᠥᠷᠥᠯᠬᠢᠲᠡᠨ ᠡᠴᠦᠰ ᠲᠡᠭᠡᠨ ᠬᠢᠵᠢᠭ ᠤᠨ ᠪᠠᠶᠢᠳᠠᠯ ᠢ ᠢᠯᠠᠬᠤ ᠶᠤᠮ᠂ ᠢᠯᠠᠯᠲᠠ ᠯᠠᠪᠲᠠᠶ ᠳᠡᠯᠡᠬᠡᠶ ᠶᠢᠨ ᠠᠷᠠᠳ ᠲᠦᠮᠡᠨ ᠤ ᠬᠢ ᠪᠣᠯᠤᠨ᠎ᠠ︕ ᠬᠡᠵᠥ ᠵᠢᠭᠠᠵᠥ ᠭᠠᠷᠭᠠᠪᠠ᠃    ᠰᠢ ᠶᠢᠨ ᠫᠢᠩ᠂ ᠬᠢᠵᠢᠭ ᠤᠨ ᠪᠠᠶᠢᠳᠠᠯ ᠤᠨ ᠡᠮᠦᠨ᠎ᠡ᠂ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠯᠢᠪᠠ ᠡᠬᠢ ᠪᠠᠶᠠᠯᠢᠭ ᠢ ᠲᠥᠪᠯᠡᠷᠡᠭᠦᠯᠵᠦ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠵᠤ᠂ ᠨᠠᠷᠢᠯᠢᠭ ᠤᠨᠤᠴᠠᠳᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠢᠭᠡ ᠬᠠᠯᠳᠠᠪᠤᠷᠢᠯᠠᠭᠴᠢ ᠶᠢ ᠴᠤ ᠣᠷᠬᠢᠭᠳᠠᠭᠤᠯᠬᠤ ᠦᠭᠡᠢ᠂ ᠨᠢᠭᠡ ᠡᠪᠡᠳᠴᠢᠲᠡᠨ ᠢ ᠴᠤ ᠳᠠᠶᠠᠭᠳᠠᠬᠤ ᠦᠭᠡᠢ ᠪᠠᠷ ᠬᠢᠵᠢᠭ ᠤᠨ ᠦᠷᠪᠢᠰᠦᠨ ᠳᠡᠯᠭᠡᠷᠡᠬᠦ ᠶᠢ ᠡᠷᠡᠰ ᠬᠤᠷᠢᠡᠡᠯᠠᠬᠤ ᠬᠡᠷᠡᠭᠲᠡᠶ᠃ ᠪᠦᠯᠬᠦᠮᠳᠡᠯ ᠢᠶᠠᠨ ᠴᠢᠩᠭᠠᠳᠬᠠᠵᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠳᠤᠭᠤᠯᠵᠤ᠂ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠶᠢ ᠪᠠᠷᠢᠮᠲᠠᠯᠠᠨ᠂ ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠤᠳᠤᠷᠢᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠤᠯᠤᠰ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠠᠬᠢᠭᠤᠯᠵᠤ᠂ ᠪᠦᠬᠦ ᠪᠥᠮᠪᠥᠷᠴᠡᠭ ᠤᠨ ᠬᠢᠵᠢᠭ ᠤᠨ ᠪᠠᠶᠢᠳᠠᠯ ᠢ ᠬᠤᠷᠢᠡᠡᠯᠠᠬᠤ ᠳᠠᠶᠢᠯᠠᠯᠳᠤᠭᠠᠨ ᠳᠤ ᠡᠷᠡᠰ ᠢᠯᠠᠯᠲᠠ ᠣᠯᠵᠤ᠂ ᠤᠯᠤᠰ ᠲᠥᠷᠥᠴᠢᠯᠡᠬᠦ᠂ ᠮᠠᠭᠤ ᠨᠡᠷ᠎ᠠ ᠵᠡᠭᠦᠯᠭᠡᠬᠦ ᠶᠢ ᠡᠰᠡᠷᠭᠦᠴᠡᠬᠦ ᠬᠡᠷᠡᠭᠲᠡᠶ᠃ ᠪᠦᠬᠦ ᠲᠠᠯ᠎ᠠ ᠶᠢᠨ ᠪᠠᠶᠢᠩᠭᠤᠵᠢᠭᠤᠯᠤᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠲᠣᠭᠲᠠᠭᠠᠵᠤ᠂ ᠠᠷᠠᠯᠵᠢᠶ᠎ᠠ ᠬᠤᠳᠠᠯᠳᠤᠭ᠎ᠠ ᠶᠢ ᠰᠡᠷᠭᠦᠭᠡᠬᠦ᠂ ᠵᠠᠬ᠎ᠠ ᠳᠡᠯᠬᠡᠬᠦᠷ ᠢ ᠰᠡᠷᠭᠦᠭᠡᠬᠦ᠂ ᠠᠵᠢᠯ ᠢᠶᠠᠨ ᠰᠡᠷᠬᠦᠬᠡᠵᠥ ᠰᠤᠷᠭᠠᠭᠤᠯᠢ ᠡᠬᠢᠯᠡᠬᠦᠯᠬᠦ ᠶᠢ ᠡᠮᠬᠢ ᠵᠢᠷᠤᠮ ᠲᠠᠢ ᠠᠬᠢᠭᠤᠯᠵᠤ᠂ ᠠᠵᠢᠯ ᠣᠯᠭᠤᠯᠲᠠ ᠶᠢ ᠡᠭᠦᠳᠴᠦ᠂ ᠠᠵᠤ ᠠᠬᠤᠶ ᠶᠢ ᠳᠠᠶᠢᠴᠢᠯᠠᠨ᠂ ᠠᠵᠤ ᠠᠬᠤᠶ ᠨᠡᠶᠢᠭᠡᠮ ᠤᠨ ᠡᠮᠬᠢ ᠲᠢᠭᠯᠢᠮ ᠪᠠ ᠠᠮᠢᠵᠢᠷᠠᠯ ᠤᠨ ᠬᠦᠴᠦᠨ ᠢ ᠰᠡᠷᠭᠦᠭᠡᠵᠦ᠂ ᠭᠤᠤᠯ ᠪᠤᠯᠬᠤ ᠠᠵᠤ ᠠᠬᠤᠶ ᠶᠢᠨ ᠴᠣᠭᠴᠠ ᠬᠤᠷᠸ᠎ᠠ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠪᠠᠨ ᠴᠢᠩᠭᠠᠳᠬᠠᠨ᠂ ᠲᠤᠰ ᠤᠯᠤᠰ ᠤᠨ ᠢᠶᠠᠨ ᠠᠵᠤ ᠠᠬᠤᠶ ᠪᠠᠨ ᠰᠡᠷᠭᠦᠭᠡᠬᠦ ᠪᠠᠷ ᠪᠠᠷᠠᠬᠤ ᠦᠭᠡᠶ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠳᠤ ᠬᠤᠪᠢ ᠨᠡᠮᠡᠷᠢ ᠦᠵᠡᠭᠦᠯᠬᠦ ᠬᠡᠷᠡᠭᠲᠡᠢ᠃ ᠬᠥᠭᠵᠢᠵᠦ ᠪᠠᠶᠢᠭ᠎ᠠ ᠤᠯᠤᠰ ᠢᠯᠠᠩᠭᠤᠶ᠎ᠠ ᠠᠹᠷᠢᠺᠠ ᠲᠢᠪ ᠤᠨ ᠤᠯᠤᠰ ᠤᠳ ᠢ ᠬᠠᠯᠠᠮᠵᠢᠯᠠᠨ ᠬᠠᠷᠠᠭᠠᠯᠵᠠᠵᠤ᠂ ᠥᠷᠢ ᠥᠭᠴᠡᠭᠡ ᠶᠢ ᠬᠥᠩᠭᠡᠷᠡᠭᠦᠯᠵᠤ ᠬᠤᠶᠢᠰᠢᠯᠠᠭᠤᠯᠬᠤ᠂ ᠲᠤᠰᠠᠯᠠᠮᠵᠢ ᠬᠠᠩᠭᠠᠬᠤ ᠵᠡᠷᠭᠡ ᠲᠠᠯ᠎ᠠ ᠪᠠᠷ ᠴᠠᠭ ᠲᠤᠬᠠᠶ ᠳᠤᠨᠢ ᠬᠦᠴᠦᠲᠡᠶ ᠠᠷᠭ᠎ᠠ ᠬᠡᠮᠵᠢᠶ᠎ᠡ ᠠᠪᠴᠤ᠂ ︽ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ︾ ᠢ ᠰᠠᠶᠢᠲᠤᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠲᠡᠳᠡᠨ ᠢ ᠬᠠᠪᠰᠤᠷᠴᠤ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠬᠡᠷᠡᠭᠲᠡᠶ ᠬᠡᠵᠥ ᠴᠢᠬᠤᠯᠠᠴᠢᠯᠠᠪᠠ᠃    ᠰᠢ ᠶᠢᠨ ᠫᠢᠩ᠂ 75 ᠵᠢᠯ ᠤᠨ ᠡᠮᠦᠨ᠎ᠡ᠂ ᠳᠤᠮᠳᠠᠳᠤ ᠤᠯᠤᠰ ᠳᠡᠯᠡᠬᠡᠶ ᠶᠢᠨ ᠹᠠᠱᠢᠰ ᠢ ᠡᠰᠡᠷᠭᠦᠴᠡᠬᠦ ᠲᠠᠶᠢᠨ ᠤ ᠢᠯᠠᠯᠲᠠ ᠶᠢ ᠤᠯᠬᠤ ᠳᠤ ᠲᠡᠤᠬᠡᠲᠦ ᠴᠢᠨᠠᠷᠲᠠᠶ ᠬᠤᠪᠢ ᠨᠡᠮᠡᠷᠢ ᠦᠵᠡᠭᠦᠯᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠬᠤ ᠶᠢ ᠳᠡᠮᠵᠢᠵᠠᠢ᠃ ᠡᠨᠡ ᠡᠳᠦᠷ᠂ ᠠᠳᠠᠯᠢᠬᠠᠨ ᠬᠠᠷᠢᠭᠤᠴᠠᠯᠭ᠎ᠠ ᠡᠭᠦᠷᠭᠡᠯᠡᠯ ᠤᠨ ᠵᠣᠷᠢᠭ ᠰᠠᠨᠠᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠯᠠᠨ ᠤᠯᠤᠰ ᠤᠨ ᠬᠢᠵᠢᠭ ᠢ ᠡᠰᠡᠷᠭᠦᠴᠡᠬᠦ ᠬᠠᠮᠲᠤᠷᠠᠯᠴᠠᠭ᠎ᠠ ᠳᠤ ᠢᠳᠡᠪᠬᠢᠲᠡᠢ ᠣᠷᠣᠯᠴᠠᠵᠤ᠂ ᠪᠦᠬᠦ ᠳᠡᠯᠡᠬᠡᠢ ᠶᠢᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠬᠠᠮᠠᠭᠠᠯᠠᠬᠤ ᠳᠤ ᠳᠤᠮᠳᠠᠳᠤ ᠤᠯᠤᠰ ᠤᠨ ᠬᠦᠴᠦᠨ ᠴᠢᠳᠠᠯ ᠢᠶᠠᠨ ᠡᠷᠭᠦᠨ᠎ᠠ᠃    ᠳᠤᠮᠳᠠᠳᠤ ᠤᠯᠤᠰ ᠦᠷᠭᠦᠯᠵᠢᠯᠡᠨ ᠡᠯ᠎ᠡ ᠤᠯᠤᠰ ᠲᠠᠢ ᠬᠢᠵᠢᠭ ᠢ ᠡᠰᠡᠷᠭᠦᠴᠡᠭᠰᠡᠨ ᠲᠤᠷᠰᠢᠯᠭ᠎ᠠ ᠪᠣᠯᠤᠨ ᠣᠨᠣᠰᠢᠯᠠᠨ ᠡᠮᠨᠡᠬᠦ ᠮᠡᠷᠭᠡᠵᠢᠯ ᠢᠶᠠᠨ ᠬᠤᠪᠢᠶᠠᠯᠴᠠᠵᠤ᠂ ᠬᠡᠷᠡᠭᠴᠡᠭᠡ ᠲᠠᠢ ᠤᠯᠤᠰ ᠲᠤ ᠬᠠᠪᠰᠤᠷᠤᠯᠭ᠎ᠠ ᠳᠡᠮᠵᠢᠯᠭᠡ ᠦᠵᠡᠭᠦᠯᠵᠦ᠂ ᠪᠦᠬᠦ ᠪᠥᠮᠪᠥᠷᠴᠡᠭ ᠤᠨ ᠬᠢᠵᠢᠭ ᠢ ᠡᠰᠡᠷᠭᠦᠴᠡᠬᠦ ᠡᠳ᠋ ᠪᠣᠳᠠᠰ ᠤᠨ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠪᠠᠲᠤᠯᠠᠬᠤ ᠶᠢᠨ ᠬᠠᠮᠳᠤ ᠸᠢᠷᠦ᠋ᠰ ᠤᠨ ᠢᠷᠡᠯᠲᠡ ᠪᠠ ᠬᠠᠯᠳᠠᠪᠤᠷᠢᠯᠠᠬᠤ ᠵᠠᠮ ᠢ ᠤᠯᠬᠤ ᠪᠦᠬᠦ ᠳᠡᠯᠡᠬᠡᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠳᠤ ᠢᠳᠡᠪᠬᠢᠲᠡᠢ ᠤᠷᠤᠯᠴᠠᠨ᠎ᠠ᠃ ᠳᠤᠮᠳᠠᠳᠤ ᠤᠯᠤᠰ ᠤᠨ ᠣᠯᠠᠨ ᠸᠠᠺᠼᠢᠨ ᠨᠢᠭᠡᠨᠳᠡ Ⅲ ᠬᠤᠭᠤᠴᠠᠭᠠᠨ ᠤ ᠡᠮᠴᠢᠯᠡᠭᠡᠨ ᠤ ᠲᠤᠷᠰᠢᠯᠲᠠ ᠶᠢᠨ ᠱᠠᠳᠤᠨ ᠳᠤ ᠣᠷᠣᠵᠠᠶ᠂ ᠰᠤᠳᠤᠯᠭᠠᠨ ᠳᠠᠭᠤᠰᠴᠤ ᠠᠰᠢᠡᠡᠯᠠᠯᠳᠠ ᠳᠤ ᠤᠷᠤᠭᠤᠯᠤᠭᠰᠠᠨ ᠤ ᠳᠠᠷᠠᠭ᠎ᠠ ᠪᠥᠬᠦ ᠳᠡᠯᠡᠬᠡᠢ ᠶᠢᠨ ᠣᠯᠠᠨ ᠨᠡᠶᠢᠲᠡ ᠶᠢᠨ ᠦᠢᠯᠡᠳᠬᠦᠨ ᠤ ᠬᠤᠪᠢ ᠪᠠᠷ ᠬᠥᠭᠵᠢᠵᠦ ᠪᠠᠶᠢᠭ᠎ᠠ ᠤᠯᠤᠰ ᠲᠤ ᠡᠩ ᠲᠡᠷᠢᠭᠦᠨ ᠳᠤ ᠬᠠᠩᠭᠠᠨ᠎ᠠ᠃ ᠳᠤᠮᠳᠠᠳᠤ ᠤᠯᠤᠰ ᠬᠤᠶᠠᠷ ᠵᠢᠯ ᠤᠨ ᠲᠤᠳᠤᠷ᠎ᠠ 20 ᠳ᠋ᠦᠩᠰᠢᠭᠤᠷ ᠳ᠋ᠣᠯᠯᠠᠷ ᠤᠨ ᠣᠯᠠᠨ ᠤᠯᠤᠰ ᠤᠨ ᠲᠤᠰᠠᠯᠠᠮᠵᠢ ᠬᠠᠩᠭᠠᠬᠤ ᠠᠮᠠᠯᠠᠯᠲᠠ ᠪᠠᠨ ᠨᠠᠶᠢᠳᠠᠪᠤᠷᠢᠵᠢᠭᠤᠯᠵᠤ᠂ ᠬᠦᠳᠡᠭᠡ ᠠᠵᠤ ᠠᠬᠤᠢ᠂ ᠶᠠᠳᠠᠭᠤ ᠶᠢ ᠪᠠᠭᠠᠰᠬᠠᠬᠤ᠂ ᠰᠤᠷᠭᠠᠨ ᠬᠥᠮᠦᠵᠢᠯ᠂ ᠡᠮᠡᠭᠲᠡᠶᠢᠴᠦᠳ ᠪᠠ ᠬᠡᠤᠬᠡᠳ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠬᠦᠷᠢᠶᠡᠨ ᠤ ᠣᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠡᠯ᠎ᠡ ᠤᠯᠤᠰ ᠤᠨ ᠠᠵᠤ ᠠᠬᠤᠶ ᠨᠡᠶᠢᠭᠡᠮ ᠤᠨ ᠰᠡᠷᠭᠦᠨ ᠬᠥᠭᠵᠢᠬᠦ ᠳᠤ ᠬᠦᠴᠦᠨ ᠨᠡᠮᠡᠷᠢᠯᠡᠨ᠎ᠡ ᠭᠡᠵᠤ ᠵᠢᠭᠠᠵᠤ ᠭᠠᠷᠭᠠᠪᠠ᠃    ᠰᠢ ᠶᠢᠨ ᠫᠢᠩ᠂ ᠬᠥᠮᠦᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠲᠡᠦᠬᠡ ᠪᠣᠯ ᠡᠯ᠎ᠡ ᠵᠦᠢᠯ ᠤᠨ ᠥᠷᠢᠰᠥᠯᠳᠦᠭᠡᠨ ᠪᠠ ᠬᠦᠴᠢᠷᠳᠡᠯ ᠢ ᠲᠠᠰᠤᠷᠠᠯᠲᠠ ᠦᠭᠡᠢ ᠢᠯᠠᠨ ᠳᠠᠪᠠᠭᠰᠠᠨ ᠲᠡᠦᠬᠡ ᠮᠦᠨ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠪᠦᠬᠦ ᠳᠡᠯᠡᠬᠡᠢ ᠳᠤ ᠶᠡᠭᠡ ᠪᠠᠷ ᠦᠷᠪᠢᠰᠦᠨ ᠳᠡᠯᠭᠡᠷᠡᠭᠰᠡᠨ ᠪᠠ ᠳᠡᠯᠡᠬᠡᠶ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠷᠠᠯᠲᠠ ᠬᠠᠷᠢᠯᠴᠠᠨ ᠨᠥᠯᠥᠭᠡᠯᠡᠯᠴᠡᠵᠦ ᠪᠠᠶᠢᠪᠠᠴᠤ ᠡᠩᠬᠡ ᠲᠠᠶᠢᠪᠤᠩ ᠬᠢᠭᠡᠳ ᠬᠥᠭᠵᠢᠯᠲᠡ ᠶᠢᠨ ᠴᠠᠭ ᠦᠶ᠎ᠡ ᠶᠢᠨ ᠭᠤᠣᠯ ᠰᠡᠳᠦᠪ ᠬᠤᠪᠢᠷᠠᠭᠰᠠᠨ ᠦᠭᠡᠢ᠂ ᠡᠯ᠎ᠡ ᠤᠯᠤᠰ ᠤᠨ ᠠᠷᠠᠳ ᠲᠦᠮᠡᠨ ᠤ ᠨᠠᠶᠢᠷᠠᠮᠳᠠᠯ ᠢᠶᠠᠷ ᠬᠥᠭᠵᠢᠵᠤ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠬᠦ ᠬᠦᠰᠡᠯ ᠡᠷᠡᠮᠡᠯᠵᠡᠯ ᠤᠯᠠᠮ ᠴᠢᠩᠭ᠎ᠠ ᠪᠣᠯᠪᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠨᠢ ᠬᠥᠮᠦᠨ ᠲᠥᠷᠥᠯᠬᠢᠲᠡᠨ ᠳᠤ ᠲᠤᠯᠭᠠᠷᠠᠬᠤ ᠬᠠᠮᠤᠭ ᠰᠡᠭᠦᠯᠴᠢ ᠶᠢᠨ ᠬᠢᠮᠤᠷᠠᠯ ᠪᠢᠰᠢ ᠶᠤᠮ᠂ ᠪᠢᠳᠡ ᠡᠷᠬᠡᠪᠰᠢ ᠨᠡᠩ ᠤᠯᠠᠨ ᠪᠦᠬᠦ ᠪᠥᠮᠪᠥᠷᠴᠡᠭ ᠤᠨ ᠴᠢᠨᠠᠷᠲᠠᠶ ᠥᠷᠢᠰᠥᠯᠳᠦᠭᠡᠨ ᠢ ᠭᠠᠷ ᠬᠤᠯᠪᠤᠨ ᠬᠠᠮᠳᠤ ᠪᠠᠷ ᠤᠭᠲᠤᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠶ᠃    ᠨᠢᠭᠡᠳᠦᠭᠡᠷ ᠲᠤ᠂ ᠲᠤᠰ ᠤᠳᠠᠭᠠᠨ ᠤ ᠬᠢᠵᠢᠭ ᠤᠨ ᠪᠠᠶᠢᠳᠠᠯ ᠨᠢ ᠪᠢᠳᠡ ᠪᠤᠯ ᠨᠢᠭᠡᠨ ᠬᠤᠯᠪᠣᠯᠳᠤᠨ ᠨᠡᠪᠲᠡᠷᠡᠯᠴᠡᠭᠰᠡᠨ᠂ ᠵᠢᠷᠭᠠᠯ ᠵᠤᠪᠠᠯᠠᠩ ᠢᠶᠠᠨ ᠬᠠᠮᠲᠤᠳᠬᠠᠭᠰᠠᠨ ᠳᠡᠯᠡᠬᠡᠢ ᠶᠢᠨ ᠪᠥᠮᠪᠥᠷᠴᠡᠭ ᠤᠨ ᠲᠤᠰᠬᠤᠨ ᠳᠤ ᠠᠮᠢᠳᠤᠷᠠᠵᠤ ᠪᠠᠶᠢᠨ᠎ᠠ᠃ ᠡᠯ᠎ᠡ ᠤᠯᠤᠰ ᠨᠢᠭᠲᠠ ᠬᠤᠯᠪᠣᠯᠳᠤᠵᠤ᠂ ᠬᠥᠮᠦᠨ ᠲᠥᠷᠥᠯᠬᠢᠲᠡᠨ ᠬᠤᠪᠢ ᠵᠠᠶᠠᠭ᠎ᠠ ᠨᠢᠭᠡᠳᠠᠢ ᠶᠤᠮ᠃ ᠶᠠᠮᠠᠷᠪᠠ ᠤᠯᠤᠰ ᠭᠡᠳ ᠪᠤᠰᠤᠳ ᠤᠯᠤᠰ ᠤᠨ ᠬᠦᠴᠢᠷ ᠪᠡᠷᠬᠡᠰᠢᠶᠡᠯ ᠠᠴᠠ ᠠᠰᠢᠭ ᠣᠯᠵᠤ ᠳᠡᠶᠢᠯᠬᠦ ᠦᠭᠡᠢ᠂ ᠪᠤᠰᠤᠳ ᠤᠯᠤᠰ ᠤᠨ ᠦᠢᠮᠡᠬᠡᠨ ᠳᠡᠪᠵᠢᠶᠡᠨ ᠳᠤᠮᠳᠠ ᠲᠣᠭᠲᠠᠭᠤᠨ ᠵᠠᠪᠤᠵᠤ ᠳᠡᠶᠢᠯᠬᠦ ᠦᠭᠡᠢ ᠶᠤᠮ᠃ ᠬᠥᠷᠰᠢ ᠰᠠᠭᠠᠬᠠᠯᠳᠠ ᠪᠠᠨ ᠭᠠᠴᠢᠵᠤ᠂ ᠭᠠᠢ ᠭᠠᠮᠰᠢᠭ ᠠᠴᠠ ᠠᠪᠤᠷᠠᠬᠤ ᠦᠭᠡᠢ ᠪᠤᠯ ᠪᠤᠰᠤᠳ ᠤᠯᠤᠰ ᠤᠨ ᠰᠦᠷᠳᠡᠭᠦᠯᠦᠯ ᠨᠢ ᠡᠷᠲᠡ ᠣᠷᠣᠢ ᠦᠭᠡᠢ ᠥᠪᠡᠷ ᠤᠨ ᠪᠡᠶ᠎ᠠ ᠳᠡᠭᠡᠷ᠎ᠠ ᠢᠷᠡᠬᠦ ᠶᠤᠮ ᠭᠡᠬᠦ ᠶᠢ ᠪᠢᠳᠡᠨ ᠳᠤ ᠰᠡᠩᠭᠡᠷᠡᠭᠦᠯᠪᠡ᠃ ᠪᠢᠳᠡ ᠬᠡᠨ ᠠᠯᠢᠨ ᠢᠶᠠᠨ ᠭᠡᠬᠦ ᠦᠭᠡᠢ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠵᠤ᠂ ᠵᠢᠵᠢᠭ ᠲᠤᠭᠤᠷᠢᠭ ᠪᠠ ᠤᠭᠳᠤ ᠡᠪᠰᠡᠬᠦ ᠦᠭᠡᠢ ᠲᠡᠮᠡᠴᠡᠯᠳᠦᠬᠦ ᠰᠡᠳᠬᠢᠬᠦᠶ ᠶᠢ ᠲᠠᠶᠠᠭᠳᠠᠨ᠂ ᠶᠡᠭᠡ ᠭᠡᠷ ᠪᠦᠯᠢ ᠪᠠ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠬᠦ ᠣᠶᠢᠯᠠᠭᠠᠭᠳᠠᠬᠤᠨ ᠢ ᠪᠤᠢ ᠪᠣᠯᠭᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠮᠠᠷᠭᠤᠯᠳᠤᠭᠠᠨ ᠢ ᠲᠠᠶᠠᠭᠳᠠᠨ᠂ ᠪᠣᠯᠪᠠᠰᠤᠨ ᠤ ᠮᠥᠷᠭᠦᠯᠳᠦᠭᠡᠨ ᠤ ᠤᠨᠠᠭᠤᠯᠢ ᠠᠴᠠ ᠭᠠᠷᠴᠤ᠂ ᠡᠯ᠎ᠡ ᠤᠯᠤᠰ ᠤᠨ ᠪᠡᠶ᠎ᠠ ᠪᠠᠨ ᠳᠠᠭᠠᠭᠠᠵᠤ ᠰᠣᠩᠭᠤᠭᠰᠠᠨ ᠬᠥᠭᠵᠢᠯᠲᠡ ᠶᠢᠨ ᠵᠠᠮ ᠪᠣᠯᠤᠨ ᠬᠡᠪ ᠵᠠᠭᠪᠤᠷ ᠢ ᠬᠠᠷᠢᠯᠴᠠᠨ ᠬᠦᠨᠳᠦᠳᠬᠡᠵᠦ᠂ ᠳᠡᠯᠡᠬᠡᠶ ᠶᠢᠨ ᠤᠯᠠᠨ ᠶᠠᠩᠵᠤᠲᠤ ᠴᠢᠨᠠᠷ ᠢ ᠬᠥᠮᠦᠨ ᠲᠥᠷᠥᠯᠬᠢᠲᠡᠨ ᠤ ᠨᠡᠶᠢᠭᠡᠮ ᠤᠨ ᠲᠠᠪᠰᠢᠯᠳᠠ ᠶᠢᠨ ᠳᠤᠮᠳᠠᠷᠠᠰᠢ ᠦᠭᠡᠢ ᠬᠥᠳᠡᠯᠭᠡᠭᠴᠢ ᠬᠦᠴᠦᠨ᠂ ᠬᠥᠮᠦᠨ ᠲᠥᠷᠥᠯᠬᠢᠲᠡᠨ ᠤ ᠪᠣᠯᠪᠠᠰᠤᠨ ᠤ ᠦᠡᠭᠭᠡ ᠢᠯᠭᠠᠷᠠᠨ ᠰᠤᠯᠤᠩᠭᠠᠷᠠᠬᠤ ᠪᠠᠶᠢᠭᠠᠯᠢ ᠶᠢᠨ ᠬᠡᠯᠪᠡᠷᠢ ᠪᠠᠶᠢᠳᠠᠯ ᠪᠤᠯᠭᠠᠬᠤ ᠬᠡᠷᠡᠭᠳᠠᠢ᠃    ᠬᠤᠶᠠᠳᠤᠭᠠᠷ ᠲᠤ᠂ ᠲᠤᠰ ᠤᠳᠠᠭᠠᠨ ᠤ ᠬᠢᠵᠢᠭ ᠤᠨ ᠪᠠᠶᠢᠳᠠᠯ ᠨᠢ ᠠᠵᠤ ᠠᠬᠤᠶ ᠶᠢᠨ ᠳᠡᠯᠡᠬᠡᠶᠢᠵᠢᠯᠲᠡ ᠪᠣᠯ ᠪᠤᠰᠤᠳᠴᠢ ᠪᠤᠳᠠᠳᠤ ᠪᠠᠶᠢᠳᠠᠯ ᠪᠠ ᠲᠡᠤᠬᠡ ᠶᠢᠨ ᠤᠷᠤᠰᠬᠠᠯ ᠪᠤᠯᠤᠨ᠎ᠠ᠃ ᠠᠵᠤ ᠠᠬᠤᠢ ᠶᠢᠨ ᠳᠡᠯᠡᠬᠡᠶᠢᠵᠢᠯᠲᠡ ᠶᠢᠨ ᠶᠡᠭᠡ ᠬᠠᠨᠳᠤᠰᠢ ᠶᠢᠨ ᠡᠮᠦᠨ᠎ᠡ᠂ ᠲᠡᠮᠡᠭᠡᠨ ᠬᠢᠷᠭᠤᠤᠯ ᠠᠳᠠᠯᠢ ᠲᠣᠯᠣᠭᠠᠶ ᠪᠠᠨ ᠡᠯᠡᠰᠦᠨ ᠳᠤ ᠰᠢᠭᠢᠳᠴᠤ ᠣᠯᠵᠤ ᠬᠠᠷᠠᠬᠤ ᠦᠭᠡᠢ ᠪᠠᠷ ᠣᠪᠯᠠᠬᠤ ᠪᠤᠶᠤ ᠳ᠋ᠤᠨ ᠺᠢᠦᠳ᠋ ᠠᠳᠠᠯᠢ ᠤᠷᠲᠤ ᠵᠢᠳᠠ ᠪᠠᠨ ᠬᠤᠷᠦ᠋ᠢᠯᠠᠵᠤ ᠡᠰᠡᠷᠭᠦᠴᠡᠪᠡᠯ ᠪᠦᠷ ᠲᠡᠦᠬᠡ ᠶᠢᠨ ᠵᠢᠮ᠎ᠡ ᠶᠣᠰᠣ ᠠᠴᠠ ᠲᠡᠷᠰᠯᠡᠬᠦ ᠪᠤᠯᠤᠨ᠎ᠠ᠃ ᠳᠡᠯᠡᠬᠡᠶ ᠶᠢᠷᠲᠢᠨᠴᠦ ᠳᠦᠭᠵᠢᠮᠡᠯ ᠭᠠᠭᠴᠠᠭᠠᠷᠳᠠᠮᠠᠯ ᠬᠦᠮᠦᠷᠢᠭᠰᠡᠨ ᠲᠤᠭᠤᠭᠠᠨ ᠳᠠᠬᠢ ᠰᠢᠭ ᠪᠠᠶᠢᠳᠠᠯ ᠳᠤ ᠪᠤᠴᠠᠭᠠᠵᠤ ᠳᠡᠶᠢᠯᠬᠦ ᠦᠭᠡᠢ ᠪᠥᠭᠡᠳ ᠬᠡᠨ ᠨᠢᠭᠡᠨ ᠤ ᠬᠦᠴᠦ ᠪᠠᠷ ᠰᠠᠯᠵᠤ ᠪᠤᠳᠠᠷᠠᠵᠤ ᠳᠡᠶᠢᠯᠬᠦ ᠦᠭᠡᠢ ᠶᠤᠮ ᠭᠡᠬᠦ ᠶᠢ ᠪᠢᠳᠡᠨ ᠳᠤ ᠰᠡᠩᠭᠡᠷᠡᠭᠦᠯᠪᠡ᠃ ᠪᠢᠳᠡ ᠠᠵᠤ ᠠᠬᠤᠢ ᠶᠢᠨ ᠳᠡᠯᠡᠬᠡᠶᠢᠵᠢᠯᠲᠡ ᠶᠢᠨ ᠠᠪᠴᠢᠷᠠᠭᠰᠠᠨ ᠥᠷᠢᠰᠥᠯᠳᠦᠭᠡᠨ ᠠᠴᠠ ᠵᠠᠶᠢᠯᠠᠵᠤ ᠪᠤᠯᠬᠤ ᠦᠭᠡᠢ᠂ ᠡᠷᠬᠡᠪᠰᠢ ᠶᠠᠳᠠᠭᠤ ᠪᠠᠶᠠᠨ ᠤ ᠵᠦᠷᠢᠶ᠎ᠡ᠂ ᠬᠥᠭᠵᠢᠯᠲᠡ ᠶᠢᠨ ᠵᠠᠭᠠᠭ ᠵᠡᠷᠭᠡ ᠴᠢᠬᠤᠯᠠ ᠶᠡᠭᠡ ᠠᠰᠠᠭᠤᠳᠠᠯ ᠳᠤ ᠰᠢᠭᠤᠳ ᠬᠠᠨᠳᠤᠬᠤ ᠬᠡᠷᠡᠭᠲᠡᠢ᠃ ᠵᠠᠰᠠᠭ ᠤᠨ ᠣᠷᠳᠣᠨ ᠪᠣᠯᠤᠨ ᠵᠠᠬ᠎ᠠ ᠳᠡᠯᠭᠡᠭᠦᠷ᠂ ᠲᠦᠪ ᠭᠤᠤᠯᠴᠢ ᠪᠣᠯᠤᠨ ᠦᠷ᠎ᠡ ᠪᠦᠲᠦᠮᠵᠢ᠂ ᠨᠡᠮᠡᠭᠳᠡᠯ ᠪᠣᠯᠤᠨ ᠬᠤᠪᠢᠶᠠᠷᠢᠯᠠᠯᠲᠠ᠂ ᠮᠡᠷᠭᠡᠵᠢᠯ ᠪᠣᠯᠤᠨ ᠠᠵᠢᠯ ᠣᠯᠭᠤᠯᠲᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠬᠥᠭᠵᠢᠯᠲᠡ ᠶᠢ ᠲᠡᠩᠴᠡᠭᠦᠷᠢᠲᠡᠶ ᠪᠥᠭᠡᠳ ᠬᠦᠢᠴᠡᠳ ᠪᠤᠯᠭᠠᠵᠤ᠂ ᠬᠥᠭᠵᠢᠯᠲᠡ ᠶᠢᠨ ᠦᠷ᠎ᠡ ᠪᠦᠲᠦᠭᠡᠯ ᠢ ᠠᠳᠠᠯᠢ ᠪᠤᠰᠤ ᠤᠯᠤᠰ ᠤᠨ ᠠᠳᠠᠯᠢ ᠪᠤᠰᠤ ᠳᠠᠪᠬᠤᠷᠭ᠎ᠠ ᠶᠢᠨ ᠠᠳᠠᠯᠢ ᠪᠤᠰᠤ ᠬᠥᠮᠦᠰ ᠲᠤ ᠡᠷᠬᠡ ᠲᠡᠭᠰᠢ ᠪᠠᠷ ᠬᠦᠷᠲᠡᠭᠡᠬᠦ ᠬᠡᠷᠡᠭᠳᠠᠢ᠃ ᠨᠡᠭᠡᠭᠡᠯᠲᠡᠲᠤ ᠪᠠᠭᠲᠠᠭᠠᠮᠵᠢᠲᠠᠶ ᠪᠠᠶᠢᠬᠤ ᠣᠶᠢᠯᠠᠭᠠᠭᠳᠠᠬᠤᠨ ᠢ ᠪᠠᠷᠢᠮᠲᠠᠯᠠᠨ᠂ ᠨᠡᠭᠡᠭᠡᠯᠲᠡᠲᠦ ᠬᠡᠯᠪᠡᠷᠢ ᠶᠢᠨ ᠳᠡᠯᠡᠬᠡᠶ ᠶᠢᠨ ᠠᠵᠤ ᠠᠬᠤᠶ ᠶᠢ ᠡᠷᠡᠰ ᠭᠤᠶᠢᠪᠢᠰᠢ ᠦᠭᠡᠢ ᠪᠠᠶᠢᠭᠤᠯᠵᠤ᠂ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠠᠷ ᠰᠠᠭᠤᠷᠢ ᠪᠣᠯᠭᠠᠭᠰᠠᠨ ᠣᠯᠠᠨ ᠳᠠᠯᠠᠳᠦ ᠠᠷᠠᠯᠵᠢᠶᠠᠨ ᠤ ᠪᠠᠶᠢᠭᠤᠯᠤᠮᠵᠢ ᠶᠢ ᠬᠠᠮᠠᠭᠠᠯᠠᠵᠤ᠂ ᠲᠤᠭ ᠲᠡᠮᠳᠡᠭ ᠲᠣᠳᠣᠷᠬᠠᠶ ᠪᠠᠷ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠢ ᠡᠰᠡᠷᠭᠦᠴᠡᠵᠤ᠂ ᠪᠦᠬᠦ ᠳᠡᠯᠡᠬᠡᠢ ᠶᠢᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠬᠤ ᠬᠡᠷᠡᠭᠳᠠᠢ᠃    ᠭᠤᠷᠪᠠᠳᠤᠭᠠᠷ ᠲᠤ᠂ ᠲᠤᠰ ᠤᠳᠠᠭᠠᠨ ᠤ ᠬᠢᠵᠢᠭ ᠤᠨ ᠪᠠᠶᠢᠳᠠᠯ ᠨᠢ ᠬᠥᠮᠦᠨ ᠲᠥᠷᠥᠯᠬᠢᠲᠡᠨ ᠨᠢᠭᠡ ᠤᠳᠠᠭᠠᠨ ᠤ ᠥᠪᠡᠷ ᠪᠡᠶ᠎ᠠ ᠶᠢᠨ ᠬᠤᠪᠢᠰᠬᠠᠯ ᠬᠢᠵᠤ᠂ ᠪᠣᠬᠢᠷᠲᠤᠯ ᠦᠭᠡᠢ ᠬᠥᠭᠵᠢᠯᠲᠡ ᠶᠢᠨ ᠠᠷᠭ᠎ᠠ ᠬᠡᠯᠪᠡᠷᠢ ᠪᠠ ᠠᠮᠢᠳᠤᠷᠠᠯ ᠤᠨ ᠠᠷᠭ᠎ᠠ ᠬᠡᠯᠪᠡᠷᠢ ᠶᠢ ᠲᠦᠷᠭᠡᠪᠴᠢᠯᠡᠨ ᠪᠤᠢ ᠪᠣᠯᠭᠠᠵᠤ᠂ ᠠᠮᠢ ᠠᠬᠤᠶ ᠶᠢᠨ ᠪᠣᠯᠪᠠᠰᠤᠨ ᠪᠠ ᠦᠵᠡᠰᠬᠦᠯᠡᠩᠲᠦ ᠰᠠᠶᠢᠬᠠᠨ ᠳᠡᠯᠡᠬᠡᠶ ᠶᠢᠨ ᠪᠥᠮᠪᠥᠷᠴᠡᠭ ᠢ ᠪᠦᠳᠦᠭᠡᠨ ᠪᠠᠶᠢᠭᠤᠯᠬᠤ ᠬᠡᠷᠡᠭᠳᠠᠢ ᠶᠢ ᠪᠢᠳᠡᠨ ᠳᠤ ᠰᠡᠩᠭᠡᠷᠡᠭᠦᠯᠪᠡ᠃ ᠬᠥᠮᠦᠨ ᠲᠥᠷᠥᠯᠬᠢᠲᠡᠨ ᠡᠬᠡ ᠪᠠᠶᠢᠭᠠᠯᠢ ᠶᠢᠨ ᠤᠳᠠᠭ᠎ᠠ ᠳᠠᠷᠠᠭ᠎ᠠ ᠶᠢᠨ ᠰᠡᠷᠡᠮᠵᠢᠯᠡᠭᠦᠯᠦᠯ ᠢ ᠣᠮᠲᠣᠭᠠᠶᠢᠯᠠᠵᠤ᠂ ᠠᠪᠬᠤ ᠶᠢ ᠯᠠ ᠮᠡᠳᠡᠭᠡᠳ ᠣᠷᠣᠭᠤᠯᠬᠤ ᠶᠢ ᠮᠡᠳᠡᠬᠦ ᠦᠭᠡᠢ᠂ ᠬᠥᠭᠵᠢᠯᠲᠡ ᠶᠢ ᠯᠡ ᠮᠡᠳᠡᠭᠡᠳ ᠬᠠᠮᠠᠭᠠᠯᠠᠬᠤ ᠶᠢ ᠮᠡᠳᠡᠬᠦ ᠦᠭᠡᠢ᠂ ᠠᠰᠢᠡᠡᠯᠠᠬᠤ ᠶᠢ ᠯᠠ ᠮᠡᠳᠡᠭᠡᠳ ᠰᠡᠯᠪᠢᠨ ᠰᠡᠷᠭᠦᠭᠡᠬᠦ ᠶᠢ ᠮᠡᠳᠡᠬᠦ ᠦᠭᠡᠢ ᠬᠠᠭᠤᠴᠢᠮ ᠵᠠᠮ ᠢᠶᠠᠷ ᠶᠠᠪᠤᠵᠤ ᠪᠣᠯᠬᠤ ᠦᠭᠡᠢ ᠪᠤᠯᠵᠠᠢ᠃ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ︽ᠫᠠᠷᠢᠰ ᠤᠨ ᠬᠡᠯᠡᠯᠴᠡᠭᠡᠷ︾ ᠨᠢ ᠪᠦᠬᠦ ᠳᠡᠯᠡᠬᠡᠢ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠲᠡᠶᠢᠰᠢ ᠬᠤᠪᠢᠷᠠᠬᠤ ᠶᠡᠭᠡ ᠴᠢᠭᠯᠡᠯ ᠢ ᠲᠥᠯᠥᠭᠡᠯᠡᠵᠦ᠂ ᠳᠡᠯᠡᠬᠡᠶ ᠶᠢᠨ ᠪᠥᠮᠪᠥᠷᠴᠡᠭ ᠤᠨ ᠭᠡᠷ ᠣᠷᠣᠨ ᠢᠶᠠᠨ ᠬᠠᠮᠠᠭᠠᠯᠠᠬᠤ ᠳᠤ ᠠᠪᠬᠤ ᠴᠢᠬᠤᠯᠠᠲᠠᠶ ᠬᠠᠮᠤᠭ ᠨᠠᠭᠠᠳᠤ ᠵᠠᠬ᠎ᠠ ᠶᠢᠨ ᠠᠵᠢᠯᠯᠠᠭ᠎ᠠ ᠮᠥᠨ᠂ ᠡᠯ᠎ᠡ ᠤᠯᠤᠰ ᠡᠷᠬᠡᠪᠰᠢ ᠰᠢᠢᠳᠪᠦᠷᠢᠯᠡᠭᠴᠢ ᠴᠢᠨᠠᠷᠲᠠᠶ ᠠᠯᠬᠤᠮ ᠢ ᠠᠯᠬᠤᠬᠤ ᠬᠡᠷᠡᠭᠲᠡᠶ᠃ ᠳᠤᠮᠳᠠᠳᠤ ᠤᠯᠤᠰ ᠤᠨ ᠬᠢᠨ ᠤᠯᠤᠰ ᠤᠨ ᠪᠡᠶ᠎ᠡ ᠪᠠᠨ ᠳᠠᠭᠠᠭᠠᠭᠰᠠᠨ ᠬᠤᠪᠢ ᠨᠡᠮᠡᠷᠢ ᠦᠵᠡᠬᠦᠯᠬᠦ ᠡᠷᠴᠢᠮ ᠢᠶᠠᠨ ᠴᠢᠩᠭᠠᠷᠠᠭᠤᠯᠵᠤ᠂ ᠨᠠᠩ ᠬᠦᠴᠦᠨ ᠪᠦᠬᠦᠢ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠠᠪᠴᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 2030 ᠣᠨ ᠠᠴᠠ ᠡᠮᠦᠨ᠎ᠡ ᠣᠷᠭᠢᠯ ᠬᠡᠮᠵᠢᠭᠳᠡᠯ ᠳᠤ ᠬᠦᠷᠭᠡᠬᠦ ᠪᠠᠷ ᠴᠢᠷᠮᠠᠶᠢᠵᠤ᠂ 2060 ᠤᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠡᠯ᠎ᠡ ᠤᠯᠤᠰ ᠤᠨ ᠬᠢᠨ ᠰᠢᠨ᠎ᠡ ᠶᠢ ᠡᠭᠦᠳᠬᠦ᠂ ᠡᠶ᠎ᠡ ᠵᠣᠬᠢᠴᠠᠩᠭᠤᠶ᠂ ᠪᠣᠬᠢᠷᠲᠤᠯ ᠦᠭᠡᠶ᠂ ᠨᠡᠭᠡᠭᠡᠯᠲᠡᠲᠤ᠂ ᠬᠠᠮᠲᠤ ᠪᠠᠷ ᠡᠳ᠋ᠯᠡᠬᠦ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠣᠶ ᠪᠣᠯᠭᠠᠵᠤ᠂ ᠰᠢᠨ᠎ᠡ ᠨᠢᠭᠡᠨ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ ᠬᠤᠪᠢᠰᠤᠯᠲᠠ ᠶᠢᠨ ᠲᠡᠦᠬᠡᠲᠦ ᠴᠢᠨᠠᠷᠲᠠᠶ ᠠᠵᠠ ᠲᠣᠬᠢᠶᠠᠯ ᠢ ᠠᠮᠵᠢᠵᠤ᠂ ᠬᠢᠵᠢᠭ ᠤᠨ ᠳᠠᠷᠠᠭᠠᠬᠢ ᠳᠡᠯᠡᠬᠡᠢ ᠶᠢᠨ ᠠᠵᠤ ᠠᠬᠤᠢ ᠶᠢᠨ ︽ᠪᠣᠬᠢᠷᠲᠤᠯ ᠦᠭᠡᠢ ᠰᠡᠷᠭᠦᠯᠲᠡ︾ ᠶᠢ ᠠᠬᠢᠭᠤᠯᠵᠤ᠂ ᠦᠷᠭᠦᠯᠵᠢᠯᠡᠬᠦ ᠬᠥᠭᠵᠢᠯᠲᠡ ᠶᠢᠨ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠤᠶ᠎ᠠ᠃    ᠳᠥᠷᠪᠡᠳᠦᠭᠡᠷ ᠲᠤ᠂ ᠲᠤᠰ ᠤᠳᠠᠭᠠᠨ ᠤ ᠬᠢᠵᠢᠭ ᠤᠨ ᠪᠠᠶᠢᠳᠠᠯ ᠨᠢ ᠪᠦᠬᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠢ ᠦᠭᠡᠷᠡᠴᠢᠯᠡᠨ ᠲᠡᠭᠦᠯᠳᠡᠷᠵᠢᠭᠦᠯᠬᠦ ᠬᠡᠷᠡᠭᠳᠠᠢ ᠶᠢ ᠪᠢᠳᠡᠨ ᠳᠤ ᠰᠡᠩᠭᠡᠷᠡᠭᠦᠯᠪᠡ᠃ ᠬᠢᠵᠢᠭ ᠤᠨ ᠪᠠᠶᠢᠳᠠᠯ ᠡᠯ᠎ᠡ ᠤᠯᠤᠰ ᠤᠨ ᠲᠦᠷᠦ ᠪᠠᠷᠢᠬᠤ ᠴᠢᠳᠠᠪᠤᠷᠢ ᠶᠢ ᠶᠡᠭᠡ ᠪᠠᠷ ᠰᠢᠯᠭᠠᠭᠰᠠᠨ ᠪᠦᠭᠡᠳ ᠪᠦᠬᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠢ ᠴᠤ ᠰᠢᠯᠭᠠᠵᠠᠢ᠃ ᠪᠢᠳᠡ ᠤᠯᠠᠨ ᠲᠠᠯᠠᠲᠤ ᠦᠵᠡᠯ ᠤᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠣᠯᠭᠠᠭᠰᠠᠨ ᠳᠡᠯᠡᠬᠡᠢ ᠶᠢᠨ ᠰᠢᠰᠲ᠋ᠧᠮ ᠢ ᠬᠠᠮᠠᠭᠠᠯᠠᠬᠤ ᠬᠡᠷᠡᠭᠲᠡᠢ᠃ ᠪᠦᠬᠦ ᠪᠥᠮᠪᠥᠷᠴᠡᠭ ᠤᠨ ᠵᠠᠰᠠᠯᠲᠠ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠵᠠᠷᠴᠢᠮ ᠢ ᠪᠠᠷᠢᠮᠲᠠᠯᠠᠵᠤ᠂ ᠡᠯ᠎ᠡ ᠤᠯᠤᠰ ᠤᠨ ᠡᠷᠬᠡ ᠠᠳᠠᠯᠢ ᠲᠡᠭᠰᠢ᠂ ᠠᠵᠠ ᠲᠣᠬᠢᠶᠠᠯ ᠠᠳᠠᠯᠢ ᠲᠡᠭᠰᠢ᠂ ᠶᠤᠰᠤ ᠳᠦᠷᠢᠮ ᠠᠳᠠᠯᠢ ᠲᠡᠭᠰᠢ ᠪᠠᠶᠢᠬᠤ ᠶᠢ ᠠᠬᠢᠭᠤᠯᠵᠤ᠂ ᠪᠦᠬᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠢ ᠨᠢᠭᠡᠨᠳᠡ ᠬᠤᠪᠢᠷᠠᠭᠰᠠᠨ ᠳᠡᠯᠡᠬᠡᠶ ᠶᠢᠨ ᠤᠯᠤᠰ ᠲᠥᠷᠥ ᠠᠵᠤ ᠠᠬᠤᠶ ᠳᠤ ᠨᠡᠶᠢᠴᠡᠭᠦᠯᠵᠦ᠂ ᠪᠦᠬᠦ ᠪᠥᠮᠪᠥᠷᠴᠡᠭ ᠤᠨ ᠴᠢᠨᠠᠷᠲᠠᠶ ᠥᠷᠢᠰᠥᠯᠳᠦᠭᠡᠨ ᠢ ᠠᠷᠭᠠᠴᠠᠭᠠᠬᠤ ᠪᠣᠳᠠᠲᠤ ᠬᠡᠷᠡᠭᠴᠡᠭᠡ ᠶᠢ ᠬᠠᠩᠭᠠᠵᠤ᠂ ᠨᠠᠶᠢᠷᠠᠮᠳᠠᠯ ᠢᠶᠠᠷ ᠬᠦᠭᠵᠢᠵᠦ ᠬᠠᠮᠳᠤᠷᠠᠯᠴᠠᠵᠤ ᠬᠠᠮᠲᠤ ᠪᠠᠷ ᠠᠰᠢᠭ ᠬᠦᠷᠳᠡᠬᠦ ᠲᠡᠤᠬᠡᠨ ᠬᠠᠨᠳᠤᠰᠢ ᠳᠤ ᠨᠡᠶᠢᠴᠡᠭᠦᠯᠬᠦ ᠭᠡᠷᠡᠭᠳᠠᠢ᠃ ᠤᠯᠤᠰ ᠤᠨ ᠬᠤᠭᠤᠷᠣᠨᠳᠣ ᠵᠥᠷᠢᠯᠳᠦᠭᠡᠨ ᠲᠠᠢ ᠪᠠᠶᠢᠬᠤ ᠨᠢ ᠬᠡᠪ ᠤᠨ ᠤᠴᠢᠷ ᠪᠣᠯᠬᠤᠷ ᠶᠠᠷᠢᠯᠴᠠᠭ᠎ᠠ ᠵᠥᠪᠳᠡᠯᠴᠡᠭᠡ ᠪᠠᠷ ᠳᠠᠮᠵᠢᠭᠤᠯᠤᠨ ᠵᠤᠬᠢᠰᠳᠠᠢ ᠰᠢᠢᠳᠪᠦᠷᠢᠯᠡᠬᠦ ᠬᠡᠷᠡᠭᠲᠡᠶ᠃ ᠠᠳᠠᠯᠢ ᠪᠤᠰᠤ ᠤᠯᠤᠰ ᠤᠨ ᠬᠤᠭᠤᠷᠣᠨᠳᠣ ᠵᠦᠷᠢᠯᠳᠦᠭᠡᠨ ᠲᠠᠢ ᠪᠠᠶᠢᠬᠤ ᠨᠢ ᠬᠡᠪ ᠤᠨ ᠦᠵᠡᠭᠳᠡᠯ᠂ ᠭᠡᠪᠡᠴᠤ ᠶᠠᠷᠢᠯᠴᠠᠭ᠎ᠠ ᠬᠢᠵᠦ ᠵᠦᠪᠳᠡᠯᠴᠡᠬᠦ ᠪᠠᠷ ᠳᠠᠮᠵᠢᠨ ᠳᠤᠬᠢᠳᠠᠢ ᠰᠢᠢᠳᠪᠤᠷᠢᠯᠡᠬᠦ ᠬᠡᠷᠡᠭᠳᠠᠢ᠃ ᠠᠳᠠᠯᠢ ᠪᠤᠰᠤ ᠤᠯᠤᠰ ᠬᠤᠭᠤᠷᠤᠨᠳᠤ ᠪᠠᠨ ᠦᠷᠢᠰᠦᠯᠳᠦᠭᠡᠨ ᠪᠠᠶᠢᠵᠤ ᠪᠤᠯᠤᠨ᠎ᠠ᠂ ᠭᠡᠪᠡᠴᠤ ᠡᠷᠬᠡᠪᠰᠢ ᠢᠳᠡᠪᠬᠢᠲᠡᠶ ᠪᠥᠭᠡᠳ ᠰᠠᠶᠢᠨ ᠰᠠᠶᠢᠬᠠᠨ ᠪᠠᠶᠢᠬᠤ ᠬᠡᠷᠡᠭᠲᠡᠶ᠂ ᠶᠣᠰᠣ ᠰᠤᠷᠳᠠᠬᠤᠨ ᠤ ᠬᠤᠷᠢᠭ᠎ᠠ ᠱᠤᠭᠤᠮ ᠪᠠ ᠤᠯᠠᠨ ᠤᠯᠤᠰ ᠤᠨ ᠶᠤᠰᠤ ᠳᠦᠷᠢᠮ ᠢ ᠪᠠᠲᠤ ᠰᠠᠬᠢᠬᠤ ᠬᠡᠷᠡᠭᠲᠡᠶ᠃ ᠶᠡᠭᠡ ᠤᠯᠤᠰ ᠨᠢ ᠨᠡᠩ ᠴᠤ ᠶᠡᠭᠡ ᠶᠢᠨ ᠶᠠᠩᠵᠤ ᠲᠠᠢ ᠪᠠᠶᠢᠪᠠᠯ ᠵᠣᠬᠢᠨ᠎ᠠ᠂ ᠪᠦᠬᠦ ᠪᠥᠮᠪᠥᠷᠴᠡᠭ ᠤᠨ ᠤᠯᠠᠨ ᠨᠡᠶᠢᠲᠡ ᠶᠢᠨ ᠪᠦᠲᠦᠭᠡᠭᠳᠡᠬᠦᠨ ᠢ ᠨᠡᠩ ᠤᠯᠠᠨ ᠬᠠᠩᠭᠠᠵᠤ᠂ ᠲᠤᠮᠤ ᠤᠯᠤᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠲᠤᠮᠤ ᠤᠯᠤᠰ ᠤᠨ ᠡᠭᠦᠷᠭᠡᠯᠡᠯ ᠢᠶᠠᠨ ᠢᠯᠡᠷᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃    ᠰᠢ ᠶᠢᠨ ᠫᠢᠩ᠂ ᠡᠨᠡ ᠵᠢᠯ ᠠᠴᠠ ᠨᠠᠭᠠᠰᠢ᠂ ᠳᠤᠮᠳᠠᠳᠤ ᠤᠯᠤᠰ ᠤᠨ 14 ᠳ᠋ᠦᠩᠰᠢᠭᠤᠷ ᠠᠷᠠᠳ ᠲᠦᠮᠡᠨ ᠬᠦᠴᠢᠷ ᠪᠡᠷᠬᠡᠰᠢᠶᠡᠯ ᠠᠴᠠ ᠡᠮᠢᠶᠡᠯ ᠦᠭᠡᠶ ᠪᠠᠷ ᠤᠯᠤᠰ ᠳᠠᠶᠠᠭᠠᠷ ᠢᠶᠠᠨ ᠰᠡᠳᠬᠢᠯ ᠨᠢᠭᠡᠳᠴᠦ᠂ ᠬᠢᠵᠢᠭ ᠤᠨ ᠪᠠᠶᠢᠳᠠᠯ ᠤᠨ ᠨᠥᠯᠥᠭᠡ ᠶᠢ ᠪᠦᠬᠦ ᠬᠦᠴᠦᠨ ᠢᠶᠠᠷ ᠢᠶᠠᠨ ᠢᠯᠠᠨ ᠳᠠᠪᠠᠵᠤ᠂ ᠦᠢᠯᠡᠳᠪᠦᠷᠢᠯᠡᠯ ᠠᠮᠢᠳᠤᠷᠠᠯ ᠤᠨ ᠡᠮᠬᠢ ᠲᠢᠭᠯᠢᠮ ᠢᠶᠠᠨ ᠲᠦᠷᠭᠡᠪᠴᠢᠯᠡᠨ ᠰᠡᠷᠭᠦᠭᠡᠪᠡ᠃ ᠪᠢᠳᠡ ᠲᠣᠭᠲᠠᠭᠰᠠᠨ ᠬᠤᠭᠤᠴᠠᠭᠠᠨ ᠳᠠᠭᠠᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ᠤᠳᠤ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠳᠣᠣᠷᠠᠬᠢ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦᠨ ᠢ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠤᠨ᠂ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ︾ ᠤᠨ ᠶᠠᠳᠠᠭᠤ ᠶᠢ ᠪᠠᠭᠠᠰᠬᠠᠬᠤ ᠬᠠᠷᠠᠯᠲᠠ ᠶᠢ 10 ᠵᠢᠯ ᠤᠷᠢᠳᠴᠢᠯᠠᠨ ᠪᠡᠶᠡᠯᠡᠭᠦᠯᠬᠦ ᠢᠳᠡᠭᠡᠯ ᠲᠠᠢ ᠪᠠᠶᠢᠨ᠎ᠠ ᠬᠡᠵᠤ ᠴᠢᠬᠤᠯᠠᠴᠢᠯᠠᠪᠠ᠃    ᠰᠢ ᠶᠢᠨ ᠫᠢᠩ᠂ ᠳᠤᠮᠳᠠᠳᠤ ᠤᠯᠤᠰ ᠪᠣᠯ ᠳᠡᠯᠡᠬᠡᠢ ᠳᠡᠭᠡᠷᠡᠬᠢ ᠬᠠᠮᠤᠭ ᠤᠨ ᠲᠤᠮᠤ ᠬᠥᠭᠵᠢᠵᠦ ᠪᠠᠶᠢᠭ᠎ᠠ ᠤᠯᠤᠰ ᠮᠥᠨ᠂ ᠡᠩᠬᠡ ᠲᠠᠶᠢᠪᠤᠩ ᠬᠥᠭᠵᠢᠯᠲᠡ᠂ ᠨᠡᠭᠡᠭᠡᠯᠲᠡᠲᠦ ᠬᠥᠭᠵᠢᠯᠲᠡ᠂ ᠬᠠᠮᠲᠤᠷᠠᠯᠴᠠᠬᠤ ᠬᠥᠭᠵᠢᠯᠲᠡ᠂ ᠬᠠᠮᠲᠤ ᠪᠠᠷ ᠬᠥᠭᠵᠢᠬᠦ ᠵᠠᠮ ᠢᠶᠠᠷ ᠵᠠᠮᠨᠠᠵᠤ ᠪᠠᠶᠢᠨ᠎ᠠ᠃ ᠳᠤᠮᠳᠠᠳᠤ ᠤᠯᠤᠰ ᠬᠡᠵᠢᠶᠡᠳᠡ ᠡᠵᠡᠷᠬᠡᠭᠴᠢ ᠪᠣᠯᠬᠤ ᠦᠭᠡᠢ᠂ ᠭᠠᠳᠠᠭᠰᠢ ᠪᠠᠨ ᠥᠷᠭᠡᠳᠬᠡᠬᠦ ᠦᠭᠡᠢ᠂ ᠬᠦᠴᠦᠨ ᠤ ᠬᠦᠷᠢᠶ᠎ᠡ ᠬᠡᠪᠴᠢᠶ᠎ᠡ ᠶᠢ ᠬᠥᠭᠡᠭᠡᠴᠡᠯᠳᠦᠬᠦ ᠦᠭᠡᠢ᠂ ᠶᠠᠮᠠᠷᠪᠠ ᠤᠯᠤᠰ ᠲᠠᠢ ᠬᠦᠢᠲᠡᠨ ᠳᠠᠶᠢᠨ ᠬᠠᠯᠠᠭᠤᠨ ᠲᠠᠶᠢᠨ ᠬᠢᠬᠦ ᠰᠠᠨᠠᠭ᠎ᠠ ᠦᠭᠡᠢ᠂ ᠶᠠᠷᠢᠯᠴᠠᠭ᠎ᠠ ᠪᠠᠷ ᠵᠥᠷᠢᠯᠳᠦᠭᠡᠨ ᠢᠶᠠᠨ ᠰᠢᠢᠳᠪᠤᠷᠢᠯᠡᠵᠦ᠂ ᠬᠡᠯᠡᠯᠴᠡᠭᠡ ᠪᠠᠷ ᠮᠠᠷᠭᠤᠯᠳᠤᠭᠠᠨ ᠢ ᠠᠷᠢᠯᠭᠠᠬᠤ ᠶᠢ ᠪᠠᠷᠢᠮᠲᠠᠯᠠᠨ᠎ᠠ᠃ ᠳᠤᠮᠳᠠᠳᠤ ᠤᠯᠤᠰ ᠤᠯᠠᠨ ᠤ ᠳᠤᠮᠳᠠ ᠤᠳᠤ ᠪᠤᠯᠬᠤ ᠶᠢ ᠬᠦᠭᠡᠭᠡᠴᠡᠯᠳᠦᠭᠡ ᠦᠭᠡᠶ᠂ ᠢᠯᠠᠵᠤ ᠢᠯᠠᠬᠳᠠᠬᠤ ᠪᠠᠨ ᠦᠵᠡᠯᠴᠡᠬᠦ ᠶᠢ ᠪᠤᠳᠤᠭ᠎ᠠ ᠦᠬᠡᠢ᠂ ᠡᠭᠦᠳᠡ ᠪᠠᠨ ᠳᠦᠭᠵᠢᠨ ᠬᠤᠪᠢ ᠪᠠᠨ ᠬᠦᠭᠡᠭᠡᠬᠦ ᠪᠠᠷ ᠦᠭᠡᠢ᠂ ᠬᠠᠷᠢᠨ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠤᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠳᠡᠭᠡᠨ ᠣᠷᠣᠨ ᠵᠠᠶ ᠨᠡᠭᠡᠭᠡᠵᠦ᠂ ᠳᠡᠯᠡᠬᠡᠶ ᠶᠢᠨ ᠠᠵᠤ ᠠᠬᠤᠢ ᠶᠢᠨ ᠰᠡᠷᠭᠦᠯᠲᠡ ᠪᠣᠯᠤᠨ ᠨᠡᠮᠡᠭᠳᠡᠯ ᠳᠤ ᠬᠥᠳᠡᠯᠭᠡᠬᠦ ᠬᠦᠴᠦᠨ ᠨᠡᠮᠡᠷᠢᠯᠡᠨ᠎ᠡ᠃ ᠳᠤᠮᠳᠠᠳᠤ ᠤᠯᠤᠰ ᠦᠷᠭᠦᠯᠵᠢᠯᠡᠨ ᠳᠡᠯᠡᠬᠡᠢ ᠶᠢᠨ ᠡᠩᠬᠡ ᠲᠠᠶᠢᠪᠤᠩ ᠤᠨ ᠪᠦᠳᠦᠭᠡᠨ ᠪᠠᠶᠢᠭᠤᠯᠤᠭᠴᠢ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠬᠤᠪᠢ ᠨᠡᠮᠡᠷᠢ ᠦᠵᠡᠭᠦᠯᠦᠭᠴᠢ᠂ ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠪᠣᠯᠤᠨ᠎ᠠ ᠬᠡᠵᠤ ᠴᠢᠬᠤᠯᠠᠴᠢᠯᠠᠪᠠ᠃    ᠰᠢ ᠶᠢᠨ ᠫᠢᠩ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠤᠯᠠᠨ ᠤᠯᠤᠰ ᠤᠨ ᠬᠡᠷᠡᠭ ᠶᠠᠪᠤᠳᠠᠯ ᠳᠤ ᠭᠤᠣᠯᠯᠠᠭᠴᠢ ᠦᠢᠯᠡᠳᠦᠯ ᠦᠵᠡᠭᠦᠯᠬᠦ ᠶᠢ ᠳᠡᠮᠵᠢᠬᠦ ᠶᠢᠨ ᠲᠥᠯᠥᠭᠡ᠂ ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠦᠬᠦ ᠪᠥᠮᠪᠥᠷᠴᠡᠭ ᠤᠨ ᠬᠥᠮᠦᠯᠢᠭ ᠦᠵᠡᠯ ᠤᠨ ᠠᠷᠭᠠᠴᠠᠭᠠᠬᠤ ᠲᠥᠯᠥᠪᠯᠡᠭᠡ ᠳᠤ ᠳᠠᠬᠢᠭᠠᠳ 5000 ᠲᠦᠮᠡᠨ ᠳ᠋ᠣᠯᠯᠠᠷ ᠤᠨ ᠳᠡᠮᠵᠢᠯᠭᠡ ᠬᠠᠩᠭᠠᠨ᠎ᠠ︔ ᠳᠤᠮᠳᠠᠳᠤ ᠤᠯᠤᠰ 5000 ᠲᠦᠮᠡᠨ ᠳ᠋ᠣᠯᠯᠠᠷ ᠤᠨ ᠬᠡᠪᠴᠢᠶ᠎ᠡ ᠪᠦ᠋ᠬᠦᠢ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ — ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠮᠤ ᠪᠤᠳᠠᠭ᠎ᠠ ᠬᠦᠳᠡᠭᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠦᠭᠵᠢᠵᠤ ᠪᠠᠶᠢᠭ᠎ᠠ ᠤᠯᠤᠰ ᠤᠳ ᠤᠨ ᠬᠠᠮᠳᠤᠷᠠᠯᠴᠠᠭᠠᠨ ᠤ ᠢᠲᠡᠭᠡᠮᠵᠢ ᠶᠢᠨ ᠰᠠᠭᠤᠷᠢ ᠮᠥᠩᠭᠦ ᠶᠢ ᠪᠠᠶᠢᠭᠤᠯᠤᠨ᠎ᠠ︔ ᠳᠤᠮᠳᠠᠳᠤ ᠤᠯᠤᠰ — ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠩᠬᠡ ᠲᠠᠶᠢᠪᠤᠩ ᠬᠢᠭᠡᠳ ᠬᠥᠭᠵᠢᠯᠲᠡ ᠶᠢᠨ ᠰᠠᠭᠤᠷᠢ ᠮᠥᠩᠭᠦ 2025 ᠣᠨ ᠳᠤ ᠬᠤᠭᠤᠴᠠᠭ᠎ᠠ ᠲᠤᠯᠤᠭᠰᠠᠨ ᠤ ᠳᠠᠷᠠᠭ᠎ᠠ ᠳᠠᠬᠢᠨ 5 ᠵᠢᠯ ᠤᠷᠲᠤᠳᠬᠠᠨ᠎ᠠ︔ ᠳᠤᠮᠳᠠᠳᠤ ᠤᠯᠤᠰ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠪᠦᠬᠦ ᠪᠥᠮᠪᠥᠷᠴᠡᠭ ᠤᠨ ᠭᠠᠵᠠᠷ ᠵᠦᠶ ᠶᠢᠨ ᠮᠡᠳᠡᠭᠡ ᠵᠠᠩᠭᠢ ᠶᠢᠨ ᠮᠡᠳᠡᠯᠭᠡ ᠬᠢᠭᠡᠳ ᠰᠢᠨ᠎ᠡ ᠶᠢ ᠡᠭᠦᠳᠬᠦ ᠲᠥᠪ ᠪᠣᠯᠤᠨ ᠦᠷᠭᠦᠯᠵᠢᠯᠡᠬᠦ ᠬᠥᠭᠵᠢᠯᠳᠠ ᠶᠢᠨ ᠲᠣᠮᠣ ᠳ᠋ᠠᠶᠢᠲ᠋ᠠ ᠶᠢᠨ ᠣᠯᠠᠨ ᠤᠯᠤᠰ ᠤᠨ ᠰᠤᠳᠤᠯᠭᠠᠨ ᠤ ᠲᠥᠪ ᠢ ᠪᠠᠶᠢᠭᠤᠯᠵᠤ᠂ ︽ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ︾ ᠢ ᠨᠠᠶᠢᠳᠠᠪᠤᠷᠢᠵᠢᠭᠤᠯᠬᠤ ᠳᠤ ᠰᠢᠨ᠎ᠡ ᠬᠦᠴᠦᠨ ᠨᠡᠮᠡᠷᠢᠯᠡᠨ᠎ᠠ ᠬᠡᠵᠤ ᠨᠡᠶᠢᠳᠠᠯᠠᠵᠠᠢ    ᠰᠢ ᠶᠢᠨ ᠫᠢᠩ ᠬᠠᠮᠤᠭ ᠰᠡᠭᠦᠯ ᠳᠤ᠂ ᠲᠡᠤᠬᠡ ᠶᠢᠨ ᠪᠤᠤᠬᠢᠶ᠎ᠠ ᠰᠢᠳᠠᠮ ᠨᠢᠭᠡᠨᠳᠡ ᠮᠠᠨ ᠤ ᠡᠨᠡ ᠨᠢᠬᠡ ᠦᠶ᠎ᠡ ᠶᠢᠨ ᠬᠦᠮᠦᠰ ᠤᠨ ᠭᠠᠷ ᠲᠤ ᠳᠠᠮᠵᠢᠭᠳᠠᠨ ᠢᠷᠡᠵᠠᠢ᠂ ᠪᠢᠳᠡ ᠡᠷᠬᠡᠪᠰᠢ ᠠᠷᠠᠳ ᠲᠦᠮᠡᠨ ᠳᠤ ᠣᠰᠣᠯᠳᠠᠬᠤ ᠦᠭᠡᠢ᠂ ᠲᠡᠤᠬᠡᠨ ᠳᠤ ᠣᠰᠣᠯᠳᠠᠬᠤ ᠦᠭᠡᠢ ᠰᠣᠩᠭᠤᠯᠲᠠ ᠬᠢᠬᠦ ᠬᠡᠷᠡᠭᠲᠡᠶ᠃ ᠪᠢᠳᠠ ᠪᠦᠯᠬᠦᠮᠳᠡᠨ ᠨᠢᠬᠳᠠᠷᠠᠵᠤ᠂ ᠡᠩᠬᠡ ᠲᠠᠶᠢᠪᠤᠩ᠂ ᠬᠥᠭᠵᠢᠯᠲᠡ᠂ ᠲᠦᠪ ᠭᠤᠤᠯᠴᠢ᠂ ᠰᠢᠳᠤᠷᠭᠤ ᠶᠤᠰᠤ᠂ ᠠᠷᠠᠳᠴᠢᠯᠠᠯ᠂ ᠡᠷᠬᠡ ᠴᠢᠯᠥᠭᠡ ᠶᠢᠨ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠥᠷᠲᠡᠭ ᠢ ᠪᠠᠲᠤ ᠰᠠᠬᠢᠵᠤ᠂ ᠰᠢᠨ᠎ᠡ ᠬᠡᠯᠪᠡᠷᠢ ᠶᠢᠨ ᠣᠯᠠᠨ ᠤᠯᠤᠰ ᠤᠨ ᠬᠠᠷᠢᠯᠴᠠᠭ᠎ᠠ ᠪᠠᠶᠢᠭᠤᠯᠬᠤ ᠶᠢ ᠠᠬᠢᠭᠤᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠳᠡᠯᠡᠬᠡᠢ ᠶᠢᠨ ᠨᠡᠩ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠶ᠎ᠠ ᠬᠡᠵᠤ ᠴᠢᠬᠤᠯᠠᠴᠢᠯᠠᠪᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号