ᠰᠢ ᠶᠢᠨ ᠫᠢᠩ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠬᠦᠲ᠋ᠧᠯᠸᠢᠢᠰ ᠲᠠᠢ ᠠᠭᠤᠯᠵᠠᠪᠠ
ᠨᠡᠶᠢᠲᠡᠯᠡᠭᠰᠡᠨ ᠴᠠᠭ᠄
2020/9/24
   ᠤᠯᠤᠰ ᠤᠨ ᠲᠡᠷᠢᠭᠦᠯᠡᠭᠴᠢ ᠰᠢ ᠶᠢᠨ ᠫᠢᠩ 23 ᠤ ᠤᠷᠤᠢ ᠪᠡᠭᠡᠵᠢᠩ ᠳᠤ ᠸᠢᠳᠢᠣ᠋ ᠪᠠᠷ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠬᠦᠲ᠋ᠧᠯᠸᠢᠢᠰ ᠲᠠᠢ ᠠᠭᠤᠯᠵᠠᠪᠠ᠃    ᠰᠢ ᠶᠢᠨ ᠫᠢᠩ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 75 ᠵᠢᠯ ᠤᠨ ᠲᠤᠷᠰᠢ᠂ ᠳᠡᠯᠡᠬᠡᠢ ᠶᠢᠨ ᠡᠩᠬᠡ ᠲᠠᠶᠢᠪᠤᠩ ᠬᠢᠭᠡᠳ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠳᠡᠯᠡᠬᠡᠶ ᠨᠡᠶᠢᠳᠡ ᠪᠠᠷ ᠢᠶᠠᠨ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 75 ᠵᠢᠯ ᠤᠨ ᠣᠶ ᠶᠢ ᠦᠪᠡᠳᠡᠭᠰᠢ ᠶᠡᠭᠡ ᠪᠠᠷ ᠳᠤᠷᠠᠰᠬᠠᠬᠤ ᠪᠠᠷ ᠠᠵᠠ ᠲᠣᠬᠢᠶᠠᠯ ᠪᠣᠯᠭᠠᠨ᠂ ᠤᠯᠠᠨ ᠲᠠᠯᠠᠲᠤ ᠦᠵᠡᠯ ᠢ ᠡᠷᠡᠰ ᠳᠡᠮᠵᠢᠬᠦ ᠪᠠᠨ ᠳᠠᠬᠢᠨᠲᠠ ᠳᠤᠳᠤᠷᠬᠠᠢᠢᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠲᠦᠷᠢᠮ ᠳᠤ ᠬᠢᠭᠰᠡᠨ ᠲᠦᠪ ᠴᠢᠩᠭ᠎ᠠ ᠠᠮᠠᠯᠠᠯᠳᠠ ᠪᠠᠨ ᠳᠠᠬᠢᠨᠲᠠ ᠲᠣᠳᠣᠷᠬᠠᠶᠢᠯᠠᠬᠤ ᠬᠡᠷᠡᠭᠳᠠᠢ᠃ ᠳᠤᠮᠳᠠᠳᠤ ᠤᠯᠤᠰ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠪᠠᠶᠢᠩᠭᠤ ᠶᠢᠨ ᠬᠡᠷᠡᠭ ᠡᠷᠬᠢᠯᠡᠬᠦ ᠤᠯᠤᠰ ᠪᠣᠯᠤᠭᠰᠠᠨ ᠤ ᠬᠤᠪᠢ ᠳᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠤᠯᠠᠨ ᠤᠯᠤᠰ ᠤᠨ ᠬᠡᠷᠡᠭ ᠶᠠᠪᠤᠳᠠᠯ ᠳᠤᠮᠳᠠ ᠭᠤᠣᠯᠯᠠᠬᠤ ᠦᠢᠯᠡᠳᠦᠯ ᠪᠠᠳᠠᠷᠠᠭᠤᠯᠬᠤ ᠶᠢ ᠡᠷᠡᠰ ᠳᠡᠮᠵᠢᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠵᠢᠯ ᠢ ᠡᠷᠡᠰ ᠳᠡᠮᠵᠢᠨ᠎ᠡ ᠭᠡᠵᠤ ᠴᠢᠬᠤᠯᠠᠴᠢᠯᠠᠪᠠ᠃    
   9 ᠰᠠᠷ᠎ᠠ ᠶᠢᠨ 23 ᠤ ᠤᠷᠤᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ ᠸᠢᠳᠢᠣ᠋ ᠪᠠᠷ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠬᠦᠲ᠋ᠧᠯᠸᠢᠢᠰ ᠲᠠᠢ ᠠᠭᠤᠯᠵᠠᠪᠠ᠃    ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢᠤ ᠸᠧᠢ ᠪᠢᠩ ᠰᠡᠭᠦᠳᠡᠷᠯᠡᠪᠡ    ᠰᠢ ᠶᠢᠨ ᠫᠢᠩ᠂ ᠣᠳᠣᠬᠠᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠮᠦᠨ ᠪᠦᠬᠦ ᠪᠥᠮᠪᠥᠷᠴᠡᠭ ᠲᠤ ᠦᠷᠪᠢᠰᠦᠨ ᠳᠡᠯᠭᠡᠷᠡᠵᠦ ᠪᠠᠶᠢᠨ᠎ᠠ᠂ ᠪᠦᠬᠦ ᠪᠥᠮᠪᠥᠷᠴᠡᠭ ᠤᠨ ᠬᠢᠵᠢᠭ ᠲᠠᠢ ᠲᠡᠮᠡᠴᠡᠬᠦ ᠠᠵᠢᠯ ᠢ ᠰᠤᠯᠠᠷᠠᠭᠤᠯᠵᠤ ᠪᠣᠯᠬᠤ ᠦᠭᠡᠶ᠃ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠲᠤᠷᠰᠢᠯᠭ᠎ᠠ ᠪᠠ ᠠᠷᠭ᠎ᠠ ᠬᠡᠮᠵᠢᠶ᠎ᠠ ᠪᠠᠨ ᠬᠠᠷᠠᠮ ᠦᠭᠡᠢ ᠬᠤᠪᠢᠶᠠᠯᠴᠠᠬᠤ ᠪᠦᠭᠡᠳ ᠬᠡᠷᠡᠭᠴᠡᠭᠡ ᠲᠠᠢ ᠤᠯᠤᠰ ᠲᠤ ᠦᠷᠭᠦᠯᠵᠢᠯᠡᠨ ᠲᠤᠰᠠᠯᠠᠮᠵᠢ ᠳᠡᠮᠵᠢᠯᠭᠡ ᠬᠠᠩᠭᠠᠨ᠎ᠠ᠃ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠢᠰᠲ᠋ᠧᠮ ᠣᠨᠴᠠᠭᠠᠶᠢᠯᠠᠨ ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠬᠢᠨ ᠵᠠᠩᠭᠢᠯᠠᠭ᠎ᠠ ᠶᠢᠨ ᠤᠳᠤᠷᠢᠳᠬᠤ ᠦᠢᠯᠡᠳᠦᠯ ᠢᠶᠠᠨ ᠪᠠᠳᠠᠷᠠᠭᠤᠯᠬᠤ ᠶᠢ ᠳᠤᠮᠳᠠᠳᠤ ᠶᠢᠨ ᠲᠠᠯ᠎ᠠ ᠡᠷᠡᠰ ᠳᠡᠮᠵᠢᠵᠤ᠂ ᠤᠯᠠᠨ ᠤᠯᠤᠰ ᠤᠨ ᠬᠠᠮᠲᠤᠷᠠᠯᠴᠠᠭ᠎ᠠ ᠪᠠ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭᠠᠳᠬᠠᠨ᠂ ᠬᠥᠮᠦᠨ ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠨ᠎ᠠ᠃ ᠳᠤᠮᠳᠠᠳᠤ ᠤᠯᠤᠰ ᠠᠮᠠᠯᠠᠯᠲᠠ ᠪᠠᠨ ᠪᠡᠶᠡᠯᠡᠭᠦᠯᠵᠦ᠂ ᠸᠠᠺᠼᠢᠨ ᠢ ᠰᠤᠳᠤᠯᠤᠨ ᠦᠢᠯᠡᠳᠴᠤ ᠠᠰᠢᠡᠡᠯᠠᠯᠳᠠ ᠳᠤ ᠣᠷᠣᠭᠤᠯᠤᠭᠰᠠᠨ ᠤ ᠳᠠᠷᠠᠭ᠎ᠠ ᠪᠥᠬᠦ ᠪᠦᠮᠪᠦᠷᠴᠡᠭ ᠤᠨ ᠣᠯᠠᠨ ᠨᠡᠶᠢᠲᠡ ᠶᠢᠨ ᠪᠦᠲᠦᠭᠡᠭᠳᠡᠭᠦᠨ ᠪᠣᠯᠭᠠᠵᠤ᠂ ᠬᠥᠭᠵᠢᠵᠦ ᠪᠠᠶᠢᠭ᠎ᠠ ᠤᠯᠤᠰ ᠲᠤ ᠸᠠᠺᠼᠢᠨ ᠢ ᠤᠯᠵᠦ ᠳᠡᠶᠢᠯᠬᠦ᠋ᠢᠴᠡ ᠴᠢᠨᠠᠷ ᠪᠠ ᠡᠭᠦᠷᠭᠡᠯᠡᠵᠤ ᠳᠡᠶᠢᠯᠬᠦ᠋ᠢᠴᠡ ᠴᠢᠨᠠᠷ ᠢ ᠪᠡᠶᠡᠯᠡᠭᠦᠯᠬᠦ ᠳᠤ ᠬᠤᠪᠢ ᠨᠡᠮᠡᠷᠢ ᠦᠵᠡᠭᠦᠯᠦᠨ᠎ᠡ ᠭᠡᠵᠤ ᠵᠢᠭᠠᠵᠤ ᠭᠠᠷᠭᠠᠪᠠ᠃    ᠰᠢ ᠶᠢᠨ ᠫᠢᠩ᠂ ᠬᠢᠵᠢᠭ ᠤᠨ ᠪᠠᠶᠢᠳᠠᠯ ᠴᠥᠭᠡᠨ ᠪᠤᠰᠤ ᠰᠢᠨ᠎ᠡ ᠠᠰᠠᠭᠤᠳᠠᠯ ᠢ ᠡᠭᠦᠰᠭᠡᠪᠡ᠂ ᠭᠡᠪᠡᠴᠦ ᠪᠠᠭᠴᠠᠯᠠᠭᠠᠳ ᠬᠡᠯᠡᠪᠡᠯ᠂ ᠮᠥᠨ ᠯᠡ ᠡᠩᠭᠡ ᠲᠠᠶᠢᠪᠤᠩ ᠬᠢᠭᠡᠳ ᠬᠥᠭᠵᠢᠯᠲᠡ ᠶᠢᠨ ᠠᠰᠠᠭᠤᠳᠠᠯ ᠠᠴᠠ ᠰᠠᠯᠵᠤ ᠴᠢᠳᠠᠬᠤ ᠦᠭᠡᠢ᠃ ᠠᠶᠤᠯ ᠦᠭᠡᠢ ᠶᠢᠨ ᠵᠥᠪᠯᠡᠯ ᠬᠠᠮᠲᠤ ᠶᠢᠨ ᠠᠮᠤᠷ ᠲᠦᠪᠰᠢᠨ ᠤ ᠲᠣᠭᠲᠠᠴᠠ ᠶᠢᠨ ᠦᠢᠯᠡᠳᠦᠯ ᠢᠶᠠᠨ ᠪᠠᠳᠠᠷᠠᠭᠤᠯᠵᠤ᠂ ᠪᠠᠶᠢᠩᠭᠤ ᠶᠢᠨ ᠬᠡᠷᠡᠭ ᠡᠷᠬᠢᠯᠡᠬᠦ ᠤᠯᠤᠰ ᠤᠳ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠭᠠᠭᠴᠠ ᠲᠠᠯᠠᠲᠤ ᠦᠵᠡᠯ ᠪᠠ ᠡᠵᠡᠷᠬᠡᠬᠦ ᠡᠷᠬᠡ ᠶᠢ ᠬᠡᠷᠡᠭᠵᠢᠭᠦᠯᠪᠡᠯ ᠬᠥᠮᠦᠨ ᠤ ᠰᠡᠳᠬᠢᠯ ᠢ ᠠᠯᠳᠠᠬᠤ ᠨᠢ ᠳᠠᠮᠵᠢᠭ ᠦᠭᠡᠢ ᠭᠡᠵᠤ ᠵᠢᠭᠠᠵᠤ ᠭᠠᠷᠭᠠᠪᠠ᠃    ᠰᠢ ᠶᠢᠨ ᠫᠢᠩ᠂ ᠬᠢᠵᠢᠭ ᠤᠨ ᠪᠠᠶᠢᠳᠠᠯ ᠤᠨ ᠠᠵᠤ ᠠᠬᠤᠶ ᠪᠠ ᠠᠷᠠᠳ ᠤᠨ ᠠᠮᠢᠳᠤᠷᠠᠯ ᠳᠤ ᠦᠵᠡᠭᠦᠯᠬᠦ ᠨᠥᠯᠥᠭᠡ ᠶᠢ ᠠᠯᠢ ᠴᠢᠳᠠᠬᠤ ᠪᠠᠷ ᠪᠠᠭᠤᠷᠠᠭᠤᠯᠵᠤ᠂ ᠪᠦᠬᠦ ᠪᠥᠮᠪᠥᠷᠴᠡᠭ ᠤᠨ ᠡᠬᠢ ᠪᠠᠶᠠᠯᠢᠭ ᠪᠠ ᠬᠦᠴᠦᠨ ᠢ ᠳᠠᠶᠢᠴᠢᠯᠠᠨ᠂ ᠡᠯ᠎ᠡ ᠲᠠᠯ᠎ᠠ ᠶᠢᠨ ᠬᠢᠨ ᠤ ᠥᠷᠢ ᠥᠭᠴᠡᠭᠡ ᠶᠢ ᠬᠥᠩᠭᠡᠷᠡᠭᠦᠯᠵᠤ ᠬᠤᠶᠢᠰᠢᠯᠠᠭᠤᠯᠬᠤ᠂ ᠲᠤᠰᠠᠯᠠᠮᠵᠢ ᠶᠢ ᠨᠡᠮᠡᠭᠳᠡᠭᠦᠯᠬᠦ ᠵᠡᠷᠭᠡ ᠲᠠᠯ᠎ᠠ ᠪᠠᠷ ᠴᠠᠭ ᠲᠤᠬᠠᠶ ᠳᠤᠨᠢ ᠬᠦᠴᠦᠲᠡᠶ ᠠᠷᠭ᠎ᠠ ᠬᠡᠮᠵᠢᠶ᠎ᠡ ᠠᠪᠬᠤ ᠶᠢ ᠠᠬᠢᠭᠤᠯᠵᠤ᠂ ᠬᠥᠭᠵᠢᠵᠦ ᠪᠠᠶᠢᠭ᠎ᠠ ᠤᠯᠤᠰ ᠤᠳ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠶᠠᠳᠠᠭᠤ ᠪᠠᠶᠠᠨ ᠤ ᠵᠥᠷᠢᠶ᠎ᠡ ᠶᠢ ᠪᠠᠭᠠᠰᠬᠠᠬᠤ ᠬᠡᠷᠡᠭᠳᠠᠢ ᠭᠡᠵᠤ ᠴᠢᠬᠤᠯᠠᠴᠢᠯᠠᠪᠠ᠃    ᠰᠢ ᠶᠢᠨ ᠫᠢᠩ᠂ ᠬᠥᠭᠵᠢᠯᠲᠡ ᠡᠷᠬᠡᠪᠰᠢ ᠦᠷᠭᠦᠯᠵᠢᠯᠡᠬᠦ ᠴᠢᠨᠠᠷᠲᠠᠢ ᠪᠠᠶᠢᠬᠤ ᠬᠡᠷᠡᠭᠲᠡᠢ᠂ ᠬᠥᠮᠦᠨ ᠬᠢᠭᠡᠳ ᠪᠠᠶᠢᠭᠠᠯᠢ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠳᠠᠢ᠃ ᠳᠤᠮᠳᠠᠳᠤ ᠤᠯᠤᠰ ᠥᠪᠡᠷ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠᠨ ᠴᠢᠩᠭᠠᠳᠬᠠᠬᠤ ᠪᠦᠭᠡᠳ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠣᠯᠠᠨ ᠤᠯᠤᠰ ᠤᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠬᠥᠮᠦᠨ ᠲᠥᠷᠥᠯᠬᠢᠲᠡᠨ ᠤ ᠬᠠᠮᠲᠤ ᠶᠢᠨ ᠳᠡᠯᠡᠬᠡᠶ ᠶᠢᠨ ᠪᠥᠮᠪᠥᠷᠴᠡᠭ ᠤᠨ ᠭᠡᠷ ᠣᠷᠣᠨ ᠢᠶᠠᠨ ᠰᠠᠶᠢᠲᠤᠷ ᠬᠠᠮᠠᠭᠠᠯᠠᠵᠤ᠂ ᠡᠯ᠎ᠡ ᠤᠯᠤᠰ ᠲᠠᠢ ᠬᠠᠮᠲᠤ ᠪᠠᠷ ︽ᠪᠣᠬᠢᠷᠲᠤᠯ ᠥᠬᠡᠶ ᠲᠣᠷᠭᠠᠨ ᠵᠠᠮ︾ ᠢ ᠢᠳᠡᠪᠬᠢᠲᠡᠶ ᠪᠠᠶᠢᠭᠤᠯᠤᠨ᠎ᠠ ᠭᠡᠵᠤ ᠴᠢᠬᠤᠯᠠᠴᠢᠯᠠᠪᠠ᠃    ᠰᠢ ᠶᠢᠨ ᠫᠢᠩ᠂ ᠬᠢᠵᠢᠭ ᠤᠨ ᠪᠠᠶᠢᠳᠠᠯ ᠨᠢ ᠪᠠᠰᠠ ᠪᠦᠬᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠳᠠᠬᠢ ᠵᠣᠬᠢᠴᠠᠬᠤ ᠦᠭᠡᠢ᠂ ᠲᠤᠬᠢᠷᠠᠬᠤ ᠦᠭᠡᠢ ᠪᠠᠶᠢᠬᠤ ᠠᠰᠠᠭᠤᠳᠠᠯ ᠢ ᠶᠡᠬᠡᠰᠬᠡᠭᠰᠡᠨ ᠪᠠᠶᠢᠨ᠎ᠠ᠃ ᠡᠯ᠎ᠡ ᠲᠠᠯ᠎ᠠ ᠶᠢᠨ ᠬᠢᠨ ᠬᠡᠷᠬᠢᠨ ᠲᠡᠭᠦᠯᠳᠡᠷᠵᠢᠭᠦᠯᠬᠦ ᠲᠤᠬᠠᠶ ᠪᠤᠳᠤᠯᠬᠢᠯᠠᠬᠤ ᠠᠴᠠ ᠪᠢᠰᠢ᠂ ᠲᠦᠯᠬᠢᠨ ᠤᠨᠠᠭᠠᠵᠤ ᠲᠠᠬᠢᠵᠤ ᠪᠠᠶᠢᠭᠤᠯᠤᠨ᠂ ᠠᠰᠲᠠᠭᠠᠨ ᠶᠠᠭᠤᠮ᠎ᠠ ᠦᠢᠯᠡᠳᠬᠦ ᠶᠢ ᠪᠤᠳᠤᠵᠤ ᠪᠣᠯᠬᠤ ᠦᠭᠡᠢ ᠶᠤᠮ᠃ ᠳᠡᠯᠡᠬᠡᠶ ᠳᠡᠭᠡᠷ᠎ᠡ ᠭᠠᠭᠴᠠᠬᠠᠨ ᠰᠢᠰᠲ᠋ᠧᠮ ᠪᠤᠢ ᠂ ᠳᠠᠷᠤᠶ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠤᠯ ᠪᠣᠯᠭᠠᠭᠰᠠᠨ ᠳᠡᠯᠡᠬᠡᠢ ᠶᠢᠨ ᠰᠢᠰᠲ᠋ᠧᠮ ᠪᠣᠯᠤᠨ᠎ᠠ ︔ ᠭᠠᠭᠴᠠᠬᠠᠠ ᠲᠦᠷᠢᠮ ᠪᠤᠢ᠂ ᠲᠠᠷᠤᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠲᠦᠷᠢᠮ ᠢᠶᠠᠷ ᠰᠠᠭᠤᠷᠢ ᠪᠣᠯᠭᠠᠭᠰᠠᠨ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠪᠤᠯᠤᠨ᠎ᠠ᠃ ᠳᠤᠮᠳᠠᠳᠤ ᠤᠯᠤᠰ ᠶᠡᠷᠦ ᠠᠴᠠ ᠦᠵᠡᠯ ᠤᠬᠠᠮᠰᠠᠷ ᠤᠨ ᠬᠡᠯᠪᠡᠷᠢ ᠶᠢᠨ ᠲᠡᠮᠡᠴᠡᠭᠡᠨ ᠬᠢᠳᠡᠭ ᠦᠭᠡᠢ᠂ ᠶᠡᠷᠦ ᠠᠴᠠ ᠬᠠᠷᠢᠯᠴᠠᠭ᠎ᠠ ᠪᠠᠨ ᠲᠠᠰᠤᠯᠬᠤ ᠶᠢ ᠵᠣᠷᠢᠳᠠᠭ ᠦᠭᠡᠢ᠂ ᠶᠡᠷᠦ ᠠᠴᠠ ᠡᠵᠡᠷᠬᠡᠭᠴᠢ ᠪᠣᠯᠬᠤ ᠶᠢ ᠪᠤᠳᠤᠭ᠎ᠠ ᠦᠭᠡᠢ᠃ ᠪᠢᠳᠠ ᠳᠤᠮᠳᠠᠳᠤ ᠤᠯᠤᠰ ᠤᠨ 14 ᠳ᠋ᠦᠩᠰᠢᠭᠤᠷ ᠠᠷᠠᠳ ᠲᠦᠮᠡᠨ ᠢᠶᠠᠨ ᠨᠡᠩ ᠰᠠᠶᠢᠨ ᠰᠠᠶᠢᠬᠠᠨ ᠠᠮᠢᠳᠤᠷᠠᠭᠤᠯᠵᠤ᠂ ᠬᠥᠮᠦᠨ ᠲᠥᠷᠥᠯᠬᠢᠲᠡᠨ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠠᠮᠤᠭ ᠢᠯᠡᠭᠦᠦ ᠪᠤᠳᠤᠳᠠᠭ᠃ ᠭᠡᠪᠡᠴᠤ᠂ ᠪᠢᠳᠡ ᠪᠠᠰᠠ ᠤᠯᠤᠰ ᠤᠨ ᠡᠷᠬᠡ ᠮᠡᠳᠡᠯ᠂ ᠦᠨᠳᠦᠰᠦᠲᠡᠨ ᠤ ᠨᠡᠷ᠎ᠡ ᠬᠦᠨᠳᠦ᠂ ᠬᠥᠭᠵᠢᠯᠲᠡ ᠶᠢᠨ ᠣᠷᠣᠨ ᠵᠠᠶ ᠶᠢᠨ ᠬᠤᠬᠢᠷᠠᠯ ᠢ ᠬᠠᠶᠢᠬᠤᠷᠬᠤ ᠦᠭᠡᠢ ᠪᠠᠷ ᠬᠠᠷᠠᠵᠤ ᠰᠠᠭᠤᠬᠤ ᠦᠭᠡᠢ ᠶᠤᠮ᠂ ᠥᠪᠡᠷ ᠤᠨ ᠵᠦᠶ ᠶᠣᠰᠣᠨ ᠤ ᠡᠷᠬᠡ ᠠᠰᠢᠭ ᠢᠶᠠᠨ ᠡᠷᠡᠰ ᠬᠠᠮᠠᠭᠠᠯᠠᠵᠤ᠂ ᠳᠡᠯᠡᠬᠡᠢ ᠶᠢᠨ ᠲᠥᠪ ᠭᠤᠤᠯᠴᠢ ᠰᠢᠳᠤᠷᠭᠤ ᠶᠣᠰᠣ ᠶᠢ ᠬᠠᠮᠠᠭᠠᠯᠠᠨ᠎ᠠ ᠭᠡᠵᠦ ᠵᠢᠭᠠᠵᠦ ᠭᠠᠷᠭᠠᠪᠠ᠃    ᠰᠢ ᠶᠢᠨ ᠫᠢᠩ᠂ ᠡᠯ᠎ᠡ ᠤᠯᠤᠰ ᠬᠠᠷᠢᠯᠴᠠᠨ ᠬᠤᠯᠪᠤᠯᠳᠤᠨ ᠨᠡᠪᠲᠡᠷᠡᠯᠴᠡᠵᠤ᠂ ᠬᠤᠪᠢ ᠵᠠᠶᠠᠭ᠎ᠠ ᠨᠢᠭᠡᠳᠠᠢ ᠪᠠᠶᠢᠳᠠᠭ ᠃ ᠤᠯᠤᠰ ᠤᠷᠤᠨ᠂ ᠦᠨᠳᠦᠰᠦᠲᠡᠨ᠂ ᠰᠣᠶᠣᠯ᠂ ᠦᠵᠡᠯ ᠤᠬᠠᠮᠰᠠᠷ ᠤᠨ ᠬᠡᠯᠪᠡᠷᠢ ᠶᠢᠨ ᠵᠠᠭᠠᠭ ᠬᠢᠵᠠᠭᠠᠷ ᠠᠴᠠ ᠳᠠᠪᠠᠵᠤ᠂ ᠪᠦᠬᠦ ᠬᠥᠮᠦᠨ ᠲᠥᠷᠥᠯᠬᠢᠲᠡᠨ ᠤ ᠦᠨᠳᠦᠷᠴᠡ ᠳᠤ ᠵᠤᠭᠰᠤᠨ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠳᠠ ᠶᠢ ᠠᠬᠢᠭᠤᠯᠵᠤ᠂ ᠪᠢᠳᠡᠨ ᠤ ᠣᠷᠣᠰᠢᠨ ᠲᠣᠭᠲᠠᠨᠢᠵᠤ ᠪᠠᠶᠢᠭ᠎ᠠ ᠳᠡᠯᠡᠬᠡᠢ ᠶᠢᠨ ᠪᠥᠮᠪᠥᠷᠴᠡᠭ ᠤᠨ ᠭᠡᠷ ᠣᠷᠣᠨ ᠢᠶᠠᠨ ᠬᠠᠮᠲᠤ ᠪᠠᠷ ᠰᠠᠶᠢᠲᠤᠷ ᠪᠦᠳᠦᠭᠡᠨ ᠪᠠᠶᠢᠭᠤᠯᠬᠤ ᠬᠡᠷᠡᠭᠳᠠᠢ ᠭᠡᠵᠦ ᠴᠢᠬᠤᠯᠠᠴᠢᠯᠠᠪᠠ᠃    ᠬᠦᠲ᠋ᠧᠯᠧᠢᠢᠰ᠂ ᠣᠳᠣᠬᠠᠨ ᠳᠤ ᠳᠡᠯᠡᠬᠡᠶ ᠶᠢᠷᠲᠢᠨᠴᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠠᠯᠢ ᠣᠯᠠᠨ ᠬᠢᠮᠤᠷᠠᠯ ᠪᠤᠯᠤᠨ ᠥᠷᠢᠰᠥᠯᠳᠦᠭᠡᠨ ᠳᠤ ᠲᠤᠯᠭᠠᠷᠠᠵᠤ᠂ ᠣᠯᠠᠨ ᠲᠠᠯᠠᠲᠤ ᠦᠵᠡᠯ᠂ ᠤᠯᠠᠨ ᠤᠯᠤᠰ ᠤᠨ ᠬᠠᠮᠲᠤᠷᠠᠯᠴᠠᠭ᠎ᠠ ᠶᠢ ᠨᠡᠩ ᠱᠠᠭᠠᠷᠳᠠᠵᠤ᠂ ᠴᠢᠩᠭ᠎ᠠ ᠬᠦᠴᠦᠳᠠᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢ ᠨᠡᠩ ᠱᠠᠭᠠᠷᠳᠠᠵᠤ ᠪᠠᠶᠢᠨ᠎ᠠ᠃ ᠳᠤᠮᠳᠠᠳᠤ ᠤᠯᠤᠰ ᠤᠯᠠᠨ ᠲᠠᠯᠠᠲᠤ ᠦᠵᠡᠯ ᠪᠣᠯᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢ ᠡᠷᠡᠰ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠨ᠎ᠠ᠃ ᠳᠤᠮᠳᠠᠳᠤ ᠤᠯᠤᠰ ᠤᠨ ᠳᠡᠮᠵᠢᠯᠭᠡ ᠪᠠᠶᠢᠭᠰᠠᠨ ᠢᠶᠠᠷ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠰᠠᠶ᠋ᠢ ᠲᠤᠰᠢᠶᠠᠯ ᠬᠠᠷᠢᠭᠤᠴᠠᠯᠭ᠎ᠠ ᠪᠠᠨ ᠨᠡᠩ ᠰᠠᠶᠢᠲᠤᠷ ᠭᠦᠶ᠋ᠴᠡᠳᠬᠡᠵᠦ ᠴᠢᠳᠠᠪᠠ᠃ ᠳᠤᠮᠳᠠᠳᠤ ᠤᠯᠤᠰ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ᠂ ᠬᠠᠮᠲᠤ ᠶᠢᠨ ᠬᠥᠭᠵᠢᠯᠲᠡ ᠶᠢ ᠠᠬᠢᠭᠤᠯᠬᠤ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠪᠢ ᠲᠡᠷᠢᠭᠦᠯᠡᠭᠴᠢ ᠰᠢ ᠶᠢᠨ ᠫᠢᠩ ᠤᠨ ᠲᠦᠷᠦᠭᠦᠬᠡᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠳᠡᠭᠡᠷ᠎ᠡ ᠳᠤᠮᠳᠠᠳᠤ ᠤᠯᠤᠰ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠬᠦ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ᠂ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠠᠯᠢ ᠤᠯᠠᠨ ᠴᠢᠬᠤᠯᠠ ᠶᠡᠭᠡ ᠰᠠᠨᠠᠭᠠᠴᠢᠯᠠᠭ᠎ᠠ ᠪᠠ ᠠᠷᠭ᠎ᠠ ᠬᠡᠮᠵᠢᠶ᠎ᠡ ᠶᠢ ᠳᠤᠷᠠᠳᠴᠤ ᠨᠡᠶᠢᠳᠡᠯᠡᠭᠰᠡᠨ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ᠂ ᠳᠤᠮᠳᠠᠳᠤ ᠤᠯᠤᠰ ᠤᠨ ︽ᠪᠣᠬᠢᠷᠲᠤᠯ ᠥᠬᠡᠶ ᠲᠣᠷᠭᠠᠨ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠶᠢ ᠠᠬᠢᠭᠤᠯᠬᠤ ᠶᠢ ᠳᠡᠮᠵᠢᠵᠦ ᠪᠠᠶᠢᠨ᠎ᠠ᠂ ᠳᠤᠮᠳᠠᠳᠤ ᠤᠯᠤᠰ ᠤᠨ ᠠᠹᠷᠢᠺᠠ ᠲᠢᠪ ᠪᠣᠯᠤᠨ ᠬᠥᠭᠵᠢᠵᠦ ᠪᠠᠶᠢᠭ᠎ᠠ ᠤᠯᠤᠰ ᠤᠳ ᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠳᠡᠮᠵᠢᠵᠦ ᠪᠠᠶᠢᠨ᠎ᠠ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠤᠮᠳᠠᠳᠤ ᠤᠯᠤᠰ ᠯᠤᠭ᠎ᠠ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠵᠤ᠂ ᠳᠤᠮᠳᠠᠳᠤ ᠤᠯᠤᠰ ᠤᠳᠤᠷᠢᠳᠬᠤ ᠦᠢᠯᠡᠳᠦᠯ ᠢᠶᠠᠨ ᠪᠠᠳᠠᠷᠠᠭᠤᠯᠬᠤ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠲᠤᠰ ᠪᠡᠶ᠎ᠡ ᠶᠢᠨ ᠬᠥᠭᠵᠢᠯᠲᠡ ᠪᠠᠨ ᠪᠡᠶᠡᠯᠡᠭᠦᠯᠬᠦ ᠶᠢᠨ ᠬᠠᠮᠲᠤ ᠳᠡᠯᠡᠬᠡᠢ ᠳ᠋ᠠᠬᠢᠨ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠴᠢᠳᠠᠪᠤᠷᠢ ᠪᠦᠷᠢᠨ ᠪᠠᠶᠢᠬᠤ ᠶᠢ ᠪᠢ ᠢᠲᠡᠭᠡᠵᠦ ᠪᠠᠶᠢᠨ᠎ᠠ ᠭᠡᠵᠦ ᠢᠯᠡᠷᠭᠡᠶᠢᠯᠡᠪᠡ᠃    ᠶᠠᠩ ᠵᠢᠶᠧ ‍ᠤᠤᠢ᠂ ᠸᠠᠩ ᠢ ᠨᠡᠷ ᠠᠭᠤᠯᠵᠠᠯᠲᠠ ᠳᠤ ᠣᠷᠣᠯᠴᠠᠪᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号