ᠢᠰᠡᠭᠡᠢ ᠤᠷᠠᠯᠠᠯ ᠠᠴᠠ ᠠᠮᠢᠳᠤᠷᠠᠯ ᠰᠤᠯᠤᠩᠭᠠᠷᠠᠨ᠎ᠠ
ᠨᠡᠶᠢᠲᠡᠯᠡᠭᠰᠡᠨ ᠴᠠᠭ᠄
2020/9/24
— ᠢᠰᠡᠭᠡᠢ ᠤᠷᠠᠯᠠᠯ ᠤᠨ ᠬᠤᠰᠢᠭᠤᠨ ᠤ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ ᠰᠡᠴᠡᠨᠳᠤᠶᠠᠭ᠎ᠠ ᠶᠢ ᠲᠡᠮᠳᠡᠭᠯᠡᠪᠡ      ᠮᠤᠩᠭᠤᠯᠴᠤᠳ ᠢ ᠠᠯᠢ ᠡᠷᠳᠡ ᠠᠴᠠ ᠢᠰᠡᠭᠡᠢ ᠲᠤᠭᠤᠷᠭᠠᠲᠠᠨ᠂ ᠢᠰᠡᠭᠡᠢ ᠭᠡᠷ ᠲᠠᠢ ᠢᠯᠬᠢᠨ ᠲᠡᠪᠡᠯ ᠲᠠᠢ ᠬᠦᠮᠦᠰ ᠭᠡᠮᠡᠨ ᠶᠠᠷᠢᠳᠠᠭ᠃ ᠮᠠᠯᠵᠢᠬᠤ ᠠᠮᠢᠳᠤᠷᠠᠯ ᠠᠴᠠ ᠰᠢᠮ᠎ᠠ ᠬᠦᠷᠳᠡᠳᠡᠭ ᠮᠤᠩᠭᠤᠯᠴᠤᠳ ᠤᠷᠳᠤ ᠤᠳᠠᠭᠠᠨ ᠬᠤᠭᠤᠴᠠᠭᠠᠨ ᠤ ᠮᠠᠯ ᠠᠵᠦ ᠠᠬᠤᠢ ᠶᠢᠨ ᠦᠢᠯᠡᠳᠪᠤᠷᠢᠯᠡᠯ ᠤᠨ ᠶᠠᠪᠤᠴᠠ ᠳᠠᠭᠠᠨ ᠮᠠᠯ ᠤᠨᠤᠭᠠᠨ ᠤ ᠪᠠᠨ ᠬᠢᠯᠭᠠᠰᠤ ᠤᠩᠭᠠᠰᠤ᠂ ᠨᠤᠤᠰᠤ ᠨᠤᠤᠯᠤᠭᠤᠷ ᠢ ᠡᠳ᠋ᠰᠢᠭᠦᠯᠦᠨ ᠪᠤᠯᠪᠠᠰᠤᠷᠠᠭᠤᠯᠵᠦ᠂ ᠢᠰᠡᠭᠡᠢ ᠶᠢ ᠤᠷᠠᠯᠠᠨ ᠪᠦᠳᠦᠭᠡᠵᠦ ᠠᠳᠠᠯ ᠠᠮᠢᠳᠤᠷᠠᠯ ᠳᠠᠭᠠᠨ ᠦᠷᠭᠡᠨ ᠢᠶᠠᠷ ᠬᠡᠷᠡᠭᠯᠡᠭᠰᠡᠭᠡᠷ ᠢᠷᠡᠵᠠᠢ᠃ ᠢᠰᠡᠭᠡᠢ ᠶᠢ ᠬᠢᠬᠦ ᠠᠴᠠ ᠡᠬᠢᠯᠡᠭᠡᠳ ᠬᠡᠷᠡᠭᠯᠡᠬᠦ ᠬᠦᠷᠳᠡᠯ᠎ᠠ ᠨᠠᠷᠢᠨ ᠲᠦᠷᠢᠮ ᠭᠤᠷᠢᠮ ᠲᠠᠢ ᠪᠠᠶᠢᠵᠦ᠂ ᠲᠡᠭᠦᠨ ᠳᠤ ᠲᠦᠢᠯ ᠤᠨ ᠬᠦᠨ ᠬᠦᠨᠵᠡᠭᠡᠢ ᠰᠤᠶᠤᠯ ᠤᠨ ᠠᠭᠤᠯᠬᠤᠨ ᠢ ᠬᠠᠳᠠᠭᠠᠯᠠᠭᠰᠠᠨ ᠪᠠᠶᠢᠳᠠᠭ᠃ ᠢᠰᠡᠭᠡᠢ ᠪᠦᠷᠢᠶᠡᠰᠤᠲᠠᠢ ᠮᠤᠩᠭᠤᠯ ᠭᠡᠷ᠂ ᠢᠰᠡᠭᠡᠢ ᠲᠡᠪᠢᠰᠭᠡᠷ᠂ ᠭᠤᠳᠤᠯ ᠪᠤᠶᠢᠳᠤᠭ ᠭᠡᠬᠦ ᠮᠡᠳᠤᠴᠢᠯᠡᠨ ᠮᠤᠩᠭᠤᠯ ᠠᠮᠢᠳᠤᠷᠠᠯ ᠨᠢ ᠢᠰᠡᠭᠡᠢ ᠤᠷᠠᠯᠠᠯ ᠠᠴᠠ ᠰᠠᠯᠵᠦ ᠴᠢᠳᠠᠳᠠᠭ ᠦᠭᠡᠢ ᠪᠠᠶᠢᠭᠰᠠᠨ ᠠᠴᠠ ᠪᠠᠨ ᠨᠡᠶᠢᠬᠡᠮ ᠤᠨ ᠬᠦᠭᠵᠢᠯᠲᠡ ᠬᠤᠪᠢᠷᠠᠯᠲᠠ ᠶᠢ ᠲᠠᠭᠠᠯᠳᠤᠨ ᠤᠳᠤᠬᠢ ᠴᠠᠭ ᠦᠶ᠎ᠠ ᠪᠤᠯᠵᠦ ᠢᠷᠡᠬᠦ ᠳᠤ ᠲᠡᠳᠡᠭᠡᠷ ᠤᠯᠠᠮᠵᠢᠯᠠᠯᠳᠤ ᠵᠦᠢᠯᠡᠰ ᠨᠢ ᠤᠨ ᠴᠠᠭ ᠤᠨ ᠬᠠᠯᠠᠭᠤᠨ ᠤᠷᠤᠰᠬᠠᠯ ᠳᠤ ᠤᠷᠬᠢᠭᠳᠠᠨ ᠭᠡᠭᠡᠭᠳᠡᠭᠰᠭᠡᠷ ᠮᠠᠷᠳᠠᠭᠳᠠᠬᠤ ᠬᠡᠮᠵᠢᠶᠡᠨ ᠳᠤ ᠬᠦᠷᠦᠭᠰᠡᠨ ᠪᠠᠶᠢᠨ᠎ᠠ᠃ ᠡᠶᠢᠮᠦ ᠪᠤᠯᠬᠤᠷ ᠡᠨᠡ ᠬᠦ ᠤᠯᠠᠮᠵᠢᠯᠠᠯᠳᠤ ᠭᠠᠷ ᠤᠷᠠᠯᠠᠯ ᠢᠶᠠᠨ ᠤᠯᠠᠮᠵᠢᠯᠠᠨ ᠵᠠᠯᠭᠠᠮᠵᠢᠯᠠᠬᠤ ᠪᠠᠷ ᠬᠦᠴᠦ ᠬᠦᠯᠦᠰᠤ ᠪᠠᠨ ᠤᠷᠤᠰᠬᠠᠵᠦ᠂ ᠤᠶᠤᠨ ᠤᠬᠠᠭᠠᠨ ᠢᠶᠠᠨ ᠰᠢᠪᠬᠠᠵᠦ ᠶᠠᠪᠤᠭ᠎ᠠ ᠬᠦᠮᠦᠰ ᠨᠢ ᠤᠯᠠᠮ ᠬᠦᠨᠳᠤᠳᠭᠡᠯᠲᠡᠢ ᠮᠡᠳᠡᠭᠳᠡᠨ᠎ᠠ᠃     ᠨᠠᠯᠠᠭᠠᠷ ᠨᠠᠮᠦᠷ ᠤᠨ ᠨᠠᠢᠮᠠᠨ ᠰᠠᠷ᠎ᠠ ᠶᠢᠨ ᠦᠯᠵᠡᠶᠢᠳᠤ ᠡᠳᠤᠷ ᠢᠶᠠᠷ ᠦᠤᠰᠢᠨ ᠬᠤᠰᠢᠭᠤᠨ ᠤ ᠴᠠᠭᠠᠨ ᠰᠦᠯᠲᠡ ᠵᠤᠭᠠᠴᠠᠯ ᠤᠨ ᠤᠷᠤᠨ ᠳᠤ ᠤᠷᠳᠤᠰ ᠮᠤᠩᠭᠤᠯᠴᠤᠳ ᠤᠨ ᠶᠤᠰᠤ ᠰᠤᠷᠳᠠᠬᠤᠨ ᠵᠠᠩ ᠦᠢᠯᠡ ᠵᠤᠭᠠᠴᠠᠯ ᠤᠨ ᠨᠠᠶᠢᠷ ᠵᠢᠴᠢ ᠴᠠᠭᠠᠨ ᠰᠦᠯᠲᠡ ᠨᠠᠭᠠᠳᠤᠮ ᠤᠨ ᠮᠤᠩᠭᠤᠯ ᠦᠨᠳᠤᠰᠤᠲᠡᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠤᠷᠤᠯᠳᠤᠭᠠᠨ ᠨᠢᠵᠢᠭᠢᠷ ᠰᠠᠶᠢᠬᠠᠨ ᠶᠠᠪᠤᠭᠳᠠᠬᠤ ᠦᠶ᠎ᠡ ᠪᠠᠷ ᠪᠢᠳᠠ ᠲᠤᠰ ᠬᠤᠰᠢᠭᠤᠨ ᠤ ᠰᠤᠷᠪᠤᠯᠵᠢᠯᠠᠭᠴᠢ ᠲᠠᠢ ᠬᠠᠮᠳᠤ ᠨᠠᠶᠢᠷ ᠨᠠᠭᠠᠳᠤᠮ ᠤᠨ ᠠᠬᠤᠢ ᠲᠠᠯᠠᠪᠠᠢ ᠳᠤ ᠤᠴᠢᠪᠠ᠃ ᠭᠡᠳᠡᠯ᠎ᠠ ᠲᠤᠬᠠᠢ ᠶᠢᠨ ᠲᠠᠯᠠᠪᠠᠢ ᠳᠤ ᠬᠦᠷᠦᠭᠡᠳ ᠨᠠᠶᠢᠷ ᠨᠠᠭᠠᠳᠤᠮ ᠨᠢ ᠪᠢᠲᠡᠨ ᠤ ᠠᠩᠬᠠᠷᠤᠯ ᠢ ᠲᠡᠮᠡᠢ ᠲᠠᠳᠠᠭᠰᠠᠨ ᠦᠭᠡᠢ ᠬᠠᠷᠢᠨ ᠨᠠᠶᠢᠷ ᠤᠨ ᠲᠠᠯᠠᠪᠠᠢ ᠶᠢᠨ ᠵᠡᠭᠦᠨ ᠲᠡᠯ᠎ᠠ ᠶᠢᠨ ᠦᠷᠦᠭᠡᠨ ᠳᠤ ᠪᠠᠶᠢᠭ᠎ᠠ ᠤᠷᠳᠤᠰ ᠮᠤᠩᠭᠤᠯᠴᠤᠳ ᠤᠨ ᠶᠤᠰᠤ ᠰᠤᠷᠳᠠᠬᠤᠨ ᠵᠠᠩ ᠦᠢᠯᠡ ᠶᠢᠨ ᠲᠡᠯᠭᠡᠨ ᠦᠵᠡᠭᠦᠯᠭᠡ ᠳᠠᠬᠢ ᠦᠤᠰᠢᠨ ᠬᠤᠰᠢᠭᠤᠨ ᠳᠤ ᠨᠤᠳᠤᠭᠲᠠᠢ ᠤᠷᠤᠨ᠂ ᠬᠤᠳᠠ᠂ ᠬᠤᠰᠢᠭᠤᠨ ᠤ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢᠳ ᠤᠨ ᠤᠷᠠᠯᠢᠭ ᠬᠢᠴᠡᠲᠠᠢ ᠭᠠᠷ ᠤᠷᠠᠯᠠᠯ ᠤᠨ ᠪᠦᠳᠦᠭᠡᠭᠳᠡᠭᠦᠨ ᠨᠢ ᠪᠢᠲᠡᠨ ᠤ ᠠᠩᠬᠠᠷᠤᠯ ᠰᠤᠨᠢᠷᠬᠠᠯ ᠢ ᠲᠠᠳᠠᠪᠠ᠃ ᠡᠳᠡᠭᠡᠷ ᠬᠦᠮᠦᠰ ᠤᠨ ᠲᠤᠳᠤᠷ᠎ᠠ ᠪᠤᠩᠬᠤᠷᠠᠢ᠂ ᠡᠷᠳᠡᠨᠢᠪᠠᠶᠠᠷ ᠭᠡᠬᠦ ᠮᠡᠳᠤ ᠶᠢᠨ ᠤᠯᠠᠨ ᠨᠡᠷ᠎ᠠ ᠠᠯᠳᠠᠷ ᠲᠠᠢ ᠬᠤᠳᠠ ᠶᠢᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ ᠪᠠᠶᠢᠬᠤ ᠳᠤ ᠪᠠᠰᠠ ᠰᠡᠴᠡᠨᠳᠤᠶᠠᠭ᠎ᠠ ᠮᠡᠳᠤ ᠶᠢᠨ ᠦᠨᠳᠤᠰᠤᠲᠡᠨ ᠤ ᠢᠰᠡᠭᠡᠢ ᠤᠷᠠᠯᠠᠯ ᠤᠨ ᠭᠤᠸ᠎ᠠ ᠰᠠᠶᠢᠬᠠᠨ ᠢ ᠦᠪ ᠰᠤᠶᠤᠯ ᠤᠨ ᠠᠯᠲᠠᠨ ᠬᠠᠭᠤᠳᠠᠰᠤᠨ᠎ᠠ ᠭᠡᠷᠡᠯ ᠬᠢᠯᠪᠠᠭ᠎ᠠ ᠨᠡᠮᠡᠷᠢᠯᠡᠨ ᠲᠡᠮᠳᠡᠭᠯᠡᠵᠦ ᠶᠠᠪᠤᠭ᠎ᠠ ᠤᠷᠠᠨ ᠪᠦᠰᠡᠭᠦ᠋ᠢᠴᠤᠳ ᠬᠠᠷᠠᠭᠳᠠᠵᠦ ᠪᠠᠶᠢᠯ᠎ᠠ᠃ ᠲᠡᠯᠭᠡᠨ ᠦᠵᠡᠭᠦᠯᠬᠡ ᠶᠢᠨ ᠲᠠᠯᠠᠪᠠᠢ ᠳᠤ ᠪᠤᠰᠤᠳ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢᠳ ᠦᠪᠡᠷ ᠤᠨ ᠢᠶᠠᠨ ᠪᠦᠳᠦᠭᠡᠯ ᠢᠶᠠᠨ ᠪᠤᠰᠤᠳ ᠲᠤ ᠲᠠᠨᠢᠯᠴᠠᠭᠤᠯᠤᠭᠠᠳ ᠶᠠᠭᠠᠷᠠᠵᠦ ᠪᠠᠶᠢᠬᠤ ᠳᠤ ᠰᠡᠴᠡᠨᠳᠤᠶᠠᠭ᠎ᠠ ᠬᠠᠷᠢᠨ ᠲᠤᠯᠤᠭᠠᠢ ᠦᠨᠳᠡᠶᠢᠯ ᠦᠭᠡᠢ ᠦᠢᠯᠡ ᠤᠲᠠᠰᠤᠨ ᠳᠠᠭᠠᠨ ᠰᠢᠮᠳᠠᠵᠦ ᠪᠠᠶᠢᠯ᠎ᠠ᠃ ᠲᠡᠭᠦᠨ ᠤ ᠢᠰᠡᠭᠡᠢ ᠪᠠᠷ ᠬᠢᠭᠰᠡᠨ ᠪᠤᠭᠴᠤ ᠶᠢᠨ ᠦᠨ᠎ᠠ ᠶᠢ ᠰᠤᠷᠠᠭᠯᠠᠬᠤᠯᠠᠷ ᠲᠡᠷᠡ ᠲᠡᠯᠭᠡᠨ ᠦᠵᠡᠭᠦᠯᠵᠦ ᠪᠠᠶᠢᠭ᠎ᠠ ᠵᠦᠢᠯ ᠢᠶᠠᠨ ᠬᠤᠳᠠᠯᠳᠤᠬᠤ ᠦᠭᠡᠢ᠂ ᠭᠡᠳᠡᠯ᠎ᠠ ᠵᠠᠬᠢᠶᠠᠯᠠᠭ᠎ᠠ ᠲᠤᠰᠤᠨ᠎ᠠ ᠭᠡᠮᠡᠨ ᠬᠠᠷᠢᠭᠤᠯᠪᠠ᠃ ᠡᠶᠢᠨ ᠬᠦ ᠲᠡᠭᠦᠨ ᠠᠴᠠ ᠢᠰᠡᠭᠡᠢ ᠤᠷᠠᠯᠠᠯ ᠤᠨ ᠲᠤᠬᠠᠢ ᠰᠤᠨᠢᠭᠤᠴᠢᠯᠠᠵᠦ ᠠᠰᠠᠭᠤᠬᠤ ᠳᠤ ᠰᠡᠴᠡᠨᠳᠤᠶᠠᠭ᠎ᠠ ᠶᠢᠨ ᠨᠢᠳᠤ ᠨᠢ ᠰᠡᠷᠭᠦᠵᠦ᠂ ᠬᠦᠭᠵᠢᠯᠲᠠᠢ ᠵᠤᠭᠤᠭ ᠨᠢ ᠨᠡᠭᠡᠭᠡᠷᠡᠪᠡ᠃     ᠬᠦᠴᠢᠷ ᠢ ᠰᠦᠷᠤᠨ ᠤᠷᠤᠭᠰᠢᠯᠠᠨ᠎ᠠ     ᠰᠡᠴᠡᠨᠳᠤᠶᠠᠭ᠎ᠠ ᠦᠤᠰᠢᠨ ᠬᠤᠰᠢᠭᠤᠨ ᠤ ᠰᠦᠯᠲᠡ ᠰᠤᠮᠤᠨ ᠤ ᠲᠠᠯ᠎ᠠ ᠶᠢᠨ ᠤᠰᠤ ᠭᠠᠴᠠᠭᠠᠨ ᠳᠤ ᠨᠤᠳᠤᠭ ᠲᠠᠢ᠂ ᠡᠨᠡ ᠵᠢᠯ 55 ᠨᠠᠰᠤᠲᠠᠢ᠃ ᠲᠡᠷᠡ ᠵᠠᠯᠠᠭᠤ ᠽᠠᠨᠳᠠᠨ ᠨᠠᠰᠤᠨ ᠳᠠᠭᠠᠨ ᠦᠤᠰᠢᠨ ᠬᠤᠰᠢᠭᠤᠨ ᠤ ᠰᠢᠷᠬᠤᠰᠤᠨ ᠭᠤᠤᠯ ᠪᠠᠯᠭᠠᠰᠤᠨ ᠤ ᠮᠤᠤᠪᠤᠯᠠᠭ ᠭᠠᠴᠠᠭᠠᠨ ᠤ ᠮᠠᠯᠴᠢᠨ ᠵᠠᠯᠠᠭᠤ ᠲᠠᠢ ᠠᠶᠢᠯ ᠭᠡᠷ ᠪᠤᠯᠵᠦ᠂ ᠠᠵᠦ ᠠᠮᠢᠳᠤᠷᠠᠯ ᠢᠶᠠᠨ ᠱᠠᠨᠰᠢ ᠮᠤᠵᠢ ᠲᠠᠢ ᠰᠠᠪᠠᠯᠠᠭᠰᠠᠨ ᠮᠤᠤᠪᠤᠯᠠᠭ ᠭᠠᠴᠠᠭᠠᠨ ᠳᠤ ᠲᠦᠪᠬᠢᠨᠡᠭᠦᠯᠵᠠᠢ᠃ ᠲᠡᠭᠦᠨ ᠤ ᠬᠠᠳᠠᠮ ᠤᠨ ᠭᠡᠷ ᠤᠨ ᠠᠵᠦ ᠠᠮᠢᠳᠤᠷᠠᠯ ᠵᠦᠳᠡᠭᠦᠬᠡᠨ ᠤᠴᠢᠷ ᠠᠴᠠ ᠲᠦᠩᠭᠡᠵᠦ ᠬᠤᠷᠢᠮᠯᠠᠬᠤ ᠳᠤ ᠲᠠᠳᠠ ᠵᠦᠪᠬᠡᠨ ᠠᠮᠢ ᠵᠢᠭᠤᠬᠤ 300 ᠭᠠᠷᠤᠢ ᠮᠦ ᠪᠡᠯᠴᠢᠭᠡᠷ ᠬᠤᠪᠢᠳᠠᠵᠦ ᠤᠯᠤᠭᠰᠠᠨ ᠪᠠᠶᠢᠯ᠎ᠠ᠃ 300 ᠮᠦ ᠨᠤᠳᠤᠭ ᠪᠡᠯᠴᠢᠭᠡᠷ ᠲᠡᠭᠡᠷ᠎ᠠ ᠮᠠᠯ ᠮᠠᠯᠵᠢᠨ ᠠᠮᠢᠳᠤᠷᠠᠨ᠎ᠠ ᠭᠡᠭᠴᠢ ᠲᠠᠷ ᠢᠶᠠᠨ ᠪᠠᠷᠠᠭᠰᠠᠨ ᠦᠢᠯᠡ ᠲᠠᠢ ᠠᠵᠢᠯ ᠪᠤᠯᠬᠤ ᠶᠢ ᠬᠡᠨ ᠪᠦᠬᠦᠨ ᠮᠡᠳᠡᠨ᠎ᠠ᠃ ᠭᠡᠬᠦ ᠳᠤ ᠰᠡᠴᠡᠨᠳᠤᠶᠠᠭ᠎ᠠ ᠡᠷ᠎ᠠ ᠡᠮ᠎ᠠ ᠬᠤᠶᠠᠭᠤᠯᠠ ᠠᠮᠢᠳᠤᠷᠠᠯ ᠤᠨ ᠬᠦᠴᠢᠷ ᠤᠨ ᠡᠮᠦᠨ᠎ᠠ ᠵᠤᠷᠢᠭ ᠰᠢᠨᠳᠠᠷᠠᠵᠦ ᠵᠢᠯᠤᠭᠤ ᠠᠯᠳᠠᠭ᠎ᠠ ᠦᠭᠡᠢ᠂ ᠬᠠᠷᠢᠨ ᠮᠠᠯ ᠴᠦᠭᠡᠨ ᠪᠡᠯᠴᠢᠭᠡᠷ ᠪᠠᠭ᠎ᠠ ᠴᠤ ᠴᠠᠭ ᠤᠨ ᠰᠠᠶᠢᠬᠠᠨ ᠳᠤ ᠴᠢᠷᠮᠠᠶᠢᠳᠠᠭ ᠯᠠ ᠶᠤᠮ ᠪᠤᠯ ᠪᠤᠰᠴᠤ ᠠᠮᠵᠢᠨ᠎ᠠ ᠭᠡᠵᠦ ᠪᠢᠲᠡᠭᠦᠬᠡᠨ ᠳᠡᠭᠡᠨ ᠬᠠᠳᠠᠭᠤ ᠪᠤᠳᠤᠭᠰᠠᠨ ᠲᠠᠳᠠ ᠬᠤᠶᠠᠭᠤᠯᠠ ᠨᠤᠳᠤᠭ ᠪᠡᠯᠴᠢᠭᠡᠷ ᠢᠶᠠᠨ ᠬᠦᠮᠦᠨ ᠳᠤ ᠲᠦᠷᠢᠶᠡᠰᠦᠯᠡᠭᠡᠳ ᠭᠠᠳᠠᠨ᠎ᠠ ᠭᠠᠷᠴᠤ ᠬᠦᠴᠦᠨ ᠤ ᠠᠵᠢᠯ ᠬᠢᠪᠡ᠃ ᠰᠡᠭᠦᠯᠡᠷ ᠨᠢ ᠰᠡᠴᠡᠨᠳᠤᠶᠠᠭ᠎ᠠ ᠶᠢᠨ ᠡᠷ᠎ᠠ ᠨᠦᠭᠦᠷ ᠨᠢ ᠮᠤᠩᠭᠤᠯ ᠤᠯᠤᠰ ᠲᠤ ᠠᠷᠠᠯᠵᠢᠶ᠎ᠠ ᠮᠠᠶᠢᠮᠠᠢ ᠬᠢᠭᠡᠳ ᠨᠡᠯᠢᠶᠡᠳ ᠬᠦᠷᠦᠩᠭᠡ ᠮᠦᠩᠭᠦ ᠬᠤᠷᠠᠮᠳᠤᠭᠤᠯᠵᠦ᠂ ᠠᠵᠦ ᠠᠮᠢᠳᠤᠷᠠᠯ ᠨᠢ ᠴᠤ ᠡᠳᠤᠷ ᠠᠴᠠ ᠡᠳᠤᠷ ᠰᠠᠶᠢᠵᠢᠷᠠᠪᠠ᠃ ᠭᠡᠳᠡᠯ᠎ᠠ ︽ᠭᠠᠢ ᠭᠠᠵᠠᠷ ᠲᠤᠤᠷ᠎ᠠ ᠠᠴᠠ︾ ᠭᠡᠳᠡᠭᠴᠢᠯᠡᠨ ᠡᠷ᠎ᠠ ᠨᠦᠭᠦᠷ ᠨᠢ ᠬᠦᠨᠳᠤ ᠡᠪᠡᠳᠴᠢᠨ ᠳᠤ ᠨᠡᠷᠪᠡᠭᠳᠡᠵᠦ᠂ ᠲᠤᠯᠤᠭᠠᠨ ᠵᠢᠯ ᠤᠨ ᠡᠮᠦᠨ᠎ᠠ ᠰᠡᠴᠡᠨᠳᠤᠶᠠᠭ᠎ᠠ ᠳᠤ ᠶᠢᠷᠲᠢᠨᠴᠤ ᠶᠢᠨ ᠮᠦᠩᠭᠡ ᠪᠤᠰᠤ ᠶᠢ ᠦᠵᠡᠭᠦᠯᠵᠠᠢ᠃ ᠠᠮᠢᠳᠤᠷᠠᠯ ᠤᠨ ᠲᠦᠰᠢᠭ ᠲᠤᠯᠭᠠᠭᠤᠷᠢ ᠪᠠᠨ ᠠᠯᠳᠠᠭᠰᠠᠨ ᠲᠡᠷᠡ ᠬᠤᠶᠠᠷ ᠬᠡᠤᠬᠡᠳ ᠢᠶᠠᠨ ᠦᠰᠭᠡᠵᠦ᠂ ᠠᠮᠢᠳᠤᠷᠠᠯ ᠠᠬᠤᠢ ᠪᠠᠨ ᠠᠷᠭᠠᠴᠠᠭᠠᠬᠤ ᠶᠢᠨ ᠲᠦᠯᠦᠭᠡ ᠪᠠᠭ᠎ᠠ ᠠᠴᠠ ᠰᠤᠷᠤᠭᠰᠠᠨ ᠭᠠᠷ‌‍ᠤᠨ ᠡᠷᠳᠡᠮ ᠢᠶᠠᠷ ᠠᠮᠢᠳᠤᠷᠠᠯ ᠢᠶᠠᠨ ᠴᠤᠭᠴᠠᠯᠠᠬᠤ ᠪᠠᠷ ᠰᠢᠢᠳᠪᠡ᠃      ᠬᠦᠰᠡᠯ ᠲᠡᠮᠡᠤᠯᠡᠯ ᠢᠶᠠᠨ ᠪᠡᠶᠡᠯᠡᠭᠦᠯᠦᠨ᠎ᠠ      ᠬᠦᠰᠡᠯ ᠲᠡᠮᠡᠤᠯᠡᠯ᠂ ᠵᠤᠷᠢᠯᠲᠡ ᠬᠠᠷᠠᠯᠲᠠ ᠨᠢ ᠬᠦᠮᠦᠨ ᠤ ᠤᠷᠤᠭᠰᠢ ᠲᠠᠪᠰᠢᠬᠤ ᠶᠢᠨ ᠬᠦᠳᠡᠯᠭᠡᠬᠦ ᠬᠦᠴᠦᠨ ᠪᠤᠯᠳᠠᠭ᠃ ᠰᠡᠴᠡᠨᠳᠤᠶᠠᠭ᠎ᠠ ᠬᠠᠷᠠᠬᠠᠨ ᠪᠠᠭ᠎ᠠ ᠠᠴᠠ ᠪᠠᠨ ᠤᠶᠤᠳᠠᠯ ᠬᠠᠳᠬᠤᠮᠠᠯ ᠳᠤ ᠲᠤᠷ᠎ᠠ ᠪᠠᠭ᠋ᠠᠲᠠᠢ ᠪᠠᠶᠢᠵᠦ᠂ ᠤᠷᠠᠨ ᠬᠠᠳᠬᠤᠮᠠᠯ ᠢ ᠬᠤᠷᠢᠭᠠᠳ ᠵᠢᠯ ᠤᠷᠤᠯᠳᠤᠭᠰᠠᠨ ᠬᠠᠰᠢᠷ ᠭᠠᠷ ᠪᠤᠯᠤᠨ᠎ᠠ᠃ ᠤᠷᠠᠨ ᠬᠠᠳᠬᠤᠮᠠᠯ ᠢᠶᠠᠷ ᠠᠮᠢᠳᠤᠷᠠᠯ ᠢᠶᠠᠨ ᠲᠡᠭᠡᠭᠰᠢ ᠲᠠᠳᠠᠶ᠎ᠠ ᠭᠡᠬᠦ ᠳᠤ ᠡᠨᠡ ᠬᠦ ᠤᠷ᠎ᠠ ᠮᠡᠷᠭᠡᠵᠢᠯ ᠢ ᠡᠵᠡᠮᠰᠢᠭᠰᠡᠨ ᠬᠦᠮᠦᠨ ᠲᠠᠩᠴᠤ ᠤᠯᠠᠨ ᠪᠤᠯᠬᠤᠷ ᠲᠡᠷᠡ ᠡᠮᠡᠭᠡ ᠡᠵᠢ ᠠᠴᠠ ᠪᠠᠨ ᠰᠤᠷᠤᠭᠰᠠᠨ ᠪᠠᠰᠠ ᠨᠢᠭᠡ ᠤᠷ᠎ᠠ ᠮᠡᠷᠭᠡᠵᠢᠯ — ᠢᠰᠡᠭᠡᠢ ᠤᠷᠠᠯᠠᠯ ᠢᠶᠠᠷ ᠬᠦᠰᠡᠯ ᠬᠦᠭᠡᠭᠡᠴᠡᠯᠳᠤᠯ ᠢᠶᠠᠨ ᠪᠤᠯᠭᠠᠪᠠ᠃ ᠨᠡᠩ ᠴᠤ ᠤᠢᠢᠷ᠎ᠠ ᠶᠢᠨ ᠵᠢᠯ ᠳᠤ ᠨᠡᠶᠢᠬᠡᠮ ᠤᠨ ᠬᠦᠭᠵᠢᠯᠲᠡ ᠠᠴᠠ ᠪᠤᠯᠵᠦ ᠢᠰᠡᠭᠡᠢ ᠤᠷᠠᠯᠠᠯ ᠢ ᠤᠷᠤᠯᠳᠤᠵᠦ ᠬᠢᠬᠦ ᠬᠦᠮᠦᠨ ᠡᠳᠤᠷ ᠤᠨ ᠤᠳᠤ ᠮᠡᠳᠤ ᠪᠤᠯᠵᠦ᠂ ᠡᠭᠦᠨ ᠢ ᠪᠠᠴᠢᠮ ᠲᠤᠯᠭᠠᠮ ᠤᠯᠠᠮᠵᠢᠯᠠᠨ ᠬᠦᠭᠵᠢᠬᠦᠯᠬᠦ ᠱᠠᠭᠠᠷᠳᠠᠯᠭ᠎ᠠ ᠲᠠᠢ ᠪᠠᠶᠢᠭ᠎ᠠ ᠶᠤᠮ᠃ ᠡᠶᠢᠨ ᠬᠦ ᠲᠡᠷᠡ ᠨᠤᠳᠤᠭ ᠤᠨ ᠨᠠᠰᠤᠲᠠᠨ ᠪᠤᠭᠤᠷᠤᠯᠴᠤᠳ ᠲᠠᠭᠠᠨ ᠦᠨ᠎ᠠ ᠲᠦᠯᠦᠪᠦᠷᠢ ᠦᠭᠡᠢ ᠪᠠᠷ ᠢᠰᠡᠭᠡᠢ ᠭᠤᠳᠤᠯ ᠤᠶᠤᠵᠦ ᠦᠭᠭᠦᠭᠡᠳ ᠤᠯᠠᠨ ᠤ ᠰᠠᠶᠢᠨ ᠦᠨᠡᠯᠡᠯᠲᠡ ᠶᠢ ᠤᠯᠵᠦ᠂ ᠵᠠᠬ᠎ᠠ ᠠᠴᠠ ᠪᠠᠨ ᠲᠡᠭᠦᠨ ᠢᠶᠠᠷ ᠢᠰᠡᠭᠡᠢ ᠰᠢᠷᠢᠮᠡᠯ ᠤᠨ ᠪᠦᠳᠦᠭᠡᠭᠳᠡᠭᠦᠨ ᠢ ᠬᠢᠯᠭᠡᠬᠦ ᠬᠦᠮᠦᠨ ᠭᠠᠷᠴᠤ ᠢᠷᠡᠪᠡ᠃ ᠡᠨᠡ ᠨᠢ ᠲᠡᠭᠦᠨ ᠤ ᠢᠰᠡᠭᠡᠢ ᠬᠢᠬᠦ ᠤᠷ᠎ᠠ ᠮᠡᠷᠭᠡᠵᠢᠯ ᠢ ᠵᠠᠯᠭᠠᠮᠵᠢᠯᠠᠨ ᠬᠦᠭᠵᠢᠭᠦᠯᠬᠦ ᠡᠷᠴᠢ ᠵᠤᠷᠢᠭ ᠢ ᠨᠢ ᠬᠦᠪᠴᠢᠯᠡᠵᠦ᠂ ᠦᠪᠡᠷ ᠤᠨ ᠡᠵᠡᠮᠰᠢᠭᠰᠡᠨ ᠤᠷ᠎ᠠ ᠮᠡᠷᠭᠡᠵᠢᠯ ᠤᠨ ᠰᠠᠭᠤᠷᠢᠨ ᠲᠡᠭᠡᠷ᠎ᠠ ᠤᠷᠢᠳ ᠬᠤᠵᠢᠳ ᠮᠤᠩᠭᠤᠯ ᠤᠯᠤᠰ᠂ ᠰᠢᠯᠢ ᠶᠢᠨ ᠭᠤᠤᠯ᠂ ᠬᠦᠯᠦᠨ ᠪᠤᠶᠢᠷ ᠵᠡᠷᠭᠡ ᠭᠠᠵᠠᠷ ᠤᠷᠤᠨ ᠳᠤ ᠬᠦᠷᠴᠤ᠂ ᠢᠰᠡᠭᠡᠢ ᠤᠷᠠᠯᠠᠯ ᠤᠨ ᠲᠤᠰᠬᠠᠢ ᠪᠠᠭᠰᠢ ᠳᠤ ᠱᠠᠪᠢᠯᠠᠨ ᠬᠤᠨᠢᠨ ᠠᠬᠠᠷ ᠢᠶᠠᠷ ᠢᠰᠡᠭᠡᠢ ᠬᠢᠬᠦ ᠤᠯᠠᠮᠵᠢᠯᠠᠯᠳᠤ ᠤᠷ᠎ᠠ ᠮᠡᠷᠭᠡᠵᠢᠯ ᠢ ᠰᠤᠷᠴᠤ᠂ ᠮᠡᠳᠡᠯᠭᠡ ᠮᠡᠳᠡᠴᠡ ᠮᠡᠷᠭᠡᠵᠢᠯ ᠴᠢᠳᠠᠪᠤᠷᠢ ᠪᠠᠨ ᠲᠡᠭᠡᠭᠰᠢᠯᠡᠭᠦᠯᠵᠦ ᠶᠠᠪᠤᠵᠠᠢ᠃ ᠲᠡᠷᠡ᠄ ︽ᠢᠰᠡᠭᠡᠢ ᠰᠢᠷᠢᠮᠡᠯ ᠬᠢᠬᠦ ᠳᠤ ᠲᠡᠪᠴᠢᠶᠡᠷᠢ ᠬᠡᠷᠡᠭᠲᠠᠢ᠃ ᠨᠢᠭᠡ ᠢᠰᠡᠭᠡᠢ ᠰᠢᠷᠢᠮᠡᠯ ᠤᠨ ᠪᠦᠳᠦᠭᠡᠭᠳᠡᠭᠦᠨ ᠢ ᠬᠢᠬᠦ ᠳᠤ ᠠᠷᠪᠠᠨ ᠬᠡᠳᠤᠨ ᠶᠠᠪᠤᠴᠠ ᠶᠢ ᠦᠩᠭᠡᠷᠡᠭᠡᠳᠡᠭ᠃ ᠬᠤᠨᠢᠨ ᠨᠤᠤᠰᠤ ᠶᠢ ᠴᠡᠪᠡᠷᠯᠡᠬᠦ᠂ ᠤᠬᠢᠶᠠᠬᠤ᠂ ᠬᠠᠳᠠᠭᠠᠬᠤ᠂ ᠵᠤᠯᠤᠬᠤ᠂ ᠪᠤᠳᠤᠭ ᠤᠷᠤᠭᠤᠯᠬᠤ᠂ ᠤᠷᠠᠯᠠᠬᠤ ᠬᠡᠬᠦ ᠮᠡᠳᠤ ᠶᠢᠨ ᠶᠠᠪᠤᠴᠠ ᠶᠢ ᠦᠩᠭᠡᠷᠡᠭᠡᠳᠡᠭ᠃ ᠡᠳᠡᠭᠡᠷ ᠶᠠᠪᠤᠴᠠ ᠶᠢ ᠴᠦᠮ ᠨᠠᠷᠢᠯᠢᠭ ᠰᠠᠶᠢᠬᠠᠨ ᠬᠦᠢᠴᠡᠳᠭᠡᠪᠡᠯ ᠰᠠᠶ᠋ᠢ ᠨᠢᠭᠡᠨ ᠬᠢᠷᠢ ᠲᠡᠩᠴᠡᠭᠰᠡᠨ ᠢᠰᠡᠭᠡᠢ ᠰᠢᠷᠢᠮᠡᠯ ᠤᠨ ᠪᠦᠳᠦᠭᠡᠭᠳᠡᠭᠦᠨ ᠭᠠᠷᠴᠤ ᠢᠷᠡᠳᠡᠭ᠃ ᠡᠨᠡ ᠨᠢ ᠪᠠᠰᠠ ᠬᠢᠭᠰᠡᠨ ᠬᠦᠮᠦᠨ ᠤ ᠤᠷ᠎ᠠ ᠤᠬᠠᠭᠠᠨ ᠢ ᠰᠢᠯᠭᠠᠭᠰᠠᠨ ᠠᠵᠢᠯ ᠰᠢᠦ︾ ᠭᠡᠮᠡᠨ ᠤᠴᠢᠷᠯᠠᠨ᠎ᠠ᠃   ᠦᠪ ᠰᠤᠶᠤᠯ ᠢᠶᠠᠨ ᠤᠯᠠᠮᠵᠢᠯᠠᠨ᠎ᠠ   ᠨᠡᠶᠢᠬᠡᠮ ᠤᠨ ᠬᠦᠭᠵᠢᠯᠲᠡ ᠬᠤᠪᠢᠷᠠᠯᠲᠠ ᠶᠢ ᠲᠠᠭᠠᠯᠳᠤᠨ ᠬᠦᠮᠦᠨ ᠤ ᠤᠶᠤᠨ ᠰᠠᠨᠠᠭᠠᠨ ᠤ ᠬᠦᠭᠡᠭᠡᠴᠡᠯᠳᠤᠯ ᠤᠯᠠᠨ ᠲᠠᠯ᠎ᠠ ᠪᠠᠷ ᠢᠯᠡᠷᠡᠬᠦ ᠪᠤᠯᠤᠭᠰᠠᠨ ᠢᠶᠠᠷ ᠰᠡᠴᠡᠨᠳᠤᠶᠠᠭ᠎ᠠ ᠴᠤ ᠦᠷᠭᠦᠯᠵᠢ ᠤᠢ ᠤᠬᠠᠭᠠᠨ ᠢᠶᠠᠨ ᠰᠢᠪᠬᠠᠨ ᠰᠢᠨ᠎ᠠ ᠶᠢ ᠡᠭᠦᠳᠭᠦ ᠪᠠᠷ ᠴᠢᠷᠮᠠᠶᠢᠵᠦ᠂ ᠮᠤᠩᠭᠤᠯᠴᠤᠳ ᠤᠨ ᠢᠶᠠᠨ ᠤᠯᠠᠮᠵᠢᠯᠠᠯᠳᠤ ᠭᠠᠷ ᠤᠷᠠᠯᠠᠯ ᠤᠨ ᠬᠡᠪ ᠨᠡᠮᠪᠡ ᠶᠢ ᠬᠠᠳᠠᠭᠠᠯᠠᠭᠰᠠᠨ ᠰᠠᠭᠤᠷᠢᠨ ᠲᠡᠭᠡᠷ᠎ᠠ ᠰᠢᠨ᠎ᠠ ᠴᠠᠭ ᠦᠶ᠎ᠠ ᠶᠢᠨ ᠤᠷᠤᠰᠬᠠᠯ ᠲᠠᠢ ᠵᠤᠬᠢᠴᠠᠭᠤᠯᠤᠨ᠂ ᠪᠦᠳᠦᠭᠡᠭᠳᠡᠭᠦᠨ ᠢᠶᠠᠨ ᠰᠢᠨᠡᠴᠢᠯᠡᠨ᠂ ᠬᠤᠳᠠᠯᠳᠤᠵᠦ ᠪᠤᠷᠤᠯᠠᠭᠤᠯᠬᠤ ᠲᠠᠪᠴᠠᠩ ᠢᠶᠠᠨ ᠤᠯᠠᠨ ᠲᠠᠶᠢᠰᠢ ᠬᠠᠨᠳᠤᠭᠤᠯᠤᠨ ᠤᠯᠠᠨ ᠤ ᠠᠩᠬᠠᠷᠤᠯ ᠳᠤ ᠬᠦᠷᠭᠡᠵᠦ ᠶᠠᠪᠤᠨ᠎ᠠ᠃ ᠲᠡᠷᠡ ᠮᠠᠨᠢ ᠴᠠᠭ ᠢᠮᠠᠭᠲᠠ ᠰᠢᠨ᠎ᠠ ᠮᠡᠳᠡᠯᠭᠡ ᠰᠤᠷᠤᠯᠴᠠᠵᠦ ᠮᠡᠷᠭᠡᠵᠢᠯ ᠢᠶᠠᠨ ᠲᠡᠭᠡᠭᠰᠢᠯᠡᠭᠦᠯᠬᠦ ᠪᠠᠨ ᠪᠠᠷᠢᠮᠳᠠᠯᠠᠵᠦ᠂ 2019 ᠤᠨ ᠳᠤ ᠰᠢᠯᠢ ᠶᠢᠨ ᠭᠤᠤᠯ ᠳᠤ ᠤᠴᠢᠵᠦ ᠢᠰᠡᠭᠡᠢ ᠤᠷᠠᠯᠠᠯ ᠤᠨ ᠪᠠᠭᠰᠢᠯᠠᠬᠤ ᠰᠢᠯᠭᠠᠯᠲᠠ ᠳᠤ ᠤᠷᠤᠯᠴᠠᠵᠦ᠂ ᠪᠠᠭᠰᠢᠯᠠᠬᠤ ᠬᠢᠷᠢ ᠬᠡᠮ ᠲᠠᠢ ᠪᠤᠯᠤᠭᠰᠠᠨ ᠪᠠᠶᠢᠨ᠎ᠠ᠃ ᠲᠡᠷᠡ ᠪᠠᠰᠠ ᠲᠡᠭᠡᠷ᠎ᠠ ᠵᠢᠯ ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ ᠶᠠᠪᠤᠭᠳᠠᠭᠰᠠᠨ ᠪᠦᠬᠦ ᠤᠷᠤᠨ ᠤ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢᠳ ᠤᠨ ᠪᠤᠯᠪᠠᠰᠤᠷᠠᠯ ᠳᠤ ᠤᠷᠤᠯᠴᠠᠵᠦ᠂ ᠤᠷ᠎ᠠ ᠮᠡᠷᠭᠡᠵᠢᠯ ᠢᠶᠠᠨ ᠲᠡᠭᠡᠭᠰᠢᠯᠡᠭᠦᠯᠵᠦ ᠶᠠᠪᠤᠵᠠᠢ᠃ ᠤᠳᠤ ᠲᠡᠷᠡ ᠢᠰᠡᠭᠡᠢ ᠰᠢᠷᠢᠮᠡᠯ ᠤᠨ ᠪᠦᠳᠦᠭᠡᠭᠳᠡᠭᠦᠨ ᠬᠢᠵᠦ ᠪᠤᠷᠤᠯᠠᠭᠤᠯᠬᠤ ᠪᠠᠷ ᠲᠡᠮᠵᠢᠨ ᠵᠢᠯ ᠤᠨ ᠬᠡᠳᠤᠨ ᠲᠦᠮᠡᠨ ᠲᠦᠭᠦᠷᠢᠭ ᠤᠨ ᠤᠷᠤᠯᠭ᠎ᠠ ᠡᠭᠦᠳᠬᠦ ᠶᠢᠨ ᠬᠠᠮᠳᠤ ᠪᠠᠰᠠ ᠮᠠᠨ ᠤ ᠬᠤᠳᠠ ᠶᠢᠨ ᠡᠯ᠎ᠠ ᠭᠠᠵᠠᠷ ᠢᠶᠠᠷ ᠪᠤᠯᠪᠠᠰᠤᠷᠠᠯ ᠤᠨ ᠠᠩᠭᠢ ᠡᠷᠭᠢᠯᠡᠵᠦ ᠡᠨᠡ ᠬᠦ ᠤᠷ᠎ᠠ ᠮᠡᠷᠭᠡᠵᠢᠯ ᠢᠶᠠᠨ ᠤᠯᠠᠨ ᠳᠤ ᠤᠯᠠᠮᠵᠢᠯᠠᠵᠦ ᠶᠠᠪᠤᠨ᠎ᠠ᠃ ᠪᠤᠯᠪᠠᠰᠤᠷᠠᠯ ᠤᠨ ᠠᠩᠭᠢ ᠡᠷᠭᠢᠯᠡᠵᠦ ᠶᠠᠪᠤᠭ᠎ᠠ ᠵᠤᠷᠢᠯᠭ᠎ᠠ ᠪᠠᠨ ᠲᠡᠷᠡ᠄ ︽ᠪᠤᠯᠪᠠᠰᠤᠷᠠᠯ ᠤᠨ ᠠᠩᠭᠢ ᠡᠷᠬᠢᠯᠡᠳᠡᠭ ᠵᠤᠷᠢᠯᠭ᠎ᠠ ᠨᠢ ᠭᠤᠤᠯᠳᠠᠭᠤ ᠡᠨᠡ ᠬᠦ ᠤᠷᠬᠢᠭᠳᠠᠵᠦ ᠭᠡᠭᠡᠭᠳᠡᠮᠡᠷ ᠪᠤᠯᠤᠭᠰᠠᠨ ᠦᠨᠳᠤᠰᠤᠳᠡᠨ ᠤ ᠰᠤᠶᠤᠯ ᠤᠷᠠᠯᠠᠯ ᠢ ᠨᠡᠩ ᠤᠯᠠᠨ ᠬᠦᠮᠦᠨ ᠳᠤ ᠤᠯᠠᠮᠵᠢᠯᠠᠬᠤ ᠶᠢ ᠵᠤᠷᠢᠪᠠ᠃ ᠲᠠᠬᠢᠪᠠᠯ ᠤᠳᠤ ᠮᠠᠯᠵᠢᠬᠤ ᠤᠷᠤᠨ ᠳᠤ ᠮᠠᠯ ᠤᠨ ᠠᠰᠢᠭ ᠰᠢᠮ᠎ᠠ ᠶᠢᠨ ᠭᠠᠷᠤᠯᠲᠠ ᠬᠢᠮᠳᠠᠷᠠᠵᠦ ᠪᠠᠶᠢᠭ᠎ᠠ ᠪᠠᠶᠢᠳᠠᠯ ᠲᠤᠤᠷ᠎ᠠ ᠮᠠᠨ ᠤ ᠮᠠᠯᠴᠢᠳ ᠮᠠᠯ ᠤᠨ ᠠᠰᠢᠭ ᠰᠢᠮ᠎ᠠ ᠶᠢᠨ ᠭᠠᠷᠤᠯᠲᠠ ᠪᠠᠨ ᠦᠪᠡᠷᠳᠡᠭᠡᠨ ᠡᠳ᠋ᠰᠢᠭᠦᠯᠦᠨ ᠪᠤᠯᠪᠠᠰᠤᠷᠠᠭᠤᠯᠵᠦ ᠬᠢᠵᠦ ᠰᠤᠷᠬᠤ ᠴᠢᠬᠤᠯᠠᠲᠠᠢ ᠪᠠᠶᠢᠨ᠎ᠠ᠃ ᠶᠠᠷᠢᠶᠠᠨ ᠦᠭᠡᠢ ᠬᠡᠳᠦ ᠤᠳᠠᠭᠠᠨ ᠤ ᠪᠤᠯᠪᠠᠰᠤᠷᠠᠯ ᠢᠶᠠᠷ ᠲᠠᠮᠵᠢᠨ ᠨᠢᠭᠡ ᠯᠠ ᠲᠡᠭᠡᠷ᠎ᠠ ᠠᠵᠦ ᠠᠬᠤᠢ ᠶᠢᠨ ᠦᠷ᠎ᠠ ᠠᠰᠢᠭ ᠡᠭᠦᠳᠴᠤ ᠲᠠᠶᠢᠯᠬᠦ ᠦᠭᠡᠢ ᠪᠤᠯᠪᠠᠴᠤ ᠬᠦᠮᠦᠰ ᠤᠨ ᠰᠤᠶᠤᠯ ᠤᠨ ᠤᠬᠠᠮᠰᠠᠷ᠂ ᠦᠵᠡᠯᠲᠡ ᠲᠠᠨᠢᠯᠲᠠ ᠶᠢ ᠨᠢ ᠲᠡᠭᠡᠭᠰᠢᠯᠡᠭᠦᠯᠬᠦ ᠶᠢ ᠵᠤᠷᠢᠭᠰᠠᠨ ᠶᠤᠮ᠃ ᠦᠭᠡᠷ᠎ᠠ ᠪᠠᠷ ᠬᠡᠯᠡᠪᠡᠯ᠂ ᠪᠤᠯᠪᠠᠰᠤᠷᠠᠯ ᠳᠤ ᠤᠷᠤᠯᠴᠠᠭᠰᠠᠨ ᠬᠦᠮᠦᠰ ᠲᠤ ᠢᠯᠡᠭᠦᠦ ᠨᠢᠭᠡ ᠭᠠᠷᠬᠤ ᠵᠠᠮ ᠤᠯᠭᠤᠴᠢᠬᠠᠬᠤ ᠪᠤᠯᠪᠠ ᠤᠤ ᠭᠡᠵᠦ ᠴᠢᠷᠮᠠᠶᠢᠨ᠎ᠠ︾ ᠭᠡᠮᠡᠨ ᠰᠡᠳᠭᠢᠯ ᠤᠨ ᠦᠭᠡ ᠪᠠᠨ ᠲᠡᠯᠭᠡᠪᠡ᠃   ᠰᠡᠴᠡᠨᠳᠤᠶᠠᠭ᠎ᠠ ᠶᠢᠨ ᠦᠪᠡᠷ ᠤᠨ ᠲᠤᠷ᠎ᠠ ᠪᠠᠬ᠎ᠠ᠂ ᠬᠦᠰᠡᠯ ᠵᠤᠷᠢᠯᠲᠠ ᠪᠠᠨ ᠴᠢᠭᠯᠡᠵᠦ᠂ ᠮᠠᠯᠴᠢᠨ ᠠᠴᠠ ᠢᠰᠡᠭᠡᠢ ᠤᠷᠠᠯᠢᠭᠴᠢᠨ ᠪᠤᠯᠵᠦ᠂ ᠰᠢᠨᠳᠠᠷᠠᠰᠢ ᠦᠭᠡᠢ ᠴᠢᠷᠮᠠᠶᠢᠯᠲᠠ ᠪᠠᠷ ᠢᠶᠠᠨ ᠭᠠᠷ ᠲᠠᠭᠠᠨ ᠤᠷ᠎ᠠ ᠡᠷᠳᠡᠮ ᠰᠠᠭᠤᠯᠭᠠᠵᠦ᠂ ᠵᠢᠷᠭᠠᠯᠳᠤ ᠠᠮᠢᠳᠤᠷᠠᠯ ᠢᠶᠠᠨ ᠴᠤᠭᠴᠠᠯᠠᠵᠦ ᠶᠠᠪᠤᠭ᠎ᠠ ᠨᠢ ᠪᠢᠰᠢᠷᠡᠯᠲᠠᠢ᠃
    ᠰᠡᠴᠡᠨᠳᠤᠶᠠᠭ᠎ᠠ ᠢᠰᠡᠬᠡᠢ ᠤᠷᠠᠯᠠᠯ ᠤᠨ ᠪᠤᠯᠪᠠᠰᠤᠷᠠᠯ ᠤᠨ ᠠᠩᠬᠢ ᠳᠤ ᠪᠠᠭᠰᠢᠯᠠᠵᠤ ᠪᠠᠶᠢᠭ᠎ᠠ ᠨᠢ
    ᠰᠡᠴᠡᠨᠳᠤᠶᠠᠭ᠎ᠠ ᠲᠡᠯᠬᠡᠨ ᠦᠵᠡᠬᠦᠯᠬᠡ ᠶᠢᠨ ᠠᠬᠤᠢ ᠲᠠᠯᠠᠪᠠᠢ ᠳᠤ
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号