ᠪᠥᠬᠦ ᠬᠤᠰᠢᠭᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠲᠤᠭᠢᠷᠠᠭᠤᠯᠤᠯᠳᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/9/25
     9 ᠰᠠᠷ᠎ᠠ ᠶᠢᠨ 21 ᠤ ᠡᠳᠦᠷ᠂ ᠪᠥᠬᠦ ᠬᠤᠰᠢᠭᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠭᠦᠯᠭᠦ ᠥᠭᠡᠷᠡᠴᠢᠯᠡᠯᠲᠡ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦ᠋ ᠰᠢᠨ ᠹᠠ᠂ ᠬᠤᠰᠢᠭᠤ ᠤᠳᠤᠷᠢᠳᠤᠯᠭ᠎ᠠ ᠯᠢ ᠰᠢᠤ ᠹᠧᠩ᠂ ᠭᠤᠤ ᠬᠤ᠋᠂ ᠪᠠᠶᠠᠨᠴᠡᠩᠭᠡᠯ᠂ ᠤᠶᠤᠨᠪᠢᠯᠢᠭ᠌ ᠪᠤᠯᠤᠨ ᠡᠯ᠎ᠠ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ  ᠤᠨ ᠭᠤᠤᠯ ᠬᠠᠷᠢᠭᠤᠴᠠᠯᠭᠠᠳᠠᠨ᠂ ᠬᠤᠰᠢᠭᠤ ᠶᠠᠷᠤᠩᠭᠡᠶᠢᠯᠡᠭᠰᠠᠨ ᠵᠠᠰᠠᠭ ᠵᠠᠭᠢᠷᠭᠠᠨ ᠤ ᠬᠠᠤᠯᠢ ᠭᠡᠷᠡᠭᠵᠢᠭᠦᠯᠭᠦ ᠰᠠᠯᠠᠭ᠎ᠠ ᠮᠥᠴᠢᠷ᠂ ᠡᠯ᠎ᠠ ᠰᠤᠮᠤ ᠪᠠᠯᠭᠠᠰᠤᠨ ᠤ ᠶᠠᠷᠤᠩᠭᠡᠶᠢᠯᠡᠭᠰᠠᠨ ᠵᠠᠰᠠᠭ ᠵᠠᠭᠢᠷᠭᠠᠨ ᠤ ᠬᠠᠤᠯᠢ ᠭᠡᠷᠡᠭᠵᠢᠭᠦᠯᠭᠦ ᠲᠤᠪᠴᠢᠶᠠᠨ ᠤ ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃      ᠬᠤᠷᠠᠯ ᠠᠴᠠ᠂ ᠪᠥᠬᠦ ᠬᠤᠰᠢᠭᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠠᠯᠳᠠ ᠶᠢᠨ ᠠᠵᠢᠯ ᠤᠨ ᠪᠠᠶᠢᠳᠠᠯ ᠢ ᠮᠡᠳᠡᠭᠳᠡᠪᠡ᠃ ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠠᠬᠢᠭᠤᠯᠬᠤ ᠪᠣᠯ ᠨᠠᠮ ᠤᠨ ᠲᠥᠪ ᠬᠤᠷᠢᠶᠠᠨ ᠤ ᠰᠢᠢᠳᠪᠤᠷᠢᠳᠤ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠬᠤ᠂ ︽ᠳᠥᠷᠪᠡᠨ ᠢᠲᠡᠭᠡᠯ︾ ᠢᠶᠠᠨ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠶᠢᠨ ᠴᠢᠬᠤᠯᠠ ᠢᠯᠡᠷᠡᠯ᠂ ᠬᠠᠤᠯᠢᠵᠢᠭᠰᠠᠨ ᠦᠥᠰᠢᠨ ᠢ ᠪᠠᠶᠢᠭᠤᠯᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠬᠤ᠂  ᠬᠠᠤᠯᠢᠵᠢᠭᠰᠠᠨ ᠵᠠᠰᠠᠭ ᠤᠨ ᠣᠷᠳᠣᠨ ᠪᠠ ᠥᠢᠯᠡᠴᠢᠯᠡᠭᠡᠨ ᠤ ᠭᠡᠯᠪᠠᠷᠢ ᠶᠢᠨ ᠵᠠᠰᠠᠭ  ᠤᠨ ᠣᠷᠳᠣᠨ ᠢ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ᠂ ︽ᠲᠠᠯᠪᠢᠬᠤ ᠬᠠᠮᠢᠶᠠᠷᠬᠤ ᠥᠢᠯᠡᠴᠢᠯᠠᠭᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠵᠠᠰᠠᠭ ᠵᠠᠬᠢᠷᠭᠠᠨ ᠤ  ᠬᠠᠤᠯᠢ ᠬᠡᠷᠡᠭᠵᠢᠭᠦᠯᠬᠦ ᠪᠠᠶᠢᠭᠤᠯᠤᠯ ᠢ ᠰᠢᠯᠤᠭᠤᠳᠬᠠᠬᠤ᠂ ᠦᠨᠳᠦᠰᠦᠨ ᠱᠠᠲᠤᠨ ᠤ ᠵᠠᠰᠠᠯᠲᠠ ᠶᠢᠨ ᠲᠤᠭᠳᠠᠯᠴᠠᠭ᠎ᠠ ᠶᠢ ᠲᠡᠭᠦᠯᠳᠡᠷᠵᠢᠭᠦᠯᠬᠦ᠂ ᠵᠥᠷᠢᠴᠡᠯ ᠢ ᠡᠬᠢ ᠡᠭᠦᠰᠦᠯ ᠠᠴᠠ ᠨᠠᠮᠳᠠᠭᠤᠯᠬᠤ ᠴᠢᠬᠤᠯᠠ ᠭᠠᠷᠳᠠᠴᠠ ᠪᠣᠯᠤᠨ᠎ᠠ᠃ ᠡᠯ᠎ᠡ ᠭᠠᠵᠠᠷ ᠤᠷᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠶᠡᠷᠦᠩᠬᠡᠶᠢᠯᠡᠭᠰᠡᠨ ᠬᠠᠤᠯᠢ ᠭᠡᠷᠡᠭᠵᠢᠭᠦᠯᠭᠦ ᠪᠠᠶᠢᠭᠤᠯᠤᠮᠵᠢ ᠦᠵᠡᠯ ᠰᠠᠨᠠᠭ᠎ᠠ ᠲᠠᠨᠢᠯᠲᠠ ᠪᠠᠨ ᠨᠢᠭᠡᠳᠭᠡᠨ ᠤᠯᠤᠰ ᠲᠥᠷᠥ ᠶᠢᠨ ᠵᠤᠭᠰᠤᠴᠠ ᠪᠠᠨ ᠳᠡᠭᠡᠭᠰᠢᠯᠡᠭᠦᠯᠵᠦ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ ᠬᠢᠨᠠᠨ ᠵᠥᠪᠰᠢᠶᠡᠷᠡᠬᠦ᠂ ᠬᠢᠨᠠᠨ ᠬᠠᠮᠢᠶᠠᠷᠬᠤ᠂ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠲᠤᠳᠤᠷᠬᠠᠶᠢᠯᠠᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠬᠢᠷᠢ ᠬᠡᠮᠵᠢᠶ᠎ᠡ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ ᠭᠡᠵᠡᠢ᠃      ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠥᠭᠡᠷᠡᠴᠢᠯᠡᠯᠲᠡ ᠶᠢᠨ ᠠᠵᠢᠯ ᠤᠨ ᠭᠤᠤᠯᠳᠠᠯᠭ᠎ᠠ ᠳᠤ ᠠᠩᠬᠠᠷᠤᠯ ᠢᠶᠠᠨ ᠲᠥᠪᠯᠠᠷᠠᠭᠦᠯᠤᠨ ︽ᠲᠤᠰᠬᠠᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ︾ ᠶᠢ ︽ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ︾ ᠳᠠᠰᠢ ᠬᠤᠪᠢᠷᠠᠭᠤᠯᠬᠤ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠪᠠᠷ ᠭᠤᠤᠯᠳᠠᠯᠭ᠎ᠠ ᠪᠤᠯᠭᠠᠨ  ︽ᠬᠠᠤᠯᠢ ᠶᠢ ᠪᠦᠳᠦᠭᠦᠯᠢᠭ ᠢᠶᠠᠷ ᠭᠡᠷᠡᠭᠵᠢᠭᠦᠯᠭᠦ︾ ᠶᠢ ︽ᠬᠠᠤᠯᠢ ᠶᠢ ᠨᠠᠷᠢᠯᠢᠭ ᠪᠠᠷ ᠬᠡᠷᠡᠭᠵᠢᠭᠦᠯᠬᠦ︾ ᠪᠣᠯᠭᠠᠨ ᠬᠤᠪᠢᠷᠠᠭᠤᠯᠬᠤ᠂ ᠬᠠᠤᠯᠢ ᠬᠡᠷᠡᠭᠵᠢᠭᠦᠯᠦᠯᠲᠡ ᠶᠢᠨ ᠵᠣᠬᠢᠴᠠᠭᠤᠯᠤᠨ ᠬᠠᠮᠵᠢᠯᠴᠠᠬᠤ ᠲᠣᠭᠲᠠᠴᠠ ᠶᠢ ᠪᠦᠷᠢᠨᠰᠢᠭᠦᠯᠬᠦ ᠪᠠᠷ ᠭᠤᠣᠯᠳᠠᠯᠭ᠎ᠠ ᠪᠤᠯᠭᠠᠨ ︽ᠭᠠᠭᠴᠠᠭᠠᠷ ᠠᠳᠬᠤᠵᠤ ᠭᠠᠭᠴᠠᠭᠠᠷ ᠲᠡᠮᠡᠴᠡᠬᠦ︾ ᠶᠢ ︽ᠬᠠᠮᠳᠤᠪᠠᠷ ᠠᠳᠬᠤᠵᠤ ᠬᠠᠮᠲᠤᠪᠡᠷ ᠬᠠᠮᠢᠶᠠᠷᠬᠤ︾ ᠪᠣᠯᠭᠠᠨ ᠬᠤᠪᠢᠷᠠᠭᠤᠯᠬᠤ᠂ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠪᠠᠷ ᠭᠤᠤᠯᠳᠠᠯᠭ᠎ᠠ ᠪᠤᠯᠭᠠᠨ ︽ᠭᠠᠭᠴᠠ ᠲᠠᠯ᠎ᠠ ᠪᠠᠷ ᠰᠢᠪᠲᠤᠯᠤᠯᠲᠠ ᠬᠢᠬᠦ︾ ᠶᠢ ︽ᠣᠯᠠᠨ ᠲᠠᠯ᠎ᠠ ᠪᠠᠷ ᠬᠦᠴᠦᠯᠡᠬᠦ︾ ᠳᠠᠰᠢ ᠬᠤᠪᠢᠷᠠᠭᠤᠯᠬᠤ ᠶᠢ ᠠᠭᠢᠭᠤᠯᠬᠤ ᠭᠡᠷᠡᠭᠳᠠᠢ ᠭᠡᠵᠡᠢ᠃      ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠠᠵᠢᠯ ᠤᠨ ᠬᠠᠷᠢᠭᠤᠴᠠᠯᠭ᠎ᠠ ᠪᠠᠨ ᠪᠤᠳᠠᠳᠠᠶᠢᠵᠢᠭᠤᠯᠤᠨ ᠠᠵᠢᠯ ᠤᠨ ᠲᠤᠭᠳᠠᠯᠴᠠᠭ᠎ᠠ ᠶᠢ ᠲᠠᠭᠦᠯᠳᠡᠷᠵᠢᠭᠦᠯᠵᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠡᠭᠦᠷᠭᠡᠯᠠᠨ ᠠᠰᠠᠭᠤᠳᠠᠯ ᠪᠠ ᠬᠠᠷᠠᠯᠳᠠ ᠪᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ ᠰᠠᠭᠢᠯᠭ᠎ᠠ ᠪᠠᠳᠤ ᠲᠥᠷᠢᠮ ᠲᠤᠭᠳᠠᠭᠠᠯ ᠢ ᠲᠠᠷᠢᠭᠦᠨ ᠳᠤ ᠲᠠᠯᠪᠢᠵᠤ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠰᠢᠨ᠎ᠠ ᠪᠠᠶᠢᠳᠠᠯ ᠢ ᠡᠭᠦᠳᠭᠦ ᠭᠡᠷᠡᠭᠳᠠᠢ ᠭᠡᠵᠡᠢ᠃      ᠵᠤᠤ ᠹᠸᠢ ᠯᠦ ᠴᠢᠬᠤᠯᠠᠴᠢᠯᠠᠭᠰᠠᠨ ᠨᠢ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠨᠠᠩ ᠲᠣᠪᠣᠶᠢᠮ᠎ᠠ ᠪᠠᠶᠢᠷᠢᠨ ᠳᠤ ᠲᠠᠯᠪᠢᠵᠤ ᠦᠵᠡᠯ ᠰᠠᠨᠠᠭ᠎ᠠ ᠲᠠᠨᠢᠯᠲᠠ ᠪᠠᠨ ᠲᠡᠭᠡᠭᠰᠢᠯᠠᠭᠦᠯᠤᠨ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ ᠬᠠᠤᠯᠢ ᠬᠡᠷᠡᠭᠵᠢᠭᠦᠯᠬᠦ ᠴᠢᠳᠠᠪᠤᠷᠢ ᠪᠠ ᠬᠢᠷᠢ ᠲᠦᠪᠰᠢᠨ ᠢᠶᠠᠨ ᠲᠡᠭᠡᠭᠰᠢᠯᠠᠭᠦᠯᠤᠨ ᠪᠥᠭᠦ ᠬᠤᠰᠢᠭᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠦᠷ᠎ᠡ ᠪᠥᠳᠥᠮᠵᠢ ᠶᠢ ᠪᠠᠳᠤᠯᠠᠬᠤ ᠭᠡᠷᠡᠭᠳᠠᠢ ᠭᠡᠵᠡᠢ᠃      ᠬᠤᠷᠠᠯ ᠠᠴᠠ ︽ᠲᠥᠪ ᠤᠨ ᠨᠠᠢᠮᠠᠨ ᠲᠥᠷᠤᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠲᠤᠰᠬᠠᠢ ᠱᠠᠯᠠᠪᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠷᠪᠢᠯᠠᠨ ᠭᠠᠮᠨᠠᠬᠤ ᠶᠢ ᠴᠢᠩᠭ᠎ᠠ ᠭᠡᠷᠡᠭᠵᠢᠭᠦᠯᠤᠨ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠥᠪ ᠤᠨ ᠨᠠᠢᠮᠠᠨ ᠲᠥᠷᠤᠯ ᠤᠨ ᠲᠣᠭᠲᠠᠭᠠᠯ᠂ ᠤᠷᠤᠨ ᠬᠤᠳᠠ ᠶᠢᠨ ᠬᠤᠯᠪᠤᠭᠳᠠᠯ ᠪᠥᠭᠦᠢ ᠲᠥᠭᠦᠷᠴᠢᠯᠡᠭᠰᠠᠨ ᠲᠤᠭᠳᠠᠭᠠᠯ ᠤᠨ ᠵᠤᠷᠢᠭ ᠰᠠᠨᠠᠭ᠎ᠠ ᠶᠢ ᠭᠢᠨᠠᠮᠠᠭᠠᠢ ᠰᠤᠷᠤᠯᠴᠠᠬᠤ ᠭᠡᠷᠡᠭᠳᠠᠢ᠃ ᠲᠥᠪ ᠤᠨ ᠨᠠᠢᠮᠠᠨ ᠲᠥᠷᠤᠯ ᠤᠨ ᠲᠤᠭᠳᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠳᠤ ᠬᠢᠨᠠᠯᠲᠠ ᠲᠠᠯᠪᠢᠬᠤ ᠶᠢ ᠪᠠᠶᠢᠩᠭᠤ ᠶᠢᠨ ᠴᠢᠨᠠᠷᠲᠠᠢ ᠠᠵᠢᠯ ᠪᠤᠯᠭᠠᠨ ᠰᠠᠬᠢᠯᠭ᠎ᠠ ᠪᠠᠲᠤ ᠶᠢ ᠬᠡᠷᠡᠭᠵᠢᠭᠦᠯᠵᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ ᠡᠯ᠎ᠠ ᠲᠥᠷᠥᠯ ᠤᠨ ᠬᠠᠤᠯᠢ ᠲᠥᠷᠢᠮ ᠠᠴᠠ ᠵᠥᠷᠢᠴᠡᠭᠰᠠᠨ ᠠᠰᠠᠭᠤᠳᠠᠯ ᠭᠠᠷᠬᠤ ᠶᠢ ᠰᠠᠷᠭᠡᠶᠢᠯᠠᠭᠦ ᠭᠡᠷᠡᠭᠳᠠᠢ᠃ ᠨᠠᠢᠮᠠᠨ ᠰᠠᠷ᠎ᠠ ᠶᠢᠨ ᠲᠡᠷᠭᠡᠯ ᠰᠠᠷᠠᠨ ᠪᠠᠶᠠᠷ᠂ ᠤᠯᠤᠰ ᠤᠨ ᠪᠠᠶᠠᠷ ᠭᠥᠷᠴᠤ ᠢᠷᠠᠭᠦ ᠪᠠᠷ ᠬᠤᠯᠪᠤᠭᠳᠠᠯ ᠪᠥᠭᠦᠢ ᠲᠤᠭᠳᠠᠭᠠᠯ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠵᠠᠷᠯᠢᠭ ᠴᠠᠭᠠᠵᠠ ᠶᠢ ᠲᠠᠭᠠᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号