ᠮᠠᠨ ᠤ ᠬᠤᠰᠢᠭᠤᠨ ᠤ ᠮᠤᠵᠢ ᠶᠢᠨ ᠵᠠᠮ ᠤᠨ 215 ᠱᠤᠭᠤᠮ ᠤᠨ ᠲᠥᠩᠽᠢ ᠠᠴᠠ ᠬᠠᠶ ᠽᠧ ᠫᠠᠨ ︵ᠥᠪᠥᠷ ᠮᠣᠩᠭᠤᠯ ᠱᠠᠨᠰᠢ ᠶᠢᠨ ᠵᠠᠭᠠᠭ︶ ᠬᠦᠷᠬᠦ ᠬᠡᠰᠡᠭ ᠤᠨ ᠵᠠᠰᠠᠮᠠᠯ ᠵᠠᠮ ᠤᠨ PPP ᠲᠥᠷᠥᠯ ᠵᠥᠢᠯ  ᠤᠨ ᠪᠠᠷᠢᠯᠭ᠎ᠠ ᠡᠭᠢᠯᠡᠪᠡ
ᠨᠡᠶᠢᠲᠡᠯᠡᠭᠰᠡᠨ ᠴᠠᠭ᠄
2020/9/25
     9 ᠰᠠᠷ᠎ᠠ ᠶᠢᠨ 21 ᠤ ᠡᠳᠦᠷ᠂ 25.5 ᠳ᠋ᠦᠩᠰᠢᠭᠤᠷ ᠲᠥᠭᠦᠷᠢᠭ ᠤᠨ ᠶᠡᠷᠦᠩᠬᠡᠶ ᠪᠠᠯᠠ ᠣᠷᠣᠭᠤᠯᠤᠯᠲᠠ  ᠲᠠᠢ ᠮᠠᠨ ᠤ ᠬᠤᠰᠢᠭᠤᠨ ᠤ ᠮᠤᠵᠢ ᠶᠢᠨ ᠵᠠᠮ ᠤᠨ 215 ᠱᠤᠭᠤᠮ ᠤᠨ ᠲᠥᠩᠽᠢ ᠠᠴᠠ ᠬᠠᠶ ᠽᠧ ᠫᠠᠨ ︵ᠥᠪᠥᠷ ᠮᠣᠩᠭᠤᠯ ᠱᠠᠨᠰᠢ ᠶᠢᠨ ᠵᠠᠭᠠᠭ︶ ᠬᠦᠷᠬᠦ ᠬᠡᠰᠡᠭ ᠤᠨ ᠵᠠᠰᠠᠮᠠᠯ ᠵᠠᠮ ᠤᠨ PPP ᠲᠥᠷᠥᠯ ᠵᠥᠢᠯ ᠤᠨ ᠪᠠᠷᠢᠯᠭ᠎ᠠ ᠡᠭᠢᠯᠠᠭᠦ ᠶᠤᠰᠤᠯᠠᠯ ᠪᠠᠳᠤ ᠶᠢᠨ ᠲᠤᠬᠤᠢ ᠲᠤᠰᠬᠤᠨ ᠳᠤ ᠶᠠᠪᠤᠭᠳᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠠᠮᠠᠨᠳᠤᠬᠤ ᠵᠡᠷᠭᠡ ᠬᠡᠷ ᠲᠡᠭᠡᠨ ᠪᠠᠶᠢᠭ᠎ᠠ ᠰᠢᠶᠠᠨ ᠤ ᠲᠠᠰ ᠤᠨ ᠭᠡᠰᠡᠭ ᠤᠳᠤᠷᠢᠳᠤᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠲᠢᠩᠬᠢᠮ᠂ ᠬᠤᠲᠠ ᠶᠢᠨ ᠵᠠᠮ ᠬᠠᠷᠢᠯᠴᠠᠭᠠᠨ ᠤ ᠲᠣᠪᠴᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠳᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
     ᠵᠣᠣ ᠹᠸᠢ ᠯᠦ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠢ ᠲᠥᠯᠥᠭᠡᠯᠡᠨ ᠪᠠᠶᠠᠷ ᠤᠨ ᠦᠭᠡ ᠭᠡᠯᠡᠪᠠ᠃  ᠲᠠᠷᠠ ᠵᠢᠭᠠᠬᠤ ᠳᠤ ᠪᠠᠨ᠂ ᠣᠶᠢᠷ᠎ᠠ ᠶᠢᠨ ᠵᠢᠯ ᠳᠤ ᠮᠠᠨ ᠤ ᠬᠤᠰᠢᠭᠤ ᠤᠯᠤᠰ ᠤᠨ ᠵᠠᠮ ᠬᠠᠷᠢᠯᠴᠠᠭ᠎ᠠ ᠶᠢ ᠬᠦᠭᠵᠢᠬᠦᠯᠥᠨ ᠤᠯᠤᠰ ᠢᠶᠠᠨ ᠭᠥᠴᠤᠷᠭᠡᠭᠵᠢᠭᠦᠯᠭᠦ ᠪᠠᠶᠢᠯᠳᠤᠬᠤ ᠪᠣᠳᠣᠯᠭ᠎ᠠ ᠪᠣᠯᠤᠨ ᠥᠪᠡᠷᠳᠡᠭᠡᠨ ᠵᠠᠰᠠᠬᠤ ᠣᠷᠣᠨ᠂ ᠬᠤᠲᠠ ᠶᠢᠨ ᠣᠳᠣ ᠦᠶ᠎ᠡ ᠶᠢᠨ ᠶᠡᠷᠦᠩᠬᠡᠶᠢᠯᠡᠭᠰᠡᠨ ᠵᠠᠮ ᠲᠡᠭᠡᠭᠡᠪᠦᠷᠢ ᠶᠢᠨ ᠲᠤᠭᠳᠠᠯᠴᠠᠭ᠎ᠠ ᠶᠢ ᠪᠠᠶᠢᠭᠤᠯᠬᠤ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ ᠵᠠᠰᠠᠮᠠᠯ ᠵᠠᠮ᠂ ᠲᠡᠮᠦᠷ ᠵᠠᠮ᠂ ᠠᠭᠠᠷ ᠤᠨ ᠠᠶᠠᠯᠠᠯ ᠤᠨ ᠲᠣᠣᠷ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠨᠢᠭᠡᠳᠦᠭᠡᠷ ᠳᠡᠰ ᠤᠨ ᠵᠠᠰᠠᠮᠠᠯ ᠵᠠᠮ᠂ ᠲᠡᠮᠦᠷ ᠵᠠᠮ ᠤᠨ ᠲᠡᠷᠭᠡ ᠨᠠᠪᠳᠡᠷᠡᠭᠰᠠᠨ ᠵᠠᠮ ᠤᠨ ᠤᠷᠲᠤ ᠨᠢ ᠲᠤᠰ ᠲᠤᠰ 520 ᠺᠢᠯᠣᠮᠧᠲᠷ ᠪᠠ 452 ᠺᠢᠯᠣᠮᠧᠲᠷ ᠲᠤ ᠬᠦᠷᠴᠦ ᠨᠡᠶᠢᠲᠡ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠪᠦᠲᠦᠭᠡᠨ ᠪᠠᠶᠢᠭᠤᠯᠬᠤ ᠪᠠᠷ ᠪᠠᠶᠢᠵᠤ ᠪᠦᠬᠦ ᠬᠤᠰᠢᠭᠤᠨ ᠤ ᠵᠠᠮ ᠬᠠᠷᠢᠯᠴᠠᠭᠠᠨ ᠤ ᠦᠢᠯᠡᠰ ᠲᠦᠷᠭᠡᠨ ᠭᠥᠭᠵᠢᠯᠳᠠ ᠲᠠᠢ ᠪᠣᠯᠪᠠ᠃ ᠲᠤᠰ ᠲᠥᠷᠤᠯ ᠵᠥᠢᠯ ᠤᠨ ᠪᠠᠷᠢᠯᠭ᠎ᠠ ᠡᠬᠢᠯᠡᠬᠦ  ᠶᠢ ᠳᠠᠭᠠᠯᠳᠤᠨ ᠵᠡᠭᠦᠨᠰᠢ ᠪᠣᠭᠤᠳᠣ ᠠᠴᠠ ᠮᠣᠣᠮᠢᠩ ᠬᠦᠷᠬᠦ᠂ ᠡᠮᠤᠨᠠᠰᠢ ᠴᠢᠩᠳᠣᠣ ᠠᠴᠠ ᠢᠷᠭᠠᠢ ᠬᠦᠷᠬᠦ᠂ ᠪᠠᠷᠠᠭᠤᠨᠰᠢ ᠪᠡᠬᠡᠵᠢᠩ ᠠᠴᠠ ᠯᠾᠰᠠ ᠬᠦᠷᠬᠦ᠂ ᠤᠮᠠᠷᠠᠰᠢ ᠷᠦᠩᠴᠧᠩ ᠠᠴᠠ ᠦᠬᠠᠢ ᠬᠦᠷᠬᠦ ᠥᠨᠳᠤᠷ ᠬᠤᠷᠳᠤᠴᠠᠳᠤ ᠵᠠᠰᠠᠮᠠᠯ ᠵᠠᠮ ᠲᠠᠢ ᠵᠠᠯᠭᠠᠭᠰᠠᠨ ᠵᠠᠮ ᠬᠠᠷᠢᠯᠴᠠᠭᠠᠨ ᠤ ᠲᠣᠭᠤᠷᠢᠭ ᠢ ᠪᠥᠲᠥᠭᠡᠨ ᠪᠠᠶᠢᠭᠤᠯᠬᠤ ᠪᠤᠯᠤᠨ᠎ᠠ᠃ ᠡᠨᠡ ᠨᠢ ᠮᠠᠨ ᠤ ᠬᠤᠰᠢᠭᠤᠨ ᠤ ᠳᠣᠲᠣᠭᠠᠳᠤ ᠳᠠᠭᠠᠨ ᠵᠠᠯᠭᠠᠯᠳᠤᠨ ᠭᠠᠳᠠᠭᠰᠢ ᠨᠡᠪᠲᠡᠷᠡᠯᠴᠡᠬᠦ ᠨᠡᠭᠡᠭᠡᠯᠲᠡᠲᠦ ᠬᠥᠭᠵᠢᠯᠲᠡ ᠶᠢᠨ ᠪᠠᠶᠢᠷᠢᠰᠢᠯ ᠤᠨ ᠪᠥᠷᠢᠯᠳᠤᠯ ᠢ ᠲᠦᠷᠭᠡᠳᠬᠡᠬᠦ ᠪᠠᠷ ᠪᠠᠷᠠᠬᠤ ᠦᠭᠡᠢ ᠣᠷᠳᠣᠰ ᠤᠨ ᠨᠡᠭᠡᠭᠡᠯᠲᠡ ᠬᠢᠬᠦ ᠶᠢ ᠰᠢᠯᠤᠭᠤᠳᠬᠠᠨ ᠨᠠᠩ ᠴᠤ ᠪᠥᠬᠦ ᠣᠷᠣᠨ ᠤ ᠤᠯᠤᠰ ᠤᠨ ︽ᠨᠢᠭᠡ ᠪᠦᠰᠡ ᠨᠢᠭᠡ ᠵᠠᠮ︾ ᠤᠨ ᠵᠠᠮ ᠬᠠᠷᠢᠯᠴᠠᠭᠠᠨ ᠤ ᠲᠤᠤᠷᠵᠢᠯ ᠲᠠᠢ ᠠᠭᠤᠰᠤᠯᠴᠠᠬᠤ ᠳᠤ ᠴᠢᠬᠤᠯᠠ ᠲᠤᠯᠭᠠᠭᠤᠷᠢᠯᠠᠯ ᠬᠠᠩᠭᠠᠬᠤ ᠪᠣᠯᠤᠨ᠎ᠠ ᠭᠡᠵᠡᠢ᠃
     ᠤᠶᠢᠯᠠᠭᠠᠭᠰᠠᠨ ᠢᠶᠠᠷ᠂ ᠮᠠᠨ ᠤ ᠬᠤᠰᠢᠭᠤᠨ ᠤ ᠮᠤᠵᠢ ᠶᠢᠨ ᠵᠠᠮ ᠤᠨ 215 ᠱᠤᠭᠤᠮ ᠤᠨ ᠲᠥᠩᠽᠢ ᠠᠴᠠ ᠬᠠᠶ ᠽᠧ ᠫᠠᠨ ︵ᠥᠪᠥᠷ ᠮᠣᠩᠭᠤᠯ ᠱᠠᠨᠰᠢ ᠶᠢᠨ ᠵᠠᠭᠠᠭ︶ ᠬᠦᠷᠬᠦ ᠬᠡᠰᠡᠭ ᠤᠨ ᠵᠠᠰᠠᠮᠠᠯ ᠵᠠᠮ ᠤᠨ ᠪᠦᠬᠦ ᠤᠷᠲᠤ ᠨᠢ 69.2 ᠺᠢᠯᠣᠮᠧᠲᠷ ᠪᠠᠶᠢᠵᠤ ᠲᠥᠩᠽᠢ ᠶᠢᠨ ᠡᠮᠦᠨ᠎ᠡ ᠭᠡᠰᠡᠭ ᠠᠴᠠ ᠡᠭᠢᠯᠠᠨ ᠮᠤᠵᠢ ᠶᠢᠨ ᠵᠠᠮ ᠤᠨ 215 ᠱᠤᠭᠤᠮ  ᠤᠨ ᠭᠠᠯᠠᠭᠤᠲᠤ ᠠᠴᠠ ᠲᠥᠩᠽᠢ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠲᠠᠢ ᠵᠠᠯᠭᠠᠯᠳᠤᠵᠤ ᠪᠠᠳᠤ ᠶᠢᠨ ᠲᠤᠬᠤᠢ ᠶᠢᠨ ᠤᠰᠤᠨ ᠴᠥᠭᠦᠷᠥᠮ᠂ ᠤᠷᠳᠤᠪᠡᠶ᠎ᠡ ᠲᠣᠰᠬᠤᠨ᠂ ᠪᠠᠭ᠎ᠠ ᠰᠢᠪᠠᠷ᠂ ᠶᠡᠭᠡ ᠰᠢᠪᠠᠷ᠂ ᠬᠤᠨᠵᠢᠨᠴᠠᠶᠢᠳᠠᠮ ᠢᠶᠠᠷ ᠥᠩᠭᠡᠷᠠᠨ ᠬᠠᠶ ᠽᠧ ᠫᠠᠨ ︵ᠥᠪᠥᠷ ᠮᠣᠩᠭᠤᠯ ᠱᠠᠨᠰᠢ ᠶᠢᠨ ᠵᠠᠭᠠᠭ︶ ᠲᠠᠢ ᠵᠠᠯᠭᠠᠵᠤ ᠪᠠᠶᠢᠭ᠎ᠠ ᠱᠠᠨᠰᠢ ᠮᠤᠵᠢ ᠶᠢᠨ ᠵᠠᠮ ᠤᠨ 204 ᠱᠤᠭᠤᠮ ᠤᠨ ᠲᠡᠮᠡᠭᠡᠲᠦ ᠠᠴᠠ ᠵᠠᠮᠪᠠ ᠶᠢᠨ ᠲᠠᠯ᠎ᠠ ᠬᠦᠷᠬᠦ ᠵᠠᠰᠠᠮᠠᠯ ᠵᠠᠮ ᠤᠨ ᠥᠪᠥᠷ ᠮᠣᠩᠭᠤᠯ ᠤᠨ ᠵᠠᠯᠭᠠᠯᠲᠠ ᠶᠢᠨ ᠱᠤᠭᠤᠮ ᠲᠠᠢ ᠨᠠᠶᠢᠯᠠᠭᠦ ᠪᠤᠯᠤᠨ᠎ᠠ᠃ ᠡᠭᠦᠨ ᠳᠤ 45.6 ᠺᠢᠯᠣᠮᠧᠲᠷ ᠵᠠᠮ ᠢ ᠰᠢᠨ᠎ᠡ ᠪᠠᠷ ᠪᠠᠶᠢᠭᠤᠯᠤᠨ 23.6 ᠺᠢᠯᠣᠮᠧᠲᠷ ᠤᠨ ᠬᠠᠭᠤᠴᠢᠨ ᠵᠠᠮ ᠢ ᠥᠭᠡᠷᠡᠴᠢᠯᠡᠨ ᠵᠠᠰᠠᠵᠤ ᠨᠠᠷᠢᠠᠭᠤᠤᠯ  ᠤᠨ ᠠᠵᠤ ᠥᠢᠯᠡᠳᠪᠤᠷᠢ ᠶᠢᠨ ᠬᠦᠷᠢᠶᠡᠯᠡᠩ ᠲᠣᠭᠤᠷᠢᠭ ᠢ ᠬᠤᠯᠪᠤᠬᠤ ᠱᠤᠭᠤᠮ ᠢ ᠵᠠᠷᠭᠡᠪᠠᠷ 20.3 ᠺᠢᠯᠣᠮᠧᠲᠷ ᠵᠠᠰᠠᠬᠤ ᠪᠤᠯᠤᠨ᠎ᠠ᠃
     S215 ᠱᠤᠭᠤᠮ ᠤᠨ ᠲᠥᠩᠽᠢ ᠠᠴᠠ ᠬᠠᠶ ᠽᠧ ᠫᠠᠨ ᠬᠦᠷᠬᠦ ᠵᠠᠰᠠᠮᠠᠯ ᠵᠠᠮ ᠤᠨ ᠲᠥᠷᠥᠯ ᠵᠥᠢᠯ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠵᠠᠮ  ᠤᠨ ᠲᠤᠤᠷ ᠤᠨ ᠲᠥᠯᠥᠪᠵᠢᠭᠦᠯᠭᠡ ᠶᠢᠨ ᠳᠣᠲᠣᠷᠠᠬᠢ 29 ᠵᠤᠷᠪᠤᠰ ᠤᠮᠠᠷᠠᠲᠤ ᠡᠮᠦᠨᠡᠲᠦ ᠶᠢᠨ ᠭᠤᠣᠯᠲᠤ ᠱᠤᠭᠤᠮ ᠤᠨ ᠨᠢᠭᠡ ᠪᠣᠯᠬᠤ ᠮᠤᠵᠢ ᠶᠢᠨ ᠵᠠᠮ ᠤᠨ 215 ᠱᠤᠭᠤᠮ ᠤᠨ ᠪᠦᠷᠢᠯᠳᠦᠬᠦᠨ ᠬᠡᠰᠡᠭ᠂ ᠮᠥᠨ ᠴᠦ ᠥᠪᠡᠷᠲᠡᠭᠡᠨ ᠵᠠᠰᠠᠬᠤ ᠣᠷᠣᠨ ᠠᠴᠠ ᠱᠠᠨᠰᠢ ᠮᠤᠵᠢ ᠳᠤ ᠨᠡᠪᠲᠡᠷᠡᠬᠦ ᠭᠤᠣᠯ ᠵᠠᠮ ᠤᠨ ᠨᠢᠭᠡ ᠪᠣᠯᠤᠨ᠎ᠠ᠃ ᠡᠨᠡ ᠬᠦ ᠲᠥᠷᠥᠯ ᠵᠥᠢᠯ ᠤᠨ ᠪᠦᠲᠦᠭᠡᠨ ᠪᠠᠶᠢᠭᠤᠯᠤᠯᠲᠠ ᠨᠢ ᠣᠷᠳᠣᠰ ᠬᠤᠲᠠ ᠶᠢᠨ ᠲᠡᠭᠡᠳᠤ ᠲᠡᠰ ᠤᠨ ᠵᠠᠰᠠᠮᠠᠯ ᠵᠠᠮ ᠤᠨ ᠲᠣᠣᠷ ᠤᠨ ᠪᠦᠲᠦᠴᠡ ᠶᠢ ᠪᠠᠶᠢᠭᠤᠯᠤᠨ ᠲᠠᠭᠦᠯᠳᠡᠷᠵᠢᠭᠦᠯᠵᠤ ᠵᠠᠮ ᠲᠠᠭᠠᠤ ᠭᠠᠵᠠᠷ ᠣᠷᠣᠨ ᠤ ᠡᠬᠢ ᠪᠠᠶᠠᠯᠢᠭ ᠤᠨ ᠨᠡᠭᠡᠭᠡᠯᠲᠡ ᠶᠢ ᠲᠦᠷᠭᠡᠳᠬᠡᠬᠦ ᠵᠢᠴᠢ ᠣᠷᠳᠣᠰ ᠬᠤᠲᠠ ᠶᠢᠨ ᠡᠮᠦᠨᠡᠲᠦ ᠬᠡᠰᠡᠭ ᠤᠨ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠬᠤ᠂ ᠥᠪᠥᠷ ᠮᠣᠩᠭᠤᠯ ᠱᠠᠠᠰᠢ ᠬᠤᠶᠠᠷ ᠭᠠᠵᠠᠷ ᠤᠨ ᠠᠵᠤ ᠠᠬᠤᠶ ᠶᠢᠨ ᠬᠠᠮᠵᠢᠯᠴᠠᠭ᠎ᠠ ᠪᠣᠯᠤᠨ ᠰᠣᠯᠢᠯᠴᠠᠭ᠎ᠠ ᠶᠢ ᠴᠢᠩᠭᠠᠳᠬᠠᠬᠤ᠂ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢ ᠵᠣᠬᠢᠴᠠᠭᠤᠯᠤᠨ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃      ᠥᠥᠰᠢᠨ ᠬᠤᠰᠢᠭᠤᠨ ᠤ ᠪᠸᠢ ᠯᠦᠩ ᠪᠥᠲᠥᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠭᠢᠵᠠᠭᠠᠷᠳᠤ ᠺᠣᠮᠫᠠᠨᠢ ᠶᠢᠨ ᠶᠡᠷᠦᠩᠬᠡᠶ ᠢᠨᠵᠧᠨᠧᠷ ᠳᠡᠳ᠋ ᠶᠡᠷᠦᠩᠬᠡᠶ ᠳᠠᠭᠠᠭᠠᠮᠠᠯ ᠼᠤᠤ ᠶᠢᠨ ᠴᠧᠩ ᠤᠨ ᠭᠡᠯᠡᠭᠦ ᠪᠠᠷ᠂ ᠲᠤᠰ ᠲᠥᠷᠤᠯ ᠵᠥᠢᠯ ᠢ 2023 ᠤᠨ ᠳᠤ ᠲᠠᠷᠭᠡ ᠨᠠᠪᠳᠠᠷᠠᠭᠦᠯᠭᠦ ᠪᠠᠷ ᠲᠥᠯᠥᠪᠯᠡᠨ ᠥᠥᠰᠢᠨ ᠬᠤᠰᠢᠭᠤ ᠠᠴᠠ ᠱᠠᠨᠰᠢ ᠮᠤᠵᠢ ᠶᠢᠨ ᠵᠠᠮᠪᠠ ᠶᠢᠨ ᠲᠠᠯ᠎ᠠ ᠬᠥᠷᠬᠦ ᠵᠠᠮ ᠬᠠᠷᠢᠯᠴᠠᠭᠠᠨ ᠤ ᠭᠤᠤᠯ ᠱᠤᠭᠤᠮ ᠪᠤᠯᠭᠠᠨ ᠪᠥᠳᠥᠭᠡᠨ ᠪᠠᠶᠢᠭᠤᠯᠵᠤ ᠪᠠᠷᠠᠭᠤᠨ ᠬᠡᠰᠡᠭ ᠤᠨ ᠭᠠᠵᠠᠷ ᠣᠷᠣᠨ ᠵᠢᠴᠢ ᠵᠠᠮ  ᠲᠠᠭᠠᠤ ᠶᠢᠨ ᠠᠵᠤ ᠠᠬᠤᠶ ᠶᠢᠨ ᠪᠦᠲᠦᠭᠡᠨ ᠪᠠᠶᠢᠭᠤᠯᠤᠯᠳᠠ ᠶᠢ ᠲᠠᠶᠢᠴᠢᠯᠠᠬᠤ ᠪᠤᠯᠤᠨ᠎ᠠ ᠭᠡᠵᠤ ᠪᠠᠶᠢᠯ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号