ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠡᠰᠡᠭ ᠰᠤᠮᠤ ᠪᠠᠯᠭᠠᠰᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ  ᠳᠤ ᠱᠠᠭᠠᠷᠳᠠᠨ ᠪᠠᠶᠢᠴᠠᠭᠠᠯᠳᠠ ᠭᠢᠪᠡ
ᠨᠡᠶᠢᠲᠡᠯᠡᠭᠰᠡᠨ ᠴᠠᠭ᠄
2020/9/25
     9 ᠰᠠᠷ᠎ᠠ ᠶᠢᠨ 18 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠭᠠᠯᠠᠭᠤᠲᠤ ᠪᠠᠯᠭᠠᠰᠤ᠂ ᠰᠦᠯᠳᠡ ᠰᠤᠮᠤ᠂ ᠰᠢᠷᠬᠤᠰᠤᠨ ᠪᠠᠯᠭᠠᠰᠤᠨ ᠤ ᠬᠡᠰᠡᠭ ᠭᠠᠴᠠᠭ᠎ᠠ ᠲᠣᠰᠬᠤᠨ ᠢᠶᠠᠷ ᠭᠥᠨᠵᠠᠭᠡᠶᠢᠷᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠣᠰᠬᠤᠨ ᠤ ᠬᠠᠮᠲᠤ ᠶᠢᠨ ᠠᠵᠤ ᠠᠬᠤᠶ ᠵᠡᠷᠭᠡ ᠠᠵᠢᠯ ᠳᠤ ᠱᠠᠭᠠᠷᠳᠠᠨ ᠪᠠᠶᠢᠴᠠᠭᠠᠯᠳᠠ ᠭᠢᠵᠤ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠶᠢᠴᠠᠭᠠᠯᠳᠠ ᠳᠤ ᠤᠷᠤᠯᠴᠠᠭᠰᠠᠨ ᠪᠠᠶᠢᠨ᠎ᠠ᠃
     ᠰᠠᠷᠠᠭᠤᠯᠨᠤᠳᠤᠭ ᠭᠠᠴᠠᠭᠠᠨ ᠳᠤ᠂ ᠡᠷᠳᠡᠨᠢᠪᠢᠯᠢᠭ ᠭᠠᠴᠠᠭᠠᠨ ᠤ ᠴᠠᠭᠠᠨ ᠢᠳᠡᠭᠡᠨ ᠤ ᠥᠢᠯᠡᠳᠪᠤᠷᠢ ᠶᠢᠨ ᠡᠷᠭᠢᠯᠳᠠ ᠶᠢᠨ ᠪᠠᠶᠢᠳᠠᠯ ᠪᠠ ᠣᠷᠭᠠᠨᠢᠭ ᠢᠳᠡᠰᠢᠨ ᠨᠣᠭᠤᠭ᠎ᠠ ᠶᠢᠨ ᠫᠧᠩ ᠰᠠᠷᠠᠪᠴᠢ ᠶᠢᠨ ᠠᠰᠢᠭᠯᠠᠯᠲᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠡᠷᠳᠡᠨᠢᠪᠢᠯᠢᠭ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢᠨ ᠥᠨᠳᠤᠰᠤ ᠨᠢ ᠠᠵᠤ ᠦᠢᠯᠡᠰ ᠲᠤ ᠲᠦᠰᠢᠭᠯᠡᠵᠦ ᠵᠠᠩᠭᠢᠯᠠᠭ᠎ᠠ ᠨᠢ ᠠᠵᠢᠯ ᠣᠯᠭᠤᠯᠲᠠ ᠳᠤ ᠪᠤᠢ᠃ ᠶᠠᠳᠠᠭᠤ ᠶᠢ ᠲᠡᠳᠬᠦᠬᠦ ᠥᠢᠯᠡᠳᠪᠤᠷᠢ ᠶᠢᠨ ᠲᠠᠰᠤᠭ ᠢ ᠪᠠᠶᠢᠭᠤᠯᠬᠤ ᠨᠢ ᠳᠠᠷᠤᠶ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠳᠤ ᠠᠷᠭ᠎ᠠ ᠵᠠᠮ ᠢ ᠡᠷᠢᠨ ᠬᠡᠷ ᠤᠨ ᠡᠭᠦᠳᠡᠨ ᠲᠡᠭᠡᠷ᠎ᠡ ᠨᠢ ᠠᠵᠢᠯ ᠣᠯᠭᠤᠬᠤ ᠶᠢᠨ ᠲᠥᠯᠥᠭᠡ ᠶᠤᠮ᠃ ᠡᠯ᠎ᠡ ᠬᠠᠮᠢᠶ᠎ᠠ ᠪᠦᠬᠦᠢ ᠨᠢᠭᠡᠴᠢ ᠶᠠᠳᠠᠭᠤ ᠶᠢ ᠲᠡᠳᠬᠦᠬᠦ ᠥᠢᠯᠡᠳᠪᠤᠷᠢ ᠲᠠᠰᠤᠭ ᠤᠨ ᠪᠥᠳᠥᠭᠡᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠪᠠᠷ ᠪᠠᠷᠠᠬᠤ ᠦᠭᠡᠶ ᠪᠦᠲᠦᠭᠡᠨ ᠪᠠᠶᠢᠭᠤᠯᠤᠭᠰᠠᠨ ᠤ ᠳᠠᠷᠠᠭᠠᠬᠢ ᠥᠢᠯᠡᠳᠪᠤᠷᠢᠯᠠᠯ ᠤᠨ ᠡᠷᠭᠢᠯᠳᠠ ᠶᠢᠨ ᠪᠠᠶᠢᠳᠠᠯ ᠢ ᠨᠡᠩ  ᠴᠢᠬᠤᠯᠠᠴᠢᠯᠠᠨ ᠠᠷᠭ᠎ᠠ ᠪᠦᠬᠦᠨ ᠢ ᠰᠦᠪᠡᠭᠴᠢᠯᠡᠨ ᠶᠠᠳᠠᠭᠤ ᠶᠢ ᠲᠡᠳᠬᠦᠬᠦ ᠡᠯ᠎ᠡ ᠲᠥᠷᠥᠯ ᠵᠥᠢᠯ ᠤᠨ ᠦᠷ᠎ᠡ ᠠᠰᠢᠭ ᠪᠠᠨ ᠪᠠᠳᠠᠷᠠᠭᠤᠯᠬᠤ ᠶᠢ ᠪᠠᠲᠤᠯᠠᠵᠤ ᠮᠠᠯᠴᠢᠨ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠭᠦ  ᠶᠢ ᠲᠠᠶᠢᠴᠢᠯᠠᠬᠤ ᠭᠡᠷᠡᠭᠳᠠᠢ᠃ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠵᠣᠬᠢᠶᠠᠨ ᠪᠠᠶᠢᠭᠤᠯᠬᠤ ᠬᠡᠯᠲᠡᠰ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ ᠬᠡᠷᠪᠡ ᠶᠠᠳᠠᠭᠤ ᠶᠢ ᠲᠡᠳᠬᠦᠬᠦ ᠪᠠᠷ ᠪᠠᠶᠢᠭᠤᠯᠤᠭᠰᠠᠨ ᠥᠢᠯᠡᠳᠪᠤᠷᠢ ᠶᠢᠨ ᠲᠠᠰᠤᠭ ᠣᠷᠳᠣ ᠬᠤᠭᠤᠴᠠᠭ᠎ᠠ ᠪᠠᠷ ᠥᠢᠯᠡᠳᠪᠤᠷᠢᠯᠠᠭᠦ ᠥᠭᠡᠢ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ᠴᠠᠭ ᠲᠤᠬᠠᠶ ᠳᠤᠨᠢ ᠬᠠᠤᠯᠢ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ ᠭᠡᠵᠡᠢ᠃
     ᠡᠷᠳᠡᠨᠢᠪᠢᠯᠢᠭ ᠱᠠᠭᠠᠷᠳᠠᠬᠤ ᠳᠤ ᠪᠠᠨ᠂ ᠭᠠᠴᠠᠭ᠎ᠠ ᠲᠣᠰᠬᠤᠨ ᠤ ᠺᠠᠳ᠋ᠷ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠠ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠳ ᠲᠥᠷᠥ ᠶᠢᠨ ᠪᠣᠳᠣᠯᠭ᠎ᠠ ᠶᠢᠨ ᠰᠤᠷᠤᠯᠴᠠᠯᠭ᠎ᠠ ᠪᠠᠨ ᠴᠢᠩᠭᠠᠳᠬᠠᠨ ᠳᠤᠪᠤᠶᠢᠮ᠎ᠠ ᠠᠰᠠᠭᠤᠳᠠᠯ ᠪᠠ ᠪᠠᠭᠤᠷᠠᠶ ᠲᠠᠯ᠎ᠠ ᠳᠤ ᠠᠩᠬᠠᠷᠤᠯ ᠢᠶᠠᠨ ᠲᠥᠪᠯᠠᠷᠠᠭᠦᠯᠤᠨ ︽ᠬᠤᠶᠠᠷ ᠲᠤ ᠰᠠᠨᠠᠭᠠᠰᠢᠷᠠᠬᠤ ᠦᠭᠡᠢ ᠭᠤᠷᠪᠠ ᠶᠢ ᠪᠠᠲᠤᠯᠠᠬᠤ︾ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠵᠦ ᠡᠯ᠎ᠡ ᠲᠥᠷᠤᠯ ᠤᠨ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠨᠢᠭᠡ ᠡᠷᠦᠬᠡ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠨᠠᠶᠢᠳᠠᠪᠤᠷᠢᠵᠢᠭᠤᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠴᠤᠰ ᠤᠨ ᠲᠠᠶᠢᠯᠠᠯᠳᠤᠭᠠᠨ ᠢ ᠵᠠᠪᠠᠯ ᠢᠯᠠᠬᠤ ᠬᠡᠷᠡᠭᠲᠡᠶ᠃ ᠶᠠᠳᠠᠭᠤ ᠶᠢ ᠲᠡᠳᠬᠦᠬᠦ ᠲᠠᠰᠤᠭ ᠤᠨ ᠪᠠᠶᠢᠭᠤᠯᠤᠯᠲᠠ ᠶᠢ ᠬᠥᠳᠡᠭᠡ ᠲᠣᠰᠬᠤᠨ ᠢ ᠭᠥᠭᠵᠢᠭᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ ᠲᠠᠢ ᠤᠶᠠᠯᠳᠤᠭᠤᠯᠤᠨ ᠶᠠᠳᠠᠭᠤ ᠶᠢ ᠲᠡᠳᠬᠦᠬᠦ ᠥᠢᠯᠡᠳᠪᠤᠷᠢ ᠶᠢᠨ ᠲᠠᠰᠤᠭ ᠤᠨ ᠬᠠᠮᠢᠶᠠᠷᠤᠯᠲᠠ ᠡᠵᠡᠩᠨᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ ᠨᠠᠩ ᠣᠯᠠᠨ ᠭᠥᠮᠤᠰ ᠢ ᠠᠵᠢᠯ ᠤᠨ ᠪᠠᠶᠢᠷᠢ ᠲᠠᠢ᠂ ᠣᠷᠣᠯᠭ᠎ᠠ ᠲᠠᠢ ᠪᠤᠯᠭᠠᠬᠤ ᠭᠡᠷᠡᠭᠳᠠᠢ᠃ ᠰᠢᠨ᠎ᠡ ᠪᠠᠷ ᠪᠠᠶᠢᠭᠤᠯᠬᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ ᠡᠷᠳᠡᠭᠡᠨ ᠠᠰᠢᠭᠯᠠᠯᠲᠠ ᠳᠤ ᠣᠷᠣᠭᠤᠯᠵᠤ ᠦᠷ᠎ᠡ ᠠᠰᠢᠭ ᠢ ᠨᠢ ᠪᠠᠳᠠᠷᠠᠭᠤᠯᠬᠤ ᠪᠠᠷ ᠴᠢᠷᠮᠠᠶᠢᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠴᠢᠨᠠᠷ ᠰᠠᠶᠢᠲᠠᠢ ᠪᠠᠶᠠᠯᠠᠭᠦᠯᠭᠦ ᠭᠡᠷᠡᠭᠳᠠᠢ ᠭᠡᠵᠡᠢ᠃
     ᠲᠠᠯ᠎ᠠ ᠶᠢᠨ ᠤᠰᠤ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠠᠮᠢᠳᠤ ᠪᠣᠳᠠᠰ ᠤᠨ ᠣᠷᠭᠠᠨᠢᠭ ᠪᠣᠷᠳᠣᠭᠤᠷ ᠤᠨ ᠥᠢᠯᠡᠳᠪᠤᠷᠢ ᠳᠤ ᠡᠷᠳᠡᠨᠢᠪᠢᠯᠢᠭ ᠴᠢᠬᠤᠯᠠᠴᠢᠯᠠᠭᠰᠠᠨ ᠨᠢ᠂ ᠦᠨᠳᠦᠰᠦᠨ ᠱᠠᠲᠤᠨ ᠤ ᠺᠠᠳ᠋ᠷ ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠢᠨ ᠲᠠᠭᠠᠭᠤᠯᠤᠭᠴᠢ ᠶᠢᠨ ᠦᠢᠯᠡᠳᠦᠯ ᠢᠶᠠᠨ ᠪᠠᠳᠠᠷᠠᠭᠤᠯᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠠᠶᠢᠲᠤᠷ ᠲᠣᠭᠲᠠᠭᠠᠵᠤ ᠪᠦᠲᠦᠮᠵᠢᠲᠡᠶ ᠠᠷᠭ᠎ᠠ ᠬᠡᠯᠪᠡᠷᠢ ᠶᠢ ᠢᠳᠡᠪᠬᠢᠲᠡᠶ ᠰᠦᠪᠡᠭᠴᠢᠯᠡᠨ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠤᠭᠳᠠᠯᠴᠠᠭ᠎ᠠ ᠶᠢ ᠪᠠᠶᠢᠭᠤᠯᠤᠨ ᠮᠠᠯᠴᠢᠨ ᠲᠠᠷᠢᠶᠠᠴᠢᠨ ᠢ ᠳᠠᠭᠠᠭᠤᠯᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠭᠡᠷᠡᠭᠳᠠᠢ᠃ ᠬᠠᠮᠢᠶᠠᠷᠤᠯᠲᠠ ᠶᠢᠨ ᠬᠢᠷᠢ ᠲᠦᠪᠰᠢᠨ ᠢ ᠲᠡᠭᠡᠭᠰᠢᠯᠠᠭᠦᠯᠤᠨ ᠵᠠᠬ᠎ᠠ ᠳᠡᠯᠭᠡᠭᠦᠷ ᠤᠨ ᠪᠠᠶᠢᠴᠠᠭᠠᠨ ᠰᠤᠳᠤᠯᠤᠯᠲᠠ ᠶᠢ ᠴᠢᠩᠭᠠᠳᠬᠠᠵᠤ ᠠᠵᠤ ᠦᠢᠯᠡᠰ ᠤᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠤᠨ ᠨᠠᠷ᠎ᠠ ᠲᠡᠮᠳᠡᠭᠲᠦ ᠣᠨᠴᠠᠯᠢᠭᠲᠤ ᠠᠵᠤ ᠥᠢᠯᠠᠰ ᠢ ᠭᠥᠭᠵᠢᠭᠦᠯᠵᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠯᠠᠨ ᠡᠰᠢᠵᠢᠭᠰᠡᠨ ᠬᠥᠭᠵᠢᠯᠲᠡ ᠶᠢ ᠪᠠᠶᠠᠯᠠᠭᠦᠯᠤᠨ ᠮᠠᠯᠵᠢᠬᠤ ᠲᠠᠷᠢᠶᠠᠯᠠᠬᠤ ᠣᠷᠣᠨ ᠤ ᠡᠯ᠎ᠡ ᠲᠥᠷᠥᠯ ᠤᠨ ᠠᠵᠢᠯ ᠦᠢᠯᠡᠰ ᠪᠠ ᠬᠠᠮᠲᠤ ᠶᠢᠨ ᠠᠵᠤ ᠠᠬᠤᠢ ᠶᠢᠨ ᠬᠥᠭᠵᠢᠯᠲᠡ ᠰᠢᠨ᠎ᠡ ᠰᠢᠪᠲᠤᠯᠤᠯᠲᠠ ᠲᠠᠢ ᠪᠣᠯᠬᠤ ᠶᠢ ᠠᠭᠢᠭᠤᠯᠬᠤ ᠭᠡᠷᠡᠭᠳᠠᠢ ᠭᠡᠵᠡᠢ᠃
     ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠡᠷᠳᠡᠨᠢᠪᠢᠯᠢᠭ ᠨᠡᠷ ᠪᠠᠰᠠ ᠮᠠᠨ ᠤ ᠬᠤᠰᠢᠭᠤᠨ ᠤ ᠨᠠᠮᠴᠢ ᠴᠢᠨᠠᠷ ᠤᠨ ᠬᠥᠮᠦᠵᠢᠯ ᠤᠨ ᠭᠤᠤᠯ ᠰᠡᠳᠦᠪᠲᠦ ᠣᠷᠳᠣᠨ ᠤ ᠲᠥᠷᠥᠯ  ᠵᠥᠢᠯ ᠤᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠪᠠᠶᠢᠴᠠᠭᠠᠨ ᠦᠵᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号