ᠬᠤᠳᠠ ᠶᠢᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠣᠬᠡ  ᠶᠢᠨ ᠳᠣᠷᠠᠰᠬᠠᠯᠲᠣ ᠵᠦᠢᠯ ᠢ ᠬᠠᠮᠠᠭᠠᠯᠠᠬᠤ ︽ᠨᠢᠬᠡ ᠬᠠᠣᠯᠢ ᠨᠢᠬᠡ ᠳᠦᠷᠢᠮ︾ ᠤᠨ ᠬᠠᠣᠯᠢ ᠬᠡᠷᠡᠭᠵᠢᠬᠦᠯᠦᠯᠳᠡ ᠶᠢᠨ ᠳᠣᠬᠠᠢ ᠪᠠᠶᠢᠴᠠᠭᠠᠯᠳᠠ ᠶᠢᠨ ᠶᠠᠷᠢᠯᠴᠠᠬᠤ ᠬᠤᠷᠠᠯ ᠢ ᠬᠤᠷᠠᠯᠳᠣᠭᠤᠯᠪᠠ
ᠨᠡᠶᠢᠲᠡᠯᠡᠭᠰᠡᠨ ᠴᠠᠭ᠄
2020/9/25
     9 ᠰᠠᠷ᠎ᠠ ᠶᠢᠨ 22 ᠤᠨ ᠡᠳᠦᠷ᠂  ᠮᠠᠨ ᠤ ᠬᠤᠰᠢᠭᠤ ᠬᠤᠳᠠ ᠶᠢᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠣᠬᠡ ᠶᠢᠨ ᠳᠣᠷᠠᠰᠬᠠᠯᠲᠣ ᠵᠦᠢᠯ ᠢ ᠬᠠᠮᠠᠭᠠᠯᠠᠬᠤ ︽ᠨᠢᠬᠡ ᠬᠠᠣᠯᠢ ᠨᠢᠬᠡ ᠳᠦᠷᠢᠮ︾ ᠤᠨ ᠬᠠᠣᠯᠢ ᠬᠡᠷᠡᠭᠵᠢᠬᠦᠯᠦᠯᠳᠡ ᠶᠢᠨ ᠳᠣᠬᠠᠢ ᠪᠠᠶᠢᠴᠠᠭᠠᠯᠳᠠ ᠶᠢᠨ ᠶᠠᠷᠢᠯᠴᠠᠬᠤ ᠬᠤᠷᠠᠯ ᠢ ᠬᠤᠷᠠᠯᠳᠣᠭᠤᠯᠪᠠ᠃ ᠬᠤᠳᠠ ᠶᠢᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ  ᠤ ᠳᠡᠳ᠋ ᠡᠷᠬᠢᠯᠡᠭᠴᠢ ᠪᠠᠶᠠᠷ᠂ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠰᠢᠦ ᠹᠧᠩ᠂ ᠬᠤᠰᠢᠭᠤ ᠳᠡᠳ᠋ ᠳᠠᠷᠤᠭ᠎ᠠ ᠪᠠᠶᠠᠨᠴᠡᠩᠬᠡᠯ ᠪᠤᠯᠤᠨ ᠬᠤᠰᠢᠭᠤ ᠰᠣᠷᠭᠠᠨ ᠬᠦᠮᠦᠵᠢᠯ ᠪᠡᠶ᠎ᠡ ᠳᠠᠮᠢᠷ ᠤᠨ ᠳᠣᠪᠴᠢᠶ᠎ᠠ᠂ ᠳᠣᠳᠣᠭᠠᠲᠣ ᠶᠢ ᠬᠠᠮᠠᠭᠠᠯᠠᠬᠤ ᠳᠣᠪᠴᠢᠶ᠎ᠠ᠂ ᠰᠣᠶᠣᠯ ᠪᠠ ᠵᠢᠭᠤᠯᠴᠢᠯᠠᠯ ᠤᠨ ᠳᠣᠪᠴᠢᠶ᠎ᠠ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠳᠠᠨ ᠪᠠ ᠬᠡᠰᠡᠭ ᠪᠦᠯᠦᠭ ᠬᠤᠳᠠ ᠶᠢᠨ ᠳᠡᠰ ᠤᠨ ᠠᠷᠠᠳ ᠤᠨ ᠳᠦᠯᠦᠬᠡᠯᠡᠭᠴᠢ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠪᠠᠶᠠᠨᠴᠡᠩᠬᠡᠯ ᠠᠴᠠ ᠮᠠᠨ ᠤ ᠬᠤᠰᠢᠭᠤᠨ ᠤ ᠳᠡᠣᠬᠡ ᠶᠢᠨ ᠳᠣᠷᠠᠰᠬᠠᠯᠲᠣ ᠵᠦᠢᠯ ᠢ ᠬᠠᠮᠠᠭᠠᠯᠠᠬᠤ ︽ᠨᠢᠬᠡ ᠬᠠᠣᠯᠢ ᠨᠢᠬᠡ ᠳᠦᠷᠢᠮ︾ ᠢ ᠬᠡᠷᠡᠭᠵᠢᠬᠦᠯᠦᠭᠰᠡᠨ ᠪᠠᠶᠢᠳᠠᠯ ᠤᠨ ᠳᠣᠬᠠᠢ ᠬᠠᠷᠢᠭᠤ ᠮᠡᠳᠡᠬᠦᠯᠦᠯᠳᠡ ᠬᠢᠵᠦ ᠬᠤᠳᠠ ᠶᠢᠨ ᠪᠠᠶᠢᠴᠠᠭᠠᠯᠳᠠ ᠶᠢᠨ ᠳᠣᠭᠤᠶᠢᠯᠠᠩ ᠠᠴᠠ ᠮᠠᠨ ᠤ ᠬᠤᠰᠢᠭᠤᠨ ᠳᠤ ᠪᠣᠰᠣᠳᠴᠢ ᠪᠣᠳᠠᠳᠠᠢ ᠦᠨᠡᠯᠡᠯᠳᠡ ᠦᠭᠬᠦ ᠶᠢᠨ ᠬᠠᠮᠲᠣ ᠰᠠᠨᠠᠯ ᠰᠠᠨᠠᠭᠤᠯᠭ᠎ᠠ ᠳᠣᠷᠠᠳᠪᠠ᠃      ᠬᠤᠷᠠᠯ ᠠᠴᠠ ᠴᠢᠬᠤᠯᠠᠴᠢᠯᠠᠬᠤ ᠳᠠᠭᠠᠨ᠂ ᠦᠵᠡᠯᠳᠡ ᠳᠠᠨᠢᠯᠳᠠ ᠪᠠᠨ ᠲᠡᠭᠡᠭᠰᠢᠯᠠᠭᠦᠯᠤᠨ ᠠᠷᠭ᠎ᠠ ᠪᠠᠷᠢᠯ ᠢᠶᠠᠨ ᠰᠢᠨᠡᠴᠢᠯᠡᠵᠦ ᠣᠨᠢᠨ ᠳᠡᠭᠡᠷ᠎ᠡ ᠨᠢ ᠬᠦᠴᠦᠯᠡᠵᠦ ᠳᠡᠣᠬᠡ ᠶᠢᠨ ᠳᠣᠷᠠᠰᠬᠠᠯᠲᠣ ᠵᠦᠢᠯ ᠢ ᠬᠠᠮᠠᠭᠠᠯᠠᠨ ᠠᠰᠢᠭᠯᠠᠬᠤ ᠳᠦᠪᠰᠢᠨ ᠢ ᠦᠨᠡᠨᠬᠦ ᠳᠡᠭᠡᠭᠰᠢᠯᠡᠬᠦᠯᠬᠦ ᠬᠡᠷᠡᠭᠲᠡᠢ᠃ ᠪᠡᠯᠡ ᠮᠦᠩᠬᠦᠨ ᠤ ᠣᠷᠣᠭᠤᠯᠣᠯᠲᠠ ᠶᠢ ᠨᠡᠮᠡᠭᠳᠡᠬᠦᠯᠵᠦ ᠳᠣᠰᠬᠠᠶᠢᠵᠢᠭᠰᠠᠨ ᠠᠵᠢᠯᠳᠠᠨ ᠤ ᠡᠩᠨᠡᠭᠡ ᠶᠢ ᠪᠣᠵᠠᠭᠠᠶᠢᠷᠠᠭᠤᠯᠣᠨ ᠰᠠᠭᠤᠷᠢ ᠳᠦᠬᠦᠬᠡᠷᠦᠮᠵᠢ ᠶᠢ ᠳᠡᠬᠦᠯᠳᠡᠷᠵᠢᠬᠦᠯᠵᠦ ᠳᠣᠳᠣᠭᠠᠲᠣ ᠶᠢ ᠬᠠᠮᠠᠭᠠᠯᠠᠬᠤ ᠳᠣᠪᠴᠢᠶ᠎ᠠ᠂ ᠦᠢᠯᠡᠳᠪᠦᠷᠢ ᠬᠤᠳᠠᠯᠳᠤᠭ᠎ᠠ᠂ ᠰᠣᠶᠣᠯ ᠵᠢᠭᠤᠯᠴᠢᠯᠠᠯ ᠵᠡᠷᠭᠡ ᠪᠠᠶᠢᠭᠤᠯᠭ᠎ᠠ ᠨᠢᠬᠡᠴᠢ ᠠᠴᠠ ᠬᠠᠣᠯᠢ ᠶᠢ ᠬᠤᠯᠪᠣᠭᠠᠯᠠᠨ ᠬᠡᠷᠡᠭᠵᠢᠬᠦᠯᠵᠦ ᠬᠠᠣᠯᠢ ᠳᠦᠷᠢᠮ ᠠᠴᠠ ᠵᠥᠷᠢᠴᠡᠭᠰᠠᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠳᠠ ᠦᠭᠬᠦ ᠬᠡᠷᠡᠭᠲᠡᠢ ᠬᠡᠪᠡ᠃      ᠬᠤᠷᠠᠯ ᠠᠴᠠ ᠱᠠᠭᠠᠷᠳᠠᠬᠤ ᠳᠠᠭᠠᠨ᠂ ᠦᠦᠰᠢᠨ ᠬᠤᠰᠢᠭᠤ ᠪᠣᠳᠠᠳᠣ ᠪᠠᠶᠢᠳᠠᠯ ᠠᠴᠠ ᠪᠠᠨ ᠭᠠᠷᠳᠠᠵᠦ ᠲᠡᠣᠬᠡ  ᠶᠢᠨ ᠳᠣᠷᠠᠰᠬᠠᠯᠲᠣ ᠵᠦᠢᠯᠡᠰ ᠤᠨ ᠬᠠᠮᠢᠶᠠᠷᠣᠯᠳᠠ ᠶᠢ ᠴᠢᠩᠭᠠᠳᠬᠠᠨ ᠣᠯᠠᠨ ᠲᠦᠮᠡᠨ ᠢ ᠣᠬᠠᠭᠤᠯᠣᠨ ᠳᠠᠶᠢᠴᠢᠯᠠᠵᠦ ᠳᠡᠣᠬᠡ ᠶᠢᠨ ᠳᠣᠷᠠᠰᠬᠠᠯᠲᠣ ᠵᠦᠢᠯᠡᠰ ᠢ ᠬᠠᠮᠠᠭᠠᠯᠠᠬᠤ ᠳᠤ ᠢᠳᠡᠪᠬᠢᠲᠡᠢ ᠣᠷᠣᠯᠴᠠᠭᠤᠯᠵᠦ ᠳᠡᠣᠬᠡ ᠶᠢᠨ ᠳᠣᠷᠠᠰᠬᠠᠯᠲᠣ ᠵᠦᠢᠯᠡᠰ ᠢ ᠬᠠᠮᠠᠭᠠᠯᠠᠬᠤ ᠠᠵᠢᠯᠯᠠᠭ᠎ᠠ ᠳᠤ ᠪᠦᠬᠦ ᠨᠡᠶᠢᠬᠡᠮ ᠢᠶᠠᠷ ᠢᠶᠠᠨ ᠣᠬᠠᠮᠰᠠᠷ ᠲᠠᠢ ᠣᠷᠣᠯᠴᠠᠬᠤ ᠬᠡᠷᠡᠭᠲᠡᠢ ᠬᠡᠪᠡ᠃      ᠪᠠᠶᠢᠴᠠᠭᠠᠯᠳᠠ ᠶᠢᠨ ᠳᠣᠭᠤᠶᠢᠯᠠᠩ ᠤᠨ ᠬᠢᠨ ᠣᠷᠢᠳ ᠬᠤᠵᠢᠳ ︽ᠮᠠᠯᠵᠢᠬᠤ ᠳ᠋ᠠᠵᠠᠢ︾ ᠶᠢᠨ ᠮᠦᠽᠸᠢ᠂ ︽ᠳᠣᠭᠤᠶᠢᠯᠠᠩ︾ ᠤᠨ ᠬᠦᠳᠡᠯᠬᠡᠬᠡᠨ ᠤ ᠬᠠᠭᠤᠴᠢᠨ ᠰᠠᠭᠤᠷᠢᠨ ᠭᠠᠵᠠᠷ ᠢᠶᠠᠷ ᠬᠦᠷᠴᠤ ᠲᠡᠣᠬᠡ ᠶᠢᠨ ᠳᠣᠷᠠᠰᠬᠠᠯᠲᠣ ᠵᠦᠢᠯᠡᠰ ᠪᠠ ᠰᠣᠶᠣᠯ ᠤᠨ ᠪᠠᠶᠢᠭᠤᠯᠣᠯᠳᠠ ᠶᠢᠨ ᠳᠠᠯ᠎ᠠ ᠪᠠᠷ ᠰᠠᠨᠠᠯ ᠢᠶᠠᠨ ᠰᠤᠯᠢᠯᠴᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号