ᠮᠠᠨ ᠤ ᠬᠤᠰᠢᠭᠤ ᠨᠠᠮ ᠤᠨ ᠪᠦᠲᠦᠬᠡᠨ ᠪᠠᠶᠢᠭᠤᠯᠣᠯᠳᠠ ᠶᠢᠨ ᠳᠣᠬᠢᠷᠠᠭᠤᠯᠣᠯᠳᠠ ᠶᠢᠨ ᠬᠤᠷᠠᠯ ᠢ ᠬᠤᠷᠠᠯᠳᠣᠭᠤᠯᠪᠠ
ᠨᠡᠶᠢᠲᠡᠯᠡᠭᠰᠡᠨ ᠴᠠᠭ᠄
2020/9/25
     9 ᠰᠠᠷ᠎ᠠ ᠶᠢᠨ 17 ᠤ ᠡᠳᠦᠷ᠂ ᠮᠠᠨ ᠤ ᠬᠤᠰᠢᠭᠤ ᠨᠠᠮ ᠤᠨ ᠪᠦᠲᠦᠬᠡᠨ ᠪᠠᠶᠢᠭᠤᠯᠣᠯᠳᠠ ᠶᠢᠨ ᠳᠣᠬᠢᠷᠠᠭᠤᠯᠣᠯᠳᠠ ᠶᠢᠨ ᠬᠤᠷᠠᠯ ᠬᠤᠷᠠᠯᠳᠣᠭᠤᠯᠵᠦ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠵᠣᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠰᠣ᠋ ᠰᠢᠨ ᠹᠠ᠂ ᠡᠯ᠎ᠡ ᠰᠣᠮᠣ ᠪᠠᠯᠭᠠᠰᠣᠨ ᠤ ᠨᠠᠮ ᠤᠨ ᠬᠤᠷᠢᠶᠠᠨ ᠤ ᠱᠦᠵᠢ᠂ ᠳᠡᠳ᠋ ᠱᠦᠵᠢ᠂ ᠵᠣᠬᠢᠶᠠᠨ ᠪᠠᠶᠢᠭᠤᠯᠬᠤ ᠬᠡᠰᠢᠬᠦᠨ᠂ ᠺᠠᠳ᠋ᠷ ᠠᠵᠢᠯᠳᠠᠳ᠂ ᠰᠣᠷᠭᠠᠨ ᠬᠦᠮᠦᠵᠢᠯ ᠪᠡᠶ᠎ᠡ ᠳᠠᠮᠢᠷ  ᠤᠨ ᠳᠣᠪᠴᠢᠶᠠᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠳᠡᠰ᠂ ᠠᠬᠠᠮᠠᠳ ᠺᠠᠳ᠋ᠷᠴᠣᠳ ᠤᠨ ᠦᠢᠯᠡᠴᠢᠯᠡᠬᠡᠨ ᠤ ᠳᠦᠪ ᠤᠨ ᠣᠳᠣᠷᠢᠳᠬᠤ ᠪᠠᠭ ᠤᠨ ᠬᠡᠰᠢᠬᠦᠨ ᠵᠢᠴᠢ ᠪᠦᠬᠦ ᠺᠠᠳ᠋ᠷ ᠠᠵᠢᠯᠳᠠᠳ ᠬᠤᠷᠠᠯ ᠳᠤ ᠣᠷᠣᠯᠴᠠᠪᠠ᠃
     ᠬᠤᠷᠠᠯ ᠳᠡᠭᠡᠷ᠎ᠡ᠂ ᠡᠯ᠎ᠡ ᠰᠣᠮᠣ ᠪᠠᠯᠭᠠᠰᠣ ᠶᠢᠨ ᠨᠠᠮ ᠤᠨ ᠬᠤᠷᠢᠶ᠎ᠠ ᠪᠠ ᠰᠣᠷᠭᠠᠨ ᠬᠦᠮᠦᠵᠢᠯ ᠪᠡᠶ᠎ᠡ ᠳᠠᠮᠢᠷ  ᠤᠨ ᠳᠣᠪᠴᠢᠶ᠎ᠠ ᠠᠴᠠ ᠡᠮᠦᠨ᠎ᠡ ᠭᠤᠷᠪᠠᠨ ᠣᠯᠠᠷᠢᠯ ᠤᠨ ᠦᠨᠳᠦᠰᠦᠨ ᠱᠠᠳᠣᠨ ᠤ ᠨᠠᠮ ᠤᠨ ᠪᠠᠶᠢᠭᠤᠯᠣᠯᠳᠠ ᠶᠢᠨ ᠭᠤᠣᠯᠳᠠᠯᠭ᠎ᠠ ᠲᠠᠢ ᠠᠵᠢᠯ ᠡᠬᠦᠷᠭᠡ ᠶᠢ ᠬᠦᠢᠴᠡᠳᠭᠡᠭᠰᠡᠨ ᠪᠠᠶᠢᠳᠠᠯ ᠤᠨ ᠳᠣᠬᠠᠢ ᠬᠠᠷᠢᠭᠤ ᠮᠡᠳᠡᠬᠦᠯᠦᠯᠳᠡ ᠬᠢᠪᠡ᠃ ᠰᠣ᠋ ᠰᠢᠨ ᠹᠠ ᠠᠴᠠ ᠳᠠᠷᠠᠭᠠᠴᠢ ᠶᠢᠨ ᠠᠵᠢᠯ ᠳᠤ ᠪᠣᠳᠠᠳᠠᠢ ᠪᠠᠶᠢᠷᠢᠯᠠᠭᠤᠯᠣᠯᠳᠠ ᠬᠢᠵᠦ ᠡᠯ᠎ᠡ ᠨᠠᠮ ᠤᠨ ᠬᠤᠷᠢᠶ᠎ᠠ᠂ ︵ᠠᠵᠢᠯᠯᠠᠬᠤ ᠬᠤᠷᠢᠶ᠎ᠠ︶ ᠪᠠ ᠪᠦᠬᠦ ᠺᠠᠳ᠋ᠷ ᠠᠵᠢᠯᠳᠠᠳ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠣᠳᠣᠷᠢᠳᠣᠯᠭ᠎ᠠ ᠳᠣᠣᠷ᠎ᠠ ᠨᠢᠬᠡᠨᠳᠡ ᠪᠡᠶᠡᠯᠡᠬᠦᠯᠦᠭᠰᠡᠨ ᠠᠵᠢᠯ ᠢᠶᠠᠨ ᠣᠯᠠᠮ ᠪᠠᠳᠣᠳᠬᠠᠨ ᠴᠢᠨᠠᠷᠵᠢᠭᠤᠯᠵᠦ ᠬᠠᠷᠠᠬᠠᠨ ᠪᠡᠶᠡᠯᠡᠬᠦᠯᠦᠬᠡᠳᠦᠢ ᠠᠵᠢᠯ ᠤᠨ ᠠᠬᠢᠴᠠ ᠶᠢ ᠳᠦᠷᠭᠡᠳᠬᠡᠵᠦ ᠪᠦᠬᠦ ᠵᠢᠯ ᠤᠨ ᠡᠯ᠎ᠡ ᠠᠵᠢᠯ ᠤᠨ ᠡᠬᠦᠷᠭᠡ ᠶᠢ ᠠᠮᠵᠢᠯᠳᠠᠳᠠᠢ ᠪᠡᠶᠡᠯᠡᠬᠦᠯᠬᠦ ᠶᠢ ᠪᠠᠳᠣᠯᠠᠬᠤ ᠬᠡᠷᠡᠭᠲᠡᠢ ᠬᠡᠵᠦ ᠱᠠᠭᠠᠷᠳᠠᠪᠠ᠃
     ᠬᠤᠷᠠᠯ ᠠᠴᠠ ᠴᠢᠬᠤᠯᠠᠴᠢᠯᠠᠬᠤ ᠳᠤ ᠪᠠᠨ᠂ ᠠᠰᠠᠭᠤᠳᠠᠯ ᠤᠨ ᠤᠳᠤᠷᠢᠳᠤᠮᠵᠢ ᠶᠢ ᠳᠤᠪᠤᠶᠢᠯᠭᠠᠨ ᠪᠣᠳᠠᠳᠠᠢ ᠠᠰᠠᠭᠤᠳᠠᠯ ᠢ ᠪᠣᠳᠠᠳᠠᠢ ᠵᠠᠳᠠᠯᠵᠦ ᠠᠵᠢᠯ ᠤᠨ ᠭᠤᠤᠯᠳᠠᠯᠭ᠎ᠠ ᠶᠢ ᠵᠦᠪ ᠠᠳᠬᠤᠨ ᠰᠢᠪᠲᠤᠯᠤᠯᠲᠠ ᠶᠢᠨ ᠵᠠᠮ ᠢ ᠵᠦᠪ ᠰᠤᠩᠭᠤᠵᠤ ᠬᠠᠨᠳᠣᠯᠭᠠᠲᠣ ᠴᠢᠨᠠᠷᠳᠠᠢ ᠰᠢᠢᠳᠪᠦᠷᠢᠯᠡᠬᠦ ᠬᠡᠷᠡᠭᠲᠡᠢ᠃ ᠡᠭᠦᠨ ᠤ ᠬᠠᠮᠲᠤ ᠨᠢᠭᠡ ᠠᠴᠠ ᠵᠦᠢᠴᠢᠯᠡᠵᠤ ᠨᠥᠭᠦᠭᠡ ᠶᠢ ᠮᠡᠳᠡᠵᠦ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡᠪᠡᠷ ᠵᠠᠰᠠᠨ ᠬᠠᠮᠢᠶ᠎ᠠ ᠪᠦᠬᠦᠢ ᠳᠦᠷᠢᠮ ᠲᠣᠭᠲᠠᠯᠴᠠᠭ᠎ᠠ ᠶᠢ ᠪᠦᠷᠢᠨ ᠪᠣᠯᠭᠠᠨ ᠲᠡᠭᠦᠯᠳᠡᠷᠵᠢᠭᠦᠯᠬᠦ ᠶᠢ ᠠᠰᠠᠭᠤᠳᠠᠯ ᠢ ᠰᠢᠢᠳᠪᠦᠷᠢᠯᠡᠬᠦ ᠦᠨᠳᠦᠰᠦᠨ ᠠᠷᠭ᠎ᠠ ᠵᠠᠮ ᠪᠣᠯᠭᠠᠵᠤ ᠴᠢᠩᠭ᠎ᠠ ᠳᠦᠷᠢᠮ ᠤᠨ ᠡᠷᠬᠡ ᠰᠦᠷ ᠢᠶᠠᠷ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠶᠢ ᠠᠬᠢᠭᠤᠯᠤᠨ᠎ᠠ᠃ ᠡᠭᠦᠷᠭᠡ ᠶᠢᠨ ᠠᠬᠢᠴᠠ ᠶᠢ ᠴᠢᠩᠭ᠎ᠠ ᠠᠩᠬᠠᠷᠴᠤ ︽ᠬᠡᠯᠡᠪᠡᠯ ᠬᠢᠵᠦ᠂ ᠲᠣᠭᠲᠠᠪᠠᠯ ᠬᠢᠬᠦ︾ ᠵᠣᠷᠢᠭ ᠰᠠᠨᠠᠭ᠎ᠠ ᠶᠢ ᠪᠠᠳᠠᠷᠠᠭᠤᠯᠤᠨ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠰᠡᠳᠬᠢᠯᠭᠡ᠂ ᠡᠷᠡᠰ ᠴᠢᠩᠭ᠎ᠠ ᠣᠪᠣᠷ᠂ ᠨᠡᠩ ᠴᠠᠭᠠᠷᠠᠭᠰᠠᠨ ᠠᠷᠭ᠎ᠠ ᠬᠡᠮᠵᠢᠶ᠎ᠡ ᠪᠠ ᠦᠢᠯᠡ ᠠᠵᠢᠯᠯᠠᠭ᠎ᠠ ᠪᠠᠷ ᠠᠵᠢᠯ ᠢᠶᠠᠨ ᠥᠨᠳᠥᠷ ᠪᠦᠲᠦᠮᠵᠢᠲᠡᠢ ᠪᠠᠷ ᠪᠣᠳᠠᠲᠠᠢ ᠶᠢ ᠡᠷᠬᠢᠮᠯᠡᠨ ᠠᠬᠢᠭᠤᠯᠬᠤ ᠬᠡᠷᠡᠭᠲᠡᠢ᠃ ᠠᠵᠢᠯ ᠤᠨ ᠴᠢᠨᠠᠷ ᠢ ᠴᠢᠩᠭ᠎ᠠ ᠠᠳᠬᠤᠵᠤ ᠨᠠᠩ ᠥᠨᠳᠥᠷ ᠱᠠᠭᠠᠷᠳᠠᠯᠭ᠎ᠠ᠂ ᠨᠠᠩ ᠥᠨᠳᠥᠷ ᠪᠠᠷᠢᠮᠵᠢᠶ᠎ᠠ ᠪᠠᠷ ᠭᠤᠣᠯ ᠳᠡᠳ᠋᠂ ᠠᠯᠭᠤᠷ ᠪᠠᠴᠢᠮ ᠢ ᠢᠯᠭᠠᠵᠤ ᠭᠤᠣᠯ ᠬᠦᠴᠦ ᠪᠠᠨ ᠭᠤᠣᠯ ᠬᠠᠷᠢᠭᠤᠴᠠᠯᠭ᠎ᠠ ᠭᠤᠣᠯ ᠠᠵᠢᠯ ᠳᠡᠭᠡᠷ᠎ᠡ ᠪᠠᠨ ᠬᠡᠷᠡᠭᠯᠡᠵᠦ ᠵᠣᠬᠢᠶᠠᠨ ᠪᠠᠶᠢᠭᠤᠯᠣᠯᠳᠠ ᠶᠢᠨ ᠠᠵᠢᠯ ᠤᠨ ᠴᠢᠨᠠᠷ ᠰᠠᠶᠢᠳᠠᠢ᠂ ᠦᠨᠳᠦᠷ ᠪᠠᠷᠢᠮᠵᠢᠶ᠎ᠠ ᠲᠠᠢ ᠪᠡᠶᠡᠯᠡᠬᠦᠯᠬᠦ ᠶᠢ ᠪᠠᠳᠣᠯᠠᠬᠤ ᠬᠡᠷᠡᠭᠲᠡᠢ ᠬᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号