ᠪᠥᠭᠦ ᠬᠤᠰᠢᠭᠤᠨ ᠤ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠥᠭᠦ ᠭᠡᠰᠢᠭᠦᠳ ᠤᠨ ᠬᠤᠷᠠᠯ ᠵᠢᠴᠢ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠰᠠᠷ᠎ᠠ ᠶᠢᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/9/25
     9 ᠰᠠᠷ᠎ᠠ ᠶᠢᠨ 22 ᠤᠨ ᠡᠳᠦᠷ᠂ ᠪᠥᠭᠦ ᠬᠤᠰᠢᠭᠤᠨ ᠤ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠥᠭᠦ ᠭᠡᠰᠢᠭᠦᠳ  ᠤᠨ ᠬᠤᠷᠠᠯ ᠵᠢᠴᠢ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠰᠠᠷ᠎ᠠ ᠶᠢᠨ ᠳᠠᠶᠢᠴᠢᠯᠠᠯᠲᠠ ᠶᠢᠨ ᠬᠤᠷᠠᠯ ᠢ ᠬᠤᠰᠢᠭᠤ ᠵᠠᠰᠠᠭ ᠵᠠᠬᠢᠷᠭᠠᠨ ᠤ ᠥᠢᠯᠡᠴᠢᠯᠡᠭᠡᠨ ᠤ ᠲᠥᠪ ᠲᠤ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠭᠡᠯᠳᠡᠰ ᠤᠨ ᠳᠠᠷᠤᠭ᠎ᠠ ᠵᠸᠤ ᠢᠤᠢ ᠮᠢᠩ ᠵᠢᠴᠢ ᠮᠠᠨ ᠤ ᠬᠤᠰᠢᠭᠤᠨ ᠤ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠤᠷᠤᠯᠴᠠᠭᠰᠠᠨ ᠪᠠᠶᠢᠨ᠎ᠠ᠃
     ᠬᠤᠷᠠᠯ ᠠᠴᠠ ᠪᠥᠬᠦ ᠬᠤᠰᠢᠭᠤᠨ ᠤ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠪᠡᠯᠡᠳᠬᠡᠯ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠳᠡᠪᠡ︔ ︽ᠥᠥᠰᠢᠨ ᠬᠤᠰᠢᠭᠤᠨ ᠤ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠠᠵᠢᠯ ᠤᠨ ᠲᠥᠰᠦᠯ︾ ᠵᠢᠴᠢ ᠪᠥᠬᠦ ᠬᠤᠰᠢᠭᠤᠨ ᠤ ᠡᠷᠦᠬᠡ ᠠᠮᠠ ᠶᠢᠨ ᠴᠡᠭᠴᠡᠯᠡᠯᠲᠡ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠪᠡ᠃
     ᠵᠣᠣ ᠹᠸᠢ ᠯᠦ ᠵᠢᠭᠠᠵᠤ ᠭᠠᠷᠭᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠲᠡᠭᠡᠭᠰᠢᠯᠠᠭᠦᠯᠤᠨ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠳᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡ ᠲᠤᠰᠢᠶᠠᠯᠳᠤ ᠰᠡᠳᠬᠢᠯᠭᠡ ᠪᠠᠨ ᠴᠢᠩᠭᠠᠳᠬᠠᠬᠤ ᠬᠡᠷᠡᠭᠲᠡᠶ︔ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠭᠦ ᠨᠢ ᠮᠠᠨ ᠤ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠠᠭᠦ ᠤᠬᠠᠭᠠᠨᠴᠢ ᠪᠠᠷ ᠲᠤᠭᠳᠠᠭᠠᠨ ᠠᠷᠠᠳ ᠤᠨ ᠠᠮᠢᠳᠤᠷᠠᠯ ᠤᠨ ᠲᠥᠷᠥᠯ ᠵᠥᠢᠯ ᠵᠢᠴᠢ ᠲᠡᠭᠦᠨ ᠤ ᠭᠠᠵᠠᠷ ᠰᠤᠩᠭᠤᠯᠳᠠ᠂ ᠬᠡᠪᠴᠢᠶ᠎ᠡ ᠪᠠᠷᠢᠮᠵᠢᠶ᠎ᠠ᠂ ᠪᠥᠷᠭᠦᠴᠠ ᠶᠢ ᠵᠦᠶ ᠵᠣᠬᠢᠰᠲᠠᠶ ᠲᠣᠭᠲᠠᠭᠠᠵᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠴᠢᠭᠯᠡᠯ ᠢ ᠲᠤᠳᠤᠷᠬᠠᠶᠢᠯᠠᠨ ᠮᠡᠳᠡᠭᠡ ᠵᠠᠩᠭᠢ ᠶᠢ ᠣᠨᠣᠪᠴᠢᠲᠠᠶ ᠪᠥᠷᠢᠳᠭᠡᠭᠦ ᠳᠤ ᠪᠠᠲᠤᠯᠠᠭ᠎ᠠ ᠬᠠᠩᠭᠠᠵᠤ ᠪᠦᠬᠦ ᠬᠤᠰᠢᠭᠤᠨ ᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠂ ᠭᠥᠭᠵᠢᠯᠳᠠ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠲᠤᠭᠲᠠᠭᠠᠬᠤ᠂ ᠲᠥᠷᠥ ᠶᠢᠨ ᠪᠣᠳᠣᠯᠭ᠎ᠠ ᠶᠢᠨ ᠠᠰᠢᠭ ᠢ ᠲᠡᠮᠡᠴᠡᠨ ᠤᠯᠬᠤ᠂ ᠨᠠᠶᠢᠭᠡᠮ ᠤᠨ ᠵᠠᠰᠠᠯᠲᠠ ᠶᠢ ᠴᠢᠩᠭᠠᠳᠬᠠᠬᠤ᠂ ᠴᠢᠨᠠᠷ ᠰᠠᠶᠢᠲᠠᠢ ᠬᠥᠭᠵᠢᠯᠲᠡ ᠶᠢᠨ ᠨᠤᠮᠢᠨ ᠲᠠᠩᠰᠤᠭ ᠭᠥᠭᠵᠢᠨ ᠮᠠᠨᠳᠤᠯᠳᠠ ᠶᠢᠨ ᠵᠠᠮ ᠢᠶᠠᠷ ᠰᠠᠶᠢᠲᠤᠷ ᠵᠠᠮᠨᠠᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠪᠥᠭᠡᠳ ᠮᠠᠨ ᠤ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠳᠤ ᠴᠢᠬᠤᠯᠠ ᠪᠠᠲᠤᠯᠠᠭ᠎ᠠ ᠬᠠᠩᠭᠠᠨ ᠮᠠᠨ ᠤ ᠬᠤᠰᠢᠭᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠳᠤ ᠴᠢᠬᠤᠯᠠ ᠲᠤᠯᠭᠠᠭᠤᠷᠢᠯᠠᠯ ᠬᠠᠩᠭᠠᠬᠤ ᠪᠣᠯᠤᠨ᠎ᠠ ᠭᠡᠵᠡᠢ᠃
     ᠵᠤᠤ ᠹᠸᠢ ᠯᠦ ᠴᠢᠬᠤᠯᠠᠴᠢᠯᠠᠭᠰᠠᠨ ᠨᠢ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ ᠪᠡᠯᠡᠳᠭᠡᠯ ᠠᠵᠢᠯ ᠢ ᠰᠠᠶᠢᠲᠤᠷ ᠭᠢᠵᠤ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠣᠨᠣᠪᠴᠢᠲᠠᠶ ᠪᠠᠶᠢᠬᠤ ᠶᠢ ᠪᠠᠲᠤᠯᠠᠬᠤ ᠬᠡᠷᠡᠭᠲᠡᠶ︔ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠬᠠᠮᠵᠢᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ︔ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠨᠡᠶᠢᠳᠡᠮ ᠪᠠᠶᠢᠴᠠᠭᠠᠯᠲᠠ ᠶᠢᠨ ᠠᠵᠢᠯ ᠢ ᠠᠬᠢᠭᠤᠯᠬᠤ ᠬᠠᠮᠳᠤ ᠶᠢᠨ ᠬᠦᠴᠦᠨ ᠢ ᠪᠦᠷᠢᠯᠳᠦᠭᠦᠯᠬᠦ ᠬᠡᠷᠡᠭᠲᠡᠶ᠃ ᠡᠯ᠎ᠡ ᠰᠠᠯᠠᠭ᠎ᠠ ᠮᠥᠴᠢᠷ ᠯᠠᠪᠳᠠᠭᠤᠨ ᠪᠠᠲᠤᠲᠠᠢ ᠠᠵᠢᠯᠯᠠᠵᠤ ᠪᠦᠬᠦ ᠬᠤᠰᠢᠭᠤᠨ ᠤ ᠳᠣᠯᠣᠳᠤᠭᠠᠷ ᠤᠳᠠᠭᠠᠨ ᠤ ᠪᠦᠬᠦ ᠤᠯᠤᠰ  ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠯ᠎ᠡ ᠲᠥᠷᠤᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠳᠤᠯᠠᠵᠤ ᠲᠡᠭᠡᠳᠤ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠬᠠᠨᠤᠮᠵᠢᠲᠠᠢ ᠬᠠᠷᠢᠭᠤᠯᠲᠠ ᠥᠭᠭᠦ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号