ᠬᠤᠰᠢᠭᠤ ᠠᠷᠠᠳ ᠤᠨ ᠵᠠᠰᠠᠭ ᠤᠨ ᠣᠷᠳᠣᠨ ᠤ 2020 ᠣᠨ ᠤ 15 ᠳ᠋ᠤᠭᠠᠷ ᠤᠳᠠᠭᠠᠨ ᠤ ᠪᠠᠶᠢᠩᠭᠤ ᠶᠢᠨ ᠠᠵᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/9/25
     9 ᠰᠠᠷ᠎ᠠ ᠶᠢᠨ 22 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ ᠬᠤᠰᠢᠭᠤ ᠠᠷᠠᠳ ᠤᠨ ᠵᠠᠰᠠᠭ ᠤᠨ ᠣᠷᠳᠣᠨ ᠤ 2020 ᠣᠨ ᠤ 15 ᠳ᠋ᠤᠭᠠᠷ ᠤᠳᠠᠭᠠᠨ ᠤ ᠪᠠᠶᠢᠩᠭᠤ ᠶᠢᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ ᠤᠨ ᠰᠢᠭᠠᠷᠤ ᠶᠢᠨ ᠲᠠᠯᠠᠪᠤᠷ ᠤᠨ ᠲᠥᠷᠥᠯ ᠵᠥᠢᠯ ᠤᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠤᠴᠢᠷ ᠢ ᠰᠤᠳᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠯᠢ ᠵᠥᠩ ᠯᠢᠨ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠸᠤ ᠢᠦᠢ ᠮᠢᠩ᠂ ᠬᠤᠰᠢᠭᠤ ᠳᠡᠳ᠋ ᠳᠠᠷᠤᠭ᠎ᠠ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠳᠠᠷᠤᠭ᠎ᠠ ᠭᠤᠤ ᠬᠤ᠋᠂ ᠬᠤᠰᠢᠭᠤ ᠳᠡᠳ᠋ ᠳᠠᠷᠤᠭ᠎ᠠ ᠵᠸᠤ ᠱᠤᠸᠠᠢ ᠵᠢᠴᠢ ᠰᠤᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ ᠲᠤᠭᠤᠷᠢᠭ᠂ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃
     ᠵᠤᠤ ᠹᠸᠢ ᠯᠦ ᠵᠢᠭᠠᠵᠤ ᠭᠠᠷᠭᠠᠬᠤ ᠳᠤ ᠪᠠᠨ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠪᠣᠬᠢᠷᠲᠤᠯ ᠥᠬᠡᠶ ᠬᠥᠭᠵᠢᠯᠲᠡ ᠶᠢᠨ ᠣᠨᠣᠯᠵᠢᠬᠤᠨ ᠢ ᠥᠢᠯᠡᠳᠤᠯᠭᠡᠵᠢᠭᠦᠯᠤᠨ ᠬᠦᠷᠢᠶᠡᠯᠡᠩ ᠲᠣᠭᠤᠷᠢᠭ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠬᠢᠷᠢ ᠲᠥᠪᠰᠢᠨ ᠢ ᠲᠡᠭᠡᠭᠰᠢᠯᠠᠭᠦᠯᠵᠤ ᠬᠦᠷᠢᠶᠡᠯᠡᠩ ᠲᠣᠭᠤᠷᠢᠭ ᠤᠨ ᠰᠠᠭᠤᠷᠢ ᠲᠥᠭᠦᠭᠡᠷᠤᠮᠵᠢ ᠶᠢᠨ ᠪᠦᠲᠦᠭᠡᠨ ᠪᠠᠶᠢᠭᠤᠯᠤᠯᠳᠠ ᠪᠣᠯᠤᠨ ᠡᠯ᠎ᠡ ᠲᠥᠷᠤᠯ ᠤᠨ ᠲᠥᠭᠦᠷᠴᠢᠯᠡᠭᠰᠠᠨ ᠴᠢᠳᠠᠪᠤᠷᠢ ᠶᠢ ᠲᠡᠭᠦᠯᠳᠡᠷᠵᠢᠭᠦᠯᠬᠦ ᠬᠡᠷᠡᠭᠲᠡᠶ᠃ ᠬᠦᠷᠢᠶᠡᠯᠡᠩ ᠲᠣᠭᠤᠷᠢᠭ ᠤᠨ ᠬᠠᠵᠠᠭᠤ ᠳᠤ ᠰᠢᠭᠠᠷᠤ ᠶᠢᠨ ᠲᠠᠯᠠᠪᠠᠶ ᠶᠢᠨ ᠲᠥᠷᠥᠯ ᠵᠥᠢᠯ ᠢ ᠲᠥᠯᠥᠪᠵᠢᠭᠦᠯᠤᠨ ᠪᠠᠶᠢᠭᠤᠯᠬᠤ ᠪᠣᠯ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠤᠰᠤᠳᠴᠢ ᠱᠠᠭᠠᠷᠳᠠᠯᠭ᠎ᠠ᠂ ᠬᠦᠷᠢᠶᠡᠯᠡᠩ ᠲᠣᠭᠤᠷᠢᠭ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠲᠡᠭᠡᠭᠰᠢᠯᠠᠭᠦᠯᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠪᠦᠲᠦᠮᠵᠢᠲᠡᠶ ᠠᠷᠭ᠎ᠠ ᠬᠡᠮᠵᠢᠶ᠎ᠡ ᠪᠣᠯᠤᠨ᠎ᠠ ᠭᠡᠵᠡᠢ᠃
     ᠵᠣᠣ ᠹᠸᠢ ᠯᠦ ᠱᠠᠭᠠᠷᠳᠠᠬᠤ ᠳᠤ ᠪᠠᠨ᠂ ᠲᠤᠭ ᠪᠠᠯᠭᠠᠰᠤ ᠪᠣᠯᠤᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠲᠤᠭ ᠪᠠᠯᠭᠠᠰᠤᠨ ᠤ ᠶᠡᠷᠦᠩᠬᠡᠶ ᠲᠥᠯᠥᠪᠵᠢᠭᠦᠯᠭᠡ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠲᠤᠰᠬᠠᠶ ᠲᠥᠯᠥᠪᠵᠢᠭᠦᠯᠭᠡ ᠶᠢ ᠨᠠᠶᠢᠷᠠᠭᠤᠯᠤᠨ ᠲᠤᠭᠲᠠᠭᠠᠬᠤ᠂ ᠲᠤᠰᠠᠭᠠᠷ ᠭᠠᠵᠠᠷ ᠰᠣᠩᠭᠤᠬᠤ ᠰᠤᠳᠤᠯᠭᠠᠨ ᠤ ᠮᠡᠳᠡᠭᠦᠯᠦᠯᠲᠡ ᠪᠡᠯᠡᠳᠭᠡᠭᠦ ᠵᠡᠷᠭᠡ ᠰᠢᠭᠠᠷᠤ ᠶᠢᠨ ᠲᠠᠯᠠᠪᠤᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠥᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠰᠠᠶᠢᠨ ᠭᠢᠭᠦ ᠬᠡᠷᠡᠭᠲᠡᠶ᠃ ᠲᠥᠷᠥᠯ ᠵᠦᠢᠯ ᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ ᠰᠠᠨᠠᠭᠠᠴᠢᠯᠠᠭ᠎ᠠ ᠠᠴᠠ ᠪᠠᠨ ᠠᠵᠢᠯ ᠬᠢᠵᠦ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠨ ᠰᠢᠭᠠᠷᠤ ᠶᠢᠨ ᠲᠠᠯᠠᠪᠤᠷ ᠤᠨ ᠲᠥᠷᠥᠯ ᠵᠥᠢᠯ ᠤᠨ ᠡᠮᠦᠨᠡᠬᠢ ᠬᠤᠭᠤᠴᠠᠭᠠᠨ ᠤ ᠭᠠᠷᠳᠠᠮ ᠭᠥᠢᠴᠡᠳᠭᠡᠭᠦ ᠠᠵᠢᠯ ᠢ ᠲᠤᠰᠬᠠᠶ ᠬᠥᠮᠦᠨ ᠬᠠᠷᠢᠭᠤᠴᠠᠵᠤ ᠰᠢᠭᠠᠷᠤ ᠶᠢᠨ ᠲᠠᠯᠠᠪᠤᠷ ᠤᠨ ᠲᠥᠷᠥᠯ ᠵᠥᠢᠯ ᠤᠨ ᠪᠦᠲᠦᠭᠡᠨ ᠪᠠᠶᠢᠭᠤᠯᠤᠯᠲᠠ ᠶᠢᠨ ᠡᠯ᠎ᠡ ᠲᠥᠷᠤᠯ ᠤᠨ ᠠᠵᠢᠯ ᠢ ᠲᠥᠷᠭᠡᠨ ᠠᠬᠢᠭᠤᠯᠵᠤ ᠲᠥᠷᠥᠯ ᠵᠥᠢᠯ ᠤᠨ ᠡᠷᠲᠡᠬᠡᠨ ᠠᠰᠢᠭᠯᠠᠯᠲᠠ ᠳᠤ ᠤᠷᠤᠬᠤ ᠶᠢ  ᠪᠠᠳᠤᠯᠠᠬᠤ ᠬᠡᠷᠡᠭᠲᠡᠶ ᠭᠡᠵᠡᠢ᠃
     ᠬᠤᠷᠠᠯ ᠠᠴᠠ ᠪᠠᠰᠠ ᠪᠤᠰᠤᠳ ᠬᠡᠷᠡᠭ ᠤᠴᠢᠷ ᠢ ᠰᠤᠳᠤᠯᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号