ᠮᠠᠨ ᠤ ᠬᠤᠰᠢᠭᠤᠨ ᠤ ᠤᠯᠠᠭᠠᠨᠮᠥ᠋ᠴᠢᠷ ᠵᠢᠷᠠᠨ ᠵᠢᠯ ᠤᠨ ᠤᠢ ᠪᠠᠨ ᠤᠭᠲᠤᠯ᠎ᠠ
ᠨᠡᠶᠢᠲᠡᠯᠡᠭᠰᠡᠨ ᠴᠠᠭ᠄
2020/9/27
    ᠣᠶᠢᠷ᠎ᠠ ᠶᠢᠨ ᠡᠳᠦᠷ᠂ ᠮᠠᠨ ᠤ ᠬᠤᠰᠢᠭᠤ ᠤᠯᠠᠭᠠᠨᠮᠥ᠋ᠴᠢᠷ ᠤᠯᠠᠭᠠᠨᠮᠥ᠋ᠴᠢᠷ ᠪᠠᠶᠢᠭᠤᠯᠤᠭᠳᠠᠭᠰᠠᠨ ᠵᠢᠷᠠᠨ ᠵᠢᠯ ᠤᠨ ᠤᠢ ᠪᠠᠨ ᠤᠳᠬ᠎ᠠ ᠲᠡᠭᠦᠯᠳᠡᠷ ᠪᠡᠯᠬᠡᠯᠡᠯ᠎ᠡ᠃ ᠪᠠᠶᠠᠷᠯᠠᠨ ᠪᠡᠯᠬᠡᠯᠡᠬᠦ ᠠᠵᠢᠯᠯᠠᠭᠠᠨ ᠤ ᠦᠳᠠᠰᠢᠯᠡᠭᠡ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠤᠨ ᠤᠷᠠᠯᠢᠭ ᠤᠨ ᠭᠠᠵᠠᠷ ᠤᠨ ᠳᠠᠷᠤᠭ᠎ᠠ ᠰᠡᠴᠡᠨᠳᠠᠯᠠᠢ᠂ ᠥᠪᠥᠷ ᠮᠣᠩᠭᠤᠯ ᠤᠨ ᠤᠯᠠᠭᠠᠨᠮᠥ᠋ᠴᠢᠷ ᠤᠨ ᠨᠡᠶᠢᠭᠡᠮᠯᠢᠭ ᠤᠨ ᠳᠠᠷᠤᠭ᠎ᠠ ᠵᠢᠷᠭᠠᠯ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠮᠠ᠊ ᠭᠠᠷᠤᠳᠢ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ ᠵᠡᠷᠭᠡ ᠬᠤᠰᠢᠭᠤ ᠲᠥᠷᠪᠡᠨ ᠶᠡᠭᠡ ᠤᠳᠤᠷᠢᠳᠬᠤ ᠪᠠᠭ ᠤᠨ ᠭᠡᠷ ᠲᠡᠭᠡᠨ ᠪᠠᠶᠢᠭ᠎ᠠ ᠰᠢᠶᠠᠨ ᠤ ᠲᠠᠰ ᠤᠨ ᠤᠳᠤᠷᠢᠳᠤᠯᠭ᠎ᠠ ᠪᠣᠯᠣᠨ ᠮᠠᠨ ᠤ ᠬᠤᠰᠢᠭᠤᠨ ᠤ ᠤᠯᠠᠭᠠᠨᠮᠥ᠋ᠴᠢᠷ ᠪᠠᠶᠢᠭᠤᠯᠤᠭᠳᠠᠭᠰᠠᠨ 60 ᠵᠢᠯ ᠤᠨ ᠲᠤᠷᠰᠢᠬᠢ ᠠᠬᠠᠮᠠᠳ ᠣᠷᠠᠯᠢᠭᠴᠢᠳ ᠪᠠ ᠵᠠᠯᠠᠭᠤ ᠤᠷᠠᠯᠢᠭᠴᠢᠳ᠂ ᠡᠯ᠎ᠡ ᠬᠤᠰᠢᠭᠤ ᠲᠣᠭᠤᠷᠢᠭ ᠤᠨ ᠤᠯᠠᠭᠠᠨᠮᠥ᠋ᠴᠢᠷ ᠤᠨ ᠲᠥᠯᠥᠭᠡᠯᠡᠭᠴᠢ ᠵᠢᠴᠢ ᠮᠠᠨ ᠤ ᠬᠤᠰᠢᠭᠤᠨ ᠤ ᠦᠷᠭᠡᠨ ᠣᠯᠠᠨ ᠳᠦᠮᠡᠨ ᠬᠠᠮᠲᠤ ᠪᠠᠷ ᠳᠤᠭᠯᠠᠯᠳᠠ ᠶᠢ ᠰᠣᠨᠢᠷᠬᠠᠪᠠ᠃
    ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ ᠡᠬᠢᠯᠡᠯᠳᠡ ᠶᠢᠨ ᠶᠣᠰᠣᠯᠠᠯ ᠢ ᠡᠷᠬᠢᠯᠡᠭᠰᠡᠨ ᠤ ᠬᠠᠮᠲᠣ ᠶᠠᠷᠢᠶ᠎ᠠ ᠲᠠᠯᠪᠢᠯ᠎ᠠ᠃     ᠡᠷᠳᠡᠨᠢᠪᠢᠯᠢᠭ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠶᠠᠷᠢᠶ᠎ᠠ ᠲᠠᠯᠪᠢᠵᠣ ᠵᠢᠭᠠᠬᠤ ᠳᠤ ᠪᠠᠨ᠂ 60 ᠵᠢᠯ ᠤᠨ ᠲᠤᠷᠰᠢ ᠦᠤᠰᠢᠨ ᠬᠤᠰᠢᠭᠤᠨ ᠤ ᠥᠶ᠎ᠠ ᠥᠶ᠎ᠠ ᠶᠢᠨ ᠤᠯᠠᠭᠠᠨᠮᠥ᠋ᠴᠢᠷ ᠤᠨ ᠭᠡᠰᠢᠭᠦᠳ ᠨᠠᠮ ᠪᠠ ᠠᠷᠠᠳ ᠲᠦᠮᠡᠨ᠂ ᠠᠵᠢᠯ ᠥᠢᠯᠡᠰ ᠲᠤ ᠪᠠᠨ ᠭᠢᠵᠠᠭᠠᠷ ᠥᠭᠡᠢ ᠬᠠᠶᠢᠷ᠎ᠠ ᠲᠠᠢ ᠪᠠᠶᠢᠬᠤ ᠶᠢ ᠪᠠᠷᠢᠮᠳᠠᠯᠠᠵᠦ ᠦᠨᠳᠦᠰᠦᠨ ᠱᠠᠲᠤᠨ ᠳᠤ ᠭᠦᠨᠵᠡᠶᠢᠬᠡᠷᠡᠨ ᠳᠠᠯ᠎ᠠ ᠨᠤᠳᠤᠭ ᠢᠶᠠᠷ ᠤᠷᠠᠯᠢᠭ ᠤᠨ ᠳᠠᠶᠢᠰᠠ ᠪᠤᠯᠭᠠᠨ ᠤᠯᠠᠨ ᠠᠷᠪᠢᠨ ᠰᠢᠯᠢᠳᠡᠭ ᠪᠦᠳᠦᠭᠡᠯ ᠢ ᠵᠣᠬᠢᠶᠠᠨ ᠪᠥᠳᠥᠭᠡᠵᠤ ᠥᠷᠭᠡᠨ ᠣᠯᠠᠨ ᠲᠥᠮᠡᠨ ᠳᠤ ᠪᠠᠶᠠᠷ ᠪᠠᠶᠠᠰᠤᠯ᠂ ᠰᠤᠶᠤᠯ ᠪᠣᠯᠪᠠᠰᠤᠨ ᠢ ᠭᠥᠷᠭᠡᠨ ᠥᠭᠴᠤ ᠨᠠᠮ ᠤᠨ  ᠬᠠᠶᠢᠷ᠎ᠠ ᠬᠠᠯᠠᠮᠵᠢᠯᠠᠯ ᠢ ᠤᠯᠠᠮᠵᠢᠯᠠᠨ ᠳᠠᠮᠵᠢᠭᠤᠯᠵᠦ ᠦᠤᠰᠢᠨ ᠤ ᠣᠨᠴᠠᠯᠢᠭ ᠪᠦᠬᠦᠢ ᠤᠳᠬ᠎ᠠ ᠤᠷᠠᠯᠢᠭ ᠢᠶᠠᠷ ᠠᠷᠠᠳ ᠲᠦᠮᠡᠨ ᠳᠤ ᠦᠢᠯᠡᠴᠢᠯᠡᠬᠦ ᠵᠠᠮ ᠢᠶᠠᠷ ᠵᠠᠮᠨᠠᠵᠤ ᠮᠠᠨ ᠤ ᠬᠤᠰᠢᠭᠤᠨ ᠤ ᠤᠳᠬ᠎ᠠ ᠤᠷᠠᠯᠢᠭ ᠤᠨ ᠹᠷᠣᠨᠲ ᠤᠨ ᠢᠷᠠᠭᠤ ᠠᠯᠳᠠᠷᠲᠤ ᠲᠤᠭ ᠲᠠᠮᠳᠡᠭ ᠪᠣᠯᠤᠭᠰᠠᠨ ᠪᠠᠶᠢᠨ᠎ᠠ᠃     ᠡᠷᠳᠡᠨᠢᠪᠢᠯᠢᠭ ᠴᠢᠬᠤᠯᠠᠴᠢᠯᠠᠭᠰᠠᠨ ᠨᠢ᠂ ᠬᠤᠰᠢᠭᠤ ᠤᠯᠠᠭᠠᠨᠮᠥ᠋ᠴᠢᠷ ᠶᠡᠷᠦᠩᠬᠡᠶ ᠱᠦᠵᠢ ᠰᠢ ᠶᠢᠨ ᠫᠢᠩ ᠤᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠪᠠᠲᠤ ᠴᠡᠭᠡᠵᠢᠯᠡᠵᠦ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠤᠬᠠᠭᠤᠯᠬᠤ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠪᠠ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠰᠢᠨ᠎ᠡ ᠡᠭᠦᠷᠭᠡ ᠶᠢ ᠦᠨᠡᠨ ᠬᠦ ᠡᠭᠦᠷᠭᠡᠯᠠᠨ  ︽ᠳᠥᠷᠪᠡᠨ ᠤᠬᠠᠮᠰᠠᠷ︾᠎ ᠢ ᠪᠤᠢ ᠪᠤᠯᠭᠠᠵᠦ ︽ᠳᠥᠷᠪᠡᠨ ᠢᠲᠡᠭᠡᠯ︾᠎ ᠢ ᠪᠠᠲᠤᠳᠬᠠᠨ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ ᠬᠤᠪᠢᠰᠬᠠᠯ ᠤᠨ ᠵᠤᠷᠢᠭ ᠰᠠᠨᠠᠭ᠎ᠠ ᠶᠢ ᠪᠠᠷᠢᠮᠳᠠᠯᠠᠨ ᠲᠠᠯ᠎ᠠ ᠨᠤᠲᠤᠭ ᠎ ᠤᠨ ᠣᠯᠠᠨ ᠲᠦᠮᠡᠨ ᠳᠤ ᠦᠢᠯᠡᠴᠢᠯᠡᠬᠦ ᠰᠢᠯᠢᠳᠡᠭ ᠤᠯᠠᠮᠵᠢᠯᠠᠯ ᠢ ᠪᠠᠳᠠᠷᠠᠭᠤᠯᠤᠨ ᠨᠢᠭᠡᠨ ᠤᠯᠤᠰ ᠲᠥᠷᠤᠴᠢ ᠴᠢᠨᠠᠷ ᠢᠶᠠᠷ ᠴᠢᠩᠭ᠎ᠠ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠣᠪᠣᠷ ᠰᠤᠷᠲᠠᠯ ᠨᠢ ᠲᠥᠪ ᠤᠯᠠᠭᠠᠨᠮᠥ᠋ᠴᠢᠷ ᠤᠨ ᠡᠩᠨᠡᠭᠡ ᠶᠢ ᠪᠠᠶᠢᠭᠤᠯᠵᠦ ᠨᠠᠮ ᠪᠠ ᠴᠠᠭ ᠦᠶ᠎ᠡ ᠶᠢᠨ ᠠᠯᠬᠤᠭ᠎ᠠ ᠶᠢ ᠴᠢᠩᠭ᠎ᠠ ᠳᠠᠭᠠᠵᠤ ᠴᠠᠭ ᠦᠶ᠎ᠡ ᠲᠠᠢ ᠵᠡᠷᠭᠡᠪᠡᠷ ᠤᠷᠤᠭᠰᠢᠯᠠᠨ ᠨᠡᠩ ᠤᠯᠠᠨ ᠰᠣᠳᠣᠨ ᠪᠦᠲᠦᠭᠡᠯ ᠵᠣᠬᠢᠶᠠᠨ ᠪᠦᠲᠦᠭᠡᠵᠦ ᠥᠨᠢ ᠡᠭᠦᠷᠢᠳᠡ ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠦᠩᠭᠡᠨ ᠮᠣᠷᠢᠲᠤ ᠴᠡᠷᠢᠭ︾ ᠪᠣᠯᠬᠤ ᠬᠡᠷᠡᠭᠲᠡᠢ ᠭᠡᠵᠡᠢ᠃
    ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠣᠨ ᠠᠴᠠ ᠭᠤᠣᠯᠴᠢᠯᠡᠨ ᠡᠷᠬᠢᠯᠡᠵᠣ ᠬᠤᠰᠢᠭᠤ ᠨᠠᠮ ᠤᠨ ᠬᠤᠷᠢᠶᠠᠨ ᠤ ᠣᠬᠠᠭᠤᠯᠬᠤ ᠭᠡᠯᠳᠡᠰ᠂ ᠬᠤᠰᠢᠭᠤ ᠰᠣᠶᠣᠯ ᠪᠠ ᠵᠢᠭᠤᠯᠴᠢᠯᠠᠯ ᠤᠨ ᠳᠣᠪᠴᠢᠶ᠎ᠠ᠂ ᠬᠤᠰᠢᠭᠤ ᠣᠯᠠᠭᠠᠨᠮᠦ᠋ᠴᠢᠷ ᠠᠴᠠ ᠳᠠᠭᠠᠭᠠᠴᠢᠯᠠᠨ ᠡᠷᠬᠢᠯᠡᠭᠰᠡᠨ ᠡᠨ᠋ᠨ ᠣᠳᠠᠭᠠᠨ ᠤ ᠦᠳᠡᠰᠢᠯᠡᠭᠡ ᠲᠡᠭᠡᠷ᠎ᠡ ᠬᠤᠰᠢᠭᠤ ᠤᠯᠠᠭᠠᠨᠮᠥ᠋ᠴᠢᠷ ᠤᠨ ᠠᠩᠬᠠᠳᠤᠭᠠᠷ ᠦᠶ᠎ᠡ ᠶᠢᠨ ᠲᠣᠭᠯᠠᠭᠴᠢ ᠠᠴᠠ ᠤᠯᠠᠭᠠᠨᠮᠥ᠋ᠴᠢᠷ ᠤᠨ ᠵᠢᠷᠠᠨ ᠵᠢᠯ ᠤᠨ ᠲᠤᠷᠰᠢᠬᠢ ᠦᠯᠢᠭᠡᠷ ᠲᠡᠤᠬᠡ ᠶᠢ ᠳᠤᠷᠠᠰᠬᠠᠨ  ᠡᠷᠭᠢᠴᠠᠭᠦᠯᠵᠤ ᠠᠬᠠᠮᠠᠳ ᠵᠠᠯᠠᠭᠤ ᠲᠣᠭᠯᠠᠭᠴᠢ ᠬᠠᠮᠲᠤ ᠪᠠᠷ ᠲᠣᠭᠯᠠᠯᠲᠠ ᠭᠠᠷᠭᠠᠨ ᠪᠥᠭᠦᠶᠢᠯᠡ ᠥᠳᠡᠰᠢᠯᠡᠭᠡ ᠨᠢ ᠥᠩᠭᠡᠷᠡᠭᠰᠠᠨ ᠢᠶᠠᠨ ᠡᠷᠭᠢᠴᠠᠭᠦᠯᠭᠦ᠂ ᠦᠨᠦᠳᠦᠷ ᠤᠨ ᠰᠠᠶᠢᠨ ᠰᠠᠶᠢᠬᠠᠨ ᠢ ᠮᠠᠭᠲᠠᠨ ᠳᠠᠭᠤᠯᠠᠬᠤ᠂ ᠢᠷᠡᠭᠡᠳᠦᠢ ᠶᠢᠨ ᠠᠮᠵᠢᠯᠲᠠ ᠪᠠᠨ ᠵᠦᠩᠨᠡᠨ ᠪᠠᠯᠭᠡᠳᠡᠬᠦ ᠭᠤᠷᠪᠠᠨ ᠠᠭᠤᠯᠭ᠎ᠠ ᠲᠠᠢ ᠶᠠᠪᠤᠭᠳᠠᠨ ᠳᠠᠭᠤᠤ᠂ ᠪᠦᠵᠢᠭ᠂ ᠬᠦᠭᠵᠢᠮ ᠵᠡᠷᠭᠡ ᠭᠤᠶᠢᠳᠠ ᠰᠠᠶᠢᠬᠠᠨ ᠲᠤᠭᠯᠠᠯᠠᠲᠠ ᠪᠠᠷ ᠦᠵᠡᠭᠴᠢ ᠲᠦᠮᠡᠨ ᠤ ᠪᠠᠨ ᠬᠠᠷᠠᠭ᠎ᠠ ᠶᠢ ᠪᠠᠶᠠᠰᠬᠠᠵᠤ ᠰᠤᠨᠤᠷ ᠢ ᠨᠢ ᠮᠢᠯᠢᠶᠠᠯ᠎ᠠ᠃     ᠦᠣᠰᠢᠨ ᠬᠤᠰᠢᠭᠤᠨ ᠤ ᠣᠯᠠᠭᠠᠨᠮᠦ᠋ᠴᠢᠷ ᠤᠨ ᠤᠤᠭᠠᠨ ᠲᠣᠭᠯᠠᠭᠴᠢ ᠠᠯᠲᠠᠷᠲᠣ ᠳᠠᠭᠤᠴᠢᠨ ᠵᠢᠨᠬᠤᠸᠠᠷ ᠤᠨ ᠰᠤᠷᠪᠤᠯᠵᠢᠯᠠᠭ᠎ᠠ᠄ ︽ᠦᠨᠦᠳᠦᠷ ᠲᠠᠶᠢᠰᠠᠨ ᠳᠡᠬᠡᠷ᠎ᠡ ᠭᠠᠷᠤᠭᠰᠠᠨ 14 ᠨᠠᠰᠤᠲᠠᠶᠢᠴᠤᠳ ᠪᠣᠯ 60 ᠵᠢᠯ ᠤᠨ ᠡᠮᠦᠨ᠎ᠡ  ᠦᠦᠰᠢᠨ ᠤ ᠤᠯᠠᠭᠠᠨᠮᠥ᠋ᠴᠢᠷ ᠤᠨ ᠨᠢᠭᠡᠳᠦᠭᠡᠷ ᠦᠶ᠎ᠡ ᠶᠢᠨ ᠲᠣᠭᠯᠠᠭᠴᠢ ᠪᠤᠯᠤᠨ᠎ᠠ᠂ ᠪᠢᠳᠠ ᠡᠷᠡᠭᠦᠯ ᠴᠢᠭᠢᠷᠠᠭ ᠢᠶᠠᠷ ᠡᠨᠡ ᠡᠳᠦᠷ ᠤᠨ ᠲᠣᠭᠯᠠᠯᠲᠠ ᠳᠤ ᠤᠷᠤᠯᠴᠠᠭᠰᠠᠨ ᠳᠤ ᠰᠡᠳᠬᠢᠯ ᠦᠨᠳᠦᠷ ᠪᠠᠶᠢᠨ᠎ᠠ᠂ ᠡᠨᠡ ᠤᠳᠠᠭᠠᠨ ᠤ ᠵᠢᠷᠠᠨ ᠵᠢᠯ ᠤᠨ ᠤᠢ ᠶᠢ ᠰᠠᠶᠢᠬᠠᠨ ᠬᠢᠵᠡᠢ᠂ ᠪᠢᠳᠠᠨ ᠢ ᠬᠦᠨᠳᠦᠳᠭᠡᠨ ᠠᠪᠴᠢᠷᠠᠵᠤ ᠲᠠᠶᠢᠰᠠᠨ ᠳᠡᠭᠡᠷ᠎ᠡ ᠤᠷᠢᠨ ᠬᠤᠸᠠᠷ ᠴᠡᠴᠡᠭ ᠬᠦᠷᠭᠡᠵᠦ ᠤᠭ ᠢᠶᠠᠨ ᠮᠠᠷᠲᠠᠭᠰᠠᠨ ᠦᠭᠡᠢ ᠨᠢᠭᠡᠳᠦᠭᠡᠷ ᠦᠶ᠎ᠡ ᠶᠢᠨ ᠲᠣᠭᠯᠠᠭᠴᠢ ᠨᠠᠷ ᠢᠶᠠᠨ ᠮᠠᠷᠲᠠᠭᠰᠠᠨ ᠦᠭᠡᠢ ᠪᠠᠶᠢᠭ᠎ᠠ ᠳᠤ ᠰᠡᠳᠬᠢᠯ ᠦᠨᠳᠦᠷ ᠪᠠᠶᠢᠨ᠎ᠠ︾ ᠭᠡᠪᠡ᠃     1960 ᠣᠨ ᠳᠤ ᠪᠠᠶᠢᠭᠤᠯᠤᠭᠳᠠᠭᠰᠠᠨ ᠮᠠᠨ ᠤ ᠬᠤᠰᠢᠭᠤᠨ ᠤ ᠤᠯᠠᠭᠠᠨᠮᠥ᠋ᠴᠢᠷ ᠪᠣᠯ ᠦᠪᠡᠷᠳᠡᠬᠡᠨ ᠵᠠᠰᠠᠬᠤ ᠤᠷᠤᠨ ᠳᠠᠭᠠᠨ ᠬᠠᠮᠤᠭ ᠡᠷᠲᠡ ᠪᠠᠶᠢᠭᠤᠯᠤᠭᠳᠠᠭᠰᠠᠨ ᠤᠯᠠᠭᠠᠠᠮᠦ᠋ᠴᠢᠷ ᠤᠨ ᠨᠢᠭᠡ ᠪᠣᠯᠣᠨ᠎ᠠ᠃ 60 ᠵᠢᠯ ᠤᠨ ᠲᠤᠷᠰᠢ ᠬᠤᠰᠢᠭᠤ ᠤᠯᠠᠭᠠᠨᠮᠥ᠋ᠴᠢᠷ ᠬᠥᠬᠡ ᠲᠡᠭᠷᠢ ᠪᠠᠷ ᠬᠥᠰᠢᠬᠡ ᠪᠣᠯᠭᠠᠵᠤ ᠬᠦᠷᠦᠰᠦᠳᠦ ᠲᠡᠯᠡᠭᠡᠢ ᠪᠠᠷ ᠲᠠᠶᠢᠰᠠ ᠪᠤᠯᠭᠠᠨ ᠠᠷᠠᠳ ᠲᠦᠮᠡᠨ ᠳᠤ ᠦᠢᠯᠡᠴᠢᠯᠡᠬᠦ ᠦᠤᠰᠢᠨ ᠤ ᠣᠨᠴᠠᠯᠢᠭ ᠪᠦᠬᠦᠢ ᠤᠳᠬ᠎ᠠ ᠤᠷᠠᠯᠢᠭ ᠤᠨ ᠵᠠᠮ ᠢᠶᠠᠷ ᠵᠠᠮᠨᠠᠨ ᠤᠯᠠᠨ ᠠᠷᠪᠢᠨ ᠰᠢᠯᠢᠳᠡᠭ ᠪᠦᠳᠦᠭᠡᠯ ᠢ ᠵᠣᠬᠢᠶᠠᠨ ᠪᠦᠳᠦᠭᠡᠵᠦ ᠮᠠᠯᠴᠢᠨ ᠲᠠᠷᠢᠶᠠᠴᠢᠨ ᠳᠤ ᠪᠠᠶᠠᠷ ᠪᠠᠶᠠᠰᠤᠯ᠂ ᠰᠤᠶᠤᠯ ᠪᠣᠯᠪᠠᠰᠤᠨ ᠪᠠ ᠨᠠᠮ ᠤᠨ ᠬᠠᠶᠢᠷ᠎ᠠ ᠬᠠᠯᠠᠮᠵᠢᠯᠠᠯ ᠢ ᠤᠯᠠᠮᠵᠢᠯᠠᠨ ᠲᠠᠮᠵᠢᠭᠤᠯᠤᠭᠰᠠᠭᠠᠷ ᠢᠷᠡᠯ᠎ᠡ᠃     ᠰᠢᠯᠢ ᠶᠢᠨ ᠭᠤᠣᠯ ᠠᠶᠢᠮᠠᠭ ᠤᠨ ᠰᠢᠯᠦᠭᠤᠨ ᠬᠦᠬᠡ ᠬᠤᠰᠢᠭᠤᠨ ᠤ ᠤᠯᠠᠭᠠᠨᠮᠥ᠋ᠴᠢᠷ ᠤᠨ ᠳᠡᠳ᠋ ᠳᠠᠷᠤᠭ᠎ᠠ ᠪᠦᠬᠡ᠄ ︽ᠦᠨᠦᠳᠦᠷ ᠦᠦᠰᠢᠨ ᠬᠤᠰᠢᠭᠤᠨ ᠤ ᠤᠯᠠᠭᠠᠨᠮᠥ᠋ᠴᠢᠷ ᠪᠠᠶᠢᠭᠤᠯᠤᠭᠳᠠᠭᠰᠠᠨ 60 ᠵᠢᠯ ᠤᠨ ᠤᠢ ᠪᠤᠯᠵᠤ ᠪᠠᠶᠢᠭ᠎ᠠ ᠳᠠᠰᠢᠷᠠᠮ ᠢᠶᠠᠷ ᠠᠬ᠎ᠠ ᠳᠡᠭᠦᠦ ᠤᠯᠠᠭᠠᠨᠮᠥ᠋ᠴᠢᠷ ᠤᠨ ᠲᠣᠭᠯᠠᠯᠲᠠ ᠶᠢ ᠰᠣᠨᠢᠷᠬᠠᠯ᠎ᠠ᠂ ᠭᠤᠶᠤ ᠪᠠᠶᠢᠨ᠎ᠠ᠃ ᠬᠤᠵᠢᠮ ᠵᠠᠪᠰᠢᠶᠠᠨ ᠲᠠᠢ ᠪᠤᠯᠤᠭᠠᠳ ᠴᠢᠯᠦᠭᠡ ᠲᠠᠢ ᠪᠣᠯ ᠪᠢᠳᠠ ᠬᠤᠶᠠᠷ ᠤᠯᠠᠭᠠᠨᠮᠥ᠋ᠴᠢᠷ ᠪᠠᠰᠠ ᠰᠤᠶᠤᠯ ᠤᠨ ᠰᠤᠯᠢᠯᠴᠠᠭ᠎ᠠ ᠬᠢᠵᠦ ᠢᠯᠡᠭᠦᠬᠡᠨ ᠪᠡᠶ᠎ᠡ ᠪᠡᠶ᠎ᠡ ᠠᠴᠠ ᠪᠠᠨ ᠰᠤᠷᠤᠯᠴᠠᠨ ᠤᠯᠠᠭᠠᠨᠮᠥ᠋ᠴᠢᠷ ᠤᠨ ᠵᠤᠷᠢᠭ ᠰᠠᠨᠠᠭ᠎ᠠ ᠪᠠᠨ ᠤᠯᠠᠮ ᠪᠠᠳᠠᠷᠠᠭᠤᠯᠵᠤ ᠶᠠᠪᠤᠶ᠎ᠠ ᠭᠡᠵᠦ ᠪᠤᠳᠤᠵᠤ ᠪᠠᠶᠢᠨ᠎ᠠ︾ ᠭᠡᠪᠡ᠃
    ᠤᠶᠢᠯᠠᠭᠠᠭᠰᠠᠨ ᠢᠶᠠᠷ᠂ ᠮᠠᠨ ᠤ ᠬᠤᠰᠢᠭᠤᠨ  ᠤ ᠤᠯᠠᠭᠠᠨᠮᠥ᠋ᠴᠢᠷ ᠪᠠᠶᠢᠭᠤᠯᠤᠭᠳᠠᠭᠰᠠᠨ ᠠᠴᠠ ᠨᠠᠰᠢ 7000 ᠭᠠᠷᠤᠢ ᠲᠠᠯᠠᠪᠠᠢ ᠲᠤᠭᠯᠠᠯᠳᠠ ᠭᠠᠷᠭᠠᠵᠤ ᠵᠠᠭᠤᠨ ᠲᠥᠮᠡ ᠭᠠᠷᠤᠢ ᠦᠵᠡᠭᠴᠢ ᠳᠤ ᠦᠢᠯᠡᠴᠢᠯᠡᠵᠡᠢ᠃     ᠦᠪᠦᠷ ᠮᠤᠩᠭᠤᠯ ᠤᠨ ᠤᠯᠠᠭᠠᠨᠮᠥ᠋ᠴᠢᠷ ᠤᠨ ᠰᠤᠳᠤᠯᠭᠠᠨ ᠤ ᠨᠡᠶᠢᠬᠡᠮᠯᠡᠭ ᠤᠨ ᠳᠠᠷᠤᠭ᠎ᠠ ᠵᠢᠷᠭᠠᠯ᠄ ︽ᠤᠯᠠᠭᠠᠨᠮᠥ᠋ᠴᠢᠷ ᠪᠣᠯ ᠪᠦᠬᠦ ᠤᠯᠤᠰ ᠤᠨ ᠤᠳᠬ᠎ᠠ ᠤᠷᠠᠯᠢᠭ ᠤᠨ ᠹᠷᠣᠨᠲ ᠤᠨ ᠲᠤᠭᠴᠢ ᠶᠤᠮ᠂ ᠲᠤᠭᠴᠢ ᠪᠣᠯ ᠬᠠᠷᠠᠯᠲᠠ᠂ ᠲᠤᠭᠴᠢ ᠪᠣᠯ ᠵᠢᠱᠢᠶ᠎ᠡ ᠳᠠᠭᠤᠷᠢᠶᠠᠯ ᠪᠠᠶᠢᠨ᠎ᠠ᠂ ᠦᠦᠰᠢᠨ ᠬᠤᠰᠢᠭᠤᠨ ᠤ ᠤᠯᠠᠭᠠᠨᠮᠥ᠋ᠴᠢᠷ ᠪᠣᠯ ᠦᠪᠦᠷ ᠮᠣᠩᠭᠤᠯ ᠤᠨ ᠡᠷᠲᠡ ᠪᠠᠶᠢᠭᠤᠯᠤᠭᠳᠠᠭᠰᠠᠨ ᠤᠯᠠᠭᠠᠨᠮᠥ᠋ᠴᠢᠷ ᠤᠨ ᠨᠢᠭᠡ ᠪᠤᠯᠤᠨ᠎ᠠ᠂ 60 ᠵᠢᠯ ᠤᠨ ᠲᠤᠷᠰᠢ ᠦᠦᠰᠢᠨ ᠬᠤᠰᠢᠭᠤᠨ ᠤ ᠤᠯᠠᠭᠠᠨᠮᠥ᠋ᠴᠢᠷ ᠨᠠᠮ ᠤᠨ ᠤᠳᠬ᠎ᠠ ᠤᠷᠠᠯᠢᠭ ᠤᠨ ᠵᠠᠷᠴᠢᠮ ᠢ ᠪᠠᠷᠢᠮᠲᠠᠯᠠᠨ ᠦᠨᠳᠦᠰᠦᠨ ᠱᠠᠲᠤᠨ ᠳᠤ ᠭᠦᠨᠵᠡᠭᠡᠶᠢᠷᠡᠵᠦ ᠥᠷᠭᠡᠨ ᠤᠯᠠᠨ ᠮᠠᠯᠴᠢᠨ ᠲᠠᠷᠢᠶᠠᠴᠢᠨ ᠳᠤ ᠦᠢᠯᠡᠴᠢᠯᠡᠵᠦ ᠪᠠᠶᠢᠭᠰᠠᠨ᠂ ᠦᠪᠦᠷ ᠮᠤᠩᠭᠤᠯ ᠤᠨ ᠤᠯᠠᠭᠠᠨᠮᠥ᠋ᠴᠢᠷ ᠤᠨ ᠬᠦᠭᠵᠢᠯᠲᠡ ᠶᠢᠨ ᠲᠡᠤᠬᠡᠨ ᠳᠡᠭᠡᠷ᠎ᠡ ᠭᠠᠪᠢᠶ᠎ᠠ ᠵᠢᠳᠭᠦᠯ ᠢᠶᠠᠨ ᠦᠵᠡᠭᠦᠯᠦᠭᠰᠡᠨ ᠪᠠᠶᠢᠨ᠎ᠠ︾ ᠭᠡᠪᠡ     ᠰᠢᠨ᠎ᠡ ᠴᠠᠭ ᠦᠶ᠎ᠡ ᠳᠤ ᠮᠠᠨ ᠤ ᠬᠤᠰᠢᠭᠤᠨ ᠤ ᠤᠯᠠᠭᠠᠨᠮᠥ᠋ᠴᠢᠷ ᠶᠡᠷᠦᠩᠬᠡᠶ ᠱᠦᠵᠢ ᠰᠢ ᠶᠢᠨ ᠫᠢᠩ ᠤᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠪᠠᠲᠤ ᠴᠡᠭᠡᠵᠢᠯᠡᠵᠦ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠤᠬᠠᠭᠤᠯᠬᠤ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠪᠠ ᠠᠷᠠᠳ ᠣᠯᠠᠨ ᠤ ᠰᠠᠶᠢᠨ ᠰᠠᠶᠢᠬᠠᠨ ᠰᠣᠶᠣᠯ ᠤᠨ ᠬᠡᠷᠡᠭᠴᠡᠭᠡ ᠶᠢ ᠬᠠᠩᠭᠠᠬᠤ ᠰᠢᠨ᠎ᠡ ᠡᠭᠦᠷᠭᠡ ᠶᠢ ᠡᠭᠦᠷᠬᠡᠯᠡᠵᠦ ᠨᠠᠮ ᠪᠠ ᠴᠠᠭ ᠦᠶ᠎ᠡ ᠶᠢᠨ ᠠᠯᠬᠤᠭ᠎ᠠ ᠶᠢ ᠴᠢᠩᠭ᠎ᠠ ᠳᠠᠭᠠᠵᠤ ᠴᠠᠭ ᠦᠶ᠎ᠡ ᠲᠠᠢ ᠵᠡᠷᠭᠡᠪᠡᠷ ᠤᠷᠤᠭᠰᠢᠯᠠᠨ ᠨᠡᠩ ᠤᠯᠠᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ ᠥᠨᠢ ᠡᠭᠦᠷᠢᠳᠡ ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠦᠩᠭᠡᠨ ᠮᠣᠷᠢᠲᠤ ᠴᠡᠷᠢᠭ︾ ᠪᠣᠯᠬᠤ ᠲᠠᠷᠬᠠᠨ ᠬᠠᠷᠢᠭᠤᠴᠠᠯᠭ᠎ᠠ ᠪᠠᠨ ᠡᠭᠦᠷᠭᠡᠯᠡᠨ ᠴᠢᠷᠮᠠᠶᠢᠭᠰᠠᠭᠠᠷ ᠪᠤᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号