ᠮᠠᠨ ᠤ ᠬᠤᠰᠢᠭᠤᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠵᠥᠪᠯᠡᠯ ᠤᠨ 2020 ᠣᠨ ᠤ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/9/27
     9 ᠰᠠᠷ᠎ᠠ ᠶᠢᠨ 22 ᠤᠨ ᠡᠳᠦᠷ᠂ ᠮᠠᠨ ᠤ ᠬᠤᠰᠢᠭᠤ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠵᠥᠪᠯᠡᠯ ᠤᠨ 2020 ᠣᠨ ᠤ ᠳᠥᠷᠪᠡᠳᠦᠭᠡᠷ ᠤᠳᠠᠭᠠᠨ ᠤ ᠬᠤᠷᠠᠯ ᠢ ᠬᠤᠷᠠᠯᠳᠤᠭᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ᠂ ᠬᠤᠰᠢᠭᠤ ᠳᠡᠳ᠋ ᠳᠠᠷᠤᠭ᠎ᠠ ᠵᠸᠤ ᠱᠤᠸᠠᠶ ᠪᠤᠯᠤᠨ ᠬᠤᠰᠢᠭᠤ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠵᠥᠪᠯᠡᠯ ᠤᠨ ᠪᠦᠷᠢᠯᠳᠦᠬᠦᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠤᠷᠠᠯ ᠠᠴᠠ ᠲᠦᠷᠦᠯ ᠵᠦᠢᠯ ᠤᠨ ᠭᠠᠵᠠᠷ ᠰᠣᠩᠭᠤᠬᠤ᠂ ᠲᠥᠯᠥᠪᠵᠢᠭᠦᠯᠭᠡ ᠶᠢᠨ ᠦᠷ᠎ᠡ ᠪᠦᠲᠦᠭᠡᠯ ᠢ ᠬᠢᠨᠠᠨ ᠬᠠᠷᠭᠤᠭᠤᠯᠬᠤ ᠵᠡᠷᠭᠡ ᠲᠦᠷᠦᠯ ᠵᠦᠢᠯ ᠤᠨ ᠲᠥᠯᠥᠪᠵᠢᠭᠦᠯᠭᠡ ᠶᠢᠨ ᠲᠥᠯᠥᠪᠯᠡᠭᠡ ᠶᠢ ᠰᠣᠨᠣᠰᠴᠤ ᠬᠢᠨᠠᠨ ᠵᠥᠪᠯᠡᠭᠰᠠᠨ ᠪᠠᠶᠢᠨ᠎ᠠ᠃
     ᠵᠤᠤ ᠹᠸᠢ ᠯᠦ ᠵᠢᠭᠠᠵᠤ ᠭᠠᠷᠭᠠᠬᠤ ᠳᠤ ᠪᠠᠨ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠯᠥᠪᠵᠢᠭᠦᠯᠭᠡ ᠶᠢ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠥᠨᠳᠥᠷ ᠡᠭᠢᠯᠠᠯᠳᠠ ᠠᠴᠠ ᠲᠥᠯᠥᠪᠵᠢᠭᠦᠯᠬᠦ᠂ ᠥᠨᠳᠥᠷ ᠪᠠᠷᠢᠮᠵᠢᠶ᠎ᠠ ᠪᠠᠷ ᠵᠢᠷᠤᠭᠯᠠᠨ ᠲᠥᠯᠥᠪᠯᠡᠬᠦ᠂ ᠴᠢᠨᠠᠷ ᠰᠠᠶᠢᠳᠠᠢ ᠪᠦᠲᠦᠭᠡᠨ ᠪᠠᠶᠢᠭᠤᠯᠬᠤ ᠶᠢ ᠪᠠᠷᠢᠮᠳᠠᠯᠠᠨ ᠵᠢᠷᠤᠭ ᠲᠥᠯᠥᠪᠯᠡᠭᠡ ᠶᠢᠨ ᠲᠥᠰᠦᠯ ᠢ ᠲᠡᠭᠦᠯᠳᠡᠷᠵᠢᠭᠦᠯᠵᠦ ᠴᠢᠳᠠᠪᠭᠢ ᠶᠢ ᠢᠵᠢ ᠪᠦᠷᠢᠳᠦᠭᠦᠯᠬᠦ ᠪᠠ ᠲᠥᠷᠥᠯ ᠵᠥᠢᠯ ᠤᠨ ᠦᠷ᠎ᠡ ᠠᠰᠢᠭ ᠢ ᠪᠤᠳᠤᠯᠭᠢᠯᠠᠨ ᠣᠯᠠᠨ ᠲᠦᠮᠡᠨ ᠤ ᠰᠠᠳᠭᠢᠯ ᠬᠠᠨᠤᠮᠵᠢᠲᠠᠶ ᠢᠨᠵᠧᠨᠧᠷᠢᠩ ᠪᠤᠯᠭᠠᠨ ᠪᠠᠶᠢᠭᠤᠯᠬᠤ ᠬᠡᠷᠡᠭᠲᠡᠶ᠃ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠲᠥᠯᠥᠪᠵᠢᠭᠦᠯᠭᠡ ᠶᠢ ᠲᠦᠰᠦᠪᠯᠡᠨ ᠲᠦᠯᠦᠪᠯᠡᠬᠦ ᠶᠢᠨ ᠪᠠᠶᠢᠭᠤᠯᠭ᠎ᠠ ᠨᠢᠭᠡᠴᠢ ᠬᠤᠷᠠᠯ ᠠᠴᠠ ᠲᠤᠷᠠᠳᠤᠭᠰᠠᠨ ᠰᠠᠨᠠᠯ ᠰᠠᠨᠠᠭᠤᠯᠭ᠎ᠠ ᠶᠢ ᠬᠢᠨᠠᠮᠠᠭᠠᠶ ᠡᠮᠭᠢᠯᠠᠨ ᠲᠥᠰᠦᠯ ᠢ ᠲᠡᠭᠦᠯᠳᠡᠷᠵᠢᠭᠦᠯᠵᠦ ᠲᠥᠯᠥᠪᠯᠡᠭᠡ ᠲᠥᠯᠥᠪᠵᠢᠭᠦᠯᠭᠡ ᠶᠢ ᠨᠡᠩ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠤᠯᠭᠠᠬᠤ ᠭᠡᠷᠡᠭᠳᠠᠢ ᠭᠡᠵᠡᠢ᠃      ᠵᠣᠣ ᠹᠸᠢ ᠯᠦ ᠱᠠᠭᠠᠷᠳᠠᠬᠤ ᠳᠤ ᠪᠠᠨ᠂ ᠲᠥᠯᠥᠪᠵᠢᠭᠦᠯᠭᠡ ᠶᠢᠨ ᠰᠢᠨᠵᠢᠯᠡᠬᠦ ᠤᠬᠠᠭᠠᠨᠴᠢ ᠴᠢᠨᠠᠷ᠂ ᠡᠷᠬᠡ ᠰᠦᠷᠲᠦ ᠴᠢᠨᠠᠷ ᠢ ᠴᠢᠩᠭᠠᠳᠬᠠᠨ ᠬᠥᠲᠥᠯᠥᠨ ᠵᠢᠯᠣᠭᠤᠳᠬᠤ᠂ ᠨᠢᠭᠡᠳᠦᠯᠲᠡᠶ ᠲᠥᠯᠥᠪᠵᠢᠭᠦᠯᠭᠦ ᠥᠢᠯᠡᠳᠤᠯ ᠢ ᠳᠣᠪᠤᠶᠢᠯᠭᠠᠵᠤ ᠲᠥᠯᠥᠪᠵᠢᠭᠦᠯᠭᠡ ᠶᠢᠨ ᠠᠵᠢᠯ ᠤᠨ ᠬᠢᠷᠢ ᠲᠦᠪᠰᠢᠨ ᠢ ᠲᠡᠭᠡᠭᠰᠢᠯᠠᠭᠦᠯᠤᠨ ᠡᠯ᠎ᠡ ᠲᠥᠷᠥᠯ ᠵᠥᠢᠯ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢᠨ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠶᠢᠬᠤ ᠶᠢ ᠪᠠᠳᠤᠯᠠᠬᠤ ᠭᠡᠷᠡᠭᠳᠠᠢ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠠᠪᠤᠳᠠᠯ ᠢ ᠬᠤᠲᠠ ᠶᠢᠨ ᠬᠥᠭᠵᠢᠯᠲᠡ ᠶᠢᠨ ᠳᠤᠪᠤᠶᠢᠮ᠎ᠠ ᠪᠠᠶᠢᠷᠢᠨ ᠳᠤ ᠲᠠᠯᠪᠢᠵᠤ ᠬᠥᠭᠵᠢᠯᠲᠡ ᠶᠢᠨ ᠠᠯᠤᠰ ᠤᠨ ᠲᠥᠯᠥᠪ ᠪᠣᠯᠤᠨ ᠪᠦᠲᠦᠭᠡᠨ ᠪᠠᠶᠢᠭᠤᠯᠤᠯᠲᠠ ᠶᠢᠨ ᠪᠤᠳᠠᠳᠤ ᠪᠠᠶᠢᠳᠠᠯ ᠢ ᠬᠠᠮᠲᠤ ᠳᠤᠨᠢ ᠬᠠᠷᠠᠭᠠᠯᠵᠠᠨ ᠮᠠᠨ ᠤ ᠬᠤᠰᠢᠭᠤᠨ ᠤ ᠣᠨᠴᠠᠯᠢᠭ ᠲᠠᠢ ᠰᠣᠳᠣᠨ ᠲᠥᠷᠥᠯ ᠵᠦᠢᠯ ᠢ ᠪᠠᠶᠢᠭᠤᠯᠵᠤ ᠦᠦᠰᠢᠨ ᠠᠷᠠᠳ ᠲᠦᠮᠡᠨ ᠤ ᠵᠣᠯ ᠵᠢᠷᠭᠠᠯᠲᠤ ᠲᠥᠷᠥᠭᠳᠡᠯ ᠪᠠ ᠠᠰᠢᠭ ᠬᠦᠷᠲᠡᠭᠰᠡᠨ ᠲᠥᠷᠥᠭᠳᠡᠯ ᠢ ᠲᠡᠭᠡᠭᠰᠢᠯᠠᠭᠦᠯᠭᠦ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号