2020 ᠣᠨ ᠤ ᠪᠥᠭᠦ ᠬᠤᠳᠠ ᠶᠢᠨ ︽ᠱᠠᠯᠢᠭ ᠵᠠᠪᠬᠠᠶ ᠵᠥᠢᠯᠡᠰ ᠢ ᠱᠥᠭᠦᠷᠳᠠᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠦᠨᠳᠦᠰᠦᠨ ᠱᠠᠲᠤᠨ ᠳᠤ ᠪᠠᠭᠤᠯᠭᠠᠬᠤ ᠵᠢᠴᠢ ᠲᠠᠯ᠎ᠠ ᠨᠤᠲᠤᠭ ᠤᠨ ᠨᠣᠮ ᠤᠨ ᠥᠷᠥᠭᠡ ᠶᠢᠨ ᠥᠭᠡᠷᠡᠴᠢᠯᠡᠯᠲᠡ ᠶᠢ ᠭᠥᠨᠵᠡᠭᠡᠶᠢᠷᠠᠭᠦᠯᠭᠦ ᠲᠤᠬᠠᠶ ᠶᠢᠨ ᠲᠠᠯᠠᠪᠠᠢ ᠳᠠᠬᠢ ᠲᠣᠭᠤᠷᠢᠨ ᠦᠵᠡᠵᠦ ᠠᠬᠢᠭᠤᠯᠬᠤ ᠬᠤᠷᠠᠯ ᠤᠨ ᠲᠤᠷᠰᠢᠯᠳᠠ ᠶᠢᠨ ᠴᠡᠭ ᠪᠤᠯᠬᠤ ᠬᠤᠰᠢᠭᠤ ᠲᠤᠭᠤᠷᠢᠭ ᠤᠨ ᠲᠠᠯ᠎ᠠ ᠨᠤᠲᠤᠭ ᠤᠨ ᠨᠣᠮ ᠤᠨ ᠥᠷᠥᠭᠡ ᠳᠤ ᠨᠣᠮ ᠪᠢᠴᠢᠭ ᠢ ᠲᠥᠭᠡᠭᠡᠨ ᠲᠠᠷᠬᠠᠭᠠᠬᠤ ᠡᠬᠢᠯᠡᠯᠲᠡ ᠶᠢᠨ ᠶᠣᠰᠣᠯᠠᠯ ᠮᠠᠨ ᠤ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2020/9/27
     9 ᠰᠠᠷ᠎ᠠ ᠶᠢᠨ 23 ᠤ ᠡᠳᠦᠷ᠂ 2020 ᠣᠨ ᠤ ᠪᠥᠭᠦ ᠬᠤᠳᠠ ᠶᠢᠨ ︽ᠱᠠᠯᠢᠭ ᠵᠠᠪᠬᠠᠶ ᠵᠥᠢᠯᠡᠰ ᠢ ᠱᠥᠭᠦᠷᠳᠠᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠦᠨᠳᠦᠰᠦᠨ ᠱᠠᠲᠤᠨ ᠳᠤ ᠪᠠᠭᠤᠯᠭᠠᠬᠤ ᠵᠢᠴᠢ ᠲᠠᠯ᠎ᠠ ᠨᠤᠲᠤᠭ ᠤᠨ ᠨᠣᠮ ᠤᠨ ᠥᠷᠥᠭᠡ ᠶᠢᠨ ᠥᠭᠡᠷᠡᠴᠢᠯᠡᠯᠲᠡ ᠶᠢ ᠭᠥᠨᠵᠡᠭᠡᠶᠢᠷᠠᠭᠦᠯᠭᠦ ᠲᠤᠬᠠᠶ ᠶᠢᠨ ᠲᠠᠯᠠᠪᠠᠢ ᠳᠠᠬᠢ ᠲᠣᠭᠤᠷᠢᠨ ᠦᠵᠡᠵᠦ ᠠᠬᠢᠭᠤᠯᠬᠤ ᠬᠤᠷᠠᠯ ᠤᠨ ᠲᠤᠷᠰᠢᠯᠳᠠ ᠶᠢᠨ ᠴᠡᠭ ᠪᠤᠯᠬᠤ ᠬᠤᠰᠢᠭᠤ ᠲᠤᠭᠤᠷᠢᠭ ᠤᠨ ᠲᠠᠯ᠎ᠠ ᠨᠤᠲᠤᠭ ᠤᠨ ᠨᠣᠮ ᠤᠨ ᠥᠷᠥᠭᠡ ᠳᠤ ᠨᠣᠮ ᠪᠢᠴᠢᠭ ᠢ ᠲᠥᠭᠡᠭᠡᠨ ᠲᠠᠷᠬᠠᠭᠠᠬᠤ ᠡᠬᠢᠯᠡᠯᠲᠡ ᠶᠢᠨ ᠶᠣᠰᠣᠯᠠᠯ ᠮᠠᠨ ᠤ ᠬᠤᠰᠢᠭᠤᠨ ᠳᠤ ᠶᠠᠪᠤᠭᠳᠠᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠢᠶᠣᠤ ᠮᠢᠩ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠾᠧ ᠬᠠᠢ ᠶᠦᠨ᠂ ᠬᠤᠲᠠ ᠶᠢᠨ ᠰᠤᠶᠤᠯ ᠪᠠ ᠵᠢᠭᠤᠯᠴᠢᠯᠠᠯ ᠤᠨ ᠲᠤᠪᠴᠢᠶᠠᠨ ᠤ ᠳᠡᠳ᠋ ᠲᠠᠷᠤᠭ᠎ᠠ ᠵᠤᠤ ᠪᠢᠯᠢᠭ᠂ ᠬᠤᠲᠠ ᠶᠢᠨ ᠰᠢᠨᠬᠤᠸᠠ ᠨᠤᠮ ᠤᠨ ᠳᠡᠯᠭᠡᠭᠦᠷ ᠤᠨ ᠶᠡᠷᠦᠩᠭᠡᠢ ᠵᠠᠬᠢᠷᠤᠯ ᠯᠢᠦ ᠴᠢᠨ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠳᠡᠳ᠋ ᠳᠠᠷᠤᠭ᠎ᠠ ᠪᠠᠶᠠᠨᠴᠡᠩᠭᠡᠯ ᠨᠠᠷ ᠡᠭᠢᠯᠠᠯᠳᠠ ᠶᠢᠨ ᠶᠤᠰᠤᠯᠠᠯ ᠳᠤ ᠤᠷᠤᠯᠴᠠᠵᠤ ᠮᠣᠩᠭᠤᠯ ᠦᠨᠳᠦᠰᠦᠲᠡᠨ ᠤ ᠠᠯᠳᠠᠷᠲᠤ ᠳᠠᠭᠤᠴᠢᠨ᠂ ᠤᠯᠤᠰ ᠤᠨ ᠨᠢᠭᠡᠳᠦᠭᠡᠷ ᠳᠡᠰ ᠤᠨ ᠲᠣᠭᠯᠠᠭᠴᠢ ᠵᠢᠠᠬᠤᠸᠠᠷ ᠪᠤᠯᠤᠨ ᠡᠯ᠎ᠡ ᠬᠤᠰᠢᠭᠤ ᠲᠣᠭᠤᠷᠢᠭ ᠤᠨ ᠰᠤᠷᠲᠠᠯ ᠤᠬᠠᠭᠤᠯᠭ᠎ᠠ ᠰᠣᠶᠣᠯ ᠤᠨ ᠰᠠᠯᠠᠭ᠎ᠠ ᠮᠥᠴᠢᠷ᠂ ︽ᠱᠠᠯᠢᠭ ᠵᠠᠪᠬᠠᠶ ᠵᠥᠢᠯᠡᠰ ᠢ ᠱᠥᠭᠦᠷᠳᠠᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠡᠯ᠎ᠡ ᠪᠥᠷᠢᠯᠳᠤᠭᠦᠨ ᠨᠢᠭᠡᠴᠢ ᠶᠢᠨ ᠬᠤᠪᠢᠶᠠᠷᠢᠯᠠᠨ ᠬᠠᠷᠢᠭᠤᠴᠠᠵᠤ ᠪᠠᠶᠢᠭ᠎ᠠ ᠤᠳᠤᠷᠢᠳᠤᠯᠭ᠎ᠠ ᠵᠢᠴᠢ ᠠᠵᠢᠯᠲᠠᠨ᠂ ᠲᠠᠯ᠎ᠠ ᠨᠤᠳᠤᠭ ᠤᠨ ᠨᠣᠮ ᠤᠨ ᠥᠷᠥᠭᠡ ᠶᠢᠨ ᠬᠠᠮᠢᠶᠠᠷᠤᠭᠴᠢ᠂ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠪᠠ ᠬᠤᠲᠠ ᠶᠢᠨ ᠠᠷᠠᠳ ᠲᠦᠮᠡᠨ ᠠᠵᠢᠯᠯᠠᠭᠠᠨ  ᠳᠤ ᠤᠷᠤᠯᠴᠠᠭᠰᠠᠨ ᠪᠠᠶᠢᠨ᠎ᠠ᠃
     ᠾᠧ ᠬᠠᠢ ᠶᠦᠨ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠤᠷᠤᠨ ᠡᠯ᠎ᠠ ᠰᠠᠯᠠᠭ᠎ᠠ ᠮᠥᠴᠢᠷ ᠤᠨ ᠬᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠥᠢᠯᠡᠳᠤᠯᠭᠡᠵᠢᠬᠦᠯᠬᠡ ᠶᠢᠨ ᠲᠥᠪ ᠤᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠤᠨ ᠨᠣᠮ ᠤᠨ ᠥᠷᠥᠭᠡ︾ ᠶᠢᠨ ᠨᠢᠭᠡ ᠴᠤᠭᠴᠠᠵᠢᠭᠤᠯᠤᠭᠰᠠᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠨ ᠪᠦᠬᠦ ᠬᠤᠲᠠ ᠶᠢᠨ ︽ᠲᠠᠯ᠎ᠠ ᠨᠤᠲᠤᠭ ᠤᠨ ᠨᠣᠮ ᠤᠨ ᠥᠷᠥᠭᠡ︾᠂ ᠨᠣᠮ ᠤᠨ ᠰᠠᠩ ᠤᠨ ᠶᠡᠷᠦᠩᠬᠡᠢ ᠬᠤᠪᠢᠶᠠᠷᠢ ᠣᠷᠳᠣᠨ ᠤ ᠪᠠᠶᠢᠭᠤᠯᠤᠯᠲᠠ  ᠶᠢᠨ ᠥᠭᠡᠷᠡᠴᠢᠯᠠᠯᠳᠠ ᠶᠢ ᠠᠬᠢᠭᠤᠯᠵᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ᠲᠣᠬᠢᠷᠠᠭᠤᠯᠤᠯᠲᠠ᠂ ᠰᠢᠯᠵᠢᠯᠲᠡ᠂ ᠵᠠᠷᠤᠳᠠᠯ᠂ ᠲᠣᠬᠢᠷᠠᠭᠤᠯᠤᠨ ᠭᠥᠷᠭᠡᠯᠳᠠ ᠶᠢ ᠪᠠᠷᠢᠮᠵᠢᠶᠠᠵᠢᠭᠤᠯᠬᠤ  ᠬᠡᠷᠡᠭᠲᠡᠶ᠃ ᠡᠯ᠎ᠡ ᠲᠤᠷᠰᠢᠯᠲᠠ ᠶᠢᠨ ᠬᠤᠰᠢᠭᠤ ᠲᠣᠭᠤᠷᠢᠭ ᠤᠨ ᠬᠢᠨ ᠨᠢᠭᠡ ᠪᠦᠯᠦᠭ ᠳᠡᠯᠭᠡᠷᠡᠭᠦᠯᠵᠦ ᠪᠣᠯᠬᠤ ᠥᠭᠡᠷᠡᠴᠢᠯᠡᠯᠲᠡ ᠶᠢᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠭᠠᠷᠭᠠᠨ ᠨᠣᠮ ᠤᠨ ᠥᠷᠥᠭᠡ ᠶᠢᠨ ︽ᠰᠣᠶᠣᠯ ᠢᠶᠠᠷ ᠠᠷᠠᠳ ᠢᠶᠠᠨ ᠪᠠᠶᠠᠵᠢᠭᠤᠯᠵᠤ᠂ ᠰᠣᠶᠣᠯ ᠢᠶᠠᠷ ᠠᠷᠠᠳ ᠢᠶᠠᠨ ᠬᠥᠮᠦᠵᠢᠭᠦᠯᠬᠦ︾ ᠶᠡᠷᠦᠩᠬᠡᠶᠢᠯᠡᠭᠰᠡᠨ ᠥᠢᠯᠡᠳᠤᠯ ᠢ ᠲᠤᠪᠤᠶᠢᠯᠭᠠᠨ ᠮᠠᠯᠴᠢᠨ ᠲᠠᠷᠢᠶᠠᠴᠢᠨ ᠲᠤ ᠰᠣᠶᠣᠯ ᠤᠨ ᠬᠦᠷᠲᠡᠮᠵᠢ ᠶᠢᠨ ᠲᠥᠷᠥᠭᠳᠡᠯ ᠢ ᠤᠯᠭᠤᠬᠤ ᠭᠡᠷᠡᠭᠳᠠᠢ ᠭᠡᠵᠡᠢ᠃
     ᠹᠧᠩ ᡁᠢ ᠮᠢᠩ ᠶᠠᠷᠢᠶᠠᠨ ᠳᠤ ᠪᠠᠨ ᠵᠢᠭᠠᠵᠤ ᠭᠠᠷᠭᠠᠭᠰᠠᠨ ᠨᠢ᠂ ᠲᠤᠰ ᠤᠳᠠᠭᠠᠨ ᠤ ᠠᠵᠢᠯᠯᠠᠭ᠎ᠠ ᠨᠢ ᠮᠠᠨ ᠤ ᠬᠤᠰᠢᠭᠤᠨ ᠤ ᠦᠨᠳᠦᠰᠦᠨ ᠱᠠᠲᠤᠨ ᠤ ᠦᠵᠡᠯ ᠤᠬᠠᠮᠰᠠᠷ ᠤᠨ ᠬᠡᠯᠪᠡᠷᠢ ᠪᠣᠯᠤᠨ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠪᠠᠭᠢᠯᠠᠯᠳᠠ ᠶᠢᠨ ᠭᠠᠵᠠᠷ ᠢ ᠪᠠᠬᠢᠵᠢᠭᠦᠯᠬᠦ ᠬᠦᠴᠦᠲᠡᠶ ᠠᠷᠭ᠎ᠠ ᠬᠡᠮᠵᠢᠶ᠎ᠡ᠂ ᠮᠥᠨᠴᠦ ᠮᠠᠨ ᠤ ᠬᠤᠰᠢᠭᠤᠨ ᠤ ︽ᠱᠠᠯᠢᠭ ᠵᠠᠪᠬᠠᠶ ᠵᠥᠢᠯᠡᠰ ᠢ ᠱᠥᠭᠦᠷᠳᠠᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠦᠨᠳᠦᠰᠦᠨ ᠱᠠᠲᠤᠨ ᠳᠤ ᠪᠠᠭᠤᠯᠭᠠᠬᠤ ᠵᠢᠴᠢ ᠲᠠᠯ᠎ᠠ ᠨᠤᠲᠤᠭ ᠤᠨ ᠨᠣᠮ ᠤᠨ ᠥᠷᠥᠭᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠭᠥᠨᠵᠠᠭᠡᠶᠢᠷᠠᠭᠦᠯᠭᠦ‍ ᠨᠢᠭᠡ ᠤᠳᠠᠭᠠᠨ ᠤ ᠰᠢᠯᠭᠠᠯᠳᠠ ᠪᠤᠯᠤᠨ᠎ᠠ᠃ ᠲᠤᠬᠠᠶ ᠶᠢᠨ ᠲᠠᠯᠠᠪᠠᠢ ᠶᠢᠨ ᠬᠤᠷᠠᠯ ᠢᠶᠠᠷ ᠳᠠᠮᠵᠢᠨ ᠡᠯ᠎ᠡ ᠬᠤᠰᠢᠭᠤ ᠲᠣᠭᠤᠷᠢᠭ ᠤᠨ ᠬᠢᠨ ᠠᠵᠢᠯ ᠤᠨ ᠲᠤᠷᠰᠢᠯᠭ᠎ᠠ ᠪᠠᠨ ᠬᠠᠷᠢᠯᠴᠠᠨ ᠬᠤᠪᠢᠶᠠᠯᠴᠠᠨ ᠪᠦᠬᠦ ᠬᠤᠲᠠ ᠶᠢᠨ ︽ᠱᠠᠯᠢᠭ ᠵᠠᠪᠬᠠᠶ ᠵᠥᠢᠯᠡᠰ ᠢ ᠱᠥᠭᠦᠷᠳᠠᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠰᠠᠶᠢᠨ ᠰᠠᠶᠢᠬᠠᠨ ᠪᠠᠶᠢᠳᠠᠯ ᠢ ᠡᠭᠦᠳᠴᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠨᠠᠩ ᠶᠡᠭᠡ ᠰᠢᠨ᠎ᠡ ᠬᠤᠪᠢ ᠨᠡᠮᠡᠷᠢ ᠥᠵᠠᠭᠦᠯᠭᠦ ᠶᠢ ᠭᠥᠰᠡᠵᠤ ᠪᠠᠶᠢᠨ᠎ᠠ ᠭᠡᠵᠡᠢ᠃
     ᠶᠣᠰᠣᠯᠠᠯ ᠳᠡᠭᠡᠷ᠎ᠡ ᠳ᠋ᠦᠩᠱᠧᠩ ᠲᠣᠭᠤᠷᠢᠭ᠂ ᠳᠠᠯᠠᠳ ᠬᠤᠰᠢᠭᠤ᠂ ᠤᠲᠤᠭ ᠤᠨ ᠡᠮᠦᠨᠡᠲᠦ ᠬᠤᠰᠢᠭᠤ᠂ ᠮᠠᠨ  ᠤ ᠬᠤᠰᠢᠭᠤ ᠵᠡᠷᠭᠡ 4 ᠲᠤᠷᠰᠢᠯᠳᠠ ᠶᠢᠨ ᠴᠡᠭ ᠤᠨ ᠬᠤᠰᠢᠭᠤ ᠲᠣᠭᠤᠷᠢᠭ ᠤᠨ ᠲᠠᠯ᠎ᠠ ᠨᠤᠲᠤᠭ ᠤᠨ 303 ᠨᠣᠮ ᠤᠨ ᠥᠷᠥᠭᠡ ᠳᠤ 60.2 ᠲᠦᠮᠡᠨ ᠲᠥᠭᠦᠷᠢᠭ ᠤᠨ ᠥᠷᠲᠡᠭ ᠪᠦᠬᠦᠢ 15878 ᠳᠡᠪᠲᠡᠷ ᠨᠣᠮ ᠲᠦᠭᠡᠭᠡᠨ ᠥᠭᠭᠦᠭᠰᠠᠨ ᠪᠠᠶᠢᠨ᠎ᠠ᠃ ᠶᠣᠰᠣᠯᠠᠯ ᠳᠡᠭᠡᠷ᠎ᠡ ᠪᠠᠰᠠ ᠰᠤᠷᠤᠭᠴᠢᠳ ᠤᠨ ᠲᠥᠯᠥᠭᠡᠯᠡᠭᠴᠢ ᠪᠠ ᠡᠯ᠎ᠡ ᠬᠤᠰᠢᠭᠤ ᠲᠣᠭᠤᠷᠢᠭ ᠤᠨ ᠨᠣᠮ ᠤᠨ ᠰᠠᠩ ᠳᠤ ᠨᠣᠮ ᠪᠢᠴᠢᠭ ᠬᠠᠨᠳᠢᠪᠯᠠᠪᠠ᠃ ᠳᠠᠭᠤᠴᠢᠨ ᠵᠢᠨᠬᠤᠸᠠᠷ ᠵᠢᠴᠢ ᠮᠠᠨ ᠤ ᠬᠤᠰᠢᠭᠤᠨ ᠤ ᠵᠤᠭᠢᠶᠠᠯᠴᠢᠳ ᠠᠴᠠ ᠬᠤᠰᠢᠭᠤᠨ ᠤ ᠲᠠᠯ᠎ᠠ ᠨᠤᠲᠤᠭ ᠤᠨ ᠨᠣᠮ ᠤᠨ ᠥᠷᠥᠭᠡᠨ ᠳᠤ ᠬᠤᠪᠢ ᠬᠥᠮᠦᠨ ᠤ ᠵᠣᠬᠢᠶᠠᠯ ᠪᠦᠲᠦᠭᠡᠯ ᠵᠢᠴᠢ ᠤᠳᠬ᠎ᠠ ᠵᠣᠬᠢᠶᠠᠯ ᠤᠨ ᠪᠦᠲᠦᠭᠡᠯ ᠬᠠᠨᠳᠢᠪᠯᠠᠪᠠ᠃ ᠬᠤᠲᠠ ᠶᠢᠨ ᠰᠢᠨᠬᠤᠸᠠ ᠨᠣᠮ ᠤᠨ ᠳᠡᠯᠭᠡᠭᠦᠷ ᠤᠨ ᠬᠠᠷᠢᠭᠤᠴᠠᠯᠭᠠᠲᠠᠨ ᠮᠠᠨ ᠤ ᠬᠤᠰᠢᠭᠤᠨ ᠤ ᠲᠠᠯ᠎ᠠ ᠨᠤᠲᠤᠭ ᠤᠨ ᠨᠤᠮ ᠤᠨ ᠥᠷᠥᠭᠡ ᠶᠢᠨ ᠬᠠᠮᠢᠶᠠᠷᠤᠭᠴᠢ ᠶᠢᠨ ᠲᠥᠯᠥᠭᠡᠯᠡᠭᠴᠢ ᠲᠤᠰ ᠲᠤᠰ ᠥᠭᠡ ᠶᠠᠷᠢᠪᠠ᠃
     ᠡᠭᠢᠯᠠᠯᠳᠠ ᠶᠢᠨ ᠶᠤᠰᠤᠯᠠᠯ ᠤᠨ ᠲᠠᠷᠠᠭ᠎ᠠ ᠶᠤᠰᠤᠯᠠᠯ ᠳᠤ ᠤᠷᠤᠯᠴᠠᠭᠰᠠᠳ ᠥᠥᠰᠢᠨ ᠬᠤᠰᠢᠭᠤᠨ ᠤ ᠰᠣᠶᠣᠯ  ᠤᠨ ᠪᠦᠲᠦᠭᠡᠯᠳᠡ ᠠᠵᠤ ᠥᠢᠯᠡᠰ ᠤᠨ ᠬᠦᠷᠢᠶᠡᠯᠡᠩ᠂ ᠬᠤᠷᠠᠬᠤ ᠨᠡᠶᠢᠭᠡᠮ ᠲᠣᠭᠤᠷᠢᠭ ᠤᠨ ︽ᠱᠠᠯᠢᠭ ᠵᠠᠪᠬᠠᠶ ᠵᠥᠢᠯᠡᠰ ᠢ ᠱᠥᠭᠦᠷᠳᠠᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠦᠨᠳᠦᠰᠦᠨ ᠱᠠᠲᠤᠨ ᠤ ᠲᠠᠭᠤᠷᠢᠶᠠᠯ ᠴᠡᠭ ᠤᠨ ᠪᠥᠲᠥᠭᠡᠨ ᠪᠠᠶᠢᠭᠤᠯᠤᠯᠲᠠ᠂ ᠪᠠᠶᠠᠨᠭᠤᠣᠯ ᠭᠠᠴᠠᠭᠠᠨ ᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ᠂ ᠬᠤᠸᠠᠳᠤᠯᠤᠭᠠᠢ ᠭᠠᠴᠠᠭᠠᠨ ᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ᠥᠭᠡᠷᠡᠴᠢᠯᠡᠯᠲᠡ ᠶᠢᠨ ᠲᠤᠷᠰᠢᠯᠲᠠ ᠤᠨ ᠴᠡᠭ ᠢ ᠲᠣᠭᠤᠷᠢᠨ ᠥᠵᠠᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号