ᠪᠥᠬᠦ ᠬᠤᠰᠢᠭᠤᠨ ᠤ ︽ᠲᠠᠯᠪᠢᠬᠤ ᠬᠠᠮᠢᠶᠠᠷᠬᠤ ᠥᠢᠯᠡᠴᠢᠯᠠᠭᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠬᠤᠳᠠᠯᠳᠤᠭ᠎ᠠ ᠡᠵᠡᠩᠨᠡᠬᠦ ᠣᠷᠴᠢᠨ ᠨᠥᠭᠦᠴᠠᠯ ᠢ ᠰᠢᠯᠢᠳᠡᠭᠵᠢᠭᠦᠯᠬᠦ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/9/27
     9 ᠰᠠᠷ᠎ᠠ ᠶᠢᠨ 23 ᠤ ᠡᠳᠦᠷ᠂ ᠪᠥᠬᠦ ᠬᠤᠰᠢᠭᠤᠨ ᠤ ︽ᠲᠠᠯᠪᠢᠬᠤ ᠬᠠᠮᠢᠶᠠᠷᠬᠤ ᠥᠢᠯᠡᠴᠢᠯᠠᠭᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠬᠤᠳᠠᠯᠳᠤᠭ᠎ᠠ ᠡᠵᠡᠩᠨᠡᠬᠦ ᠣᠷᠴᠢᠨ ᠨᠥᠭᠦᠴᠠᠯ ᠢ ᠰᠢᠯᠢᠳᠡᠭᠵᠢᠭᠦᠯᠬᠦ ᠠᠵᠢᠯ ᠤᠨ ᠬᠤᠷᠠᠯ ᠬᠤᠷᠠᠯᠳᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠯᠢ ᠵᠥᠩ ᠯᠢᠨ᠂ ᠬᠤᠰᠢᠭᠤ ᠳᠡᠳ᠋ ᠳᠠᠷᠤᠭ᠎ᠠ ᠵᠸᠤ ᠱᠤᠸᠠᠢ᠂ ᠪᠠᠶᠠᠠᠴᠠᠩᠭᠡᠯ ᠪᠤᠯᠤᠨ ᠰᠤᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ ᠲᠤᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠨᠠᠷᠢᠠᠭᠤᠤᠯ ᠠᠵᠤ ᠥᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠬᠠᠷᠢᠭᠤᠴᠠᠯᠭᠠᠳᠠᠨ᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠭᠰᠠᠨ ᠪᠠᠶᠢᠨ᠎ᠠ᠃
     ᠬᠤᠷᠠᠯ ᠳᠡᠭᠡᠷ᠎ᠡ ᠬᠤᠰᠢᠭᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ᠲᠤᠪᠴᠢᠶ᠎ᠠ ᠠᠴᠠ ᠪᠥᠬᠦ ᠬᠤᠰᠢᠭᠤᠨ ᠤ ︽ᠲᠠᠯᠪᠢᠬᠤ ᠬᠠᠮᠢᠶᠠᠷᠬᠤ ᠥᠢᠯᠡᠴᠢᠯᠠᠭᠦ︾ ᠥᠭᠡᠷᠡᠴᠢᠯᠡᠯᠲᠡ ᠶᠢ ᠭᠥᠨᠵᠡᠭᠡᠶᠢᠷᠠᠭᠦᠯᠭᠦ ᠪᠠ ᠬᠤᠳᠠᠯᠳᠤᠭ᠎ᠠ ᠡᠵᠡᠩᠨᠡᠬᠦ ᠣᠷᠴᠢᠨ ᠨᠥᠭᠦᠴᠠᠯ ᠢ ᠰᠢᠯᠢᠳᠡᠭᠵᠢᠭᠦᠯᠬᠦ ᠠᠵᠢᠯ ᠤᠨ ᠪᠠᠶᠢᠳᠠᠯ ᠢ ᠮᠡᠳᠡᠭᠳᠠᠵᠤ ᠵᠠᠩ ᡁᠢ ᠰᠢᠦ᠋ᠩ ᠠᠴᠠ ᠲᠠᠷᠠᠭᠠᠴᠢ ᠶᠢᠨ ᠠᠯᠬᠤᠮ ᠤᠨ ︽ᠲᠠᠯᠪᠢᠬᠤ ᠬᠠᠮᠢᠶᠠᠷᠬᠤ ᠥᠢᠯᠡᠴᠢᠯᠠᠭᠦ︾ ᠥᠭᠡᠷᠡᠴᠢᠯᠠᠯᠳᠠ ᠶᠢ ᠭᠦᠨᠵᠡᠭᠡᠶᠢᠷᠡᠭᠦᠯᠬᠦ ᠪᠠ ᠬᠤᠳᠠᠯᠳᠤᠭ᠎ᠠ ᠡᠵᠡᠩᠨᠡᠬᠦ ᠣᠷᠴᠢᠨ ᠨᠥᠭᠦᠴᠠᠯ ᠢ ᠰᠢᠯᠢᠳᠡᠭᠵᠢᠭᠦᠯᠬᠦ ᠭᠤᠤᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠪᠠ᠃
     ᠵᠤᠤ ᠹᠸᠢ ᠯᠦ ᠵᠢᠭᠠᠵᠤ ᠭᠠᠷᠭᠠᠬᠤ ᠳᠤ ᠪᠠᠨ᠂ ︽ᠲᠠᠯᠪᠢᠬᠤ ᠬᠠᠮᠢᠶᠠᠷᠬᠤ ᠥᠢᠯᠡᠴᠢᠯᠡᠭᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠤᠳᠠᠯᠳᠤᠭ᠎ᠠ ᠡᠵᠡᠩᠨᠡᠬᠦ ᠣᠷᠴᠢᠨ ᠨᠥᠭᠦᠴᠠᠯ ᠢ ᠰᠢᠯᠢᠳᠡᠭᠵᠢᠭᠦᠯᠬᠦ ᠪᠣᠯ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠪᠠ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠲᠡᠶ ᠠᠷᠭ᠎ᠠ ᠬᠡᠮᠵᠢᠶ᠎ᠡ ᠮᠥᠨ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠲᠡᠭᠡᠭᠰᠢᠯᠠᠭᠦᠯᠤᠨ ︽ᠲᠠᠯᠪᠢᠬᠤ ᠬᠠᠮᠢᠶᠠᠷᠬᠤ ᠦᠢᠯᠡᠴᠢᠯᠡᠬᠦ ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠤᠳᠠᠯᠳᠤᠭ᠎ᠠ ᠡᠵᠡᠩᠨᠡᠬᠦ ᠣᠷᠴᠢᠨ ᠨᠥᠭᠦᠴᠠᠯ ᠢ ᠰᠢᠯᠢᠳᠡᠭᠵᠢᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ ᠡᠯ᠎ᠡ ᠲᠥᠷᠤᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠠᠷᠠᠳ ᠣᠯᠠᠨ ᠤ ᠠᠰᠢᠭ ᠬᠦᠷᠲᠡᠭᠰᠡᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠲᠡᠭᠡᠭᠰᠢᠯᠠᠭᠦᠯᠭᠦ ᠭᠡᠷᠡᠭᠳᠠᠢ ᠭᠡᠵᠡᠢ᠃
     ᠵᠤᠤ ᠹᠸᠢ ᠯᠦ ᠴᠢᠬᠤᠯᠠᠴᠢᠯᠠᠬᠤ ᠳᠤ ᠪᠠᠨ᠂ ᠠᠰᠠᠭᠤᠳᠠᠯ ᠪᠠ ᠬᠠᠷᠠᠯᠲᠠ ᠪᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ ᠮᠠᠨ ᠤ ᠬᠤᠰᠢᠭᠤᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠬᠤᠳᠠᠯᠳᠤᠭ᠎ᠠ ᠡᠵᠡᠩᠨᠡᠬᠦ ᠣᠷᠴᠢᠨ ᠨᠥᠭᠦᠴᠠᠯ ᠢ ᠰᠢᠯᠢᠳᠡᠭᠵᠢᠭᠦᠯᠬᠦ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠣᠨᠣᠪᠴᠢᠲᠠᠢ ᠡᠵᠡᠮᠳᠡᠵᠦ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠤᠯᠭᠠᠬᠤ ᠭᠡᠷᠡᠭᠳᠠᠢ᠃ ︽ᠨᠢᠭᠡ ᠤᠴᠢᠷ ᠶᠠᠪᠤᠳᠠᠯ ᠢ ᠨᠢᠭᠡᠯᠠ ᠤᠳᠠᠭ᠎ᠠ ᠳᠡᠭᠡᠷ᠎ᠡ ᠰᠢᠢᠳᠪᠤᠷᠢᠯᠠᠭᠦ︾ ᠥᠭᠡᠷᠡᠴᠢᠯᠡᠯᠲᠡ ᠶᠢ ᠠᠭᠢᠭᠤᠯᠤᠨ ᠲᠥᠪᠯᠡᠷᠡᠭᠦᠯᠦᠨ ᠬᠢᠨᠠᠨ ᠵᠥᠪᠰᠢᠶᠡᠷᠡᠬᠦ ᠥᠢᠯᠡᠴᠢᠯᠡᠭᠡ ᠶᠢ ᠪᠡᠶᠡᠯᠡᠭᠦᠯᠵᠦ ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ᠲᠠᠪᠴᠠᠩ ᠢ ᠳᠡᠯᠭᠡᠷᠡᠭᠦᠯᠦᠨ ᠭᠡᠷᠡᠭᠯᠠᠭᠦ ᠭᠡᠷᠡᠭᠳᠠᠢ᠃ ᠡᠯ᠎ᠡ ᠰᠠᠯᠠᠭ᠎ᠠ ᠮᠥᠴᠢᠷ ᠬᠠᠮᠵᠢᠯᠴᠠᠨ ᠱᠠᠭᠠᠷᠳᠠᠨ ᠪᠠᠶᠢᠴᠠᠭᠠᠵᠤ ᠬᠢᠨᠠᠨ ᠰᠢᠯᠭᠠᠬᠤ ᠪᠠᠨ ᠴᠢᠩᠭᠠᠳᠬᠠᠵᠤ ︽ᠲᠠᠯᠪᠢᠬᠤ ᠬᠠᠮᠢᠶᠠᠷᠬᠤ ᠥᠢᠯᠡᠴᠢᠯᠡᠭᠦ︾ ᠥᠭᠡᠷᠡᠴᠢᠯᠡᠯᠲᠡ ᠶᠢ ᠠᠭᠢᠭᠤᠯᠤᠨ ᠬᠤᠳᠠᠯᠳᠤᠭ᠎ᠠ ᠡᠵᠡᠩᠨᠡᠬᠦ ᠣᠷᠴᠢᠨ ᠨᠥᠭᠦᠴᠠᠯ ᠢ ᠰᠢᠯᠢᠳᠡᠭᠵᠢᠭᠦᠯᠬᠦ ᠠᠵᠢᠯ ᠤᠨ ᠬᠠᠮᠳᠤ ᠶᠢᠨ ᠬᠦᠴᠦᠨ ᠢ ᠪᠦᠷᠢᠯᠳᠦᠭᠦᠯᠵᠦ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠡᠯ᠎ᠡ ᠲᠥᠷᠤᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠭᠢᠭᠤᠯᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号