ᠰᠢ ᠶᠢᠨ ᠫᠢᠩ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠳᠠᠭᠠᠬᠤ ᠠᠵᠢᠯ ᠤᠨ ᠰᠦᠯᠵᠢᠶᠡᠨ ᠳᠡᠭᠡᠷ᠎ᠠ ᠰᠠᠨᠠᠯ ᠬᠤᠷᠢᠶᠠᠬᠤ ᠠᠵᠢᠯᠯᠠᠭ᠎ᠠ ᠳᠤ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ ᠠᠷᠠᠳ ᠲᠦᠮᠡᠨ ᠤ ᠬᠦᠰᠡᠯ ᠰᠠᠨᠠᠯ ᠢ ᠰᠤᠨᠤᠰᠬᠤ ᠠᠷᠠᠳ ᠲᠦᠮᠡᠨ ᠤ ᠤᠶᠤᠨ ᠤᠬᠠᠭᠠᠨ ᠢ ᠨᠢᠭᠳᠠᠷᠠᠭᠤᠯᠬᠤ ᠲᠠᠯ᠎ᠠ ᠪᠠᠷ ᠬᠢ ᠢᠨᠲ᠋ᠧᠷ ᠰᠦᠯᠵᠢᠶᠡᠨ ᠤ ᠦᠢᠯᠡᠳᠦᠯ ᠢ ᠨᠡᠩ ᠰᠠᠶᠢᠳᠦᠷ ᠪᠠᠳᠠᠷᠠᠭᠤᠯᠬᠤ ᠬᠡᠷᠡᠭᠳᠠᠢ
ᠨᠡᠶᠢᠲᠡᠯᠡᠭᠰᠡᠨ ᠴᠠᠭ᠄
2020/9/27
     ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠳᠠᠭᠠᠬᠤ ᠠᠵᠢᠯ ᠤᠨ ᠰᠦᠯᠵᠢᠶᠡᠨ ᠳᠡᠭᠡᠷ᠎ᠡ ᠰᠠᠨᠠᠯ ᠬᠤᠷᠢᠶᠠᠬᠤ ᠠᠵᠢᠯᠯᠠᠭ᠎ᠠ ᠳᠤ ᠴᠢᠬᠤᠯᠠ ᠵᠢᠭᠠᠪᠤᠷᠢ ᠦᠭᠬᠦ ᠳᠡᠭᠡᠨ᠂ ᠢᠨᠲ᠋ᠧᠷ ᠰᠦᠯᠵᠢᠶ᠎ᠡ ᠪᠠᠷ ᠳᠠᠮᠵᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠳᠤᠭᠳᠠᠭᠠᠬᠤ ᠲᠤᠬᠠᠶ ᠪᠦᠬᠦ ᠨᠡᠶᠢᠭᠡᠮ ᠠᠴᠠ ᠰᠠᠨᠠᠯ ᠰᠠᠨᠠᠭᠤᠯᠭ᠎ᠠ ᠬᠤᠷᠢᠶᠠᠬᠤ ᠪᠤᠯ ᠮᠠᠨ ᠤ ᠤᠯᠤᠰ ᠤᠨ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠳᠠᠭᠠᠬᠤ ᠲᠡᠤᠬᠡᠨ ᠳᠤ ᠠᠩᠬ᠎ᠠ ᠤᠳᠠᠭ᠎ᠠ ᠶᠠᠪᠤᠭᠳᠠᠵᠤ ᠪᠠᠶᠢᠭ᠎ᠠ ᠶᠠᠪᠤᠳᠠᠯ ᠪᠤᠯᠤᠨ᠎ᠠ᠃ ᠡᠨᠡ ᠤᠳᠠᠭᠠᠨ ᠤ ᠠᠵᠢᠯᠯᠠᠭ᠎ᠠ ᠶᠢᠨ ᠦᠷ᠎ᠡ ᠪᠦᠲᠦᠮᠵᠢ ᠮᠠᠰᠢ ᠰᠠᠶᠢᠨ᠂ ᠨᠡᠶᠢᠭᠡᠮ ᠤᠨ ᠣᠷᠣᠯᠴᠠᠯᠭ᠎ᠠ ᠶᠢᠨ ᠬᠡᠮᠵᠢᠶ᠎ᠠ ᠮᠠᠰᠢ ᠥᠨᠳᠥᠷ᠂ ᠠᠯᠢ ᠤᠯᠠᠨ ᠪᠦᠲᠦᠭᠡᠯᠴᠢ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠴᠠᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠴᠠᠭ ᠲᠤᠬᠠᠶ ᠳᠤᠨᠢ ᠡᠮᠬᠢᠯᠡᠨ ᠵᠠᠳᠠᠯᠵᠤ᠂ ᠨᠠᠷᠢᠨ ᠬᠢᠨᠠᠮᠠᠭᠠᠶ ᠰᠢᠩᠭᠡᠭᠡᠵᠦ ᠠᠪᠬᠤ ᠬᠡᠷᠡᠭᠲᠡᠶ᠃ ᠥᠷᠭᠡᠨ ᠤᠯᠠᠨ ᠠᠷᠠᠳ ᠲᠦᠮᠡᠨ ᠤ ᠳᠤᠷᠠᠳᠤᠭᠰᠠᠨ ᠰᠠᠨᠠᠯ ᠰᠠᠨᠠᠭᠤᠯᠭ᠎ᠠ ᠥᠷᠭᠡᠨ ᠳᠡᠯᠭᠡᠷ ᠪᠥᠭᠡᠳ ᠪᠣᠳᠠᠲᠠᠶ ᠪᠠᠶᠢᠵᠤ᠂ ᠰᠠᠶᠢᠨ ᠰᠠᠶᠢᠬᠠᠨ ᠠᠮᠢᠳᠤᠷᠠᠯ ᠤᠨ ᠲᠤᠬᠠᠶ ᠰᠢᠨ᠎ᠡ ᠬᠦᠰᠡᠯ ᠡᠷᠡᠮᠡᠯᠵᠡᠯ ᠢᠶᠠᠨ ᠭᠦᠢᠴᠡᠳ ᠢᠯᠡᠳᠬᠡᠵᠡᠶ᠃ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠣᠯ ᠳᠠᠷᠤᠶ ᠮᠠᠨ ᠤ ᠲᠡᠮᠡᠴᠡᠯ ᠤᠨ ᠬᠠᠷᠠᠯᠲᠠ ᠮᠥᠨ᠂ ᠠᠷᠠᠳ ᠲᠦᠮᠡᠨ ᠤ ᠢᠲᠡᠭᠡᠯ ᠪᠠ ᠳᠡᠮᠵᠢᠯᠭᠡ ᠪᠣᠯ ᠳᠠᠷᠤᠶ ᠮᠠᠨ ᠤ ᠤᠯᠤᠰ ᠤᠨ ᠡᠷᠡᠯᠬᠡᠭᠯᠡᠨ ᠤᠷᠤᠭᠰᠢᠯᠠᠬᠤ ᠬᠦᠴᠦᠨ ᠮᠥᠨ᠃ ᠲᠤᠰ ᠤᠳᠠᠭᠠᠨ ᠤ ᠠᠵᠢᠯᠯᠠᠭ᠎ᠠ ᠶᠢᠨ ᠲᠤᠷᠰᠢᠯᠭ᠎ᠠ ᠪᠠ ᠬᠢᠳᠡᠯ ᠢ ᠳ᠋ᠦᠩᠨᠡᠵᠦ᠂ ᠬᠤᠶᠢᠰᠢᠳᠠ ᠶᠢᠨ ᠠᠵᠢᠯ ᠳᠤᠮᠳᠠ ᠠᠷᠠᠳ ᠲᠦᠮᠡᠨ ᠤ ᠬᠦᠰᠡᠯ ᠰᠠᠨᠠᠯ ᠢ ᠰᠣᠨᠣᠰᠬᠤ᠂ ᠠᠷᠠᠳ ᠲᠦᠮᠡᠨ ᠤ ᠤᠶᠤᠨ ᠤᠬᠠᠭᠠᠨ ᠢ ᠨᠢᠭᠳᠠᠷᠠᠭᠤᠯᠬᠤ ᠲᠠᠯ᠎ᠠ ᠪᠠᠷ ᠬᠢ ᠢᠨᠲ᠋ᠧᠷ ᠰᠦᠯᠵᠢᠶᠡᠨ ᠤ ᠦᠢᠯᠡᠳᠦᠯ ᠢ ᠨᠡᠩ ᠰᠠᠶᠢᠳᠦᠷ ᠪᠠᠳᠠᠷᠠᠭᠤᠯᠵᠤ᠂ ᠤᠯᠠᠨ ᠤ ᠤᠬᠠᠭᠠᠨ ᠢ ᠲᠦᠪᠯᠡᠷᠡᠭᠦᠯᠦᠨ᠂ ᠰᠡᠳᠬᠢᠯ ᠢᠶᠠᠨ ᠨᠢᠭᠡᠳᠭᠡᠨ ᠬᠦᠴᠦ ᠪᠠᠨ ᠬᠠᠮᠲᠤᠳᠬᠠᠬᠤ ᠬᠡᠷᠡᠭᠲᠡᠶ ᠭᠡᠵᠤ ᠴᠢᠬᠤᠯᠠᠴᠢᠯᠠᠪᠠ᠃      ᠶᠡᠷᠦᠩᠬᠡᠶ ᠱᠦᠵᠢ ᠰᠢ ᠶᠢᠨ ᠫᠢᠩ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠲᠠᠭᠠᠬᠤ ᠠᠵᠢᠯ ᠳᠠᠭᠠᠨ ᠡᠭᠦᠳᠡ ᠪᠠᠨ ᠨᠡᠭᠡᠭᠡᠵᠦ ᠠᠷᠭ᠎ᠠ ᠪᠣᠳᠣᠯᠭ᠎ᠠ ᠠᠰᠠᠭᠤᠵᠤ᠂ ᠲᠦᠮᠡᠨ ᠤ ᠰᠠᠨᠠᠯ ᠢ ᠠᠪᠴᠤ ᠤᠯᠠᠨ ᠤ ᠤᠬᠠᠭᠠᠨ ᠢ ᠲᠦᠪᠯᠡᠷᠡᠭᠦᠯᠤᠨ᠂ ᠦᠵᠦ ᠲᠥᠯᠥᠪᠯᠡᠭᠡ ᠶᠢ ᠴᠢᠩᠭᠠᠳᠬᠠᠬᠤ ᠪᠠ ᠠᠷᠠᠳ ᠠᠴᠠ ᠠᠷᠭ᠎ᠠ ᠪᠣᠳᠣᠯᠭ᠎ᠠ ᠠᠰᠠᠭᠤᠬᠤ ᠶᠢ ᠪᠠᠷᠢᠮᠲᠠᠯᠠᠬᠤ ᠶᠢ ᠨᠢᠭᠡᠳᠭᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠨᠠᠶᠢᠷᠠᠭᠤᠯᠤᠨ ᠲᠤᠭᠲᠠᠭᠠᠬᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ᠂ ᠡᠨᠡ ᠵᠢᠯ ᠤᠨ 8 ᠰᠠᠷ᠎ᠠ ᠶᠢᠨ 16 ᠠᠴᠠ 29 ᠤ ᠡᠳᠦᠷ ᠪᠣᠯᠲᠠᠯ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠲᠠᠭᠠᠬᠤ ᠠᠵᠢᠯ ᠰᠦᠯᠵᠢᠶᠡᠨ ᠳᠡᠭᠡᠷ᠎ᠡ ᠰᠠᠨᠠᠯ ᠬᠤᠷᠢᠶᠠᠬᠤ ᠠᠵᠢᠯᠯᠠᠭ᠎ᠠ ᠦᠷᠨᠢᠭᠦᠯᠵᠦ᠂ ᠠᠷᠠᠳ ᠤᠨ ᠡᠳᠦᠷ ᠤᠨ ᠰᠣᠨᠢᠨ᠂ ᠰᠢᠨᠬᠤᠸᠠ ᠬᠤᠷᠢᠶ᠎ᠠ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶᠠᠨ ᠤ ᠬᠠᠷᠢᠶᠠᠨ ᠳᠠᠬᠢ ᠠᠯᠪᠠᠨ ᠰᠦᠯᠵᠢᠶ᠎ᠡ᠂ ᠰᠣᠨᠢᠨ ᠮᠡᠳᠡᠭᠡᠨ ᠤ ᠰᠢᠯᠵᠢᠶ᠎ᠠ ᠵᠢᠴᠢ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ ᠰᠤᠷᠤᠯᠴᠠᠯᠭ᠎ᠠ ᠶᠢᠨ ᠲᠠᠪᠴᠠᠩ ᠳᠤ ᠲᠣᠰ ᠲᠣᠰ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠨᠠᠯ ᠰᠠᠨᠠᠭᠤᠯᠭ᠎ᠠ ᠳᠤᠷᠠᠳᠬᠤ ᠲᠤᠰᠬᠠᠶ ᠪᠤᠯᠤᠩ ᠭᠠᠷᠭᠠᠵᠤ᠂ ᠨᠡᠶᠢᠭᠡᠮ ᠳᠠᠶᠠᠭᠠᠷ ᠤᠨ ᠰᠠᠨᠠᠯ ᠰᠠᠨᠠᠭᠤᠯᠭ᠎ᠠ ᠶᠢ ᠰᠣᠨᠣᠰᠪᠠ᠃ ᠠᠵᠢᠯᠯᠠᠭ᠎ᠠ ᠨᠢ ᠵᠤᠬᠢᠶᠠᠨ ᠪᠠᠶᠢᠭᠤᠯᠤᠯᠳᠠ ᠲᠠᠢ ᠡᠮᠬᠢ ᠵᠢᠷᠤᠮ ᠲᠠᠢ ᠶᠠᠪᠤᠭᠳᠠᠵᠤ᠂ ᠨᠡᠶᠢᠭᠡᠮ ᠳᠡᠭᠡᠷ᠎ᠠ ᠴᠢᠩᠭ᠎ᠠ ᠲᠤᠰᠬᠠᠯ ᠭᠠᠷᠴᠤ᠂ ᠰᠦᠯᠵᠢᠶᠡᠨ ᠤ ᠢᠷᠭᠡᠳ ᠤᠨ 101.8 ᠲᠦᠮᠡ ᠭᠠᠷᠤᠢ ᠵᠤᠷᠪᠤᠰ ᠰᠠᠨᠠᠯ ᠰᠠᠨᠠᠭᠤᠯᠭ᠎ᠠ ᠶᠢ ᠬᠦᠯᠢᠶᠡᠨ ᠠᠪᠴᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠲᠠᠭᠠᠬᠤ ᠠᠵᠢᠯ ᠢ ᠰᠠᠶᠢᠲᠤᠷ ᠬᠢᠬᠦ ᠳᠤ ᠠᠰᠢᠭᠲᠠᠢ ᠯᠠᠪᠯᠠᠯᠳᠠ ᠬᠠᠩᠭᠠᠵᠠᠢ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号