ᠰᠢ ᠶᠢᠨ ᠫᠢᠩ ᠠᠩᠭᠤᠯᠠ ᠶᠢᠨ ᠶᠡᠷᠦᠩᠭᠡᠶᠢᠯᠡᠭᠴᠢ ᠯᠤᠷᠧᠨ᠋ᠰᠣ᠋ ᠲᠠᠢ ᠤᠲᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2020/9/28
     ᠤᠯᠤᠰ ᠤᠨ ᠲᠡᠷᠢᠭᠦᠯᠡᠭᠴᠢ ᠰᠢ ᠶᠢᠨ ᠫᠢᠩ 9 ᠰᠠᠷ᠎ᠠ ᠶᠢᠨ 25 ᠤ ᠤᠷᠤᠢ ᠠᠩᠭᠤᠯᠠ ᠶᠢᠨ ᠶᠡᠷᠦᠩᠬᠡᠶᠢᠯᠡᠭᠴᠢ ᠯᠤᠷᠧᠨ᠋ᠰᠣ᠋ ᠲᠠᠢ ᠤᠲᠠᠰᠤ ᠪᠠᠷ ᠶᠠᠷᠢᠯᠴᠠᠪᠠ᠃      ᠰᠢ ᠶᠢᠨ ᠫᠢᠩ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠳᠤᠮᠳᠠᠳᠤ ᠠᠩᠭᠤᠯᠠ ᠬᠤᠶᠠᠷ ᠤᠯᠤᠰ ᠤᠨ ᠵᠠᠰᠠᠭ ᠤᠨ ᠣᠷᠳᠣᠨ ᠪᠦᠷ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠵᠠᠷᠴᠢᠮ ᠢᠶᠠᠷ ᠡᠷᠡᠰ ᠰᠢᠭᠤᠷᠬᠠᠶ ᠠᠷᠭ᠎ᠠ ᠬᠡᠮᠵᠢᠶ᠎ᠡ ᠠᠪᠴᠤ᠂ ᠬᠢᠵᠢᠭ ᠤᠨ ᠦᠷᠪᠢᠰᠤᠠ ᠳᠡᠯᠭᠡᠷᠡᠬᠦ ᠶᠢ ᠪᠦᠲᠦᠮᠵᠢᠲᠡᠶ ᠬᠤᠷᠢᠡᠡᠯᠠᠵᠤ ᠴᠢᠳᠠᠵᠠᠢ᠃ ᠬᠤᠶᠠᠷ ᠲᠠᠯ᠎ᠠ ᠪᠠᠷ ᠢᠶᠠᠨ ᠬᠠᠷᠢᠯᠴᠠᠨ ᠳᠡᠮᠵᠢᠵᠤ ᠬᠠᠷᠢᠯᠴᠠᠨ ᠬᠠᠪᠰᠤᠷᠤᠯᠴᠠᠵᠤ᠂ ᠬᠤᠶᠠᠷ ᠤᠯᠤᠰ ᠤᠨ ᠨᠥᠭᠦᠭᠡ ᠲᠠᠯ᠎ᠠ ᠳᠤ ᠪᠠᠶᠢᠭ᠎ᠠ ᠬᠠᠷᠢᠶᠠᠲᠤ ᠠᠷᠠᠳ ᠪᠦᠷ ᠮᠠᠰᠢ ᠰᠠᠶᠢᠨ ᠬᠠᠷᠠᠭᠠᠯᠵᠠᠯ ᠭᠥᠷᠳᠡᠪᠡ᠃ ᠳᠤᠮᠳᠠᠳᠤ ᠤᠯᠤᠰ ᠳᠤᠷᠠᠲᠠᠶ᠎ᠠ ᠠᠩᠭᠤᠯᠠ ᠶᠢᠨ ᠲᠠᠯ᠎ᠠ ᠶᠢᠨ ᠬᠢᠨ ᠳᠤ ᠦᠷᠭᠦᠯᠵᠢᠯᠡᠨ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠵᠦ᠂ ᠣᠶᠢᠷ᠎ᠠ ᠶᠢᠨ ᠬᠤᠭᠤᠴᠠᠭᠠᠨ ᠳᠤ ᠬᠢᠵᠢᠭ ᠲᠠᠢ ᠲᠡᠮᠡᠴᠡᠬᠦ ᠡᠮᠴᠢᠯᠡᠭᠡᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠠᠩᠭᠤᠯᠠ ᠳᠤ ᠲᠣᠮᠢᠯᠠᠨ ᠤᠴᠢᠭᠤᠯᠤᠨ᠎ᠠ᠃ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠸᠠᠺᠼᠢᠨ ᠢ ᠰᠤᠳᠤᠯᠤᠨ ᠦᠢᠯᠡᠳᠴᠤ ᠠᠮᠵᠢᠯᠲᠠ ᠤᠯᠤᠭᠠᠳ ᠠᠰᠢᠠᠠᠯᠠᠯᠲᠠ ᠳᠤ ᠣᠷᠣᠭᠤᠯᠤᠭᠰᠠᠨ ᠤ ᠳᠠᠷᠠᠭ᠎ᠠ ᠤᠷᠢᠳ ᠢᠶᠠᠷ ᠠᠹᠷᠢᠺᠠ ᠲᠢᠪ ᠤᠨ ᠤᠯᠤᠰ ᠤᠳ ᠲᠠᠢ ᠬᠠᠮᠲᠤ ᠪᠠᠷ ᠡᠳ᠋ᠯᠡᠨ᠎ᠡ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠠᠩᠭᠤᠯᠠ ᠪᠣᠯ ᠳᠤᠮᠳᠠᠳᠤ ᠤᠯᠤᠰ ᠤᠨ ᠠᠹᠷᠢᠺᠠ ᠲᠢᠪ ᠲᠠᠬᠢ ᠴᠢᠬᠤᠯᠠ ᠬᠠᠮᠲᠤᠷᠠᠯᠴᠠᠭᠠᠨ ᠤ ᠬᠠᠨᠢᠲᠠᠨ ᠮᠥᠨ᠃ ᠳᠤᠮᠳᠠᠳᠤ ᠠᠩᠭᠤᠯᠠ ᠬᠤᠶᠠᠷ ᠤᠯᠤᠰ ᠪᠣᠯ ᠦᠨᠡᠨ ᠪᠣᠳᠠᠲᠠᠢ ᠳᠣᠲᠣᠨᠣ ᠦᠨᠡᠨᠴᠢ ᠰᠠᠶᠢᠨ ᠠᠬ᠎ᠠ ᠳᠡᠭᠦᠦ᠂ ᠰᠠᠶᠢᠨ ᠬᠠᠨᠢᠲᠠᠨ ᠮᠥᠨ᠃ ᠳᠤᠮᠳᠠᠳᠤ ᠶᠢᠨ ᠲᠠᠯ᠎ᠠ ᠠᠩᠭᠤᠯᠠ ᠶᠢᠨ ᠬᠢᠨ ᠤ ᠦᠪᠡᠷ ᠤᠨ ᠤᠯᠤᠰ ᠤᠨ ᠪᠠᠶᠢᠳᠠᠯ ᠳᠠᠭᠠᠨ ᠳᠤᠬᠢᠷᠠᠭᠰᠠᠨ ᠬᠥᠭᠵᠢᠯᠲᠡ ᠶᠢᠨ ᠵᠠᠮ ᠢ ᠪᠡᠶ᠎ᠠ ᠪᠠᠨ ᠲᠠᠭᠠᠭᠠᠵᠦ ᠰᠦᠪᠡᠭᠴᠢᠯᠡᠬᠦ ᠶᠢ ᠳᠡᠮᠵᠢᠵᠦ᠂ ᠲᠤᠷᠠᠲᠠᠶ᠎ᠠ ᠠᠩᠭᠤᠯᠠ ᠶᠢᠨ ᠲᠠᠯ᠎ᠠ ᠲᠠᠢ ᠬᠤᠶᠠᠷ ᠤᠯᠤᠰ ᠤᠨ ᠬᠠᠷᠢᠯᠴᠠᠭᠠᠨ ᠤ ᠤᠷᠤᠭᠰᠢᠯᠠᠯᠲᠠ ᠶᠢᠨ ᠴᠢᠭᠯᠡᠯ ᠢ ᠡᠵᠡᠮᠳᠡᠵᠦ᠂ ᠳᠤᠮᠳᠠᠳᠤ ᠠᠩᠭᠤᠯᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭᠠᠨ ᠤ ᠨᠡᠩ ᠥᠨᠳᠥᠷ ᠲᠦᠪᠰᠢᠨ ᠳᠤ ᠬᠦᠷᠬᠦ ᠶᠢ ᠠᠬᠢᠭᠤᠯᠤᠨ᠎ᠠ᠃ ᠳᠤᠮᠳᠠᠳᠤ ᠠᠩᠭᠤᠯᠠ ᠶᠢᠨ ᠠᠵᠤ ᠠᠬᠤᠶ ᠶᠢᠨ ᠬᠠᠷᠢᠯᠴᠠᠨ ᠨᠥᠬᠦᠪᠥᠷᠢᠯᠡᠬᠦ ᠴᠢᠨᠠᠷ ᠮᠠᠰᠢ ᠴᠢᠩᠭ᠎ᠠ᠂ ᠳᠤᠮᠳᠠᠳᠤ ᠶᠢᠨ ᠲᠠᠯ᠎ᠠ ᠳᠤᠷᠠᠲᠠᠶ᠎ᠠ ᠠᠩᠭᠤᠯᠠ ᠶᠢᠨ ᠲᠠᠯ᠎ᠠ ᠶᠢᠨ ᠬᠢᠨ ᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ ᠂ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠬᠠᠮᠳᠤᠷᠠᠯᠴᠠᠭ᠎ᠠ ᠪᠠᠨ ᠠᠬᠢᠭᠤᠯᠵᠦ᠂ ᠪᠣᠳᠠᠲᠤ ᠬᠦᠴᠦᠨ ᠪᠦ᠋ᠬᠦᠢ ᠳᠤᠮᠳᠠᠳᠤ ᠤᠯᠤᠰ ᠤᠨ ᠠᠵᠤ ᠠᠬᠤᠶᠢᠯᠠᠯ ᠤᠨ ᠠᠩᠭᠤᠯᠠ ᠳᠤ ᠬᠦᠷᠴᠦ ᠪᠡᠯᠡ ᠣᠷᠣᠭᠤᠯᠤᠨ ᠬᠠᠮᠲᠤᠷᠠᠯᠴᠠᠭ᠎ᠠ ᠥᠷᠨᠢᠭᠦᠯᠬᠦ ᠶᠢ ᠵᠣᠷᠢᠭᠵᠢᠭᠤᠯᠤᠨ᠂ ᠬᠤᠶᠠᠷ ᠤᠯᠤᠰ ᠤᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠰᠢᠨ᠎ᠡ ᠬᠥᠭᠵᠢᠯᠲᠡ ᠲᠠᠢ ᠪᠣᠯᠬᠤ ᠶᠢ ᠠᠬᠢᠭᠤᠯᠵᠤ᠂ ᠠᠩᠭᠤᠯᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠨ᠎ᠠ᠃ ᠳᠤᠮᠳᠠᠳᠤ ᠶᠢᠨ ᠲᠠᠯ᠎ᠠ ᠳᠤᠷᠠᠲᠠᠶ᠎ᠠ ᠠᠩᠭᠤᠯᠠ ᠶᠢᠨ ᠲᠠᠯ᠎ᠠ ᠶᠢᠨ ᠬᠢᠨ ᠲᠠᠢ ᠤᠯᠠᠠ ᠲᠠᠯᠠᠲᠦ ᠲᠠᠯᠠᠪᠤᠷ ᠪᠣᠯᠤᠨ ᠣᠯᠠᠨ ᠤᠯᠤᠰ ᠤᠨ ᠬᠡᠷᠡᠭ ᠶᠠᠪᠤᠳᠠᠯ ᠳᠠᠬᠢ ᠵᠣᠬᠢᠴᠠᠭᠤᠯᠭ᠎ᠠ ᠬᠠᠮᠵᠢᠯᠴᠠᠭ᠎ᠠ ᠪᠠᠨ ᠨᠢᠭᠳᠠᠷᠠᠭᠤᠯᠵᠤ᠂ ᠬᠠᠮᠳᠤ ᠪᠠᠷ ᠳᠡᠯᠡᠬᠡᠢ ᠶᠢᠨ ᠲᠥᠪ ᠭᠤᠤᠯᠴᠢ ᠰᠢᠳᠤᠷᠭᠤ ᠶᠤᠰᠤ ᠶᠢ ᠬᠠᠮᠠᠭᠠᠯᠠᠵᠤ᠂ ᠣᠯᠠᠨ ᠲᠠᠯᠠᠲᠤ ᠦᠵᠡᠯ ᠪᠣᠯᠤᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠴᠢᠬᠤᠯᠠᠴᠢᠯᠠᠪᠠ᠃      ᠯᠤᠷᠧᠨ᠋ᠰᠣ᠋᠂ ᠳᠤᠮᠳᠠᠳᠤ ᠤᠯᠤᠰ ᠤᠨ ᠠᠷᠠᠳ ᠲᠦᠮᠡᠨ ᠤᠯᠤᠰ ᠤᠨ ᠪᠠᠶᠠᠷ ᠢᠶᠠᠨ ᠪᠠᠶᠠᠷ ᠬᠦᠷ ᠲᠠᠢ ᠦᠩᠭᠡᠷᠡᠭᠦᠯᠬᠦ ᠶᠢ ᠬᠦᠰᠡᠨ ᠵᠥᠩᠨᠡᠪᠡ᠃ ᠲᠡᠷᠡ᠂ ᠳᠤᠮᠳᠠᠳᠤ ᠤᠯᠤᠰ ᠪᠣᠯ ᠴᠤᠷ ᠤᠨ ᠭᠠᠭᠴᠠ ᠣᠬᠤᠷᠬᠠᠨ ᠬᠤᠭᠤᠴᠠᠭᠠᠨ ᠲᠤᠳᠤᠷ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠮᠵᠢᠯᠲᠠ ᠲᠠᠢ ᠬᠤᠷᠢᠡᠡᠯᠠᠨ ᠡᠵᠡᠮᠳᠡᠭᠰᠡᠨ ᠲᠤᠮᠤ ᠤᠯᠤᠰ ᠪᠣᠯᠤᠨ᠎ᠠ᠃ ᠠᠩᠭᠤᠯᠠ ᠶᠢ ᠪᠠᠭᠲᠠᠭᠠᠭᠰᠠᠨ ᠠᠹᠷᠢᠺᠠ ᠲᠢᠪ ᠤᠨ ᠤᠯᠤᠰ ᠤᠳ ᠤᠨ ᠬᠢᠵᠢᠭ ᠲᠠᠢ ᠲᠡᠮᠡᠴᠡᠬᠦ ᠳᠤ ᠳᠤᠮᠳᠠᠳᠤ ᠤᠯᠤᠰ ᠤᠨ ᠦᠵᠡᠭᠦᠯᠦᠭᠰᠡᠨ ᠬᠠᠪᠰᠤᠷᠤᠯᠭ᠎ᠠ ᠳᠡᠮᠵᠢᠯᠭᠡ ᠳᠤ ᠲᠠᠯᠠᠷᠬᠠᠵᠤ ᠪᠠᠶᠢᠨ᠎ᠠ᠂ ᠳᠤᠮᠳᠠᠳᠤ ᠶᠢᠨ ᠲᠠᠯ᠎ᠠ ᠶᠢᠨ ᠬᠢᠨ ᠲᠠᠢ ᠸᠠᠺᠼᠢᠨ ᠤ ᠰᠤᠲᠤᠯᠭᠠᠠ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ᠃ ᠠᠩᠭᠤᠯᠠ ᠶᠢᠨ ᠲᠠᠯ᠎ᠠ ᠶᠢᠨ ᠬᠢᠨ ᠳᠤᠮᠳᠠᠳᠤ ᠤᠯᠤᠰ ᠯᠤᠭ᠎ᠠ ᠶᠢᠨ ᠥᠨᠳᠥᠷ ᠲᠦᠪᠰᠢᠨ ᠲᠠᠢ ᠬᠠᠷᠢᠯᠴᠠᠭ᠎ᠠ ᠪᠣᠯᠤᠨ ᠭᠦᠨ ᠵᠤᠵᠠᠭᠠᠨ ᠨᠥᠬᠦᠷᠯᠡᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠠ ᠦᠵᠡᠵᠦ᠂ ᠳᠤᠮᠳᠠᠳᠤ ᠶᠢᠨ ᠲᠠᠯ᠎ᠠ ᠶᠢᠨ ᠬᠢᠨ ᠤ ᠦᠪᠡᠷ ᠤᠨ ᠭᠤᠤᠯᠯᠠᠭᠴᠢ ᠠᠰᠢᠭ ᠲᠤᠰᠠ ᠶᠢᠨ ᠠᠰᠠᠭᠤᠳᠠᠯ ᠤᠨ ᠲᠠᠯ᠎ᠠ ᠪᠠᠷ ᠬᠢ ᠵᠣᠭᠰᠣᠯᠲᠠ ᠶᠢ ᠡᠷᠡᠰ ᠳᠡᠮᠵᠢᠵᠦ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠠᠩᠭᠤᠯᠠ ᠳᠠᠬᠢ ᠪᠡᠯᠡ ᠣᠷᠣᠭᠤᠯᠤᠯᠲᠠ ᠪᠠᠨ ᠨᠡᠮᠡᠭᠳᠡᠭᠦᠯᠤᠨ᠂ ᠠᠵᠤ ᠠᠬᠤᠶ ᠠᠷᠠᠯᠵᠢᠶ᠎ᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠥᠷᠭᠡᠳᠬᠡᠬᠦ ᠶᠢ ᠪᠠᠶᠠᠷᠯᠠᠨ ᠤᠭᠳᠤᠨ᠎ᠠ᠃ ᠠᠩᠭᠤᠯᠠ ᠶᠢᠨ ᠲᠠᠯ᠎ᠠ ᠶᠢᠨ ᠬᠢᠨ ᠳᠤᠷᠠᠲᠠᠶ᠎ᠠ ᠳᠤᠮᠳᠠᠳᠤ ᠶᠢᠨ ᠲᠠᠯ᠎ᠠ ᠲᠠᠢ ᠤᠯᠠᠨ ᠤᠯᠤᠰ ᠤᠨ ᠬᠡᠷᠡᠭ ᠶᠠᠪᠤᠳᠠᠯ ᠳᠤ ᠬᠠᠷᠢᠯᠴᠠᠨ ᠳᠡᠮᠵᠢᠬᠦ ᠪᠠᠨ ᠴᠢᠩᠭᠠᠳᠬᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠤᠰᠤ ᠶᠢ ᠬᠠᠮᠳᠤ ᠪᠠᠷ ᠬᠠᠮᠠᠭᠠᠯᠠᠨ᠎ᠠ ᠭᠡᠵᠦ ᠢᠯᠡᠳᠭᠡᠪᠡ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号