ᠰᠢ ᠶᠢᠨ ᠫᠢᠩ ᠶᠠᠫᠤᠨ ᠤ ᠲᠡᠷᠢᠭᠦᠨ ᠰᠠᠶᠢᠳ ᠰᠧᠭ᠎ᠠ ᠶᠤᠰᠢᠾᠢᠳᠠᠢ ᠲᠠᠢ ᠤᠳᠠᠰᠤ ᠪᠠᠷ ᠶᠠᠷᠢᠯᠴᠠᠵᠠᠢ
ᠨᠡᠶᠢᠲᠡᠯᠡᠭᠰᠡᠨ ᠴᠠᠭ᠄
2020/9/28
     ᠤᠯᠤᠰ ᠤᠨ ᠲᠡᠷᠢᠭᠦᠯᠡᠭᠴᠢ ᠰᠢ ᠶᠢᠨ ᠫᠢᠩ 9 ᠰᠠᠷ᠎ᠠ ᠶᠢᠨ 25 ᠤ ᠤᠷᠤᠢ ᠶᠠᠫᠣᠨ ᠤ ᠲᠡᠷᠢᠭᠦᠨ ᠰᠠᠶᠢᠳ ᠰᠧᠭ᠎ᠠ ᠶᠤᠰᠢᠾᠢᠳᠠᠢ ᠲᠠᠢ ᠤᠲᠠᠰᠤ ᠪᠠᠷ ᠶᠠᠷᠢᠯᠴᠠᠪᠠ᠃      ᠰᠢ ᠶᠢᠨ ᠫᠢᠩ᠂ ᠳᠤᠮᠳᠠᠳᠤ ᠶᠠᠫᠣᠨ ᠪᠤᠯ ᠴᠢᠬᠤᠯᠠ ᠬᠥᠷᠰᠢ ᠪᠠ ᠬᠠᠮᠳᠤᠷᠠᠯᠴᠠᠭᠠᠨ ᠤ ᠬᠠᠨᠢᠲᠠᠨ ᠪᠤᠯᠤᠨ᠎ᠠ᠂ ᠪᠦᠷ ᠠᠽᠢᠶ᠎ᠠ ᠲᠢᠪ ᠪᠠ ᠳᠡᠯᠡᠬᠡᠶ ᠶᠢᠨ ᠴᠢᠬᠤᠯᠠ ᠤᠯᠤᠰ ᠪᠤᠯᠤᠭᠰᠠᠨ ᠤ ᠬᠤᠪᠢ ᠳᠤ᠂ ᠥᠷᠭᠡᠨ ᠳᠡᠯᠭᠡᠷ ᠬᠠᠮᠲᠤ ᠶᠢᠨ ᠠᠰᠢᠭ ᠲᠤᠰᠠ ᠪᠠ ᠥᠷᠭᠡᠨ ᠠᠭᠤᠳᠠᠮ ᠬᠠᠮᠲᠤᠷᠠᠯᠴᠠᠭᠠᠨ ᠤ ᠣᠷᠣᠨ ᠵᠠᠶ ᠲᠠᠢ ᠶᠤᠮ᠃ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠤᠢᠢᠷ᠎ᠠ ᠶᠢᠨ ᠵᠢᠯ ᠳᠤ ᠳᠤᠮᠳᠠᠳᠤ ᠶᠠᠫᠣᠨ ᠤ ᠬᠠᠷᠢᠯᠴᠠᠭ᠎ᠠ ᠲᠠᠬᠢᠨ ᠬᠡᠪ ᠤᠨ ᠵᠠᠮ ᠳᠠᠭᠠᠨ ᠤᠷᠤᠭᠰᠠᠨ ᠪᠥᠭᠡᠳ ᠰᠠᠶᠢᠵᠢᠷᠠᠬᠤ ᠬᠠᠨᠳᠤᠰᠢ ᠪᠠᠨ ᠪᠠᠲᠤᠯᠠᠪᠠ᠃ ᠳᠤᠮᠳᠠᠳᠤ ᠶᠢᠨ ᠲᠠᠯ᠎ᠠ ᠳᠤᠷᠠᠲᠠᠶ᠎ᠠ ᠶᠠᠫᠣᠨ ᠤ ᠰᠢᠨ᠎ᠡ ᠵᠠᠰᠠᠭ ᠤᠨ ᠣᠷᠳᠣᠨ ᠲᠠᠢ ᠬᠠᠮᠲᠤ ᠳᠤᠮᠳᠠᠳᠤ ᠶᠠᠫᠣᠨ ᠤ ᠳᠥᠷᠪᠡᠨ ᠤᠯᠤᠰ ᠲᠥᠷᠥ ᠶᠢᠨ ᠪᠢᠴᠢᠭ ᠮᠠᠲ᠋ᠧᠷᠢᠶᠠᠯ ᠤᠨ ᠡᠯ᠎ᠡ ᠵᠦᠢᠯ ᠤᠨ ᠵᠠᠷᠴᠢᠮ ᠪᠣᠯᠤᠨ ᠵᠤᠷᠢᠭ ᠰᠠᠨᠠᠭ᠎ᠠ ᠶᠣᠰᠣᠭᠠᠷ᠂ ᠲᠡᠤᠬᠡ ᠵᠡᠷᠭᠡ ᠴᠢᠬᠤᠯᠠ ᠶᠡᠭᠡ ᠬᠦᠨᠳᠡᠭᠦᠷ ᠠᠰᠠᠭᠤᠳᠠᠯ ᠢ ᠵᠤᠬᠢᠰᠳᠠᠢ ᠰᠢᠢᠳᠪᠦᠷᠢᠯᠡᠵᠦ᠂ ᠤᠯᠤᠰ ᠲᠦᠷᠦ‌‍ᠶᠢᠨ ᠢᠲᠡᠭᠡᠯᠴᠡᠭᠡ ᠪᠠᠨ ᠲᠠᠰᠤᠷᠠᠯᠲᠠ ᠦᠭᠡᠢ ᠨᠡᠮᠡᠭᠳᠡᠭᠦᠯᠤᠨ᠂ ᠬᠠᠷᠢᠯᠴᠠᠨ ᠠᠰᠢᠭᠳᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠥᠷᠭᠡᠳᠬᠡᠨ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠰᠡᠨ ᠳᠤᠮᠳᠠᠳᠤ ᠶᠠᠫᠣᠨ ᠤ ᠬᠠᠷᠢᠯᠴᠠᠭ᠎ᠠ ᠶᠢ ᠪᠠᠶᠢᠭᠤᠯᠬᠤ ᠪᠠᠷ ᠴᠢᠷᠮᠠᠶᠢᠨ᠎ᠠ᠃ ᠪᠢ ᠳᠤᠷᠠᠲᠠᠶ᠎ᠠ ᠲᠠᠨ ᠲᠠᠢ ᠬᠠᠮᠲᠤ ᠪᠠᠶᠢᠯᠳᠤᠬᠤ ᠪᠤᠳᠤᠯᠭ᠎ᠠ ᠶᠢᠨ ᠬᠦᠳᠦᠯᠦᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠶᠢᠨ ᠰᠢᠨ᠎ᠡ ᠬᠥᠭᠵᠢᠯᠲᠡ ᠲᠠᠢ ᠪᠣᠯᠬᠤ ᠶᠢ ᠠᠬᠢᠭᠤᠯᠤᠨ᠎ᠠ ᠭᠡᠵᠤ ᠴᠢᠬᠤᠯᠠᠴᠢᠯᠠᠵᠠᠢ᠃      ᠰᠢ ᠶᠢᠨ ᠫᠢᠩ᠂ ᠬᠠᠮᠲᠤ ᠶᠢᠨ ᠠᠰᠢᠭ ᠲᠤᠰᠠ ᠪᠠᠨ ᠦᠷᠭᠦᠯᠵᠢᠯᠡᠨ ᠥᠷᠭᠡᠳᠬᠡᠵᠦ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠬᠦ ᠪᠣᠯ ᠰᠢᠨ᠎ᠡ ᠴᠠᠭ ᠦᠶ᠎ᠡ ᠶᠢᠨ ᠳᠤᠮᠳᠠᠳᠤ ᠶᠠᠫᠣᠨ ᠤ ᠬᠠᠷᠢᠯᠴᠠᠭ᠎ᠠ ᠶᠢᠨ ᠬᠥᠭᠵᠢᠯᠲᠡ ᠶᠢᠨ ᠮᠥᠨ ᠴᠢᠨᠠᠷ ᠤᠨ ᠱᠠᠭᠠᠷᠳᠠᠯᠭ᠎ᠠ ᠪᠣᠯᠤᠨ᠎ᠠ᠃ ᠣᠳᠣᠬᠠᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠮᠥᠨ ᠬᠦ ᠪᠦᠬᠦ ᠳᠡᠯᠡᠬᠡᠢ ᠳᠤ ᠦᠷᠪᠢᠰᠦᠨ ᠳᠡᠯᠭᠡᠷᠡᠵᠦ ᠪᠠᠶᠢᠨ᠎ᠠ᠂ ᠬᠢᠵᠢᠭ ᠲᠠᠢ ᠲᠡᠮᠡᠴᠡᠬᠦ᠂ ᠠᠵᠤ ᠠᠬᠤᠶ ᠶᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠨᠢ ᠡᠯ᠎ᠡ ᠤᠯᠤᠰ ᠤᠨ ᠬᠠᠮᠲᠤ ᠶᠢᠨ ᠲᠥᠷᠥ ᠶᠢᠨ ᠪᠣᠳᠣᠯᠭ᠎ᠠ ᠶᠢᠨ ᠰᠣᠩᠭᠤᠯᠲᠠ ᠪᠣᠯᠪᠠ᠃ ᠳᠤᠮᠳᠠᠳᠤ ᠶᠠᠫᠣᠨ ᠬᠤᠶᠠᠷ ᠲᠠᠯ᠎ᠠ ᠪᠠᠷ ᠢᠶᠠᠨ ᠬᠠᠷᠢᠯᠴᠠᠨ ᠳᠡᠮᠵᠢᠵᠦ᠂ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠵᠦ ᠪᠣᠯᠤᠨ᠎ᠠ᠃ ᠳᠤᠮᠳᠠᠳᠤ ᠶᠠᠫᠣᠨ ᠤ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠬᠢᠵᠢᠭ ᠤᠨ ᠳᠠᠭᠠᠷᠢᠯᠲᠠ ᠳᠤ ᠭᠡᠳᠡᠷᠬᠦ ᠨᠡᠮᠡᠭᠳᠡᠨ᠂ ᠴᠢᠩᠭ᠎ᠠ ᠬᠦᠴᠦᠲᠡᠶ ᠤᠶᠠᠨ ᠬᠠᠳᠠᠨ ᠴᠢᠨᠠᠷ ᠪᠠ ᠯᠤᠲᠤ ᠶᠡᠭᠡ ᠳᠠᠯᠳᠠ ᠬᠦᠴᠦᠨ ᠢ ᠢᠯᠡᠷᠡᠭᠦᠯᠵᠡᠶ᠃ ᠳᠤᠮᠳᠠᠳᠤ ᠤᠯᠤᠰ ᠶᠠᠭ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠤᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠢ ᠪᠣᠯᠭᠠᠬᠤ ᠶᠢ ᠱᠠᠯᠠᠪᠳᠠᠨ ᠠᠬᠢᠭᠤᠯᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠲᠣᠭᠲᠠᠭᠤᠨ ᠪᠥᠭᠡᠳ ᠰᠠᠭᠠᠳ ᠦᠭᠡᠶ ᠨᠡᠪᠲᠡᠷᠡᠬᠦ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠭᠡᠯᠬᠢᠶ᠎ᠠ ᠪᠣᠯᠤᠨ ᠲᠦᠪ ᠭᠤᠤᠯᠴᠢ ᠨᠡᠭᠡᠭᠡᠯᠲᠡᠳᠤ ᠠᠷᠠᠯᠵᠢᠶ᠎ᠠ ᠪᠡᠯᠡ ᠣᠷᠣᠭᠤᠯᠤᠯᠲᠠ ᠶᠢᠨ ᠣᠷᠴᠢᠨ ᠢ ᠬᠠᠮᠳᠤ ᠪᠠᠷ ᠬᠠᠮᠠᠭᠠᠯᠠᠵᠦ᠂ ᠬᠠᠮᠲᠤᠷᠠᠯᠴᠠᠭᠠᠨ ᠤ ᠶᠠᠰᠤ ᠴᠢᠨᠠᠷ ᠪᠠ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃ ᠳᠤᠮᠳᠠᠳᠤ ᠶᠢᠨ ᠲᠠᠯ᠎ᠠ ᠵᠠᠫᠣᠠ ᠤ ᠢᠷᠡᠬᠦ ᠵᠢᠯ ᠳᠤ ᠨᠢᠭᠡ ᠬᠤᠭᠤᠴᠠᠭᠠᠨ ᠤ ᠠᠮᠵᠢᠯᠲᠠ ᠲᠠᠢ ᠣᠯᠢᠮᠫᠢᠺ ᠤᠨ ᠲᠠᠮᠢᠷ ᠤᠨ ᠴᠤᠭᠯᠠᠭᠠᠨ ᠢ ᠡᠷᠬᠢᠯᠡᠬᠦ ᠶᠢ ᠳᠡᠮᠵᠢᠨ᠎ᠡ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ ᠳᠤᠮᠳᠠᠳᠤ ᠶᠠᠫᠣᠨ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠬᠥᠭᠵᠢᠯᠲᠡ ᠶᠢ ᠬᠠᠮᠠᠭᠠᠯᠠᠬᠤ ᠴᠢᠬᠤᠯᠠ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢᠶᠠᠷ᠂ ᠣᠯᠠᠨ ᠲᠠᠯᠠᠲᠤ ᠦᠵᠡᠯ ᠢ ᠢᠳᠡᠪᠬᠢᠲᠡᠶ ᠰᠠᠨᠠᠭᠠᠴᠢᠯᠠᠨ ᠦᠢᠯᠡᠳᠦᠯᠭᠡᠵᠢᠭᠦᠯᠵᠦ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠤᠯ ᠪᠣᠯᠭᠠᠭᠰᠠᠨ ᠣᠯᠠᠨ ᠤᠯᠤᠰ ᠤᠨ ᠡᠮᠬᠢ ᠳᠢᠭᠯᠢᠮ ᠪᠣᠯᠤᠨ ᠳᠡᠯᠡᠬᠡᠢ ᠶᠢᠨ ᠰᠢᠰᠲ᠋ᠧᠮ ᠢ ᠡᠷᠡᠰ ᠬᠠᠮᠠᠭᠠᠯᠠᠵᠤ᠂ ᠳᠡᠯᠡᠬᠡᠢ ᠶᠢᠨ ᠣᠯᠠᠨ ᠲᠠᠯᠠᠳᠦ ᠪᠠᠶᠢᠭᠤᠯᠤᠮᠵᠢ ᠪᠣᠯᠤᠨ ᠣᠷᠣᠨ ᠪᠦᠰᠡ ᠶᠢᠨ ᠬᠠᠮᠳᠤᠷᠠᠯᠴᠠᠭᠠᠨ ᠤ ᠲᠣᠭᠲᠠᠴᠠ ᠲᠤᠤᠷ᠎ᠠ ᠤᠯᠤᠯᠴᠠᠭ᠎ᠠ᠂ ᠵᠣᠬᠢᠴᠠᠭᠤᠯᠭ᠎ᠠ᠂ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠯ᠎ᠡ ᠵᠦᠢᠯ ᠤᠨ ᠪᠦᠬᠦ ᠪᠥᠮᠪᠥᠷᠴᠡᠭ ᠤᠨ ᠴᠢᠨᠠᠷᠲᠠᠶ ᠥᠷᠢᠰᠥᠯᠳᠦᠭᠡᠨ ᠢ ᠭᠠᠷ ᠬᠤᠯᠪᠣᠯᠴᠠᠨ ᠠᠷᠭᠠᠴᠠᠭᠠᠵᠤ᠂ ᠠᠽᠢᠶ᠎ᠠ ᠲᠢᠪ ᠤᠨ ᠴᠡᠴᠡᠭᠯᠡᠯ ᠬᠥᠭᠵᠢᠯ ᠳᠤ ᠢᠳᠡᠪᠬᠢᠳᠠᠢ ᠬᠤᠪᠢ ᠨᠡᠮᠡᠷᠢ ᠦᠵᠡᠭᠦᠯᠦᠶ᠎ᠠ ᠭᠡᠵᠦ ᠴᠢᠬᠤᠯᠠᠴᠢᠯᠠᠪᠠ᠃      ᠰᠧᠭ᠎ᠠ ᠶᠤᠰᠢᡁᠢᠲᠠᠢ᠂ ᠶᠠᠫᠣᠨ ᠤ ᠲᠠᠯ᠎ᠠ ᠶᠢᠨ ᠬᠢᠨ ᠳᠤᠮᠳᠠᠳᠤ ᠤᠯᠤᠰ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠠ ᠦᠵᠡᠵᠦ᠂ ᠶᠠᠫᠣᠨ ᠳᠤᠮᠳᠠᠳᠤ ᠶᠢᠨ ᠬᠠᠷᠢᠯᠴᠠᠭ᠎ᠠ ᠶᠢ ᠬᠠᠮᠤᠭ ᠤᠨ ᠴᠢᠬᠤᠯᠠ ᠬᠤᠶᠠᠷ ᠲᠠᠯ᠎ᠠ ᠶᠢᠨ ᠬᠠᠷᠢᠯᠴᠠᠭᠠᠨ ᠤ ᠨᠢᠭᠡ ᠪᠠᠷ ᠦᠵᠡᠳᠡᠭ᠃ ᠬᠤᠶᠠᠷ ᠤᠯᠤᠰ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠳᠤ ᠬᠠᠷᠢᠯᠴᠠᠨ ᠳᠡᠮᠵᠢᠯᠴᠡᠪᠡ᠃ ᠶᠠᠫᠣᠨ ᠳᠤᠮᠳᠠᠳᠤ ᠶᠢᠨ ᠳᠤᠭᠳᠠᠭᠤᠨ ᠬᠠᠷᠢᠯᠴᠠᠭ᠎ᠠ ᠨᠢ ᠬᠤᠶᠠᠷ ᠤᠯᠤᠰ ᠤᠨ ᠠᠷᠠᠳ ᠲᠦᠮᠡᠨ ᠤ ᠠᠰᠢᠭ ᠲᠤᠰᠠ ᠳᠤ ᠨᠡᠶᠢᠴᠡᠬᠦ ᠪᠠᠷ ᠪᠠᠷᠠᠬᠤ ᠦᠭᠡᠢ᠂ ᠳᠡᠯᠡᠬᠡᠢ ᠶᠢᠨ ᠡᠩᠬᠡ ᠲᠠᠶᠢᠪᠤᠩ ᠬᠥᠭᠵᠢᠯ ᠴᠡᠴᠡᠭᠯᠡᠯ ᠳᠤ ᠴᠦ ᠳᠤᠲᠠᠭᠳᠠᠵᠤ ᠪᠣᠯᠤᠰᠢ ᠦᠭᠡᠢ ᠶᠤᠮ᠃ ᠪᠢ ᠲᠡᠷᠢᠭᠦᠯᠡᠭᠴᠢ ᠰᠢ ᠶᠢᠨ ᠫᠢᠩ ᠯᠦᠭᠡ ᠨᠢᠭᠲᠠ ᠤᠯᠤᠯᠴᠠᠭ᠎ᠠ ᠪᠠᠨ ᠪᠠᠲᠤᠯᠠᠵᠤ᠂ ᠬᠤᠶᠠᠷ ᠤᠯᠤᠰ ᠤᠨ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠶᠢ ᠴᠢᠩᠭᠠᠳᠬᠠᠨ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠶᠠᠫᠣᠨ ᠳᠤᠮᠳᠠᠳᠤ ᠶᠢᠨ ᠬᠠᠷᠢᠯᠴᠠᠭ᠎ᠠ ᠶᠢᠨ ᠰᠢᠨ᠎ᠠ ᠳᠡᠭᠲᠡᠷ ᠲᠤ ᠭᠠᠷᠬᠤ ᠶᠢ ᠠᠬᠢᠭᠤᠯᠬᠤ ᠪᠠᠷ ᠴᠢᠷᠮᠠᠶᠢᠨ᠎ᠠ᠃ ᠶᠠᠫᠣᠨ‌‍ᠤ ᠲᠠᠯ᠎ᠠ ᠶᠢᠨ ᠬᠢᠨ ᠳᠤᠷᠠᠲᠠᠶ᠎ᠠ ᠳᠤᠮᠳᠠᠳᠤ ᠶᠢᠨ ᠲᠠᠯ᠎ᠠ ᠲᠠᠢ ᠨᠢᠭᠲᠠ ᠬᠠᠷᠢᠯᠴᠠᠵᠤ᠂ ᠡᠨᠡ ᠵᠢᠯ ᠤᠨ ᠳᠣᠲᠣᠷ᠎ᠠ ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠶ ᠶᠢᠨ ᠬᠠᠨᠢᠲᠠᠨ ᠤ ᠬᠠᠷᠢᠯᠴᠠᠭᠠᠨ ᠤ ᠬᠡᠯᠡᠯᠴᠡᠭᠡᠷ ᠲᠣᠭᠲᠠᠬᠤ ᠶᠢ ᠪᠠᠲᠤᠯᠠᠵᠤ᠂ ᠶᠠᠫᠣᠨ ᠳᠤᠮᠳᠠᠳᠤ ᠺᠣᠷᠢᠶᠠ ᠶᠢᠨ ᠴᠢᠯᠥᠭᠡᠲᠦ ᠠᠷᠠᠯᠵᠢᠶᠠᠨ ᠤ ᠣᠷᠣᠨ ᠤ ᠬᠡᠯᠡᠯᠴᠡᠭᠡ ᠶᠢ ᠲᠦᠷᠭᠡᠳᠭᠡᠨ ᠠᠬᠢᠭᠤᠯᠵᠦ᠂ ᠭᠠᠵᠠᠷ ᠣᠷᠣᠨ ᠤ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠳᠠᠯ ᠢ ᠬᠠᠮᠲᠤ ᠪᠠᠷ ᠬᠠᠮᠠᠭᠠᠯᠠᠨ᠎ᠠ ᠭᠡᠵᠦ ᠢᠯᠡᠳᠭᠡᠪᠡ᠃      ᠬᠤᠶᠠᠷ ᠲᠠᠯ᠎ᠠ ᠪᠠᠷ ᠢᠶᠠᠨ ᠪᠠᠰᠠ ᠬᠠᠮᠲᠤ ᠪᠠᠷ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠵᠠᠢ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号