ᠰᠢ ᠶᠢᠨ ᠫᠢᠩ ᠭᠤᠷᠪᠠᠳᠤᠭᠠᠷ ᠤᠳᠠᠭ᠎ᠠ ᠶᠢᠨ ᠳᠦᠪ ᠤᠨ ᠰᠢᠨᠵᠢᠶᠠᠩ ᠤᠨ ᠠᠵᠢᠯ ᠤᠨ ᠳᠤᠬᠠᠢ ᠶᠠᠷᠢᠯᠴᠠᠬᠤ ᠬᠤᠷᠠᠯ ᠳᠡᠬᠡᠷ᠎ᠡ ᠴᠢᠬᠤᠯᠠᠴᠢᠯᠠᠬᠰᠠᠨ ᠨᠢ ᠬᠠᠤᠯᠢ ᠪᠠᠷ ᠰᠢᠨᠵᠢᠶᠠᠩ ᠢ ᠵᠠᠰᠠᠬᠤ ᠪᠦᠯᠬᠦᠮᠳᠠᠯ ᠢᠶᠠᠷ ᠰᠢᠨᠵᠢᠶᠠᠩ ᠢ ᠳᠤᠬᠳᠠᠪᠤᠷᠢᠵᠢᠭᠤᠯᠬᠤ ᠰᠤᠶᠤᠯ ᠢᠶᠠᠷ ᠰᠢᠨᠵᠢᠶᠠᠩ ᠢ ᠤᠮᠳᠠᠯᠠᠬᠤ ᠠᠷᠠᠳ ᠢ ᠪᠠᠶᠠᠵᠢᠭᠤᠯᠤᠨ ᠰᠢᠨᠵᠢᠶᠠᠩ ᠢ ᠮᠠᠨᠳᠤᠭᠤᠯᠬᠤ ᠤᠷᠳᠤ ᠬᠤᠭᠤᠴᠠᠭ᠎ᠠ ᠪᠠᠷ ᠰᠢᠨᠵᠢᠶᠠᠩ ᠢ ᠪᠦᠳᠦᠬᠡᠨ ᠪᠠᠶᠢᠭᠤᠯᠬᠤ ᠶᠢ ᠪᠠᠷᠢᠮᠳᠠᠯᠠᠵᠥ ᠰᠢᠨ᠎ᠠ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠦᠮ ᠤᠨ ᠰᠢᠨᠵᠢᠶᠠᠩ ᠢ ᠴᠢᠷᠮᠠᠶᠢᠨ ᠪᠦᠳᠦᠬᠡᠨ ᠪᠠᠶᠢᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2020/9/29
   ᠯᠢ ᠺᠧ ᠴᠢᠶᠠᠩ ᠬᠤᠷᠠᠯ ᠢ ᠡᠷᠬᠢᠯᠡᠵᠥ ᠯᠢ ᠵᠠᠨ ᠱᠤ᠋ ᠸᠠᠩ ᠬᠤ᠋ ᠨᠢᠩ    ᠵᠤᠤ ᠯᠧ ᠵᠢᠢ ᠬᠠᠨ ᠵᠧᠩ ᠤᠷᠤᠯᠴᠠᠪᠠ ᠸᠠᠩ ᠶᠠᠩ ᠶᠠᠷᠢᠶ᠎ᠠ ᠳᠠᠯᠪᠢᠵᠠᠢ    ᠭᠤᠷᠪᠠᠳᠤᠭᠠᠷ ᠤᠳᠠᠭ᠎ᠠ ᠶᠢᠨ ᠲᠥᠪ ᠤᠨ ᠰᠢᠨᠵᠢᠶᠠᠩ ᠤᠨ ᠠᠵᠢᠯ ᠤᠨ ᠳᠤᠬᠠᠢ ᠶᠠᠷᠢᠯᠴᠠᠬᠤ ᠬᠤᠷᠠᠯ 9 ᠰᠠᠷ᠎ᠠ ᠶᠢᠨ 25 ᠠᠴᠠ 26 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠰᠢ ᠶᠢᠨ ᠫᠢᠩ᠂ ᠣᠳᠣᠬᠠᠨ ᠪᠠ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠳᠤ ᠰᠢᠨᠵᠢᠶᠠᠩ ᠤᠨ ᠠᠵᠢᠯ ᠢ ᠰᠠᠶᠢᠲᠤᠷ ᠬᠢᠬᠦ ᠳᠤ᠂ ᠰᠢᠨ᠎ᠡ ᠴᠠᠭ ᠦᠶ᠎ᠡ ᠶᠢᠨ ᠨᠠᠮ ᠤᠨ ᠰᠢᠨᠵᠢᠶᠠᠩ ᠢ ᠵᠠᠰᠠᠬᠤ ᠠᠷᠭ᠎ᠠ ᠪᠣᠳᠣᠯᠭ᠎ᠠ ᠶᠢ ᠪᠦᠷᠢᠨ ᠪᠦᠲᠦᠨ ᠣᠨᠣᠪᠴᠢᠲᠠᠶ ᠲᠤᠭᠤᠰᠢᠯᠠᠭᠤᠯᠵᠤ᠂ ᠰᠢᠨᠵᠢᠶᠠᠩ ᠤᠨ ᠠᠵᠢᠯ ᠤᠨ ᠶᠡᠷᠦᠩᠬᠡᠶ ᠬᠠᠷᠠᠯᠲᠠ ᠶᠢ ᠪᠠᠲᠤ ᠡᠵᠡᠮᠳᠡᠵᠦ᠂ ᠬᠠᠤᠯᠢ ᠪᠠᠷ ᠰᠢᠨᠵᠢᠶᠠᠩ ᠢ ᠵᠠᠰᠠᠵᠤ᠂ ᠪᠦᠯᠬᠦᠮᠳᠠᠯ ᠢᠶᠠᠷ ᠰᠢᠨᠵᠢᠶᠠᠩ ᠢ ᠳᠤᠬᠳᠠᠪᠤᠷᠢᠵᠢᠭᠤᠯᠵᠥ᠂ ᠰᠤᠶᠤᠯ ᠢᠶᠠᠷ ᠰᠢᠨᠵᠢᠶᠠᠩ ᠢ ᠤᠮᠳᠠᠯᠠᠵᠤ᠂ ᠠᠷᠠᠳ ᠢ ᠪᠠᠶᠠᠵᠢᠭᠤᠯᠤᠨ ᠰᠢᠨᠵᠢᠶᠠᠩ ᠢ ᠮᠠᠨᠳᠤᠭᠤᠯᠵᠤ᠂ ᠤᠷᠳᠤ ᠬᠤᠭᠤᠴᠠᠭ᠎ᠠ ᠪᠠᠷ ᠰᠢᠨᠵᠢᠶᠠᠩ ᠢ ᠪᠦᠳᠦᠬᠡᠨ ᠪᠠᠶᠢᠭᠤᠯᠵᠥ᠂ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠪᠠᠷ ᠪᠠᠲᠤᠯᠠᠭ᠎ᠠ ᠪᠣᠯᠭᠠᠨ᠂ ᠠᠯᠤᠰ ᠬᠡᠲᠦ ᠶᠢᠨ ᠠᠷᠭ᠎ᠠ ᠪᠣᠳᠣᠯᠭ᠎ᠠ ᠶᠢ ᠢᠯᠡᠭᠦᠬᠡᠨ ᠰᠦᠪᠡᠭᠴᠢᠯᠡᠵᠦ᠂ ᠦᠨᠳᠦᠰᠦ ᠪᠠᠨ ᠪᠠᠬᠢᠵᠢᠭᠦᠯᠬᠦ ᠠᠷᠭ᠎ᠠ ᠬᠡᠮᠵᠢᠶ᠎ᠡ ᠶᠢ ᠢᠯᠡᠭᠦᠬᠡᠨ ᠬᠡᠷᠡᠭᠵᠢᠭᠦᠯᠵᠦ᠂ ᠪᠦᠯᠬᠦᠮᠳᠡᠯ ᠲᠠᠢ ᠡᠶ᠎ᠡ ᠵᠣᠬᠢᠴᠠᠯ ᠲᠠᠢ᠂ ᠴᠡᠴᠡᠭᠯᠡᠨ ᠬᠥᠭᠵᠢᠭᠰᠡᠨ ᠪᠠᠶᠠᠨ ᠴᠢᠨᠡᠭᠡᠯᠢᠭ᠂ ᠪᠣᠯᠪᠠᠰᠤᠨ ᠳᠠᠪᠰᠢᠭᠰᠠᠨ᠂ ᠠᠮᠤᠷ ᠲᠠᠶᠢᠪᠤᠩ ᠠᠵᠤ ᠲᠦᠷᠦᠭᠦ᠂ ᠠᠮᠢ ᠠᠬᠤᠶ ᠰᠠᠶᠢᠨ ᠰᠠᠶᠢᠬᠠᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨᠵᠢᠶᠠᠩ ᠢ ᠴᠢᠷᠮᠠᠶᠢᠨ ᠪᠠᠶᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃    
   9 ᠰᠠᠷ᠎ᠠ ᠶᠢᠨ 25 ᠠᠴᠠ 26 ᠤ ᠡᠳᠦᠷ ᠪᠣᠯᠲᠠᠯ᠎ᠠ᠂ ᠭᠤᠷᠪᠠᠳᠤᠭᠠᠷ ᠤᠳᠠᠭ᠎ᠠ ᠶᠢᠨ ᠲᠥᠪ ᠤᠨ ᠰᠢᠨᠵᠢᠶᠠᠩ ᠤᠨ ᠠᠵᠢᠯ ᠤᠨ ᠳᠤᠬᠠᠢ ᠶᠠᠷᠢᠯᠴᠠᠬᠤ ᠬᠤᠷᠠᠯ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃    ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ    ᠯᠢ ᠺᠧ ᠴᠢᠶᠠᠩ ᠬᠤᠷᠠᠯ ᠢ ᠡᠷᠭᠢᠯᠡᠪᠡ᠃ ᠯᠢ ᠵᠠᠨ ᠱᠤ᠋᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ ᠬᠤᠷᠠᠯ ᠳᠤ ᠣᠷᠣᠯᠴᠠᠪᠠ᠃ ᠸᠠᠩ ᠶᠠᠩ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃    ᠰᠢ ᠶᠢᠨ ᠫᠢᠩ ᠶᠠᠷᠢᠶᠠᠨ ᠳᠠᠭᠠᠨ᠂ ᠬᠤᠶᠠᠳᠤᠭᠠᠷ ᠤᠳᠠᠭ᠎ᠠ ᠶᠢᠨ ᠲᠥᠪ ᠤᠨ ᠰᠢᠨᠵᠢᠶᠠᠩ ᠤᠨ ᠠᠵᠢᠯ ᠤᠨ ᠳᠤᠬᠠᠢ ᠶᠠᠷᠢᠯᠴᠠᠬᠤ ᠬᠤᠷᠠᠯ ᠠᠴᠠ ᠨᠠᠭᠠᠰᠢ᠂ ᠡᠯ᠎ᠡ ᠲᠠᠯ᠎ᠠ ᠶᠢᠨ ᠴᠢᠷᠮᠠᠶᠢᠯᠭ᠎ᠠ ᠪᠠᠷ ᠳᠠᠮᠵᠢᠨ᠂ ᠰᠢᠨᠵᠢᠶᠠᠩ ᠤᠨ ᠠᠵᠢᠯ ᠴᠢᠬᠤᠯᠠ ᠶᠡᠭᠡ ᠠᠮᠵᠢᠯᠲᠠ ᠪᠦᠲᠦᠮᠵᠢ ᠣᠯᠵᠠᠶ᠃ ᠰᠢᠨᠵᠢᠶᠠᠩ ᠤᠨ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠤᠷᠢᠳ ᠡᠮᠦᠨ᠎ᠡ ᠪᠠᠶᠢᠭ᠎ᠠ ᠦᠭᠡᠢ ᠠᠮᠵᠢᠯᠲᠠ ᠣᠯᠵᠤ᠂ ᠦᠨᠳᠦᠰᠦᠳᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠲᠠᠰᠤᠷᠠᠯᠲᠠ ᠦᠭᠡᠢ ᠴᠢᠩᠭᠠᠷᠠᠭᠰᠠᠨ ᠪᠠᠶᠢᠨ᠎ᠠ᠃ ᠨᠢᠭᠡ ᠳᠤ ᠠᠵᠤ ᠠᠬᠤᠶ ᠶᠢᠨ ᠬᠥᠭᠵᠢᠯᠲᠡ ᠦᠷᠭᠦᠯᠵᠢᠯᠡᠨ ᠰᠠᠶᠢᠵᠢᠷᠠᠪᠠ᠃ 2014 ᠣᠨ ᠠᠴᠠ 2019 ᠣᠨ ᠪᠣᠯᠲᠠᠯ᠎ᠠ᠂ ᠰᠢᠨᠵᠢᠶᠠᠩ ᠤᠨ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ 9195.9 ᠳ᠋ᠦᠩᠰᠢᠭᠤᠷ ᠲᠥᠭᠦᠷᠢᠭ ᠪᠠᠶᠢᠭᠰᠠᠨ ᠠᠴᠠ ᠨᠡᠮᠡᠭᠳᠡᠭᠡᠳ 13597.1 ᠳ᠋ᠦᠩᠰᠢᠭᠤᠷ ᠲᠥᠭᠦᠷᠢᠭ ᠪᠣᠯᠵᠤ᠂ ᠵᠢᠯ ᠳᠤᠮᠳᠠᠴᠢ ᠪᠠᠷ 7.2% ᠪᠠᠷ ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 1282.3 ᠳ᠋ᠦᠩᠰᠢᠭᠤᠷ ᠲᠥᠭᠦᠷᠢᠭ ᠪᠠᠶᠢᠭᠰᠠᠨ ᠠᠴᠠ ᠨᠡᠮᠡᠭᠳᠡᠭᠡᠳ 1577.6 ᠳ᠋ᠦᠩᠰᠢᠭᠤᠷ ᠲᠥᠭᠦᠷᠢᠭ ᠪᠤᠯᠵᠤ᠂ ᠵᠢᠯ ᠳᠤᠮᠳᠠᠴᠢ ᠪᠠᠷ 5.7% ᠪᠠᠷ ᠨᠡᠮᠡᠭᠳᠡᠪᠡ᠃ ᠰᠠᠭᠤᠷᠢ ᠲᠥᠬᠦᠭᠡᠷᠦᠮᠵᠢ ᠲᠠᠰᠤᠷᠠᠯᠲᠠ ᠦᠭᠡᠢ ᠲᠡᠭᠦᠯᠳᠡᠷᠵᠢᠵᠦ᠂ ᠪᠤᠢ ᠪᠦᠬᠦᠢ ᠲᠤᠰᠬᠠᠶ ᠣᠷᠣᠨ ᠵᠧᠤ ᠬᠤᠲᠠ ᠲᠦᠷᠭᠡᠨ ᠤ ᠵᠠᠮ ᠤᠨ ᠴᠠᠭ ᠦᠶ᠎ᠡ ᠳᠤ ᠣᠷᠣᠪᠠ᠃ ᠬᠤᠶᠠᠷ ᠲᠤ ᠠᠷᠠᠳ ᠤᠨ ᠠᠮᠢᠳᠤᠷᠠᠯ ᠮᠡᠳᠡᠭᠳᠡᠮ᠎ᠠ ᠰᠠᠶᠢᠵᠢᠷᠠᠪᠠ᠃ 2014 ᠣᠨ ᠠᠴᠠ 2019 ᠣᠨ ᠪᠣᠯᠲᠠᠯ᠎ᠠ᠂ ᠰᠢᠨᠵᠢᠶᠠᠩ ᠤᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠵᠢᠯ ᠳᠤᠮᠳᠠᠴᠢ ᠪᠠᠷ 9.1% ᠪᠠᠷ ᠨᠡᠮᠡᠭᠳᠡᠪᠡ᠃ ᠬᠥᠳᠡᠭᠡ ᠲᠣᠰᠬᠤᠨ ᠤ ᠠᠮᠤᠭᠤᠯᠠᠩ ᠣᠷᠣᠨ ᠰᠠᠭᠤᠴᠠ ᠶᠢᠨ ᠢᠨᠵᠧᠨᠧᠷᠢᠩ ᠢᠶᠠᠷ 169 ᠲᠦᠮᠡ ᠭᠠᠷᠤᠶ ᠢᠵᠢ ᠤᠷᠤᠨ ᠰᠠᠭᠤᠴᠠ ᠪᠠᠶᠢᠭᠤᠯᠵᠤ᠂ ᠬᠤᠲᠠ ᠪᠠᠯᠭᠠᠰᠤᠨ ᠤ ᠪᠠᠲᠤᠯᠠᠭ᠎ᠠ ᠶᠢᠨ ᠴᠢᠨᠠᠷᠲᠠᠶ ᠠᠮᠤᠭᠤᠯᠠᠩ ᠣᠷᠣᠨ ᠰᠠᠭᠤᠴᠠ ᠶᠢᠨ ᠢᠨᠵᠧᠨᠧᠷᠢᠩ ᠢᠶᠠᠷ 156 ᠲᠦᠮᠡ ᠭᠠᠷᠤᠶ ᠢᠵᠢ ᠤᠷᠤᠨ ᠰᠠᠭᠤᠴᠠ ᠪᠠᠶᠢᠭᠤᠯᠵᠤ᠂ 1000 ᠭᠠᠷᠤᠶ ᠲᠦᠮᠡᠨ ᠤᠯᠠᠨ ᠲᠦᠮᠡᠨ ᠪᠠᠶᠠᠷ ᠲᠠᠢ ᠪᠠᠷ ᠰᠢᠨ᠎ᠡ ᠣᠷᠣᠨ ᠰᠠᠭᠤᠴᠠ ᠳᠠᠭᠠᠨ ᠨᠡᠭᠦᠭᠰᠡᠨ ᠪᠠᠶᠢᠨ᠎ᠠ᠃ ᠬᠤᠲᠠ ᠬᠥᠳᠡᠭᠡ ᠶᠢᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠵᠦ᠂ ᠪᠦᠬᠦ ᠠᠷᠠᠳ ᠲᠤ ᠰᠦᠢᠳᠬᠡᠯ ᠬᠤᠷᠢᠶᠠᠬᠤ ᠦᠭᠡᠢ ᠡᠷᠡᠭᠦᠯ ᠮᠡᠨᠳᠦ ᠶᠢᠨ ᠪᠠᠶᠢᠴᠠᠭᠠᠯᠲᠠ ᠬᠢᠵᠦ ᠦᠭᠭᠦᠨ᠂ ᠮᠠᠯᠵᠢᠬᠤ ᠲᠠᠷᠢᠶᠠᠯᠠᠬᠤ ᠣᠷᠣᠨ ᠤ ᠡᠮ ᠡᠮᠴᠢᠯᠡᠭᠡᠨ ᠤ ᠲᠥᠬᠦᠭᠡᠷᠦᠮᠵᠢ ᠪᠠ ᠨᠥᠬᠦᠴᠡᠯ ᠢᠯᠡᠳᠲᠡ ᠰᠠᠶᠢᠵᠢᠷᠠᠵᠤ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠ ᠳᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠪᠠᠷᠢᠮᠵᠢᠶᠠᠵᠢᠭᠰᠠᠨ ᠨᠣᠷᠮ᠎ᠠ ᠪᠦᠷ 100% ᠳᠤ ᠬᠦᠷᠴᠤ᠂ ᠰᠠᠭᠤᠭᠠᠯᠢ ᠠᠷᠠᠳ ᠤᠨ ᠦᠨᠳᠦᠰᠦᠨ ᠡᠮ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠨᠣᠷᠮ᠎ᠠ 99.7% ᠳᠤ ᠬᠦᠷᠪᠡ᠃ ᠭᠤᠷᠪᠠ ᠳᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠰᠢᠢᠳᠪᠦᠷᠢᠲᠦ ᠴᠢᠨᠠᠷᠲᠠᠶ ᠠᠮᠵᠢᠯᠲᠠ ᠤᠯᠪᠠ᠃ 2014 ᠣᠨ ᠳᠤ᠂ ᠰᠢᠨᠵᠢᠶᠠᠩ ᠳᠤ ᠺᠠᠷᠳ᠋ᠯᠠᠵᠥ ᠳᠠᠩᠰᠠᠯᠠᠬᠰᠠᠨ ᠶᠠᠳᠠᠭᠤ ᠬᠦᠴᠢᠷᠳᠡᠯᠳᠡᠢ ᠬᠦᠮᠦᠨ ᠠᠮᠠ 77.9 ᠲᠦᠮᠡᠨ ᠡᠷᠦᠬᠡ᠂ 308.9 ᠲᠦᠮᠡᠨ ᠬᠥᠮᠦᠨ ᠪᠠᠶᠢᠵᠤ᠂ ᠶᠠᠳᠠᠭᠤ ᠬᠦᠴᠢᠷᠳᠡᠯᠳᠡᠢ ᠲᠣᠰᠬᠤᠨ 3666᠂ ᠶᠠᠳᠠᠭᠤ ᠬᠦᠴᠢᠷᠳᠡᠯᠲᠡᠶ ᠰᠢᠶᠠᠨ 32 ᠪᠠᠶᠢᠪᠠ᠃ 2019 ᠣᠨ ᠪᠣᠯᠬᠤ ᠳᠤ᠂ ᠪᠦᠬᠦ ᠰᠢᠨᠵᠢᠶᠠᠩ ᠳᠤ 292.32 ᠲᠦᠮᠡᠨ ᠬᠥᠮᠦᠨ ᠶᠠᠳᠠᠭᠤ ᠠᠴᠠ ᠠᠩᠭᠢᠵᠢᠷᠠᠵᠤ᠂ 3107 ᠶᠠᠳᠠᠭᠤ ᠬᠦᠴᠢᠷᠳᠡᠯᠲᠡᠢ ᠲᠣᠰᠬᠤᠨ ᠵᠠᠳᠠᠭᠤ ᠬᠦᠴᠢᠷᠳᠡᠯ ᠠᠴᠠ ᠰᠠᠯᠵᠤ᠂ 22 ᠶᠠᠳᠠᠭᠤ ᠬᠦᠴᠢᠷᠳᠡᠯᠲᠡᠢ ᠰᠢᠶᠠᠨ ᠶᠠᠳᠠᠭᠤ ᠮᠠᠯᠠᠭᠠᠢ ᠪᠠᠨ ᠳᠠᠶᠠᠭᠳᠠᠵᠤ᠂ ᠶᠠᠳᠠᠭᠤᠷᠠᠯ ᠡᠬᠦᠰᠬᠦ ᠨᠤᠷᠮ᠎ᠠ 2014 ᠣᠨ ᠤ 19.4% ᠪᠠᠶᠢᠭᠰᠠᠨ ᠠᠴᠠ ᠪᠠᠨ ᠪᠠᠭᠤᠷᠠᠭᠠᠳ 1.24% ᠪᠤᠯᠪᠠ᠃ ᠡᠭᠦᠨ ᠳᠤ᠂ ᠡᠮᠦᠨᠡᠳᠦ ᠰᠢᠨᠵᠢᠶᠠᠩ ᠤᠨ 4 ᠲᠤᠰᠬᠠᠢ ᠣᠷᠣᠨ ᠵᠧᠦ ᠶᠢᠨ 251.16 ᠲᠦᠮᠡᠨ ᠬᠥᠮᠦᠨ ᠤᠷᠢᠳ ᠬᠤᠵᠢᠳ ᠶᠠᠳᠠᠭᠤ ᠠᠴᠠ ᠠᠩᠭᠢᠵᠢᠷᠠᠵᠤ᠂ 2683 ᠶᠠᠳᠠᠭᠤ ᠬᠦᠴᠢᠷᠳᠡᠯᠲᠡᠢ ᠲᠣᠰᠬᠤᠨ ᠵᠠᠳᠠᠭᠤ ᠬᠦᠴᠢᠷᠳᠡᠯ ᠠᠴᠠ ᠰᠠᠯᠵᠤ᠂ 16 ᠶᠠᠳᠠᠭᠤ ᠬᠦᠴᠢᠷᠳᠡᠯᠲᠡᠢ ᠰᠢᠶᠠᠨ ᠶᠠᠳᠠᠭᠤ ᠮᠠᠯᠠᠭᠠᠢ ᠪᠠᠨ ᠳᠠᠶᠠᠭᠳᠠᠵᠤ᠂ ᠶᠠᠳᠠᠭᠤᠷᠠᠯ ᠡᠭᠦᠰᠬᠦ ᠨᠤᠷᠮ᠎ᠠ 2014 ᠣᠨ ᠤ 29.1% ᠪᠠᠶᠢᠭᠰᠠᠨ ᠠᠴᠠ ᠪᠠᠨ ᠪᠠᠭᠤᠷᠠᠭᠠᠳ 2.21% ᠪᠤᠯᠪᠠ᠃ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠲᠣᠪᠤᠶᠢᠮ᠎ᠠ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠵᠦ᠂ ᠶᠠᠳᠠᠭᠤ ᠬᠦᠴᠢᠷᠳᠡᠯᠲᠡᠢ ᠭᠡᠷ ᠪᠦᠯᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠳᠤᠨ ᠤ ᠬᠡᠦᠬᠡᠳ ᠤᠨ ᠶᠠᠳᠠᠭᠤ ᠠᠴᠠ ᠪᠣᠯᠵᠤ ᠰᠤᠷᠤᠯᠭ᠎ᠠ ᠠᠯᠳᠠᠵᠤ ᠰᠤᠷᠤᠯᠭ᠎ᠠ ᠪᠠᠨ ᠳᠣᠷᠭᠤᠨ ᠵᠣᠭᠰᠣᠬᠤ ᠶᠠᠪᠤᠳᠠᠯ ᠢ ᠴᠠᠭ ᠲᠤᠬᠠᠢ ᠳᠤᠨᠢ ᠦᠭᠡᠶᠢᠰᠭᠡᠬᠦ ᠶᠢ ᠪᠡᠶᠡᠯᠡᠭᠦᠯᠵᠦ᠂ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠦᠨᠳᠦᠰᠦᠨ ᠡᠮ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠳᠤ ᠣᠷᠣᠯᠴᠠᠭᠰᠠᠨ ᠨᠣᠷᠮ᠎ᠠ ᠴᠥᠮ 100% ᠳᠤ ᠬᠦᠷᠴᠤ᠂ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠶᠠᠳᠠᠭᠤ ᠬᠦᠴᠢᠷᠳᠡᠯᠲᠡᠶ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠶᠡᠭᠡ ᠪᠠᠷ ᠰᠠᠶᠢᠵᠢᠷᠠᠪᠠ᠃ ᠳᠥᠷᠪᠡ ᠳᠤ ᠲᠥᠪ ᠠᠴᠠ ᠳᠡᠮᠵᠢᠬᠦ ᠪᠠ ᠪᠦᠬᠦ ᠤᠯᠤᠰ ᠤᠨ ᠡᠯ᠎ᠠ ᠭᠠᠵᠠᠷ ᠤᠨ ᠠᠵᠢᠯ ᠲᠥᠷᠥᠯ ᠢᠶᠠᠷ ᠢᠶᠠᠨ ᠰᠢᠨᠵᠢᠶᠠᠩ ᠢ ᠲᠤᠰᠠᠯᠠᠬᠤ ᠡᠷᠴᠢᠮ ᠲᠠᠰᠤᠷᠠᠯᠲᠠ ᠦᠭᠡᠢ ᠴᠢᠩᠭᠠᠷᠠᠪᠠ᠃ 2014 ᠣᠨ ᠠᠴᠠ 2019 ᠣᠨ ᠪᠣᠯᠲᠠᠯ᠎ᠠ᠂ ᠲᠥᠪ ᠤᠨ ᠡᠳ᠋ ᠤᠨ ᠵᠠᠰᠠᠭ ᠠᠴᠠ ᠰᠢᠨᠵᠢᠶᠠᠩ ᠤᠨ ᠥᠪᠡᠷᠲᠡᠭᠡᠨ ᠵᠠᠰᠠᠬᠤ ᠣᠷᠣᠨ ᠪᠠ ᠪᠢᠩᠲ᠋ᠤᠸᠠᠨ ᠳᠤ ᠰᠢᠯᠵᠢᠭᠦᠯᠦᠨ ᠥᠭᠬᠦ ᠵᠠᠷᠤᠯᠭ᠎ᠠ 2636.9 ᠳ᠋ᠦᠩᠰᠢᠭᠤᠷ ᠲᠥᠭᠦᠷᠢᠭ ᠪᠠᠶᠢᠭᠰᠠᠨ ᠠᠴᠠ 4224.8 ᠳ᠋ᠦᠩᠰᠢᠭᠤᠷ ᠲᠥᠭᠦᠷᠢᠭ ᠪᠤᠯᠤᠨ ᠨᠡᠮᠡᠭᠳᠡᠵᠤ᠂ ᠵᠢᠯ ᠳᠤᠮᠳᠠᠴᠢ ᠪᠠᠷ 10.4% ᠪᠠᠷ ᠨᠡᠮᠡᠭᠳᠡᠨ᠂ 6 ᠵᠢᠯ ᠳᠤ ᠰᠢᠨᠵᠢᠶᠠᠩ ᠢ 2 ᠲᠦᠮᠡ ᠭᠠᠷᠤᠶ ᠳ᠋ᠦᠩᠰᠢᠭᠤᠷ ᠲᠥᠭᠦᠷᠢᠭ ᠳᠡᠮᠵᠢᠪᠡ᠃ ᠰᠢᠨᠵᠢᠶᠠᠩ ᠢ ᠳᠤᠰᠠᠯᠠᠬᠤ 19 ᠮᠣᠵᠢ ᠬᠤᠲᠠ ᠪᠦᠬᠦ ᠲᠠᠯ᠎ᠠ ᠪᠠᠷ ᠠᠵᠢᠯ ᠲᠥᠷᠥᠯ ᠢᠶᠠᠷ ᠢᠶᠠᠨ ᠲᠤᠰᠠᠯᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠤᠷᠢᠳ ᠬᠤᠵᠢᠳ ᠨᠡᠶᠢᠳᠡ 964 ᠳ᠋ᠦᠩᠰᠢᠭᠤᠷ ᠲᠥᠭᠦᠷᠢᠭ ᠤᠨ ᠰᠢᠨᠵᠢᠶᠠᠩ ︵ᠪᠢᠩᠲ᠋ᠤᠸᠠᠨ ᠢ ᠪᠠᠭᠳᠠᠭᠠᠨ᠎ᠠ︶ ᠢ ᠲᠤᠰᠠᠯᠠᠬᠤ ᠪᠡᠯᠡ ᠮᠥᠩᠭᠦ ᠣᠷᠣᠭᠤᠯᠵᠤ᠂ ᠰᠢᠨᠵᠢᠶᠠᠩ ᠢ ᠲᠤᠰᠠᠯᠠᠬᠤ ᠲᠥᠷᠥᠯ  ᠵᠦᠢᠯ ᠢ ᠲᠦᠮᠡ ᠭᠠᠷᠤᠶ ᠬᠡᠷᠡᠭᠵᠢᠭᠦᠯᠵᠤ᠂ ᠰᠢᠨᠵᠢᠶᠠᠩ ᠢ ᠲᠤᠰᠠᠯᠠᠬᠤ ᠮᠤᠵᠢ ᠬᠤᠳᠠ ᠶᠢᠨ ᠠᠵᠤ ᠠᠬᠤᠶᠢᠯᠠᠯ ᠤᠨ ᠪᠡᠯᠡ ᠮᠥᠩᠭᠦ ᠶᠢ 16840 ᠳ᠋ᠦᠩᠰᠢᠭᠤᠷ ᠲᠥᠭᠦᠷᠢᠭ ᠤᠷᠤᠭᠤᠯᠤᠨ ᠠᠪᠴᠢᠷᠠᠵᠤ᠂ ᠲᠥᠪ ᠤᠨ ᠠᠵᠤ ᠠᠬᠤᠶᠢᠯᠠᠯ ᠤᠨ ᠪᠡᠯᠡ ᠣᠷᠣᠭᠤᠯᠤᠯᠲᠠ 7000 ᠳ᠋ᠦᠩᠰᠢᠭᠤᠷ ᠲᠥᠭᠦᠷᠢᠭ ᠢ ᠳᠠᠪᠠᠪᠠ᠃ ᠶᠡᠷᠦᠩᠬᠡᠢ ᠳᠤᠨᠢ ᠠᠪᠴᠤ ᠦᠵᠡᠪᠡᠯ᠂ ᠰᠢᠨᠵᠢᠶᠠᠩ ᠳᠤ ᠨᠡᠶᠢᠭᠡᠮ ᠲᠣᠭᠲᠠᠭᠤᠨ ᠂ ᠠᠷᠠᠳ ᠲᠦᠮᠡᠨ ᠠᠮᠤᠷ ᠵᠢᠮᠦᠷ ᠠᠵᠤ ᠲᠦᠷᠦᠭᠦ ᠰᠠᠶᠢᠨ ᠰᠠᠶᠢᠬᠠᠨ ᠪᠠᠶᠢᠳᠠᠯ ᠢᠯᠡᠷᠡᠵᠦ᠂ ᠥᠨᠢ ᠤᠳᠠᠭᠠᠨ ᠤ ᠠᠮᠤᠷ ᠳᠤᠭᠳᠠᠭᠤᠨ ᠪᠤᠯᠬᠤ ᠳᠤ ᠪᠠᠲᠤ ᠪᠠᠬᠢ ᠰᠠᠭᠤᠷᠢ ᠲᠠᠯᠪᠢᠭᠰᠠᠨ ᠪᠠᠶᠢᠨ᠎ᠠ᠃ ᠮᠠᠨ ᠤ ᠤᠯᠤᠰ ᠤᠨ ᠦᠨᠳᠦᠰᠦᠲᠡᠨ ᠤ ᠳᠤᠬᠠᠢ ᠠᠵᠢᠯ ᠪᠤᠯ ᠠᠮᠵᠢᠯᠲᠠ ᠲᠠᠢ ᠭᠡᠳᠡᠭ ᠢ ᠪᠣᠳᠠᠲᠤ ᠶᠠᠪᠤᠳᠠᠯ ᠬᠦᠢᠴᠡᠳ ᠭᠡᠷᠡᠴᠢᠯᠡᠵᠦ ᠪᠠᠶᠢᠨ᠎ᠠ᠃ ᠡᠳᠡᠭᠡᠷ ᠠᠮᠵᠢᠯᠳᠠ ᠪᠦᠳᠦᠮᠵᠢ ᠪᠣᠯ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ ᠂ ᠪᠦᠬᠦ ᠨᠠᠮ ᠪᠦᠬᠦ ᠤᠯᠤᠰ ᠤᠨ ᠠᠷᠠᠳ ᠲᠦᠮᠡᠨ ᠤ ᠬᠠᠮᠲᠤ ᠪᠠᠷ ᠲᠡᠮᠡᠴᠡᠭᠰᠡᠨ ᠤ ᠦᠷ᠎ᠡ ᠳ᠋ᠦᠩ ᠪᠣᠯᠬᠤ ᠪᠥᠭᠡᠳ ᠰᠢᠨᠵᠢᠶᠠᠩ ᠤᠨ 2500 ᠭᠠᠷᠤᠢ ᠲᠦᠮᠡᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠤᠶᠤᠨ ᠤᠬᠠᠭᠠᠨ ᠪᠠ ᠬᠦᠴᠦ ᠬᠥᠯᠥᠰᠥ ᠰᠢᠩᠭᠡᠵᠦ ᠪᠠᠶᠢᠨ᠎ᠠ ᠭᠡᠵᠥ ᠵᠢᠭᠠᠵᠥ ᠭᠠᠷᠭᠠᠪᠠ᠃ ᠰᠢ ᠶᠢᠨ ᠫᠢᠩ ᠨᠠᠮ ᠤᠨ ᠲᠥᠪ ᠬᠤᠷᠢᠶᠠᠨ ᠤ ᠡᠮᠦᠨ᠎ᠡ ᠠᠴᠠ᠂ ᠰᠢᠨᠵᠢᠶᠠᠩ ᠤᠨ ᠠᠵᠢᠯ ᠳᠤ ᠣᠷᠣᠯᠴᠠᠭᠰᠠᠨ ᠪᠠ ᠳᠡᠮᠵᠢᠭᠰᠡᠨ ᠡᠯ᠎ᠠ ᠹᠷᠤᠨᠲ ᠤᠨ ᠨᠥᠬᠦᠳ ᠲᠤ᠂ ᠰᠢᠨᠵᠢᠶᠠᠩ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠳᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠰᠢᠷᠭᠠᠭᠤ ᠠᠵᠢᠯᠯᠠᠵᠤ ᠪᠠᠶᠢᠭ᠎ᠠ ᠥᠷᠭᠡᠨ ᠤᠯᠠᠨ ᠺᠠᠳ᠋ᠷ ᠠᠵᠢᠯᠴᠢᠳ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠬᠤ ᠪᠠᠨ ᠢᠯᠡᠳᠬᠡᠪᠡ᠃    ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠰᠢᠨᠵᠢᠶᠠᠩ ᠢ ᠵᠠᠰᠠᠬᠤ ᠵᠢᠮ᠎ᠡ ᠶᠣᠰᠣ ᠶᠢᠨ ᠲᠤᠬᠠᠶ ᠲᠠᠨᠢᠯᠲᠠ ᠪᠠ ᠡᠵᠡᠮᠳᠡᠯ ᠢᠶᠠᠨ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠰᠢᠨᠵᠢᠶᠠᠩ ᠢ ᠵᠠᠰᠠᠬᠤ ᠠᠷᠭ᠎ᠠ ᠪᠣᠳᠣᠯᠭ᠎ᠠ ᠶᠢ ᠪᠦᠷᠢᠯᠳᠦᠭᠦᠯᠵᠤ᠂ ᠪᠠᠶᠢᠯᠳᠤᠬᠤ ᠪᠣᠳᠣᠯᠭ᠎ᠠ ᠶᠢᠨ ᠲᠠᠯ᠎ᠠ ᠠᠴᠠ ᠰᠢᠨᠵᠢᠶᠠᠩ ᠤᠨ ᠠᠵᠢᠯ ᠢ ᠬᠢᠨᠠᠨ ᠦᠵᠡᠬᠦ ᠪᠠ ᠲᠦᠯᠦᠪᠯᠡᠬᠦ ᠶᠢ ᠪᠠᠷᠢᠮᠲᠠᠯᠠᠵᠤ᠂ ᠨᠡᠶᠢᠭᠡᠮ ᠤᠨ ᠠᠮᠦᠷ ᠲᠣᠭᠲᠠᠭᠤᠨ ᠪᠠ ᠥᠨᠢ ᠤᠳᠠᠭᠠᠨ ᠤ ᠠᠮᠤᠷ ᠳᠤᠭᠳᠠᠭᠤᠨ ᠢ ᠰᠢᠨᠵᠢᠶᠠᠩ ᠤᠨ ᠠᠵᠢᠯ ᠤᠨ ᠶᠡᠷᠦᠩᠬᠡᠶ ᠬᠠᠷᠠᠯᠲᠠ ᠪᠣᠯᠭᠠᠬᠤ ᠶᠢ ᠪᠠᠷᠢᠮᠲᠠᠯᠠᠵᠤ᠂ ᠬᠦᠮᠦᠨ ᠤ ᠰᠡᠳᠬᠢᠯ ᠢ ᠨᠢᠭᠲᠠᠷᠠᠭᠤᠯᠬᠤ ᠪᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢ ᠪᠠᠷᠢᠮᠳᠠᠯᠠᠵᠥ᠂ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠠᠳᠠᠷᠠᠭᠤᠯᠬᠤ ᠪᠠ ᠪᠤᠢ ᠪᠤᠯᠭᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠲᠠᠢ ᠨᠢᠭᠲᠠ ᠤᠶᠠᠯᠳᠤᠭᠤᠯᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠰᠢᠨᠵᠢᠶᠠᠩ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠶᠢ ᠪᠠᠷᠢᠮᠳᠠᠯᠠᠪᠠ᠃ ᠰᠢᠨ᠎ᠡ ᠴᠠᠭ ᠦᠶ᠎ᠡ ᠶᠢᠨ ᠨᠠᠮ ᠤᠨ ᠰᠢᠨᠵᠢᠶᠠᠩ ᠢ ᠵᠠᠰᠠᠬᠤ ᠠᠷᠭ᠎ᠠ ᠪᠤᠳᠤᠯᠭ᠎ᠠ ᠪᠦᠷᠢᠮᠦᠰᠦᠨ ᠵᠥᠪ ᠪᠠᠶᠢᠨ᠎ᠠ᠂ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠶ ᠪᠠᠶᠢᠨ᠎ᠠ ᠭᠡᠳᠡᠭ ᠢ ᠦᠢᠯᠡᠳᠦᠯᠭᠡ ᠭᠡᠷᠡᠴᠢᠯᠡᠵᠠᠢ᠃ ᠪᠦᠬᠦ ᠨᠠᠮ ᠢᠶᠠᠷ ᠢᠶᠠᠨ ᠰᠢᠨ᠎ᠡ ᠴᠠᠭ ᠦᠶ᠎ᠡ ᠶᠢᠨ ᠨᠠᠮ ᠤᠨ ᠰᠢᠨᠵᠢᠶᠠᠩ ᠢ ᠵᠠᠰᠠᠬᠤ ᠠᠷᠭ᠎ᠠ ᠪᠣᠳᠣᠯᠭ᠎ᠠ ᠶᠢ ᠲᠤᠭᠤᠰᠢᠯᠠᠭᠤᠯᠬᠤ ᠶᠢ ᠨᠢᠭᠡ ᠵᠦᠢᠯ ᠤᠨ ᠤᠯᠤᠰ ᠲᠥᠷᠥ ᠶᠢᠨ ᠡᠭᠦᠷᠭᠡ ᠪᠣᠯᠭᠠᠵᠤ᠂ ᠪᠦᠷᠢᠨ ᠪᠦᠲᠦᠨ ᠣᠨᠣᠪᠴᠢᠲᠠᠶ ᠲᠤᠭᠤᠰᠢᠯᠠᠭᠤᠯᠬᠤ ᠳᠡᠭᠡᠷ᠎ᠡ ᠬᠦᠴᠦ ᠲᠠᠯᠪᠢᠨ᠂ ᠰᠢᠨᠵᠢᠶᠠᠩ ᠤᠨ ᠠᠵᠢᠯ ᠢᠮᠠᠭᠳᠠ ᠵᠥᠪ ᠤᠯᠤᠰ ᠲᠥᠷᠥ ᠶᠢᠨ ᠴᠢᠭᠯᠡᠯ ᠢ ᠪᠠᠷᠢᠮᠳᠠᠯᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠪᠠ᠃    ᠰᠢ ᠶᠢᠨ ᠫᠢᠩ᠂ ᠰᠢᠨᠵᠢᠶᠠᠩ ᠤᠨ ᠨᠡᠶᠢᠭᠡᠮ ᠤᠨ ᠶᠡᠭᠡ ᠲᠠᠯ᠎ᠠ ᠶᠢᠨ ᠦᠷᠭᠦᠯᠵᠢ ᠶᠢᠨ ᠲᠣᠭᠲᠠᠭᠤᠨ ᠤᠷᠳᠤ ᠬᠤᠭᠤᠴᠠᠭ᠎ᠠ ᠪᠠᠷ ᠲᠤᠭᠳᠠᠭᠤᠨ ᠪᠠᠶᠢᠬᠤ ᠶᠢ ᠪᠠᠲᠤᠯᠠᠬᠤ ᠳᠤ ᠨᠡᠶᠢᠭᠡᠮ ᠵᠢᠷᠤᠮ ᠤᠨ ᠬᠠᠤᠯᠢᠵᠢᠯ ᠤᠨ ᠲᠤᠭ ᠢ ᠥᠨᠳᠥᠷ ᠮᠠᠨᠳᠤᠭᠤᠯᠵᠤ᠂ ᠬᠠᠤᠯᠢᠵᠢᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠪᠦᠬᠦ ᠲᠠᠯ᠎ᠠ ᠪᠠᠷ ᠬᠠᠤᠯᠢ ᠪᠠᠷ ᠤᠯᠤᠰ ᠢ ᠵᠠᠰᠠᠬᠤ ᠱᠠᠭᠠᠷᠳᠠᠯᠭ᠎ᠠ ᠶᠢ ᠰᠢᠨᠵᠢᠶᠠᠩ ᠤᠨ ᠠᠵᠢᠯ ᠤᠨ ᠡᠯ᠎ᠡ ᠬᠦᠷᠢᠶᠡᠨ ᠳᠤ ᠨᠠᠶᠢᠳᠠᠪᠤᠷᠢᠵᠢᠭᠤᠯᠬᠤ ᠬᠡᠷᠡᠭᠳᠠᠢ᠃ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠬᠠᠷᠢᠭᠤᠴᠠᠬᠤ᠂ ᠨᠡᠶᠢᠭᠡᠮ ᠤᠨ ᠬᠢᠨ ᠬᠠᠮᠵᠢᠯᠴᠠᠬᠤ᠂ ᠣᠯᠠᠨ ᠨᠡᠶᠢᠲᠡ ᠪᠠᠷ ᠢᠶᠠᠨ ᠣᠷᠣᠯᠴᠠᠬᠤ᠂ ᠬᠠᠤᠯᠢᠵᠢᠯ ᠢᠶᠠᠷ ᠪᠠᠲᠤᠯᠠᠬᠤ ᠨᠡᠶᠢᠭᠡᠮ ᠤᠨ ᠵᠠᠰᠠᠯᠲᠠ ᠶᠢᠨ ᠪᠠᠶᠢᠭᠤᠯᠤᠯ ᠢ ᠪᠦᠬᠦ ᠲᠠᠯ᠎ᠠ ᠪᠠᠷ ᠪᠦᠷᠢᠯᠳᠦᠭᠦᠯᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠪᠠᠶᠢᠭᠤᠯᠬᠤ ᠬᠡᠷᠡᠭᠳᠠᠢ ᠭᠡᠵᠤ ᠵᠢᠭᠠᠵᠤ ᠭᠠᠷᠭᠠᠪᠠ᠃    ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠢ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠢ᠃ ᠰᠢᠨᠵᠢᠶᠠᠩ ᠡᠷᠲᠡᠨ ᠠᠴᠠ ᠠᠪᠤᠭᠠᠳ ᠤᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠮᠥᠨ᠂ ᠰᠢᠨᠵᠢᠶᠠᠩ ᠤᠨ ᠦᠨᠳᠦᠰᠦᠲᠡᠨ ᠨᠦᠭᠦᠳ ᠪᠣᠯ ᠳᠤᠮᠳᠠᠳᠤ ᠶᠢᠨ ᠦᠨᠳᠦᠰᠦᠲᠡᠨ ᠤ ᠴᠢᠰᠤ ᠮᠢᠬᠠᠨ ᠤ ᠪᠠᠷᠢᠯᠳᠤᠯᠭ᠎ᠠ ᠲᠠᠢ ᠭᠡᠷ ᠪᠦᠯᠢ ᠶᠢᠨ ᠪᠦᠷᠢᠯᠳᠦᠬᠦᠨ ᠮᠥᠨ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠡᠤᠬᠡ᠂ ᠳᠤᠮᠳᠠᠳᠤ ᠶᠢᠨ ᠦᠨᠳᠦᠰᠦᠲᠡᠨ ᠤ ᠣᠯᠠᠨ ᠡᠰᠢᠳᠦ ᠨᠢᠭᠡ ᠴᠣᠭᠴᠠᠵᠢᠭᠰᠠᠨ ᠪᠠᠶᠢᠷᠢᠰᠢᠯ ᠤᠨ ᠰᠤᠳᠤᠯᠭᠠᠨ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠰᠢᠨᠵᠢᠶᠠᠩ ᠤᠨ ᠺᠠᠳ᠋ᠷ ᠤᠨ ᠬᠥᠮᠦᠵᠢᠯ᠂ ᠵᠠᠯᠠᠭᠤᠴᠤᠳ ᠪᠠᠭᠠᠴᠤᠳ ᠤᠨ ᠬᠥᠮᠦᠵᠢᠯ᠂ ᠨᠡᠶᠢᠭᠡᠮ ᠤᠨ ᠬᠥᠮᠦᠵᠢᠯ ᠳᠤ ᠣᠷᠣᠭᠤᠯᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠦᠮᠦᠵᠢᠭᠦᠯᠦᠨ ᠵᠢᠯᠤᠭᠤᠳᠴᠤ ᠪᠠᠶᠢᠭᠠᠳ ᠵᠥᠪ ᠤᠯᠤᠰ ᠤᠨ ᠦᠵᠡᠯᠲᠡ᠂ ᠲᠡᠤᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠲᠠᠢ ᠪᠤᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠰᠡᠳᠬᠢᠯ ᠵᠢᠷᠦᠭᠡᠨ ᠳᠤᠨᠢ ᠭᠦᠨ ᠦᠨᠳᠦᠰᠦᠯᠡᠭᠦᠯᠬᠦ ᠬᠡᠷᠡᠭᠳᠠᠢ᠃ ᠦᠨᠳᠦᠰᠦᠳᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ ᠶᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃ ᠰᠢᠨᠵᠢᠶᠠᠩ ᠤᠨ ᠢᠰᠯᠠᠮ ᠤᠨ ᠱᠠᠰᠢᠨ ᠢ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠱᠠᠰᠢᠨ ᠰᠤᠷᠲᠠᠬᠤᠨ ᠤ ᠡᠷᠡᠭᠦᠯ ᠢᠶᠠᠷ ᠬᠥᠭᠵᠢᠬᠦ ᠶᠢ ᠪᠡᠶᠡᠯᠡᠭᠦᠯᠬᠦ ᠬᠡᠷᠡᠭᠲᠡᠶ᠃ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠠᠵᠢᠯ ᠢ ᠭᠦᠨᠵᠡᠭᠡᠶ ᠰᠠᠶᠢᠲᠤᠷ ᠬᠢᠵᠦ᠂ ᠰᠤᠶᠤᠯ ᠢᠶᠠᠷ ᠰᠢᠨᠵᠢᠶᠠᠩ ᠢ ᠤᠮᠳᠠᠯᠠᠬᠤ ᠢᠨᠵᠧᠨᠧᠷᠢᠩ ᠢ ᠭᠦᠨᠵᠡᠭᠡᠶ ᠥᠷᠨᠢᠭᠦᠯᠬᠦ ᠬᠡᠷᠡᠭᠲᠡᠶ ᠭᠡᠵᠤ ᠴᠢᠬᠤᠯᠠᠴᠢᠯᠠᠵᠠᠢ᠃    ᠰᠢ ᠶᠢᠨ ᠫᠢᠩ᠂ ᠬᠥᠭᠵᠢᠯᠲᠡ ᠪᠣᠯ ᠰᠢᠨᠵᠢᠶᠠᠩ ᠤᠨ ᠥᠨᠢ ᠤᠳᠠᠭᠠᠨ ᠠᠮᠤᠷ ᠳᠤᠭᠳᠠᠭᠤᠨ ᠪᠠᠶᠢᠬᠤ ᠶᠢᠨ ᠴᠢᠬᠤᠯᠠ ᠰᠠᠭᠤᠷᠢ ᠮᠥᠨ᠃ ᠰᠢᠨᠵᠢᠶᠠᠩ ᠤᠨ ᠣᠷᠣᠨ ᠪᠠᠶᠢᠷᠢ ᠶᠢᠨ ᠳᠠᠪᠠᠭᠤᠯᠢᠭ ᠢ ᠪᠠᠳᠠᠷᠠᠭᠤᠯᠵᠤ᠂ ᠲᠣᠷᠭᠠᠨ ᠵᠠᠮ ᠤᠨ ᠠᠵᠤ ᠠᠬᠤᠶ ᠶᠢᠨ ᠪᠦᠰᠡ ᠶᠢᠨ ᠭᠤᠤᠯ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠠᠷ ᠬᠥᠳᠡᠯᠭᠡᠭᠦᠷ ᠪᠣᠯᠭᠠᠵᠤ᠂ ᠰᠢᠨᠵᠢᠶᠠᠩ ᠤᠨ ᠲᠤᠰ ᠪᠡᠶ᠎ᠡ ᠶᠢᠨ ᠣᠷᠣᠨ ᠪᠦᠰᠡ ᠶᠢᠨ ᠴᠢᠨᠠᠷᠲᠠᠶ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢ ᠤᠯᠤᠰ ᠤᠨ ᠪᠠᠷᠠᠭᠤᠨᠰᠢ ᠨᠡᠭᠡᠭᠡᠯᠲᠡ ᠬᠢᠬᠦ ᠶᠡᠷᠦᠩᠬᠡᠶ ᠪᠠᠶᠢᠷᠢᠰᠢᠭᠤᠯᠤᠯᠳᠠ ᠳᠤ ᠣᠷᠣᠭᠤᠯᠵᠤ᠂ ᠭᠠᠳᠠᠭᠰᠢ ᠨᠡᠭᠡᠭᠡᠯᠲᠡ ᠬᠢᠬᠦ ᠠᠴᠢᠶᠠᠯᠠᠪᠤᠷᠢ ᠶᠢ ᠪᠠᠶᠠᠯᠢᠭᠵᠢᠭᠤᠯᠤᠨ᠂ ᠭᠠᠳᠠᠭᠰᠢ ᠨᠡᠭᠡᠭᠡᠯᠲᠡ ᠬᠢᠬᠦ ᠳᠡᠰ ᠳᠠᠪᠬᠤᠷᠭ᠎ᠠ ᠶᠢ ᠳᠡᠭᠡᠭᠰᠢᠯᠡᠭᠦᠯᠵᠤ᠂ ᠨᠡᠭᠡᠭᠡᠯᠲᠡᠲᠦ ᠮᠠᠶ᠋ᠢᠭ ᠤᠨ ᠠᠵᠤ ᠠᠬᠤᠢ ᠶᠢᠨ ᠪᠠᠶᠢᠭᠤᠯᠤᠯ ᠢ ᠰᠢᠨᠡᠴᠢᠯᠡᠵᠦ᠂ ᠳᠣᠲᠣᠭᠠᠳᠤ ᠬᠠᠭᠤᠷᠠᠶ ᠶᠢᠨ ᠨᠡᠭᠡᠭᠡᠯᠲᠡ ᠪᠠ ᠬᠢᠯᠢ ᠳᠠᠭᠠᠤ ᠶᠢᠨ ᠨᠡᠭᠡᠭᠡᠯᠲᠡ ᠶᠢᠨ ᠥᠨᠳᠦᠷᠯᠢᠭ ᠭᠠᠵᠠᠷ ᠢ ᠪᠠᠶᠢᠭᠤᠯᠬᠤ ᠬᠡᠷᠡᠭᠳᠠᠢ᠃ ᠠᠵᠤ ᠦᠢᠯᠡᠳᠪᠦᠷᠢ ᠶᠢᠨ ᠰᠠᠭᠤᠷᠢ ᠶᠢ ᠬᠦᠴᠦᠷᠬᠡᠭᠵᠢᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠ ᠬᠡᠯᠪᠡᠷᠢ ᠶᠢ ᠨᠢ ᠬᠤᠪᠢᠷᠠᠭᠤᠯᠤᠨ ᠳᠡᠰ ᠳᠡᠪᠰᠢᠬᠦᠯᠬᠦ ᠶᠢ ᠠᠬᠢᠭᠤᠯᠵᠤ᠂ ᠰᠢᠨᠵᠢᠶᠠᠩ ᠤᠨ ᠦᠪᠡᠷᠮᠢᠴᠡ ᠤᠨᠴᠠᠯᠢᠡᠡᠳᠦ ᠳᠠᠪᠠᠭᠤᠯᠢᠭ ᠠᠵᠤ ᠦᠢᠯᠡᠰ ᠢ ᠪᠤᠢ ᠪᠤᠯᠭᠠᠨ ᠪᠤᠵᠠᠭᠠᠶᠢᠷᠠᠭᠤᠯᠵᠤ᠂ ᠲᠤᠬᠠᠶ ᠶᠢᠨ ᠭᠠᠵᠠᠷ ᠤᠨ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠳᠠᠢ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠬᠤᠲᠠ ᠪᠠᠯᠭᠠᠰᠤᠵᠢᠯᠲᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠵᠤ᠂ ᠡᠯᠡᠰᠦ ᠶᠢ ᠵᠠᠰᠠᠵᠤ ᠤᠰᠤ ᠶᠢ ᠵᠠᠰᠠᠬᠤ ᠪᠠ ᠣᠢ ᠰᠢᠭᠤᠶ ᠨᠤᠲᠤᠭ ᠪᠡᠯᠴᠢᠭᠡᠷ ᠢ ᠬᠠᠮᠠᠭᠠᠯᠠᠬᠤ ᠠᠵᠢᠯ ᠢ ᠨᠢᠭᠡᠳᠦᠯᠲᠡᠶ ᠲᠦᠯᠦᠪᠵᠢᠭᠦᠯᠦᠨ ᠥᠷᠨᠢᠭᠦᠯᠵᠦ᠂ ᠦᠵᠡᠰᠬᠦᠯᠡᠩᠲᠦ ᠰᠠᠶᠢᠬᠠᠨ ᠰᠢᠨᠵᠢᠶᠠᠩ ᠤᠨ ᠲᠩᠷᠢ ᠶᠢ ᠨᠠᠩ ᠴᠡᠯᠮᠡᠭ ᠂ ᠠᠭᠤᠯᠠ ᠶᠢ ᠨᠠᠩ ᠨᠣᠭᠤᠭᠠᠨ᠂ ᠤᠰᠤ ᠶᠢ ᠨᠠᠩ ᠲᠤᠩᠭᠠᠯᠠᠭ ᠪᠣᠯᠭᠠᠬᠤ ᠬᠡᠷᠡᠭᠳᠠᠢ ᠭᠡᠵᠤ ᠵᠢᠭᠠᠵᠤ ᠭᠠᠷᠭᠠᠪᠠ᠃    ᠰᠢ ᠶᠢᠨ ᠫᠢᠩ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠰᠠᠶᠢᠲᠤᠷ ᠬᠢᠵᠦ ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠤᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠪᠠ ᠠᠵᠢᠯ ᠣᠯᠭᠤᠯᠲᠠ ᠶᠢ ᠠᠬᠢᠭᠤᠯᠬᠤ ᠬᠤᠶᠠᠷ ᠶᠡᠭᠡ ᠶᠠᠪᠤᠳᠠᠯ ᠢ ᠴᠥᠬᠦᠷᠡᠰᠢ ᠥᠬᠡᠶ ᠰᠠᠶᠢᠲᠤᠷ ᠠᠳᠬᠤᠬᠤ ᠬᠡᠷᠡᠭᠳᠠᠢ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠡᠵᠡᠮᠳᠡᠬᠦ ᠪᠠ ᠬᠠᠪᠰᠤᠷᠤᠨ ᠲᠡᠳᠬᠦᠬᠦ ᠳᠦᠷᠢᠮ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠦᠬᠦ ᠲᠠᠯ᠎ᠠ ᠪᠠᠷ ᠶᠠᠳᠠᠭᠤ ᠠᠴᠠ ᠡᠩᠭᠢᠵᠢᠷᠠᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠵᠣᠯᠭᠠᠭᠤᠯᠬᠤ ᠶᠢ ᠦᠷᠭᠦᠯᠵᠢᠯᠡᠨ ᠠᠬᠢᠭᠤᠯᠵᠤ᠂ ᠳᠣᠲᠣᠭᠠᠳᠤ ᠬᠥᠭᠵᠢᠯᠲᠡ ᠶᠢᠨ ᠬᠥᠳᠡᠯᠭᠡᠬᠦ ᠬᠦᠴᠦᠨ ᠪᠠ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠦᠴᠦᠯᠡᠨ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠰᠠᠨ ᠤ ᠳᠠᠷᠠᠭ᠎ᠠ ᠬᠥᠭᠵᠢᠵᠦ ᠳᠡᠶᠢᠯᠬᠦ᠂ ᠦᠷᠭᠦᠯᠵᠢᠯᠡᠵᠤ ᠳᠡᠶᠢᠯᠬᠦ ᠶᠢ ᠪᠠᠲᠤᠯᠠᠬᠤ ᠬᠡᠷᠡᠭᠲᠡᠶ᠃ ᠲᠥᠷᠥ ᠶᠢᠨ ᠪᠣᠳᠣᠯᠭ᠎ᠠ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠴᠦ᠂ ᠣᠶᠢᠷ᠎ᠠ ᠬᠠᠪᠢ ᠳᠠᠭᠠᠨ ᠲᠤᠬᠠᠶ ᠶᠢᠨ ᠭᠠᠵᠠᠷ ᠲᠤᠨᠢ ᠠᠵᠢᠯ ᠣᠯᠭᠤᠬᠤ ᠪᠠ ᠡᠮᠬᠢ ᠵᠢᠷᠤᠮ ᠲᠠᠢ ᠪᠠᠷ ᠰᠢᠯᠵᠢᠭᠦᠯᠦᠨ ᠭᠠᠳᠠᠭᠰᠢ ᠭᠠᠷᠭᠠᠵᠤ ᠠᠵᠢᠯ ᠣᠯᠭᠤᠬᠤ ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠬᠤ ᠬᠡᠷᠡᠭᠲᠡᠶ᠃ ᠡᠮᠦᠨᠡᠳᠦ ᠰᠢᠨᠵᠢᠶᠠᠩ ᠤᠨ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠶᠡᠭᠡ ᠪᠠᠷ ᠠᠬᠢᠭᠤᠯᠬᠤ ᠬᠡᠷᠡᠭᠲᠡᠶ᠃ ᠤᠯᠠᠨ ᠲᠡᠰ ᠳᠠᠪᠬᠤᠷᠭ᠎ᠠ᠂ ᠪᠦᠬᠦ ᠲᠠᠯ᠎ᠠ ᠪᠠᠷ᠂ ᠪᠣᠰᠤᠭ᠎ᠠ ᠴᠣᠭᠴᠠ ᠪᠠᠷ ᠰᠢᠨᠵᠢᠶᠠᠩ ᠤᠨ ᠦᠯᠢᠬᠡᠷ ᠢ ᠰᠠᠶᠢᠲᠤᠷ ᠶᠠᠷᠢᠵᠤ᠂ ᠣᠮᠤᠭ ᠲᠡᠭᠦᠯᠳᠡᠷ ᠢᠶᠠᠷ ᠰᠢᠨᠵᠢᠶᠠᠩ ᠤᠨ ᠨᠡᠶᠢᠭᠡᠮ ᠤᠨ ᠠᠮᠦᠷ ᠲᠣᠭᠲᠠᠭᠤᠨ ᠪᠠᠶᠢᠬᠤ ᠶᠡᠭᠡ ᠰᠠᠶᠢᠨ ᠪᠠᠶᠢᠳᠠᠯ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠵᠤ ᠪᠠᠶᠢᠬᠤ ᠵᠣᠯ ᠵᠢᠷᠭᠠᠯᠲᠤ ᠠᠮᠢᠳᠤᠷᠠᠯ ᠢ ᠤᠬᠠᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃    ᠰᠢ ᠶᠢᠨ ᠫᠢᠩ᠂ ᠮᠠᠨ ᠤ ᠨᠠᠮ ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠣᠯ ᠳᠠᠷᠤᠶ ᠰᠢᠨᠵᠢᠶᠠᠩ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠠᠭᠲᠠᠭᠠᠭᠰᠠᠨ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠰᠢᠨᠵᠢᠶᠠᠩ ᠤᠨ ᠦᠨᠳᠦᠰᠦᠲᠡᠨ ᠨᠦᠭᠦᠳ ᠢ ᠪᠠᠭᠲᠠᠭᠠᠭᠰᠠᠨ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠳᠠ ᠶᠢ ᠪᠡᠶᠡᠯᠡᠭᠦᠯᠬᠦ ᠶᠠᠪᠤᠳᠠᠯ ᠪᠣᠯᠤᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ᠰᠢᠨ᠎ᠡ ᠴᠠᠭ ᠦᠶ᠎ᠡ ᠶᠢᠨ ᠨᠠᠮ ᠤᠨ ᠰᠢᠨᠵᠢᠶᠠᠩ ᠢ ᠵᠠᠰᠠᠬᠤ ᠠᠷᠭ᠎ᠠ ᠪᠤᠳᠤᠯᠭ᠎ᠠ ᠪᠠᠷ ᠪᠠᠷᠢᠮᠵᠢᠶᠠᠯᠠᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠠ ᠪᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠶᠢ ᠪᠠᠳᠤᠯᠠᠬᠤ ᠬᠡᠷᠡᠭᠲᠡᠶ᠃ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠴᠥᠬᠦᠷᠡᠰᠢ ᠦᠭᠡᠢ ᠴᠢᠩᠭᠠᠳᠬᠠᠵᠤ᠂ ᠤᠯᠤᠰ ᠲᠥᠷᠥ ᠶᠢᠨ ᠪᠣᠯᠪᠠᠰᠤᠷᠠᠯ ᠢ ᠳᠣᠪᠤᠶᠢᠯᠭᠠᠵᠤ᠂ ᠺᠠᠳ᠋ᠷ ᠤᠨ ᠤᠯᠤᠰ ᠲᠦᠷᠦ ᠶᠢᠨ ᠬᠡᠪ ᠪᠤᠯᠪᠠᠰᠤᠷᠠᠯ ᠢ ᠪᠠᠶᠢᠩᠭᠤ ᠶᠢᠨ ᠴᠢᠨᠠᠷᠳᠠᠢ ᠢᠯᠭᠠᠨ ᠲᠠᠨᠢᠵᠤ᠂ ᠡᠯ᠎ᠡ ᠱᠠᠲᠤᠨ ᠤ ᠤᠳᠤᠷᠢᠳᠬᠤ ᠡᠷᠬᠡ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠺᠠᠳ᠋ᠷ ᠤᠨ ᠭᠠᠷ ᠲᠤ ᠪᠠᠶᠢᠬᠤ ᠶᠢ ᠪᠠᠳᠤᠯᠠᠬᠤ ᠬᠡᠷᠡᠭᠳᠠᠢ᠃ ᠬᠥᠮᠦᠵᠢᠭᠦᠯᠦᠨ ᠪᠣᠯᠪᠠᠰᠤᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠰᠢᠨᠵᠢᠶᠠᠩ ᠤᠨ ᠺᠠᠳ᠋ᠷ ᠤᠨ ᠡᠩᠨᠡᠭᠡ ᠶᠢ ᠬᠥᠮᠦᠵᠢᠭᠦᠯᠦᠨ ᠪᠣᠯᠪᠠᠰᠤᠷᠠᠭᠤᠯᠬᠤ ᠲᠥᠯᠥᠪᠵᠢᠭᠦᠯᠭᠡ ᠶᠢ ᠰᠤᠳᠤᠯᠤᠨ ᠲᠣᠭᠲᠠᠭᠠᠵᠤ᠂ ᠤᠨᠤᠯ ᠤᠨ ᠦᠨᠳᠦᠰᠦᠨ ᠪᠣᠯᠪᠠᠰᠤᠷᠠᠯ ᠪᠠᠳᠤ ᠴᠢᠩᠭ᠎ᠠ᠂ ᠲᠦᠷᠦ ᠶᠢᠨ ᠪᠤᠳᠤᠯᠭ᠎ᠠ ᠶᠢ ᠭᠦᠢᠴᠡᠳ ᠡᠵᠡᠮᠳᠡᠭᠰᠡᠨ᠂ ᠦᠢᠯᠡᠳᠦᠯᠭᠡ ᠶᠢᠨ ᠴᠢᠳᠠᠪᠤᠷᠢ ᠴᠢᠩᠭ᠎ᠠ ᠺᠠᠳ᠋ᠷ ᠤᠨ ᠡᠩᠨᠡᠭᠡ ᠶᠢ ᠬᠦᠴᠦᠯᠡᠨ ᠬᠥᠮᠦᠵᠢᠭᠦᠯᠬᠦ ᠬᠡᠷᠡᠭᠲᠡᠢ᠃ ᠨᠠᠮ ᠳᠤ ᠦᠨᠡᠨᠴᠢ ᠰᠢᠳᠤᠷᠭᠤ᠂ ᠮᠣᠷᠠᠯ ᠴᠢᠳᠠᠪᠤᠷᠢ ᠬᠤᠣᠰᠯᠠᠭᠰᠠᠨ ᠥᠨᠳᠥᠷ ᠬᠡᠪ ᠪᠤᠯᠪᠠᠰᠤᠷᠠᠯ ᠲᠠᠢ ᠴᠥᠭᠡᠨ ᠲᠣᠭᠠᠲᠤ ᠦᠨᠳᠦᠰᠦᠲᠡᠨ ᠤ ᠺᠠᠳ᠋ᠷ ᠤᠨ ᠡᠩᠨᠡᠭᠡ ᠶᠢ ᠪᠠᠶᠢᠭᠤᠯᠬᠤ ᠶᠠᠪᠤᠳᠠᠯ ᠢ ᠴᠢᠬᠤᠯᠠ ᠡᠭᠦᠷᠭᠡ ᠪᠣᠯᠭᠠᠨ ᠰᠤᠯᠠᠷᠠᠭᠤᠯᠤᠯ ᠦᠭᠡᠢ ᠪᠠᠶᠢᠩᠭᠤ ᠠᠳᠬᠤᠬᠤ ᠬᠡᠷᠡᠭᠲᠡᠢ᠃ ᠬᠥᠮᠦᠨ ᠬᠡᠷᠡᠭᠯᠡᠬᠦ ᠢᠯᠡ ᠲᠣᠳᠣ ᠤᠳᠤᠷᠢᠳᠤᠮᠵᠢ ᠶᠢ ᠪᠤᠢ ᠪᠣᠯᠭᠠᠵᠤ᠂ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠳᠡᠭ ᠴᠥᠭᠡᠨ ᠲᠣᠭᠠᠲᠤ ᠦᠨᠳᠦᠰᠦᠲᠡᠨ ᠤ ᠰᠢᠯᠢᠳᠡᠭ ᠺᠠᠳ᠋ᠷ ᠢ ᠭᠦᠢᠴᠡᠳ ᠢᠲᠡᠭᠡᠵᠦ᠂ ᠡᠷᠡᠰ ᠪᠦᠯᠬᠦᠮᠳᠡᠨ᠂ ᠵᠣᠷᠢᠭᠲᠠᠶ ᠪᠠᠷ ᠰᠢᠯᠢᠨ ᠳᠡᠪᠰᠢᠭᠦᠯᠵᠦ᠂ ᠵᠣᠷᠢᠭᠲᠠᠶ ᠬᠡᠷᠡᠭᠯᠡᠵᠤ᠂ ᠢᠯᠡᠷᠡᠯ ᠲᠤᠪᠤᠶᠢᠮ᠎ᠠ ᠰᠠᠶᠢᠨ ᠪᠤᠯ ᠰᠢᠭᠤᠳ ᠱᠠᠳᠤ ᠠᠯᠭᠠᠰᠠᠨ ᠳᠡᠪᠰᠢᠭᠦᠯᠦᠨ ᠬᠡᠷᠡᠭᠯᠡᠵᠦ ᠪᠣᠯᠤᠨ᠎ᠠ ᠭᠡᠵᠤ ᠵᠢᠭᠠᠵᠤ ᠭᠠᠷᠭᠠᠪᠠ᠃    ᠰᠢ ᠶᠢᠨ ᠫᠢᠩ᠂ ᠰᠢᠨᠵᠢᠶᠠᠩ ᠤᠨ ᠦᠨᠳᠦᠰᠦᠲᠡᠨ ᠨᠦᠭᠦᠳ ᠤᠨ ᠺᠠᠳ᠋ᠷ ᠪᠣᠯ ᠢᠲᠡᠭᠡᠭᠦᠰᠢᠲᠡᠢ᠂ ᠲᠠᠶᠢᠴᠢᠨ ᠬᠦᠴᠦᠨ ᠲᠠᠢ ᠶᠤᠮ᠃ ᠲᠡᠳᠡᠨ ᠢ ᠤᠯᠤᠰ ᠲᠥᠷᠥ ᠶᠢᠨ ᠲᠠᠯ᠎ᠠ ᠪᠠᠷ ᠤᠷᠮᠠᠰᠢᠭᠤᠯᠤᠨ ᠵᠣᠷᠢᠭᠵᠢᠭᠤᠯᠵᠤ᠂ ᠠᠵᠢᠯ ᠢ ᠨᠢ ᠳᠡᠮᠵᠢᠵᠦ᠂ ᠬᠦᠷᠲᠡᠭᠡᠮᠵᠢ ᠤᠯᠭᠤᠮᠵᠢ ᠶᠢ ᠨᠢ ᠪᠠᠲᠤᠯᠠᠵᠤ᠂ ᠠᠮᠢᠳᠤᠷᠠᠯ ᠢ ᠨᠢ ᠬᠠᠷᠠᠭᠠᠯᠵᠠᠵᠤ᠂ ᠰᠡᠳᠬᠢᠴᠠ ᠶᠢ ᠨᠢ ᠬᠠᠯᠠᠮᠵᠢᠯᠠᠵᠦ᠂ ᠪᠦᠲᠦᠮᠵᠢᠲᠡᠶ ᠠᠷᠭ᠎ᠠ ᠬᠡᠮᠵᠢᠶ᠎ᠡ ᠶᠢ ᠰᠤᠳᠤᠯᠤᠨ ᠬᠡᠷᠡᠭᠯᠡᠵᠦ᠂ ᠰᠢᠨᠵᠢᠶᠠᠩ ᠤᠨ ᠺᠠᠳ᠋ᠷ ᠴᠢᠳᠠᠪᠤᠷᠢᠲᠠᠨ ᠤ ᠡᠩᠨᠡᠭᠡ ᠶᠢ ᠲᠣᠭᠲᠠᠪᠤᠷᠢᠵᠢᠭᠤᠯᠬᠤ ᠬᠡᠷᠡᠭᠲᠡᠢ᠃ ᠦᠨᠳᠦᠰᠦᠲᠡᠨ ᠤ ᠵᠣᠷᠢᠭ ᠰᠠᠨᠠᠭ᠎ᠠ ᠪᠠ ᠴᠠᠭ ᠦᠶ᠎ᠡ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠤᠤᠷᠠᠢ ᠶᠢᠨ ᠵᠣᠷᠢᠭ ᠰᠠᠨᠠᠭ᠎ᠠ ᠪᠠ ᠪᠢᠩᠲ᠋ᠤᠸᠠᠨ ᠤ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠦᠨ᠂ ᠡᠯ᠎ᠡ ᠱᠠᠲᠤᠨ ᠤ ᠺᠠᠳ᠋ᠷᠴᠤᠳ ᠤᠨ ᠰᠢᠨ᠎ᠡ ᠴᠠᠭ ᠦᠶ᠎ᠡ ᠳᠤ ᠬᠢᠯᠢ ᠬᠢᠵᠠᠭᠠᠷ ᠲᠤ ᠦᠨᠳᠦᠰᠦ ᠬᠠᠳᠬᠤᠵᠤ᠂ ᠬᠢᠯᠢ ᠬᠢᠵᠠᠭᠠᠷ ᠲᠤ ᠬᠤᠪᠢ ᠨᠡᠮᠡᠷᠢ ᠦᠵᠡᠭᠦᠯᠬᠦ ᠶᠢ ᠵᠣᠷᠢᠭᠵᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠰᠢᠨᠵᠢᠶᠠᠩ ᠤᠨ ᠠᠵᠢᠯ ᠢ ᠰᠠᠶᠢᠲᠤᠷ ᠬᠢᠬᠦ ᠪᠣᠯ ᠪᠦᠬᠦ ᠨᠠᠮ ᠪᠦᠬᠦ ᠤᠯᠤᠰ ᠤᠨ ᠶᠡᠭᠡ ᠶᠠᠪᠤᠳᠠᠯ ᠮᠥᠨ᠂ ᠡᠷᠬᠡᠪᠰᠢ ᠪᠦᠬᠦ ᠤᠯᠤᠰ ᠢᠶᠠᠷ ᠢᠶᠠᠨ ᠨᠢᠭᠡ ᠬᠥᠯᠭᠡ ᠰᠢᠳᠠᠷ᠎ᠠ ᠪᠠᠶᠢᠬᠤ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠨᠠᠮ ᠤᠨ ᠲᠥᠪ ᠬᠤᠷᠢᠶ᠎ᠠ ᠨᠢᠭᠡᠳᠦᠯᠲᠡᠶ ᠤᠳᠤᠷᠢᠳᠬᠤ᠂ ᠲᠥᠪ ᠤᠨ ᠰᠠᠯᠠᠭ᠎ᠠ ᠮᠥᠴᠢᠷ ᠳᠠᠮᠵᠢᠨ ᠵᠢᠯᠣᠭᠤᠳᠬᠤ᠂ ᠡᠯ᠎ᠡ ᠮᠤᠵᠢ ᠬᠤᠲᠠ ᠲᠤᠰᠠᠯᠠᠨ ᠬᠠᠮᠵᠢᠯᠴᠠᠬᠤ᠂ ᠰᠢᠨᠵᠢᠶᠠᠩ ᠭᠤᠤᠯ ᠴᠣᠭᠴᠠ ᠶᠢᠨ ᠦᠢᠯᠡᠳᠦᠯ ᠢᠶᠠᠨ ᠪᠠᠳᠠᠷᠠᠭᠤᠯᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃ ᠲᠥᠪ ᠤᠨ ᠰᠢᠨᠵᠢᠶᠠᠩ ᠤᠨ ᠠᠵᠢᠯ ᠢ ᠵᠣᠬᠢᠴᠠᠭᠤᠯᠬᠤ ᠳᠤᠭᠤᠶᠢᠯᠠᠩ ᠨᠠᠮ ᠤᠨ ᠲᠥᠪ ᠬᠤᠷᠢᠶᠠᠨ ᠤ ᠤᠳᠤᠷᠢᠳᠤᠯᠭ᠎ᠠ ᠳᠣᠣᠷ᠎ᠠ᠂ ᠰᠢᠨᠵᠢᠶᠠᠩ ᠤᠨ ᠠᠵᠢᠯ ᠤᠨ ᠪᠠᠶᠢᠳᠠᠯ ᠢ ᠰᠤᠳᠤᠯᠤᠨ ᠮᠠᠭᠠᠳᠯᠠᠬᠤ᠂ ᠲᠦᠷᠦ ᠶᠢᠨ ᠪᠤᠳᠤᠯᠭ᠎ᠠ ᠶᠢ ᠰᠤᠳᠤᠯᠬᠤ᠂ ᠵᠣᠬᠢᠴᠠᠭᠤᠯᠤᠨ ᠵᠢᠯᠣᠭᠤᠳᠬᠤ᠂ ᠱᠠᠯᠠᠪᠲᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠴᠢᠬᠤᠯᠠ ᠶᠡᠭᠡ ᠠᠰᠠᠭᠤᠳᠠᠯ ᠳᠤ ᠴᠠᠭ ᠲᠤᠬᠠᠶ ᠳᠤᠨᠢ ᠠᠵᠢᠯ ᠤᠨ ᠰᠠᠨᠠᠯ ᠢᠶᠠᠨ ᠳᠤᠷᠠᠳᠬᠤ ᠬᠡᠷᠡᠭᠲᠡᠢ᠃ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠂ ᠨᠢᠭᠲᠠ ᠬᠠᠮᠵᠢᠯᠴᠠᠵᠤ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ ᠱᠠᠯᠠᠪᠳᠠᠭᠤᠯᠤᠨ ᠵᠢᠯᠣᠭᠤᠳᠴᠤ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠬᠦᠴᠢᠷᠳᠡᠯ ᠢ ᠨᠢ ᠬᠠᠪᠰᠤᠷᠴᠤ ᠰᠢᠢᠳᠪᠦᠷᠢᠯᠡᠵᠦ ᠥᠭᠬᠦ ᠬᠡᠷᠡᠭᠲᠡᠶ᠃ ᠰᠢᠨᠵᠢᠶᠠᠩ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠨᠢᠭᠡᠳᠦᠭᠡᠷ ᠹᠷᠣᠨᠲ ᠲᠤ ᠵᠣᠭᠰᠣᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠠᠵᠢᠯ ᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠃ ᠲᠤᠳᠤᠷ᠎ᠠ ᠭᠠᠵᠠᠷ ᠤᠨ ᠡᠯ᠎ᠡ ᠮᠤᠵᠢ ᠣᠷᠣᠨ ᠬᠤᠲᠠ ᠰᠢᠨᠵᠢᠶᠠᠩ ᠲᠠᠢ ᠬᠤᠯᠪᠣᠭᠳᠠᠭᠰᠠᠨ ᠠᠵᠢᠯ ᠢ ᠦᠨᠡᠨ ᠬᠦ ᠰᠠᠶᠢᠲᠤᠷ ᠬᠢᠵᠦ᠂ ᠰᠢᠨᠵᠢᠶᠠᠩ ᠤᠨ ᠲᠣᠭᠲᠠᠭᠤᠨ ᠪᠠ ᠬᠥᠭᠵᠢᠯᠲᠡ ᠶᠢ ᠳᠡᠮᠵᠢᠬᠦ ᠬᠡᠷᠡᠭᠲᠡᠶ᠃ ᠰᠢᠨᠵᠢᠶᠠᠩ ᠢ ᠲᠤᠰᠠᠯᠠᠵᠦ ᠪᠠᠶᠢᠭ᠎ᠠ ᠡᠯ᠎ᠡ ᠮᠣᠵᠢ ᠬᠤᠲᠠ ᠰᠢᠨᠵᠢᠶᠠᠩ ᠯᠤᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠲᠦᠷᠦᠯ ᠢᠶᠠᠷ ᠢᠶᠠᠨ ᠰᠢᠨᠵᠢᠶᠠᠩ ᠢ ᠲᠤᠰᠠᠯᠠᠬᠤ ᠶᠢ ᠤᠷᠳᠤ ᠬᠤᠭᠤᠴᠠᠭ᠎ᠠ ᠪᠠᠷ ᠪᠠᠷᠢᠮᠲᠠᠯᠠᠨ᠂ ᠠᠵᠢᠯ ᠲᠦᠷᠦᠯ ᠢᠶᠠᠷ ᠢᠶᠠᠨ ᠰᠢᠨᠵᠢᠶᠠᠩ ᠢ ᠲᠤᠰᠠᠯᠠᠬᠤ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠣᠭᠲᠠᠭᠤᠨ ᠪᠠᠶᠢᠳᠠᠯ ᠢ ᠬᠠᠮᠠᠭᠠᠯᠠᠬᠤ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠪᠢᠩᠲ᠋ᠤᠸᠠᠨ ᠤ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠪᠠ ᠳᠠᠶᠢᠴᠢᠯᠠᠬᠤ ᠴᠢᠳᠠᠪᠤᠷᠢ ᠶᠢ ᠲᠠᠰᠤᠷᠠᠯᠳᠠ ᠦᠭᠡᠢ ᠴᠢᠩᠭᠠᠳᠬᠠᠵᠤ᠂ ᠣᠨᠴᠠᠭᠠᠶ ᠦᠢᠯᠡᠳᠦᠯ ᠢ ᠨᠢ ᠨᠡᠩ ᠰᠠᠶᠢᠳᠦᠷ ᠪᠠᠳᠠᠷᠠᠭᠤᠯᠬᠤ ᠭᠡᠵᠦ ᠵᠢᠭᠠᠵᠦ ᠭᠠᠷᠭᠠᠪᠠ᠃    ᠯᠢ ᠺᠧ ᠴᠢᠶᠠᠩ ᠬᠤᠷᠠᠯ ᠢ ᠡᠷᠬᠢᠯᠡᠬᠦ ᠳᠡᠭᠡᠨ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠬᠤᠶᠠᠳᠤᠭᠠᠷ ᠤᠳᠠᠭᠠᠨ ᠤ ᠲᠥᠪ ᠤᠨ ᠰᠢᠨᠵᠢᠶᠠᠩ ᠤᠨ ᠠᠵᠢᠯ ᠤᠨ ᠲᠤᠬᠠᠢ ᠶᠠᠷᠢᠯᠴᠠᠬᠤ ᠬᠤᠷᠠᠯ ᠠᠴᠠ ᠨᠠᠭᠠᠰᠢᠬᠢ ᠰᠢᠨᠵᠢᠶᠠᠩ ᠤᠨ ᠠᠵᠢᠯ ᠤᠨ ᠣᠯᠤᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠶᠢ ᠪᠦᠬᠦ ᠲᠠᠯ᠎ᠠ ᠪᠠᠷ ᠳ᠋ᠦᠩᠨᠡᠵᠦ᠂ ᠣᠳᠣᠬᠠᠨ ᠤ ᠰᠢᠨᠵᠢᠶᠠᠩ ᠤᠨ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠢ ᠭᠦᠨᠵᠡᠭᠡᠶ ᠵᠠᠳᠠᠯᠵᠦ᠂ ᠰᠢᠨ᠎ᠡ ᠴᠠᠭ ᠦᠶ᠎ᠡ ᠶᠢᠨ ᠨᠠᠮ ᠤᠨ ᠰᠢᠨᠵᠢᠶᠠᠩ ᠢ ᠵᠠᠰᠠᠬᠤ ᠠᠷᠭ᠎ᠠ ᠪᠣᠳᠣᠯᠭ᠎ᠠ ᠶᠢ ᠲᠣᠳᠣᠷᠬᠠᠶᠢᠯᠠᠨ ᠥᠭᠦᠯᠡᠵᠦ᠂ ᠣᠳᠣᠬᠠᠨ ᠪᠠ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠤ ᠰᠢᠨᠵᠢᠶᠠᠩ ᠤᠨ ᠠᠵᠢᠯ ᠤᠨ ᠵᠢᠯᠣᠭᠤᠳᠬᠤ ᠦᠵᠡᠯ ᠰᠠᠨᠠᠭ᠎ᠠ᠂ ᠬᠠᠷᠠᠯᠲᠠ ᠡᠭᠦᠷᠭᠡ᠂ ᠴᠢᠭᠯᠡᠯᠲᠡ ᠲᠥᠷᠥ ᠶᠢᠨ ᠪᠣᠳᠣᠯᠭ᠎ᠠ᠂ ᠪᠠᠶᠢᠯᠳᠤᠬᠤ ᠪᠣᠳᠣᠯᠭ᠎ᠠ ᠶᠢᠨ ᠠᠷᠭ᠎ᠠ ᠭᠡᠮᠵᠢᠶ᠎ᠠ ᠶᠢ ᠲᠣᠳᠣᠷᠬᠠᠶᠢᠯᠠᠵᠤ᠂ ᠰᠢᠨᠵᠢᠶᠠᠩ ᠤᠨ ᠨᠡᠶᠢᠭᠡᠮ ᠤᠨ ᠠᠮᠦᠷ ᠲᠣᠭᠲᠠᠭᠤᠨ ᠪᠣᠯᠤᠨ ᠥᠨᠢ ᠤᠳᠠᠭᠠᠨ ᠤ ᠠᠮᠤᠷ ᠳᠤᠭᠳᠠᠭᠤᠨ ᠢ ᠠᠬᠢᠭᠤᠯᠬᠤ ᠭᠤᠤᠯᠳᠠᠯᠭ᠎ᠠ ᠲᠠᠢ ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠵᠦ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠤᠨᠤᠯᠴᠢ ᠴᠢᠨᠠᠷ ᠲᠠᠢ ᠪᠠᠶᠢᠵᠤ᠂ ᠰᠢᠨ᠎ᠡ ᠴᠠᠭ ᠦᠶ᠎ᠡ ᠶᠢᠨ ᠰᠢᠨᠵᠢᠶᠠᠩ ᠤᠨ ᠠᠵᠢᠯ ᠢ ᠵᠢᠯᠣᠭᠤᠳᠬᠤ ᠬᠥᠲᠥᠯᠪᠦᠷᠢ ᠶᠢᠨ ᠴᠢᠨᠠᠷᠲᠠᠢ ᠲᠤᠯᠭᠤᠷ ᠪᠢᠴᠢᠭ ᠮᠥᠨ᠃ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠦᠨᠵᠡᠭᠡᠶ ᠪᠣᠳᠣᠯᠬᠢᠯᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠤᠳᠤᠯᠬᠤ ᠬᠡᠷᠡᠭᠲᠡᠶ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢᠨᠵᠢᠶᠠᠩ ᠤᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠦᠨᠡᠨ ᠬᠦ ᠨᠢᠭᠡᠳᠬᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ︽ᠳᠥᠷᠪᠡᠨ ᠤᠬᠠᠮᠰᠠᠷ︾ ᠢᠶᠠᠨ  ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠭᠤᠶᠢᠪᠢᠰᠢ ᠦᠭᠡᠶ ᠰᠠᠶᠢᠲᠤᠷ ᠠᠳᠬᠤᠵᠦ᠂ ᠰᠢᠨᠵᠢᠶᠠᠩ ᠤᠨ ᠨᠡᠶᠢᠭᠡᠮ ᠤᠨ ᠠᠮᠦᠷ ᠲᠣᠭᠲᠠᠭᠤᠨ ᠪᠠ ᠥᠨᠢ ᠤᠳᠠᠭᠠᠨ ᠤ ᠠᠮᠤᠷ ᠳᠤᠭᠳᠠᠭᠤᠨ ᠢ ᠠᠬᠢᠭᠤᠯᠬᠤ ᠬᠡᠷᠡᠭᠲᠡᠢ ᠭᠡᠵᠦ ᠵᠢᠭᠠᠵᠥ ᠭᠠᠷᠭᠠᠪᠠ᠃    ᠸᠠᠩ ᠶᠠᠩ ᠳ᠋ᠦᠩᠨᠡᠯᠲᠡ ᠶᠢᠨ ᠶᠠᠷᠢᠶᠠᠨ ᠳᠠᠭᠠᠨ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠠᠯᠤᠰ ᠬᠡᠲᠦ ᠶᠢᠨ ᠰᠠᠨᠠᠭ᠎ᠠ ᠪᠤᠳᠤᠯᠭ᠎ᠠ ᠲᠠᠢ᠂ ᠦᠵᠡᠯ ᠰᠠᠨᠠᠭ᠎ᠠ ᠭᠦᠨ ᠭᠦᠨᠵᠡᠭᠡᠶ᠂ ᠠᠭᠤᠯᠤᠭᠳᠠᠬᠤᠨ ᠡᠯᠪᠡᠭ ᠪᠠᠶᠠᠯᠢᠭ ᠪᠠᠶᠢᠵᠤ᠂ ᠰᠢᠨ᠎ᠡ ᠴᠠᠭ ᠦᠶ᠎ᠡ ᠶᠢᠨ ᠰᠢᠨᠵᠢᠶᠠᠩ ᠤᠨ ᠠᠵᠢᠯ ᠢ ᠵᠢᠯᠣᠭᠤᠳᠬᠤ ᠬᠥᠲᠥᠯᠪᠦᠷᠢ ᠶᠢᠨ ᠴᠢᠨᠠᠷᠲᠠᠶ ᠲᠤᠯᠭᠤᠷ ᠪᠢᠴᠢᠭ ᠪᠣᠯᠤᠨ᠎ᠠ᠂ ᠰᠢᠨᠵᠢᠶᠠᠩ ᠤᠨ ᠠᠵᠢᠯ ᠤᠨ ᠲᠥᠪ ᠶᠤᠰᠤ ᠶᠢ ᠪᠠᠷᠢᠮᠲᠠᠯᠠᠨ ᠰᠢᠨ᠎ᠡ ᠶᠢ ᠡᠭᠦᠳᠴᠤ᠂ ᠢᠯᠠᠯᠲᠠ ᠲᠠᠢ ᠪᠠᠷ ᠤᠷᠤᠭᠰᠢᠯᠠᠬᠤ ᠶᠢ ᠬᠦᠳᠦᠯᠦᠨ ᠳᠠᠭᠠᠭᠤᠯᠬᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠭᠤᠣᠯ ᠠᠭᠤᠯᠭ᠎ᠠ ᠪᠠ ᠵᠣᠷᠢᠭ ᠰᠠᠨᠠᠭᠠᠨ ᠤ ᠮᠥᠨ ᠴᠢᠨᠠᠷ ᠢ ᠦᠨᠡᠨ ᠬᠦ ᠡᠵᠡᠮᠰᠢᠵᠦ᠂ ᠰᠤᠷᠤᠯᠴᠠᠬᠤ ᠶᠠᠪᠤᠴᠠ ᠶᠢ ᠲᠠᠨᠢᠯᠲᠠ ᠪᠠᠨ ᠳᠡᠭᠡᠭᠰᠢᠯᠡᠭᠦᠯᠬᠦ᠂ ᠠᠵᠢᠯ ᠢᠶᠠᠨ ᠰᠠᠶᠢᠵᠢᠷᠠᠭᠤᠯᠬᠤ ᠶᠠᠪᠤᠴᠠ ᠪᠣᠯᠭᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠰᠢᠨᠵᠢᠶᠠᠩ ᠢ ᠵᠠᠰᠠᠬᠤ ᠠᠷᠭ᠎ᠠ ᠪᠣᠳᠣᠯᠭ᠎ᠠ ᠶᠢ ᠪᠦᠷᠢᠨ ᠪᠦᠲᠦᠨ ᠣᠨᠣᠪᠴᠢᠲᠠᠶ ᠣᠶᠢᠯᠠᠭᠠᠨ ᠤᠷᠲᠤ ᠬᠤᠭᠤᠴᠠᠭ᠎ᠠ ᠪᠠᠷ ᠪᠠᠷᠢᠮᠲᠠᠯᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠰᠢᠨᠵᠢᠶᠠᠩ ᠤᠨ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠰᠢᠨᠵᠢᠶᠠᠩ ᠤᠨ ᠠᠵᠢᠯ ᠤᠨ ᠶᠡᠷᠦᠩᠬᠡᠶ ᠬᠠᠷᠠᠯᠲᠠ ᠶᠢ ᠪᠠᠲᠤ ᠡᠵᠡᠮᠰᠢᠵᠦ᠂ ᠤᠷᠲᠤ ᠬᠤᠭᠤᠴᠠᠭᠠᠨ ᠤ ᠠᠷᠭ᠎ᠠ ᠪᠣᠳᠣᠯᠭ᠎ᠠ ᠶᠢ ᠰᠦᠪᠡᠭᠴᠢᠯᠡᠵᠦ᠂ ᠦᠨᠳᠦᠰᠦ ᠶᠢ ᠪᠠᠬᠢᠵᠢᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠂ ᠥᠨᠢ ᠤᠳᠠᠭᠠᠨ ᠤ ᠠᠮᠤᠷ ᠳᠤᠭᠳᠠᠭᠤᠨ ᠲᠠᠢ ᠬᠤᠯᠪᠣᠭᠳᠠᠬᠤ ᠭᠦᠨ ᠳᠠᠪᠬᠤᠷᠭ᠎ᠠ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠬᠦ ᠬᠡᠷᠡᠭᠲᠡᠢ᠃ ᠰᠢᠨᠵᠢᠶᠠᠩ ᠪᠣᠯᠤᠨ ᠲᠥᠪ ᠤᠨ ᠡᠯ᠎ᠡ ᠰᠠᠯᠠᠭ᠎ᠠ ᠮᠥᠴᠢᠷ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠰᠠᠨᠠᠯ ᠳᠤᠭᠳᠠᠭᠠᠵᠤ᠂ ᠭᠤᠣᠯᠳᠠᠯᠭ᠎ᠠ ᠲᠠᠢ ᠡᠭᠦᠷᠭᠡ ᠶᠢ ᠵᠤᠷᠪᠤᠰ ᠳᠠᠷᠠᠭᠠᠯᠠᠨ ᠨᠠᠷᠢᠯᠢᠬᠵᠢᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠳᠤ ᠠᠵᠢᠯ ᠤᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠵᠣᠬᠢᠶᠠᠨ ᠪᠠᠶᠢᠭᠤᠯᠵᠤ ᠤᠳᠤᠷᠢᠳᠬᠤ ᠪᠠ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠱᠠᠯᠠᠪᠲᠠᠭᠤᠯᠤᠨ ᠪᠠᠶᠢᠴᠠᠭᠠᠬᠤ ᠶᠢ ᠴᠢᠩᠭᠠᠷᠠᠭᠤᠯᠬᠤ ᠬᠡᠷᠡᠭᠲᠡᠶ᠃ ᠪᠠᠶᠠᠯᠢᠭ ᠰᠠᠶᠢᠬᠠᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ᠂ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶᠠᠨ ᠤ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃    ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠬᠠᠷᠢᠭᠤᠴᠠᠯᠭᠠᠲᠠᠨ ᠨᠥᠬᠦᠳ ᠪᠣᠯᠤᠨ ᠡᠯ᠎ᠡ ᠲᠤᠰᠬᠠᠢ ᠤᠷᠤᠨ ᠵᠧᠤ ᠬᠤᠲᠠ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠠᠮ ᠵᠠᠰᠠᠭ ᠤᠨ ᠬᠠᠷᠢᠭᠤᠴᠠᠯᠭᠠᠲᠠᠨ ᠨᠥᠬᠦᠳ ᠪᠣᠯᠤᠨ ᠡᠯ᠎ᠡ ᠳ᠋ᠢᠸᠢᠽᠢ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ᠂ ᠪᠤᠰᠤᠳ ᠡᠯ᠎ᠡ ᠮᠣᠵᠢ ᠣᠷᠣᠨ ᠬᠤᠲᠠ ᠶᠢᠨ ᠬᠠᠷᠢᠭᠤᠴᠠᠯᠭᠠᠲᠠᠨ ᠨᠥᠬᠦᠳ᠂ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠦᠬᠦᠳ᠂ ᠬᠤᠯᠪᠣᠭᠳᠠᠯ ᠪᠦᠬᠦᠢ ᠠᠷᠠᠳ ᠤᠨ ᠪᠦᠯᠬᠦᠮ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠲᠥᠪ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ᠂ ᠴᠡᠷᠢᠭ ᠠᠩᠬᠢ ᠶᠢᠨ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号