ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2020/9/3
     ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 8 ᠰᠠᠷ᠎ᠠ ᠶᠢᠨ 31 ᠤ ᠡᠳᠦᠷ ᠬᠤᠷᠠᠯ ᠬᠤᠷᠠᠯᠳᠤᠭᠤᠯᠵᠤ ︽ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠥᠯᠥᠪᠵᠢᠭᠦᠯᠭᠡ ᠶᠢᠨ ᠬᠦᠳᠦᠯᠪᠦᠷᠢ︾ ᠪᠠ ︽ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠳᠠ ᠶᠢᠨ ᠪᠠᠶᠢᠳᠠᠯ ᠤᠨ ᠲᠤᠬᠠᠶ ᠶᠡᠷᠦᠩᠬᠡᠶᠢᠯᠡᠭᠰᠡᠨ ᠮᠡᠳᠡᠭᠦᠯᠦᠯᠲᠡ︾ ᠶᠢ ᠬᠢᠨᠠᠨ ᠵᠥᠪᠯᠡᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠪᠡ᠃      ᠬᠤᠷᠠᠯ ᠠᠴᠠ᠂ ᠬᠠᠳᠤᠨ ᠭᠤᠤᠯ ᠪᠣᠯ ᠳᠤᠮᠳᠠᠳᠤ ᠶᠢᠨ ᠦᠨᠳᠦᠰᠦᠲᠡᠨ ᠤ ᠡᠵᠢ ᠭᠤᠤᠯ ᠮᠥᠨ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠶ ᠬᠥᠭᠵᠢᠯᠲᠡ ᠶᠢ ᠳᠤᠮᠳᠠᠳᠤ ᠶᠢᠨ ᠦᠨᠳᠦᠰᠦᠲᠡᠨ‌‍ᠤ ᠠᠭᠤᠤ ᠶᠡᠭᠡ ᠰᠡᠷᠭᠦᠨ ᠮᠠᠨᠳᠤᠯᠲᠠ ᠳᠤ ᠬᠤᠯᠪᠣᠭᠳᠠᠬᠤ ᠮᠢᠩᠭᠠᠨ ᠤᠨ ᠤ ᠶᠡᠭᠡ ᠪᠣᠳᠣᠯᠭ᠎ᠠ ᠪᠣᠯᠭᠠᠵᠤ᠂ ᠰᠢᠨ᠎ᠡ ᠬᠥᠭᠵᠢᠯᠲᠡ‌‍ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠪᠠᠶᠢᠭᠠᠯᠢ ᠶᠢᠨ ᠵᠢᠮ᠎ᠡ ᠶᠣᠰᠣ ᠪᠠ ᠪᠤᠰᠤᠳᠴᠢ ᠵᠢᠮ᠎ᠡ ᠶᠣᠰᠣ ᠶᠢ ᠵᠢᠷᠤᠮᠯᠠᠨ᠂ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠨᠢᠭᠡᠳᠦᠯᠲᠡᠶ ᠲᠥᠯᠥᠪᠵᠢᠬᠦᠯᠦᠨ ᠠᠬᠢᠭᠤᠯᠵᠤ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠵᠤ᠂ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ ᠂ ᠪᠦᠬᠦ ᠰᠠᠪᠠ ᠭᠠᠵᠠᠷ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠠᠷᠠᠳ ᠤᠯᠠᠨ ᠤ ᠠᠮᠢᠳᠤᠷᠠᠯ ᠢ ᠰᠠᠶᠢᠵᠢᠷᠠᠭᠤᠯᠵᠤ᠂ ᠬᠠᠳᠤᠨ ᠭᠤᠤᠯ ᠤᠨ ᠰᠣᠶᠣᠯ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠵᠤ᠂ ᠬᠠᠳᠤᠨ ᠭᠤᠤᠯ ᠢ ᠠᠷᠠᠳ ᠲᠦᠮᠡᠨ ᠳᠤ ᠪᠤᠶᠠᠨ ᠦᠢᠯᠡᠳᠬᠦ ᠵᠢᠷᠭᠠᠯ ᠤᠨ ᠭᠤᠤᠯ ᠪᠣᠯᠭᠠᠬᠤ ᠬᠡᠷᠡᠭᠳᠡᠢ ᠬᠡᠵᠥ ᠵᠢᠭᠠᠵᠥ ᠭᠠᠷᠭᠠᠪᠠ᠃      ᠬᠤᠷᠠᠯ ᠠᠴᠠ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠵᠢᠮ᠎ᠡ ᠶᠣᠰᠣ ᠶᠢ ᠬᠦᠨᠳᠦᠳᠬᠡᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ ᠬᠡᠷᠡᠭᠲᠡᠢ᠃ ᠬᠠᠳᠤᠨ ᠭᠤᠣᠯ ᠤᠨ ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠨ ᠠᠰᠢᠡᠡᠯᠠᠬᠤ ᠶᠢ ᠶᠡᠭᠡ ᠪᠠᠷ ᠠᠬᠢᠭᠤᠯᠵᠤ᠂ ᠤᠰᠤᠨ ᠤ ᠡᠬᠢ ᠪᠠᠶᠠᠯᠢᠭ ᠢ ᠬᠠᠮᠤᠭ ᠤᠨ ᠬᠠᠲᠠᠭᠤ ᠴᠢᠩᠭ᠎ᠠ ᠬᠢᠵᠠᠭᠠᠷᠯᠠᠯ ᠪᠣᠯᠭᠠᠵᠤ᠂ ᠤᠰᠤ ᠠᠷᠪᠢᠯᠠᠵᠤ ᠬᠡᠷᠡᠭᠯᠡᠬᠦ ᠪᠠᠷ ᠬᠥᠭᠵᠢᠯᠲᠡ ᠶᠢᠨ ᠣᠷᠣᠨ ᠵᠠᠶ ᠶᠢ ᠥᠷᠭᠡᠳᠬᠡᠬᠦ ᠬᠡᠷᠡᠭᠲᠡᠶ᠃ ᠠᠯᠤᠰ ᠬᠡᠳᠤ ᠶᠢ ᠪᠤᠳᠤᠯᠬᠢᠯᠠᠨ ᠬᠠᠲᠤᠨ ᠭᠤᠤᠯ ᠤᠨ ᠦᠶᠡᠷ ᠤᠰᠤᠳᠤᠯ ᠭᠠᠩ ᠭᠠᠮᠰᠢᠭ ᠢ ᠪᠠᠭᠠᠰᠬᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠢ ᠴᠢᠩᠭᠠᠳᠬᠠᠵᠥ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮ ᠢ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠭᠠᠶ ᠭᠠᠮᠰᠢᠭ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠳᠡᠢ᠃ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠠᠳᠤᠨ ᠭᠤᠤᠯ ᠤᠨ ᠰᠠᠪᠠ ᠭᠠᠵᠠᠷ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠢ ᠲᠦᠷᠭᠡᠳᠬᠡᠵᠦ᠂ ᠣᠨᠴᠠᠯᠢᠭᠲᠤ ᠳᠠᠪᠠᠭᠤᠯᠢᠭ ᠣᠳᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠬᠤᠳᠠ ᠶᠢᠨ ᠬᠥᠭᠵᠢᠯᠲᠡ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ‌‍ᠶᠢ ᠠᠬᠢᠭᠤᠯᠬᠤ ᠬᠡᠷᠡᠭᠳᠡᠢ᠃ ᠬᠠᠳᠤᠨ ᠭᠤᠤᠯ ᠤᠨ ᠰᠣᠶᠣᠯ ᠢ ᠶᠡᠭᠡ ᠪᠠᠷ ᠬᠠᠮᠠᠭᠠᠯᠠᠨ ᠪᠠᠳᠠᠷᠠᠭᠤᠯᠵᠤ᠂ ᠲᠡᠤᠬᠡ ᠰᠣᠶᠣᠯ ᠤᠨ ᠰᠤᠳᠠᠰᠤ ᠶᠢ ᠦᠷᠭᠦᠯᠵᠢᠯᠡᠬᠦᠯᠵᠥ᠂ ᠴᠠᠭ ᠦᠶ᠎ᠡ ᠶᠢᠨ ᠦᠨ᠎ᠡ ᠦᠷᠳᠡᠭ ᠢ ᠠᠭᠤᠳᠠᠯᠵᠤ᠂ ᠰᠣᠶᠣᠯ ᠤᠨ ᠢᠲᠡᠭᠡᠯ ᠢᠶᠠᠨ ᠪᠠᠲᠤᠳᠬᠠᠬᠤ ᠬᠡᠷᠡᠭᠳᠡᠢ᠃ ᠲᠡᠮᠦᠷ ᠢ ᠠᠳᠬᠤᠪᠠᠯ ᠣᠷᠣᠮ ᠲᠠᠢ᠂ ᠴᠢᠯᠠᠭᠤᠨ ᠳᠡᠭᠡᠷ᠎ᠡ ᠭᠢᠰᠬᠢᠪᠡᠯ ᠣᠷᠣ ᠦᠯᠡᠳᠡᠭᠡᠬᠦ ᠰᠤᠷᠲᠠᠯ ᠢᠶᠠᠷ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠨᠢᠭᠡᠳᠦᠯᠲᠡᠶ ᠲᠥᠯᠥᠪᠵᠢᠬᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠬᠠᠳᠤᠨ ᠭᠤᠤᠯ ᠳᠠᠭᠠᠤ ᠶᠢᠨ ᠡᠯ᠎ᠡ ᠮᠣᠵᠢ ᠣᠷᠣᠨ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠣᠳᠠᠲᠠᠶ ᠲᠥᠯᠥᠪᠵᠢᠭᠦᠯᠪᠡ᠂ ᠬᠡᠷᠡᠭᠵᠢᠭᠦᠯᠬᠦ ᠲᠥᠰᠦᠯ ᠪᠣᠯᠤᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠦᠷᠭᠡᠨ ᠲᠣᠭᠲᠠᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠬᠤᠭᠤᠴᠠᠭᠠᠨ ᠳᠤ ᠮᠡᠳᠡᠭᠳᠡᠬᠦ᠋ᠢᠴᠡ ᠠᠬᠢᠯᠳᠠ ᠲᠠᠢ ᠪᠣᠯᠭᠠᠬᠤ ᠪᠠᠷ ᠴᠢᠷᠮᠠᠶᠢᠬᠤ ᠬᠡᠷᠡᠭᠳᠡᠢ ᠬᠡᠵᠥ ᠴᠢᠬᠤᠯᠠᠴᠢᠯᠠᠪᠠ᠃      ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯ ᠪᠤᠯᠭᠠᠬᠰᠠᠨ ᠨᠠᠮ ᠤᠨ ᠲᠥᠪ ᠬᠤᠷᠢᠶ᠎ᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠥᠬᠦ ᠲᠠᠯ᠎ᠠ ᠪᠠ ᠳᠡᠯᠡᠬᠡᠶ ᠶᠢᠨ ᠵᠠᠭᠤᠨ ᠵᠢᠯ ᠳᠤ ᠲᠣᠬᠢᠶᠠᠯᠳᠤᠭ᠎ᠠ ᠥᠬᠡᠶ ᠶᠡᠭᠡ ᠬᠤᠪᠢᠰᠤᠯᠲᠠ ᠳᠤ ᠠᠩᠬᠠᠷᠤᠯ ᠢᠶᠠᠨ ᠬᠠᠨᠳᠤᠭᠤᠯᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠦᠷᠭᠦᠯᠵᠢᠯᠡᠨ ᠠᠬᠢᠭᠤᠯᠵᠤ᠂ ᠨᠠᠮ ᠪᠣᠯᠤᠨ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠤᠯᠤᠰ ᠲᠦᠷᠦ ᠶᠢᠨ ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠵᠤ᠂ ᠢᠯᠡᠳᠲᠡ ᠦᠷ᠎ᠡ ᠪᠦᠲᠦᠮᠵᠢ ᠤᠯᠪᠠ᠃ ᠲᠣᠭᠤᠷᠢᠨ ᠪᠠᠶᠢᠴᠠᠭᠠᠭᠰᠠᠨ ᠪᠠᠶᠢᠳᠠᠯ ᠠᠴᠠ ᠦᠵᠡᠪᠡᠯ᠂ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠣᠪᠣᠷ ᠨᠡᠩ ᠢᠳᠡᠪᠬᠢᠲᠡᠶ ᠪᠣᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭᠠᠲᠤ ᠤᠬᠠᠮᠰᠠᠷ ᠪᠦᠬᠦ ᠲᠠᠯ᠎ᠠ ᠪᠠᠷ ᠳᠡᠭᠡᠭᠰᠢᠯᠡᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠦᠷᠭᠦᠯᠵᠢᠯᠡᠨ ᠰᠠᠶᠢᠵᠢᠷᠠᠬᠤ ᠪᠠᠶᠢᠳᠠᠯ ᠢᠯᠡᠷᠡᠵᠦ᠂ ᠡᠯ᠎ᠡ ᠵᠦᠢᠯ ᠤᠨ ᠠᠵᠢᠯ ᠰᠢᠨ᠎ᠡ ᠠᠬᠢᠯᠲᠠ ᠲᠠᠢ ᠪᠣᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠲᠡᠮᠡᠴᠡᠯ ᠪᠣᠯᠤᠨ ᠠᠵᠤ ᠠᠬᠤᠶ ᠨᠡᠶᠢᠭᠡᠮ ᠤᠨ ᠬᠡᠪ ᠤᠨ ᠠᠵᠢᠯᠯᠠᠭ᠎ᠠ ᠶᠢ ᠰᠡᠷᠭᠦᠭᠡᠬᠦ ᠵᠡᠷᠭᠡ ᠲᠠᠯ᠎ᠠ ᠪᠠᠷ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠶ ᠬᠦᠢᠴᠡᠳᠬᠡᠵᠤ᠂ ᠯᠠᠪᠳᠠᠭᠤᠨ ᠪᠠᠲᠤᠲᠠᠶ ᠠᠵᠢᠯᠯᠠᠪᠠ᠃ ᠡᠭᠦᠨ ᠤ ᠬᠠᠮᠲᠤ᠂ ᠰᠢᠨ᠎ᠡ ᠴᠠᠭ ᠦᠶ᠎ᠡ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠪᠠᠰᠠ ᠵᠠᠷᠢᠮ ᠳᠣᠪᠤᠶᠢᠮ᠎ᠠ ᠠᠰᠠᠭᠤᠳᠠᠯ ᠣᠷᠣᠰᠢᠵᠤ ᠪᠠᠶᠢᠭ᠎ᠠ ᠪᠣᠯᠬᠤᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠲᠠᠯ᠎ᠠ ᠪᠠᠷ ᠦᠨᠡᠨ ᠪᠣᠳᠠᠲᠠᠶ ᠬᠢᠵᠤ᠂ ᠴᠡᠭᠴᠡᠯᠡᠨ ᠰᠠᠶᠢᠵᠢᠷᠠᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠳᠦᠷ ᠲᠤᠲᠤᠮ ᠤᠨ ᠬᠢᠨᠠᠯᠲᠠ ᠲᠠᠯᠪᠢᠯᠲᠠ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ ᠶᠢ ᠡᠳᠦᠷ ᠲᠤᠲᠤᠮ ᠤᠨ ᠠᠵᠢᠯ ᠳᠤ ᠠᠭᠤᠰᠬᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠠᠭᠤᠰᠬᠠᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠳᠤ ᠠᠭᠤᠰᠬᠠᠵᠤ᠂ ᠤᠳᠤᠷᠢᠳᠬᠤ ᠪᠠᠭ ᠤᠨ ᠡᠩᠨᠡᠭᠡ ᠶᠢᠨ ᠪᠠᠶᠢᠭᠤᠯᠤᠯᠲᠠ ᠳᠤ ᠠᠭᠤᠰᠬᠠᠬᠤ ᠬᠡᠷᠡᠭᠳᠡᠢ ᠬᠡᠵᠥ ᠵᠢᠭᠠᠵᠥ ᠭᠠᠷᠭᠠᠪᠠ᠃      ᠬᠤᠷᠠᠯ ᠠᠴᠠ᠂ ᠲᠥᠪ ᠤᠨ ᠪᠠ ᠲᠥᠷᠥ ᠶᠢᠨ ᠪᠠᠶᠢᠭᠤᠯᠭ᠎ᠠ ᠪᠣᠯ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ︽ᠡᠴᠤᠰ ᠤᠨ ᠨᠢᠬᠡ ᠺᠢᠯᠤᠮᠧᠲᠷ︾ ᠪᠠᠶᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠥ᠂ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠡᠵᠡᠮᠰᠢᠵᠥ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠦᠲᠦᠭᠡᠯᠴᠢ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠡᠭᠡᠷ᠎ᠡ ᠬᠦᠴᠦ ᠲᠠᠯᠪᠢᠵᠤ᠂ ᠨᠠᠮ ᠤᠨ ᠰᠢᠨ᠎ᠡ ᠶᠢ ᠡᠭᠦᠳᠬᠦ ᠣᠨᠣᠯ ᠢ ᠤᠬᠠᠮᠰᠠᠷ ᠠᠴᠠ ᠪᠠᠨ ᠬᠡᠷᠡᠭᠯᠡᠨ ᠲᠠᠷᠢᠬᠢ ᠲᠣᠯᠣᠭᠠᠶ ᠪᠠᠨ ᠵᠡᠪᠰᠡᠭᠯᠡᠵᠤ᠂ ᠦᠢᠯᠡᠳᠦᠯᠭᠡ ᠪᠠᠨ ᠵᠢᠯᠣᠭᠤᠳᠤᠭᠤᠯᠵᠥ᠂ ᠠᠵᠢᠯ ᠢᠶᠠᠨ ᠠᠬᠢᠭᠤᠯᠵᠤ᠂ ᠰᠢᠨ᠎ᠡ ᠴᠠᠭ ᠦᠶ᠎ᠡ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠨᠠᠮ ᠪᠠ ᠤᠯᠤᠰ ᠠᠴᠠ ᠣᠯᠭᠤᠭᠰᠠᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠶᠢ ᠭᠦᠨᠵᠡᠭᠡᠶ ᠲᠠᠨᠢᠬᠤ ᠬᠡᠷᠡᠭᠳᠠᠢ᠂ ᠭᠡᠬᠦ ᠳᠡᠭᠡᠨ ︽ᠬᠤᠶᠠᠷ ᠶᠡᠭᠡ ᠲᠠᠯ᠎ᠠ︾ ᠶᠢ ᠰᠡᠳᠬᠢᠯ ᠳᠡᠭᠡᠨ ᠪᠤᠳᠤᠵᠤ᠂ ᠬᠠᠷᠢᠭᠤᠴᠠᠯᠭ᠎ᠠ ᠶᠢᠨ ᠤᠬᠠᠮᠰᠠᠷ ᠪᠠ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠳᠡᠢ᠃ ᠥᠭᠡᠷᠡᠴᠢᠯᠡᠯᠲᠡ ᠶᠢᠨ ᠤᠯᠤᠰ ᠲᠥᠷᠥ ᠶᠢᠨ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠳᠦᠷᠦᠬᠦᠯᠡᠨ ᠴᠢᠩᠭᠠᠳᠬᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠲᠠᠰᠤᠷᠠᠯᠲᠠ ᠤᠢᠭᠡᠢ ᠪᠠᠬᠢᠵᠢᠭᠦᠯᠦᠨ ᠭᠦᠨᠵᠡᠭᠡᠶᠢᠷᠡᠭᠦᠯᠵᠤ᠂ ᠰᠢᠰᠲ᠋ᠧᠮ ᠲᠠᠢ ᠲᠦᠪᠯᠡᠷᠡᠭᠰᠡᠨ᠂ ᠬᠠᠮᠵᠢᠯᠴᠠᠬᠤ ᠥᠨᠳᠥᠷ ᠪᠦᠲᠦᠮᠵᠢᠲᠡᠶ ᠪᠠᠶᠢᠬᠤ ᠶᠢ ᠪᠡᠶᠡᠯᠡᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠳᠠ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠳᠡᠢ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠱᠠᠲᠤ ᠱᠠᠲᠤ ᠪᠠᠷ ᠳᠠᠷᠤᠯᠲᠠ ᠥᠭᠴᠦ᠂ ︽ᠴᠢᠩᠭ᠎ᠠ︾ ᠪᠠᠢᠶ᠋ᠬᠤ ᠭᠤᠣᠯ ᠬᠥᠭ ᠠᠶᠠᠰ ᠢ ᠤᠷᠲᠤ ᠬᠤᠭᠤᠴᠠᠭ᠎ᠠ ᠪᠠᠷ ᠪᠠᠷᠢᠮᠲᠠᠯᠠᠵᠤ᠂ ᠡᠷᠬᠡ ᠳᠤ ᠬᠢᠨᠠᠯᠲᠠ ᠲᠠᠯᠪᠢᠵᠤ ᠬᠢᠵᠠᠭᠠᠷᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ᠲᠦᠷᠪᠡᠨ ᠰᠤᠷᠲᠠᠯ︾ ᠢᠯᠠᠩᠭᠤᠶ᠎ᠠ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠬᠤ ᠬᠡᠷᠡᠭᠳᠡᠢ᠃ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠳᠤᠷᠢᠳᠬᠤ ᠪᠠᠭ ᠤᠨ ᠪᠠᠶᠢᠭᠤᠯᠤᠯᠲᠠ᠂ ᠺᠠᠳ᠋ᠷ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠪᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢ ᠤᠯᠤᠰ ᠲᠦᠷᠦ ᠶᠢ ᠡᠷᠬᠢᠮᠯᠡᠬᠦ᠂ ᠰᠠᠬᠢᠯᠭ᠎ᠠ ᠪᠠᠲᠤ ᠶᠢ ᠰᠠᠬᠢᠬᠤ᠂ ᠬᠠᠷᠢᠭᠤᠴᠠᠯᠭ᠎ᠠ ᠡᠭᠦᠷᠭᠡᠯᠡᠬᠦ᠂ ᠪᠦᠲᠦᠮᠵᠢᠳᠠᠢ ᠵᠢᠱᠢᠶᠡᠴᠢ ᠪᠠᠶᠢᠭᠤᠯᠭ᠎ᠠ ᠪᠣᠯᠭᠠᠨ ᠪᠠᠶᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号