ᠰᠢ ᠶᠢᠨ ᠫᠢᠩ ᠮᠢ ᠶᠦᠨ ᠤᠰᠤᠨ ᠴᠦᠬᠦᠷᠦᠮ ᠢ ᠪᠦᠲᠦᠭᠡᠨ ᠪᠠᠶᠢᠭᠤᠯᠵᠦ ᠬᠠᠮᠠᠭᠠᠯᠠᠵᠦ ᠪᠠᠶᠢᠭ᠎ᠠ ᠨᠣᠲᠤᠭ ᠤᠨ ᠬᠦᠮᠦᠰ ᠲᠤ ᠬᠠᠷᠢᠭᠤ ᠵᠠᠬᠢᠳᠠᠯ ᠢᠯᠡᠭᠡᠵᠤ ᠮᠢ ᠶᠥᠨ ᠤᠰᠤᠨ ᠴᠦᠭᠦᠷᠥᠮ ᠢ ᠦᠷᠭᠦᠯᠵᠢᠯᠡᠨ ᠰᠠᠶᠢᠳᠤᠷ ᠰᠠᠬᠢᠵᠦ ᠦᠵᠡᠰᠭᠦᠯᠡᠩᠲᠦ ᠰᠠᠶᠢᠬᠠᠨ ᠪᠡᠭᠡᠵᠢᠩ ᠢ ᠪᠦᠳᠦᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠳᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2020/9/3
     ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 31 ᠤ ᠴᠠᠬᠢᠯᠭᠠᠨ ᠮᠡᠳᠡᠭᠡ   ᠮᠢ ᠶᠦᠨ ᠤᠰᠤᠨ ᠴᠥᠭᠦᠷᠥᠮ ᠪᠠᠶᠢᠭᠤᠯᠤᠭᠳᠠᠭᠰᠠᠨ 60 ᠵᠢᠯ ᠤᠨ ᠣᠶ ᠳᠤ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 8 ᠰᠠᠷ᠎ᠠ ᠶᠢᠨ 30 ᠤ ᠡᠳᠦᠷ ᠮᠢ ᠶᠦᠨ ᠤᠰᠤᠨ ᠴᠥᠭᠦᠷᠥᠮ ᠢ ᠪᠦᠲᠦᠭᠡᠨ ᠪᠠᠶᠢᠭᠤᠯᠵᠤ ᠬᠠᠮᠠᠭᠠᠯᠠᠵᠤ ᠪᠠᠶᠢᠭ᠎ᠠ ᠨᠤᠲᠤᠭ ᠤᠨ ᠬᠦᠮᠦᠰ ᠲᠤ ᠬᠠᠷᠢᠭᠤ ᠵᠠᠬᠢᠳᠠᠯ ᠢᠯᠡᠭᠡᠵᠤ᠂ ᠲᠡᠳᠡᠨ ᠳᠤ ᠴᠢᠩ ᠰᠡᠳᠬᠢᠯ ᠤᠨ ᠮᠡᠨᠳᠦᠴᠢᠯᠡᠯ ᠪᠠ ᠵᠣᠷᠢᠭᠵᠢᠭᠤᠯᠤᠯ ᠳᠡᠪᠰᠢᠭᠦᠯᠬᠦ ᠶᠢᠨ ᠬᠠᠮᠲᠤ ᠴᠢᠩ ᠰᠡᠳᠬᠢᠯ ᠤᠨ ᠬᠦᠰᠡᠯ ᠡᠷᠡᠮᠡᠯᠵᠡᠯ ᠳᠤᠷᠠᠳᠪᠠ᠃      ᠰᠢ ᠶᠢᠨ ᠫᠢᠩ ᠬᠠᠷᠢᠭᠤ ᠵᠠᠬᠢᠳᠠᠯ ᠳᠠᠭᠠᠨ᠂ 60 ᠵᠢᠯ ᠤᠨ ᠡᠮᠦᠨ᠎ᠡ᠂ ᠲᠠ ᠨᠠᠷ ᠨᠠᠮ ᠤᠨ ᠲᠥᠪ ᠬᠤᠷᠢᠶᠠᠨ ᠤ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠮᠢ ᠶᠦᠨ ᠤᠰᠤᠨ ᠴᠥᠭᠦᠷᠥᠮ ᠢ ᠪᠦᠲᠦᠭᠡᠨ ᠪᠠᠶᠢᠭᠤᠯᠬᠤ ᠶᠡᠭᠡ ᠳᠠᠶᠢᠯᠠᠯᠳᠤᠭᠠᠨ ᠳᠤ ᠢᠳᠡᠪᠬᠢᠲᠡᠢ ᠣᠷᠣᠯᠴᠠᠪᠠ᠃ 60 ᠵᠢᠯ ᠤᠨ ᠲᠤᠷᠰᠢ᠂ ᠲᠠ ᠨᠠᠷ ᠤᠰᠤᠨ ᠴᠥᠭᠦᠷᠥᠮ ᠢ ᠬᠠᠮᠠᠭᠠᠯᠠᠬᠤ ᠶᠢᠨ ᠲᠦᠯᠦᠭᠡ ᠦᠢᠯᠡᠳᠪᠦᠷᠢ ᠠᠭᠤᠷᠬᠠᠢ ᠪᠠᠨ ᠬᠠᠭᠠᠵᠤ᠂ ᠨᠡᠶᠢᠰᠯᠡᠯ ᠤᠨ ᠠᠮᠢ ᠠᠬᠤᠢ ᠤᠷᠴᠢᠨ ᠲᠣᠭᠤᠷᠢᠨ ᠢ ᠰᠠᠶᠢᠵᠢᠷᠠᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠵᠡᠢ᠃ ᠲᠠ ᠨᠠᠷ ᠤᠨ ᠰᠠᠶᠢᠨ ᠰᠠᠶᠢᠬᠠᠨ ᠠᠭᠤᠯᠠ ᠤᠰᠤᠨ ᠤ ᠳᠠᠪᠠᠭᠤᠯᠢᠭ ᠢᠶᠠᠨ ᠰᠠᠶᠢᠲᠤᠷ ᠪᠠᠳᠠᠷᠠᠭᠤᠯᠵᠤ᠂ ᠠᠮᠢᠳᠤᠷᠠᠯ ᠡᠳᠦᠷ ᠠᠴᠠ ᠡᠳᠦᠷ ᠦᠭᠡᠳᠡᠯᠡᠵᠦ ᠪᠠᠶᠢᠬᠤ ᠶᠢ ᠮᠡᠳᠡᠭᠡᠳ ᠪᠢ ᠮᠠᠰᠢ ᠪᠠᠶᠠᠷᠯᠠᠵᠤ ᠪᠠᠶᠢᠨ᠎ᠠ ᠭᠡᠵᠤ ᠬᠡᠯᠡᠵᠠᠢ᠃      ᠰᠢ ᠶᠢᠨ ᠫᠢᠩ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠨᠢ ᠤᠳᠤ ᠦᠶ᠎ᠡ ᠳᠤ ᠭᠠᠪᠢᠶ᠎ᠠ ᠪᠠᠶᠢᠭᠤᠯᠵᠤ᠂ ᠥᠨᠢ ᠤᠳᠠᠭᠠᠨ ᠠᠰᠢᠭ ᠬᠦᠷᠳᠡᠬᠦ ᠶᠠᠪᠤᠳᠠᠯ ᠪᠤᠯᠤᠨ᠎ᠠ᠃ ᠪᠡᠭᠡᠵᠢᠩ ᠤᠨ ᠲᠦᠮᠡᠨ ᠲᠡᠭᠰᠢ ᠳᠥᠷᠪᠡᠯᠵᠢᠨ ᠺᠢᠯᠤᠮᠧᠲᠷ ᠤᠨ ᠠᠭᠤᠯᠠᠷᠬᠠᠭ ᠣᠷᠣᠨ ᠪᠣᠯ ᠨᠡᠶᠢᠰᠯᠡᠯ ᠤᠨ ᠴᠢᠬᠤᠯᠠ ᠠᠮᠢ ᠠᠬᠤᠶ ᠶᠢᠨ ᠬᠠᠯᠬᠠᠪᠴᠢ ᠪᠣᠯᠤᠨ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠭᠠᠵᠠᠷ ᠪᠣᠯᠤᠨ᠎ᠠ᠂ ᠪᠠᠶᠢᠷᠢ ᠰᠠᠭᠤᠷᠢ ᠨᠢ ᠮᠠᠰᠢ ᠴᠢᠬᠤᠯᠠ ᠶᠤᠮ ᠃ ᠪᠢ ᠮᠢ ᠶᠦᠨ ᠤᠰᠤᠨ ᠴᠥᠭᠦᠷᠥᠮ ᠢ ᠪᠤᠳᠤᠭᠰᠠᠭᠠᠷ ᠢᠷᠡᠵᠠᠢ᠃ ᠲᠤᠬᠠᠶ ᠶᠢᠨ ᠵᠢᠯ ᠮᠢ ᠶᠦᠨ ᠤᠰᠤᠨ ᠴᠥᠭᠦᠷᠥᠮ ᠢ ᠪᠠᠶᠢᠭᠤᠯᠤᠭᠰᠠᠨ ᠨᠢ ᠦᠶᠡᠷ ᠢ ᠰᠡᠷᠭᠡᠶᠢᠯᠡᠵᠦ ᠤᠰᠤᠲᠤᠯ ᠢ ᠰᠡᠷᠭᠡᠶᠢᠯᠡᠬᠦ ᠶᠢᠨ ᠲᠥᠯᠥᠭᠡ ᠶᠤᠮ᠂ ᠣᠲᠣ ᠪᠡᠭᠡᠵᠢᠩ ᠤᠨ ᠭᠠᠵᠠᠷ ᠤᠨ ᠭᠠᠳᠠᠷᠭᠤ ᠶᠢᠨ ᠴᠢᠬᠤᠯᠠ ᠤᠤᠭᠤᠬᠤ ᠤᠰᠤᠨ ᠤ ᠡᠬᠢ ᠰᠤᠷᠪᠤᠯᠵᠢ᠂ ᠤᠰᠤᠨ ᠤ ᠡᠬᠢ ᠪᠠᠶᠠᠯᠢᠭ ᠤᠨ ᠪᠠᠶᠢᠯᠳᠤᠬᠤ ᠪᠣᠳᠣᠯᠭ᠎ᠠ ᠶᠢᠨ ᠨᠥᠭᠡᠴᠡ ᠰᠠᠭᠤᠷᠢᠨ ᠪᠣᠯᠤᠭᠰᠠᠨ ᠤ ᠬᠤᠪᠢ ᠳᠤ ᠨᠢᠭᠡᠨᠲᠡ ᠦᠨᠡᠯᠡᠰᠢ ᠥᠬᠡᠶ ᠡᠷᠳᠡᠨᠢ ᠪᠣᠯᠵᠠᠶ᠃ ᠲᠠ ᠨᠠᠷ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠰᠠᠶᠢᠳᠤᠷ ᠬᠢᠵᠤ ᠰᠠᠶᠢᠳᠤᠷ ᠪᠦᠲᠦᠭᠡᠵᠤ᠂ ᠮᠢ ᠶᠦᠨ ᠤᠰᠤᠨ ᠴᠥᠭᠦᠷᠥᠮ ᠢ ᠦᠷᠭᠦᠯᠵᠢᠯᠡᠨ ᠰᠠᠶᠢᠲᠤᠷ ᠰᠠᠬᠢᠨ ᠬᠠᠮᠠᠭᠠᠯᠠᠵᠤ᠂ ᠦᠵᠡᠰᠬᠦᠯᠡᠩᠲᠦ ᠰᠠᠶᠢᠬᠠᠨ ᠪᠡᠭᠡᠵᠢᠩ ᠢ ᠪᠦᠲᠦᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠳᠠᠢ ᠭᠡᠵᠤ ᠵᠢᠭᠠᠵᠤ ᠭᠠᠷᠭᠠᠪᠠ᠃      ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠡᠭᠦᠷᠭᠡ ᠪᠣᠯᠭᠠᠨ ᠠᠳᠬᠤᠵᠦ᠂ ᠠᠮᠢ ᠠᠬᠤᠶ ᠶᠢ ᠤᠷᠢᠳ ᠢᠶᠠᠷ ᠪᠤᠲᠤᠯᠬᠢᠯᠠᠬᠤ᠂ ᠪᠣᠬᠢᠷᠲᠤᠯ ᠦᠭᠡᠶ ᠬᠦᠭᠵᠢᠭᠦᠯᠬᠦ ᠶᠢ ᠪᠠᠷᠢᠮᠲᠠᠯᠠᠵᠤ᠂ ᠠᠮᠢ ᠠᠬᠤᠶ ᠶᠢᠨ ᠨᠦᠭᠡᠴᠡ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠮᠢ ᠠᠬᠤᠶ ᠶᠢᠨ ᠨᠥᠬᠦᠪᠥᠷᠢ ᠶᠢᠨ ᠲᠣᠭᠲᠠᠴᠠ ᠶᠢ ᠪᠦᠷᠢᠠᠰᠢᠭᠦᠯᠵᠦ᠂ ᠡᠬᠡ ᠤᠯᠤᠰ ᠤᠨ ᠬᠥᠬᠡᠮᠳᠦᠭ ᠨᠣᠭᠤᠭᠠᠨ ᠠᠭᠤᠯᠠ ᠤᠰᠤ ᠶᠢ ᠬᠠᠮᠲᠤ ᠪᠠᠷ ᠰᠠᠶᠢᠲᠤᠷ ᠰᠠᠬᠢᠨ ᠬᠠᠮᠠᠭᠠᠯᠠᠬᠤ ᠭᠡᠷᠡᠭᠲᠡᠢ ᠭᠡᠵᠦ ᠴᠢᠬᠤᠯᠠᠴᠢᠯᠠᠪᠠ᠃      1958 ᠣᠨ ᠳᠤ᠂ ᠴᠤᠤ ᠪᠠᠶ ᠾᠧ ᠭᠤᠤᠯ ᠤᠨ ᠤᠰᠤᠨ ᠭᠠᠮᠰᠢᠭ ᠢ ᠠᠷᠢᠯᠭᠠᠵᠦ᠂ ᠪᠡᠭᠡᠵᠢᠩ ᠲᠢᠶᠠᠨᠵᠢᠨ ᠤᠷᠤᠨ ᠤ ᠤᠰᠤᠨ ᠭᠠᠴᠢᠭ ᠢ ᠰᠢᠢᠳᠪᠦᠷᠢᠯᠡᠬᠦ ᠶᠢᠨ ᠲᠥᠯᠥᠭᠡ᠂ ᠪᠡᠭᠡᠵᠢᠩ ᠲᠢᠶᠠᠨᠵᠢᠨ ᠡᡁᠧᠪᠸᠢ ᠶᠢᠨ 20 ᠲᠦᠮᠡᠨ ᠪᠦᠲᠦᠭᠡᠡ ᠪᠠᠶᠢᠭᠤᠯᠤᠯᠲᠠ ᠶᠢᠨ ᠶᠡᠭᠡ ᠴᠡᠷᠢᠭ ᠶᠠᠨ ᠱᠠᠨ ᠠᠭᠤᠯᠠ ᠤ ᠬᠤᠷᠮᠤᠢ ᠳᠤ ᠬᠠᠮᠳᠤᠷᠠᠭᠰᠠᠨ ᠳᠠᠶᠢᠯᠠᠯᠳᠤᠭᠠᠨ ᠬᠢᠵᠦ᠂ ᠮᠢ ᠶᠦᠨ ᠤᠰᠤᠨ ᠴᠥᠭᠦᠷᠥᠮ ᠢ ᠪᠠᠶᠢᠭᠤᠯᠵᠤ᠂ ︽ᠨᠢᠭᠡᠲᠦᠭᠡᠷ ᠵᠢᠯ ᠳᠤ ᠦᠶᠡᠷ ᠬᠠᠰᠢᠵᠤ ᠬᠤᠶᠠᠲᠤᠭᠠᠷ ᠵᠢᠯ ᠳᠤ ᠪᠠᠶᠢᠭᠤᠯᠵᠦ ᠲᠠᠭᠤᠰᠬᠤ︾ ᠬᠠᠷᠠᠯᠲᠠ ᠶᠢ ᠪᠡᠶᠡᠯᠡᠭᠦᠯᠪᠡ᠃ 1960 ᠣᠨ ᠳᠤ ᠪᠠᠶᠢᠭᠤᠯᠵᠦ ᠲᠠᠭᠤᠰᠤᠭᠰᠠᠠ ᠤ ᠳᠠᠷᠠᠭ᠎ᠠ᠂ ᠮᠢ ᠶᠦᠨ ᠤᠰᠤᠨ ᠴᠥᠭᠦᠷᠥᠮ ᠦᠶᠡᠷ ᠢ ᠬᠠᠰᠢᠵᠤ ᠤᠰᠤ ᠬᠤᠷᠠᠭᠤᠯᠬᠤ᠂ ᠲᠠᠷᠢᠶ᠎ᠠ ᠤᠰᠤᠯᠠᠬᠤ᠂ ᠬᠤᠲᠠ ᠶᠢᠨ ᠤᠰᠤ ᠤᠮᠲᠠ ᠶᠢ ᠬᠠᠩᠭᠠᠬᠤ᠂ ᠴᠠᠬᠢᠯᠭᠠᠨ ᠭᠠᠷᠭᠠᠬᠤ ᠵᠡᠷᠭᠡ ᠴᠢᠳᠠᠮᠵᠢ ᠪᠠᠨ ᠪᠠᠳᠠᠷᠠᠭᠤᠯᠵᠤ᠂ 1985 ᠣᠨ ᠳᠤ ᠭᠤᠣᠯᠳᠠᠭᠤ ᠨᠡᠶᠢᠰᠯᠡᠯ ᠳᠤ ᠠᠮᠢᠳᠤᠷᠠᠯ ᠤᠨ ᠬᠡᠷᠡᠭᠯᠡᠭᠡᠨ ᠤ ᠤᠰᠤ ᠬᠠᠩᠭᠠᠬᠤ ᠪᠣᠯᠭᠠᠨ ᠬᠤᠪᠢᠷᠠᠭᠤᠯᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠡᠭᠡᠵᠢᠩ ᠬᠤᠲᠠ᠂ ᠮᠢ ᠶᠦᠨ ᠲᠣᠭᠤᠷᠢᠭ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠮᠥᠨ︾ ᠭᠡᠬᠦ ᠬᠥᠭᠵᠢᠯᠲᠡ ᠶᠢᠨ ᠤᠢᠢᠯᠠᠭᠠᠭᠲᠠᠬᠤᠨ ᠢ ᠦᠢᠯᠡᠳᠦᠯᠭᠡᠵᠢᠭᠦᠯᠵᠦ᠂ ᠤᠰᠤ ᠬᠠᠳᠠᠭᠠᠯᠠᠬᠤ ᠲᠣᠭᠲᠠᠴᠠ ᠠᠷᠭ᠎ᠠ ᠬᠡᠮᠵᠢᠶ᠎ᠠ ᠶᠢ ᠲᠠᠰᠤᠷᠠᠯᠲᠠ ᠥᠬᠡᠶ ᠰᠢᠨᠡᠴᠢᠯᠡᠨ ᠲᠡᠭᠦᠯᠳᠡᠷᠵᠢᠭᠦᠯᠵᠦ᠂ ᠪᠦᠬᠦ ᠲᠠᠯ᠎ᠠ ᠶᠢᠨ ᠪᠣᠰᠤᠭ᠎ᠠ ᠴᠤᠭᠴᠠᠳᠤ ᠬᠠᠮᠢᠶᠠᠷᠤᠯᠳᠠ ᠡᠵᠡᠮᠳᠡᠯ ᠪᠠ ᠬᠠᠮᠠᠭᠠᠯᠠᠯᠳᠠ ᠶᠢ ᠬᠡᠷᠡᠭᠵᠢᠭᠦᠯᠵᠦ᠂ ᠨᠡᠶᠢᠰᠯᠡᠯ ᠤᠨ ᠤᠰᠤᠨ ᠤ ᠰᠤᠷᠪᠤᠯᠵᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠪᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号