ᠰᠢ ᠶᠢᠨ ᠫᠢᠩ ᠳᠦᠪ ᠤᠨ ᠦᠬᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠬᠦ ᠵᠦᠪᠯᠡᠯ ᠤᠨ ᠠᠷᠪᠠᠨ ᠳᠠᠪᠤᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠬᠰᠠᠨ ᠨᠢ ᠨᠡᠩ ᠬᠦᠨ ᠳᠠᠪᠬᠤᠷᠭ᠎ᠠ ᠶᠢᠨ ᠦᠬᠡᠷᠡᠴᠢᠯᠡᠯᠳᠡ ᠶᠢ ᠠᠬᠢᠭᠤᠯᠵᠥ ᠨᠡᠩ ᠦᠨᠳᠤᠷ ᠳᠦᠪᠰᠢᠨ ᠤ ᠨᠡᠬᠡᠬᠡᠯᠳᠡ ᠶᠢ ᠬᠡᠷᠡᠭᠵᠢᠬᠦᠯᠵᠥ ᠰᠢᠨ᠎ᠡ ᠬᠦᠭᠵᠢᠯᠳᠡ ᠶᠢᠨ ᠪᠠᠶᠢᠷᠢᠰᠢᠯ ᠢ ᠴᠤᠭᠴᠠᠯᠠᠬᠤ ᠳᠤ ᠬᠦᠴᠦᠷᠬᠡᠭ ᠶᠡᠭᠡ ᠬᠦᠳᠡᠯᠬᠡᠬᠦ ᠬᠦᠴᠦᠨ ᠬᠠᠩᠭᠠᠬᠤ ᠬᠡᠷᠡᠭᠳᠡᠢ
ᠨᠡᠶᠢᠲᠡᠯᠡᠭᠰᠡᠨ ᠴᠠᠭ᠄
2020/9/3
     ᠯᠢ ᠺᠧ ᠴᠢᠶᠠᠩ  ᠸᠠᠩ ᠬᠤ᠋ ᠨᠢᠩ  ᠬᠠᠨ ᠵᠧᠩ ᠤᠷᠤᠯᠴᠠᠵᠠᠢ      ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠳᠡᠷᠢᠬᠦᠯᠡᠭᠴᠢ᠂ ᠳᠦᠪ ᠤᠨ ᠦᠬᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠬᠦ ᠵᠦᠪᠯᠡᠯ ᠤᠨ ᠡᠷᠬᠢᠯᠡᠭᠴᠢ ᠰᠢ ᠶᠢᠨ ᠫᠢᠩ 9 ᠰᠠᠷ᠎ᠠ ᠶᠢᠨ 1 ᠤ ᠦᠳᠡ ᠶᠢᠨ ᠬᠤᠶᠢᠨ᠎ᠠ ᠳᠦᠪ ᠤᠨ ᠦᠬᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠬᠦ ᠵᠦᠪᠯᠡᠯ ᠤᠨ ᠠᠷᠪᠠᠨ ᠳᠠᠪᠤᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠬᠤ ᠶᠢᠨ ᠬᠠᠮᠳᠤ ᠴᠢᠬᠤᠯᠠ ᠶᠠᠷᠢᠶ᠎ᠠ ᠳᠠᠯᠪᠢᠵᠠᠢ᠃ ᠳᠡᠷᠡ᠂ ᠤᠯᠤᠰ ᠤᠨ ᠳᠤᠳᠤᠭᠠᠳᠤ ᠶᠢᠨ ᠶᠡᠭᠡ ᠤᠷᠴᠢᠯ ᠢᠶᠠᠷ ᠭᠤᠤᠯ ᠴᠤᠬᠴᠠ ᠪᠤᠯᠭᠠᠬᠰᠠᠨ᠂ ᠤᠯᠤᠰ ᠤᠨ ᠳᠤᠳᠤᠭᠠᠳᠤ ᠪᠠ ᠤᠯᠠᠨ ᠤᠯᠤᠰ ᠤᠨ ᠬᠤᠤᠰ ᠤᠷᠴᠢᠯ ᠬᠠᠷᠢᠯᠴᠠᠨ ᠠᠬᠢᠭᠤᠯᠤᠬᠰᠠᠨ ᠰᠢᠨ᠎ᠡ ᠬᠦᠭᠵᠢᠯᠳᠡ ᠶᠢᠨ ᠳᠤᠬᠳᠠᠴᠠ ᠶᠢ ᠳᠦᠷᠬᠡᠳᠬᠡᠨ ᠪᠦᠷᠢᠯᠳᠦᠬᠦᠯᠬᠦ ᠪᠤᠯ ᠮᠠᠨ ᠤ ᠤᠯᠤᠰ ᠤᠨ ᠬᠦᠭᠵᠢᠯᠳᠡ ᠶᠢᠨ ᠱᠠᠳᠤ᠂ ᠤᠷᠴᠢᠨ ᠳᠤᠭᠤᠷᠢᠨ᠂ ᠨᠦᠬᠦᠴᠡᠯ ᠤᠨ ᠬᠤᠪᠢᠷᠠᠯᠳᠠ ᠶᠢ ᠦᠨᠳᠦᠰᠦᠯᠡᠨ ᠭᠠᠷᠭᠠᠬᠰᠠᠨ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠳᠤ ᠪᠤᠳᠤᠯᠭ᠎ᠠ ᠮᠦᠨ᠂ ᠪᠦᠬᠦ ᠳᠠᠯ᠎ᠠ ᠳᠤ ᠬᠤᠯᠪᠤᠬᠳᠠᠬᠤ ᠰᠢᠰᠲ᠋ᠧᠮᠳᠤ ᠴᠢᠨᠠᠷᠳᠠᠢ ᠬᠦᠨ ᠳᠠᠪᠬᠤᠷᠭ᠎ᠠ ᠶᠢᠨ ᠬᠤᠪᠢᠰᠤᠯᠳᠠ ᠪᠤᠯᠤᠨ᠎ᠠ᠃ ᠦᠬᠡᠷᠡᠴᠢᠯᠡᠯᠳᠡ ᠬᠡᠬᠦ ᠡᠨᠡ ᠬᠦ ᠵᠠᠩᠬᠢᠯᠠᠭ᠎ᠠ ᠶᠢᠨ ᠠᠷᠭ᠎ᠠ ᠶᠢ ᠦᠷᠬᠦᠯᠵᠢᠯᠡᠨ ᠬᠦᠢᠴᠡᠳ ᠰᠠᠶᠢᠳᠤᠷ ᠬᠡᠷᠡᠭᠯᠡᠵᠥ᠂ ᠴᠤᠴᠠᠯᠳᠠ ᠦᠬᠡᠢ ᠤᠷᠤᠬᠰᠢᠯᠠᠬᠤ᠂ ᠬᠦᠴᠢᠷ ᠪᠡᠷᠬᠡ ᠶᠢ ᠢᠯᠠᠨ ᠳᠠᠪᠠᠭ᠋ᠤ ᠪᠠᠶᠢᠯᠳᠤᠬᠤ ᠪᠤᠳᠤᠯᠭ᠎ᠠ ᠶᠢᠨ ᠳᠤᠬᠳᠠᠯ ᠬᠦᠴᠦᠨ ᠢ ᠪᠠᠳᠤᠯᠠᠵᠥ ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠨ ᠳᠡᠬᠦᠯᠳᠡᠷᠵᠢᠬᠦᠯᠬᠦ᠂ ᠤᠯᠤᠰ ᠤᠨ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠶᠢᠨ ᠳᠤᠭᠤᠷᠢᠨ ᠳᠤ ᠨᠡᠩ ᠬᠦᠨ ᠳᠠᠪᠬᠤᠷᠭ᠎ᠠ ᠶᠢᠨ ᠦᠬᠡᠷᠡᠴᠢᠯᠡᠯᠳᠡ ᠶᠢ ᠠᠬᠢᠭᠤᠯᠵᠥ᠂ ᠨᠡᠩ ᠦᠨᠳᠦᠷ ᠳᠦᠪᠰᠢᠨ ᠤ ᠨᠡᠬᠡᠬᠡᠯᠳᠡ ᠶᠢ ᠬᠡᠷᠡᠭᠵᠢᠬᠦᠯᠵᠥ᠂ ᠰᠢᠨ᠎ᠡ ᠬᠦᠭᠵᠢᠯᠳᠡ ᠶᠢᠨ ᠪᠠᠶᠢᠷᠢᠰᠢᠯ ᠢ ᠴᠤᠭᠴᠠᠯᠠᠬᠤ ᠳᠤ ᠬᠦᠴᠦᠷᠬᠡᠭ ᠶᠡᠭᠡ ᠬᠦᠳᠡᠯᠬᠡᠬᠦ ᠬᠦᠴᠦᠨ ᠬᠠᠩᠭᠠᠬᠤ ᠬᠡᠷᠡᠭᠳᠡᠢ ᠬᠡᠵᠥ ᠴᠢᠬᠤᠯᠠᠴᠢᠯᠠᠪᠠ᠃      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠳᠡᠳ᠋ ᠡᠷᠬᠢᠯᠡᠭᠴᠢ ᠯᠢ ᠺᠧ ᠴᠢᠶᠠᠩ᠂ ᠸᠠᠩ ᠬᠤ᠋ ᠨᠢᠩ᠂ ᠬᠠᠨ ᠵᠧᠩ ᠬᠤᠷᠠᠯ ᠳᠤ ᠣᠷᠣᠯᠴᠠᠪᠠ᠃      ᠰᠢ ᠶᠢᠨ ᠫᠢᠩ ᠶᠠᠷᠢᠶᠠᠨ ᠳᠠᠭᠠᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠤᠭᠴᠠᠯᠠᠬᠤ ᠳᠤ ᠪᠢᠳᠡ ᠢᠯᠡᠳᠲᠡ ᠪᠠᠶᠢᠭᠤᠯᠤᠯ ᠤᠨ ᠳᠠᠪᠠᠭᠤᠯᠢᠭ ᠪᠠ ᠪᠠᠲᠤ ᠪᠠᠬᠢ ᠥᠭᠡᠷᠡᠴᠢᠯᠡᠯᠲᠡ ᠶᠢᠨ ᠰᠠᠭᠤᠷᠢ ᠲᠠᠢ ᠪᠠᠶᠢᠭ᠎ᠠ ᠶᠤᠮ᠃ ᠨᠠᠮ ᠤᠨ ᠠᠷᠪᠠᠨ  ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠨᠠᠶᠢᠳᠠᠪᠤᠷᠢᠵᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠭᠠᠳᠠᠭᠠᠳᠤ ᠨᠡᠬᠡᠬᠡᠯᠳᠡ ᠶᠢ ᠥᠷᠭᠡᠳᠬᠡᠬᠦ ᠶᠢᠨ ᠲᠣᠭᠤᠷᠢᠨ ᠳᠤ ᠠᠯᠢ ᠤᠯᠠᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠠᠯᠢ ᠤᠯᠠᠨ ᠤᠨᠤᠯ ᠤᠨ ᠦᠷ᠎ᠡ ᠪᠦᠲᠦᠭᠡᠯ᠂ ᠲᠦᠷᠢᠮ ᠤᠨ ᠦᠷ᠎ᠡ ᠪᠦᠲᠦᠭᠡᠯ᠂ ᠦᠢᠯᠡᠳᠦᠯᠭᠡ ᠶᠢᠨ ᠦᠷ᠎ᠡ ᠪᠦᠲᠦᠭᠡᠯ ᠢ ᠪᠦᠷᠢᠯᠳᠦᠭᠦᠯᠪᠡ᠃ ᠡᠳᠡᠭᠡᠷ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠰᠠᠶᠢᠲᠤᠷ ᠬᠡᠷᠡᠭᠯᠡᠵᠦ᠂ ᠪᠣᠳᠠᠲᠠᠢ ᠳᠤ ᠨᠠᠶᠢᠳᠠᠪᠤᠷᠢᠵᠢᠭᠤᠯᠵᠤ ᠪᠣᠳᠠᠲᠠᠢ ᠦᠷ᠎ᠡ ᠪᠦᠲᠦᠮᠵᠢ ᠤᠯᠬᠤ ᠲᠠᠯ᠎ᠠ ᠪᠠᠷ ᠡᠷᠴᠢᠮ ᠢᠶᠠᠨ ᠴᠢᠩᠭᠠᠷᠠᠭᠤᠯᠵᠤ᠂ ᠠᠬᠢᠴᠠ ᠪᠠᠨ ᠲᠦᠷᠭᠡᠳᠬᠡᠵᠦ᠂ ᠭᠦᠨᠴᠡ ᠶᠢ ᠥᠷᠭᠡᠳᠬᠡᠵᠦ᠂ ᠡᠯ᠎ᠡ ᠵᠦᠢᠯ ᠤᠨ ᠥᠭᠡᠷᠡᠴᠢᠯᠡᠯᠲᠡ ᠶᠢ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠬᠤ ᠲᠡᠶᠢᠰᠢ ᠲᠥᠪᠯᠡᠷᠡᠭᠦᠯᠦᠨ ᠬᠦᠴᠦᠯᠡᠬᠦ ᠬᠡᠷᠡᠭᠲᠡᠢ ᠬᠡᠵᠥ ᠵᠢᠭᠠᠵᠥ ᠭᠠᠷᠭᠠᠪᠠ᠃      ᠰᠢ ᠶᠢᠨ ᠫᠢᠩ᠂ ᠣᠳᠣᠬᠠᠨ ᠤ ᠪᠠᠶᠢᠳᠠᠯ ᠳᠣᠤᠷ᠎ᠠ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠤᠭᠴᠠᠯᠠᠬᠤ ᠳᠤ ᠴᠥᠭᠡᠨ ᠪᠤᠰᠤ ᠰᠢᠨ᠎ᠡ ᠪᠠᠶᠢᠳᠠᠯ ᠰᠢᠨ᠎ᠡ ᠠᠰᠠᠭᠤᠳᠠᠯ ᠲᠤᠯᠭᠠᠷᠠᠵᠤ ᠪᠤᠢ᠂ ᠥᠭᠡᠷᠡᠴᠢᠯᠡᠯᠲᠡ ᠶᠢᠨ ᠰᠡᠳᠬᠢᠬᠦᠶ ᠪᠣᠯᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠴᠢᠳᠠᠮᠠᠭᠠᠶ ᠪᠠᠷ ᠬᠡᠷᠡᠭᠯᠡᠵᠥ᠂ ᠣᠬᠤᠷ ᠬᠤᠭᠤᠴᠠᠭᠠᠨ ᠤ ᠠᠷᠭᠠᠴᠠᠭᠠᠬᠤ ᠪᠠ ᠳᠤᠮᠳᠠ ᠤᠷᠲᠤ ᠬᠤᠭᠤᠴᠠᠭᠠᠨ ᠤ ᠬᠥᠭᠵᠢᠯᠲᠡ ᠶᠢ ᠨᠢᠭᠡᠳᠦᠯᠲᠡᠶ ᠲᠥᠯᠥᠪᠵᠢᠬᠦᠯᠦᠨ ᠪᠣᠳᠣᠯᠬᠢᠯᠠᠵᠤ᠂ ᠪᠠᠶᠢᠯᠳᠤᠬᠤ ᠪᠤᠳᠤᠯᠭ᠎ᠠ ᠶᠢᠨ ᠲᠠᠯ᠎ᠠ ᠪᠠᠷ ᠰᠠᠶᠢᠳᠤᠷ ᠪᠠᠶᠢᠷᠢᠰᠢᠭᠤᠯᠬᠤ ᠮᠥᠷᠲᠡᠭᠡᠨ ᠵᠠᠩᠭᠢᠯᠠᠭ᠎ᠠ ᠶᠢᠨ ᠭᠠᠵᠠᠷ ᠲᠤ ᠪᠠᠰᠠ ᠬᠦᠯᠭᠡ ᠪᠠᠨ ᠰᠠᠶᠢᠬᠠᠨ ᠲᠠᠯᠪᠢᠬᠤ ᠬᠡᠷᠡᠭᠲᠡᠢ᠃ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠬᠦ ᠳᠤ ᠠᠰᠢᠭᠲᠠᠢ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠳᠤ ᠠᠰᠢᠭᠲᠠᠢ᠂ ᠡᠯ᠎ᠡ ᠲᠠᠯ᠎ᠠ ᠶᠢᠨ ᠢᠳᠡᠪᠬᠢᠵᠢᠯ ᠢ ᠳᠠᠶᠢᠴᠢᠯᠠᠬᠤ ᠳᠤ ᠠᠰᠢᠭᠲᠠᠢ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠭᠤᠣᠯᠳᠠᠯᠭ᠎ᠠ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠰᠢᠰᠲ᠋ᠧᠮᠳᠤ ᠬᠤᠷᠠᠮᠳᠤᠯ᠂ ᠬᠠᠮᠵᠢᠯᠴᠠᠭ᠎ᠠ ᠥᠨᠳᠥᠷ ᠪᠦᠲᠦᠮᠵᠢᠲᠡᠶ ᠪᠠᠶᠢᠬᠤ ᠶᠢ ᠴᠢᠩᠭᠠᠳᠬᠠᠵᠤ᠂ ᠪᠦᠭᠯᠡᠷᠡᠯ ᠭᠠᠵᠠᠷ ᠲᠦᠭᠵᠢᠷᠡᠯ ᠴᠡᠭ ᠢ ᠨᠡᠪᠲᠡᠷᠡᠭᠦᠯᠵᠦ᠂ ᠪᠦᠬᠦᠯᠢ ᠴᠣᠭᠴᠠ ᠶᠢᠨ ᠦᠢᠯᠡᠳᠦᠯ ᠴᠢᠲᠠᠮᠵᠢ ᠶᠢ ᠬᠥᠭᠵᠢᠭᠡᠬᠦ ᠬᠡᠷᠡᠭᠳᠡᠢ᠃ ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠤᠭᠴᠠᠯᠠᠬᠤ ᠶᠢ ᠤᠯᠤᠰ ᠤᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠪᠠᠶᠢᠭᠤᠯᠬᠤ ᠵᠡᠷᠭᠡ ᠲᠠᠢ ᠵᠣᠯᠭᠠᠭᠤᠯᠵᠤ᠂ ᠨᠥᠬᠦᠴᠡᠯ ᠲᠠᠢ ᠣᠷᠣᠨ ᠪᠦᠰᠡ ᠳᠤ ᠰᠢᠨ᠎ᠡ ᠬᠥᠭᠵᠢᠯᠲᠡ ᠶᠢᠨ ᠪᠠᠶᠢᠷᠢᠰᠢᠯ ᠢ ᠳᠦᠷᠦᠬᠦᠯᠡᠨ ᠰᠦᠪᠡᠭᠴᠢᠯᠡᠨ ᠪᠦᠷᠢᠯᠳᠦᠭᠦᠯᠵᠦ᠂ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠥᠨᠳᠦᠷᠯᠢᠭ ᠢ ᠪᠠᠶᠢᠭᠤᠯᠬᠤ ᠬᠡᠷᠡᠭᠳᠡᠢ᠃ ᠥᠭᠡᠷᠡᠴᠢᠯᠡᠯᠲᠡ ᠶᠢᠨ ᠤᠷᠢᠳᠴᠢᠯᠠᠯ ᠴᠢᠨᠠᠷᠲᠠᠶ ᠰᠤᠳᠤᠯᠭᠠᠨ ᠢ ᠴᠢᠩᠭᠠᠳᠬᠠᠵᠤ᠂ ᠵᠥᠷᠢᠴᠡᠯ ᠤᠨ ᠬᠥᠳᠡᠯᠭᠡᠭᠡᠨ ᠤ ᠵᠢᠮ᠎ᠡ ᠶᠣᠰᠣ ᠶᠢ ᠡᠵᠡᠮᠰᠢᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠲᠣᠭᠲᠠᠭᠤᠨ ᠪᠤᠰᠤ ᠲᠣᠭᠲᠠᠭᠠᠯᠳᠤ ᠪᠤᠰᠤ ᠬᠦᠴᠦᠨ ᠵᠦᠢᠯ ᠢ ᠨᠡᠩ ᠢᠳᠡᠪᠬᠢᠲᠡᠶ ᠪᠦᠲᠦᠮᠵᠢᠲᠡᠶ ᠠᠷᠭᠠᠴᠠᠭᠠᠵᠤ᠂ ᠲᠡᠮᠡᠴᠡᠯ ᠤᠨ ᠴᠢᠳᠠᠪᠤᠷᠢ ᠪᠠᠨ ᠨᠡᠮᠡᠭᠳᠡᠭᠦᠯᠵᠦ᠂ ᠲᠥᠷᠥ ᠶᠢᠨ ᠪᠣᠳᠣᠯᠭ᠎ᠠ ᠶᠢᠨ ᠣᠷᠣᠨ ᠵᠠᠶ ᠶᠢ ᠥᠷᠭᠡᠳᠬᠡᠨ᠂ ᠳᠦᠷᠢᠮ ᠤᠨ ᠲᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠳᠡᠢ ᠬᠡᠵᠥ ᠴᠢᠬᠤᠯᠠᠴᠢᠯᠠᠪᠠ᠃      ᠬᠤᠷᠠᠯ ᠠᠴᠠ ︽ᠭᠠᠳᠠᠭᠠᠳᠤ ᠠᠷᠠᠯᠵᠢᠶᠠᠨ ᠤ ᠰᠢᠨ᠎ᠠ ᠶᠢ ᠡᠬᠦᠳᠬᠦ ᠬᠦᠭᠵᠢᠯᠳᠠ ᠶᠢ ᠠᠬᠢᠭᠤᠯᠬᠤ ᠲᠤᠬᠠᠢ ᠭᠡᠷᠡᠭᠵᠢᠬᠦᠯᠬᠦ ᠰᠠᠨᠠᠯ︾᠂ ︽ᠰᠢᠨ᠎ᠠ ᠴᠠᠬ ᠦᠶ᠎ᠠ ᠳᠤ ᠲᠤᠮᠳᠠ ᠪᠠᠷᠠᠭᠤᠨ ᠤᠷᠤᠨ ᠤ ᠳᠡᠬᠡᠳᠤ ᠵᠡᠷᠬᠡ ᠶᠢᠨ ᠰᠤᠷᠭᠠᠨ ᠬᠦᠮᠤᠵᠢᠯ ᠢ ᠬᠦᠭᠵᠢᠬᠦᠯᠤᠨ ᠮᠠᠨᠳᠤᠭᠤᠯᠬᠤ ᠲᠤᠬᠠᠢ ᠰᠠᠨᠠᠯ ᠤᠳ︾᠂ ︽ᠠᠷᠠᠳ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠦᠮᠤᠵᠢᠯ ᠤᠨ ᠬᠦᠭᠵᠢᠯᠳᠠ ᠶᠢ ᠵᠢᠷᠤᠮᠵᠢᠭᠤᠯᠬᠤ ᠲᠤᠬᠠᠢ ᠭᠡᠷᠡᠭᠵᠢᠬᠦᠯᠬᠦ ᠰᠠᠨᠠᠯ︾᠂ ︽ᠡᠮᠴᠢᠯᠡᠬᠡᠨ ᠤ ᠠᠵᠢᠯᠯᠠᠭ᠎ᠠ ᠶᠢ ᠴᠢᠨᠠᠬᠰᠢᠳᠠ ᠵᠢᠷᠤᠮᠵᠢᠭᠤᠯᠵᠤ ᠵᠤᠬᠢᠰᠳᠠᠢ ᠡᠮᠴᠢᠯᠡᠬᠡᠨ ᠤ ᠪᠠᠶᠢᠴᠠᠭᠠᠯᠳᠠ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾᠂ ︽ᠠᠮᠢᠳᠤᠷᠠᠯ ᠤᠨ ᠬᠤᠬ ᠨᠤᠪᠰᠢ ᠶᠢ ᠲᠦᠷᠤᠯ ᠬᠤᠪᠢᠶᠠᠨ ᠠᠩᠭᠢᠯᠠᠬᠤ ᠠᠵᠢᠯ ᠢ ᠴᠢᠨᠠᠬᠰᠢᠳᠠ ᠠᠬᠢᠭᠤᠯᠬᠤ ᠲᠤᠬᠠᠢ ᠰᠠᠨᠠᠯ ᠤᠳ︾ ᠢ ᠬᠢᠨᠠᠨ ᠵᠦᠪᠯᠡᠵᠥ ᠪᠠᠳᠤᠯᠠᠪᠠ᠃ ᠬᠤᠷᠠᠯ ᠠᠴᠠ ᠪᠠᠰᠠ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠠᠴᠠ ᠨᠠᠭᠠᠰᠢᠬᠢ ᠬᠦᠳᠡᠭᠡ ᠲᠤᠰᠬᠤᠨ ᠤ ᠦᠬᠡᠷᠡᠴᠢᠯᠠᠯᠳᠠ ᠶᠢᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠬᠦᠯᠤᠯᠳᠠ ᠶᠢ ᠰᠤᠨᠤᠰᠪᠠ᠃      ᠬᠤᠷᠠᠯ ᠠᠴᠠ᠂ ᠤᠳᠤᠬᠠᠨ ᠳᠤ ᠠᠵᠤ ᠠᠬᠤᠢ ᠶᠢᠨ ᠲᠡᠯᠡᠬᠡᠶᠢᠵᠢᠯᠳᠠ ᠰᠦᠷᠬᠡᠤ ᠤᠷᠤᠰᠬᠠᠯ ᠳᠤ ᠤᠴᠠᠷᠠᠵᠤ᠂ ᠭᠠᠭᠴᠠ ᠲᠠᠯ᠎ᠠ ᠶᠢᠨ ᠦᠵᠡᠯ᠂ ᠬᠠᠮᠠᠭᠠᠯᠠᠬᠤ ᠦᠵᠡᠯ ᠲᠤᠯᠤᠭᠠᠢ ᠦᠨᠳᠡᠶᠢᠵᠤ ᠪᠤᠢ᠂ ᠪᠢᠳᠡ ᠰᠦᠷᠬᠡᠤ ᠤᠷᠤᠰᠬᠠᠯ ᠪᠤᠯᠤᠨ ᠪᠤᠴᠠᠬᠤ ᠲᠠᠪᠠᠯᠭᠠᠨ ᠳᠤ ᠬᠠᠷᠰᠢᠯᠠᠬᠳᠠᠵᠤ ᠪᠤᠯᠬᠤ ᠦᠬᠡᠢ᠂ ᠲᠡᠤᠬᠡ ᠶᠢᠨ ᠵᠦᠪ ᠲᠠᠯ᠎ᠠ ᠳᠤ ᠵᠤᠬᠰᠤᠵᠥ᠂ ᠡᠷᠡᠰ ᠭᠤᠶᠢᠪᠢᠰᠢ ᠦᠬᠡᠢ ᠪᠠᠷ ᠭᠠᠳᠠᠭᠠᠳᠤ ᠨᠡᠬᠡᠬᠡᠯᠳᠠ ᠶᠢ ᠦᠷᠬᠡᠳᠬᠡᠵᠤ᠂ ᠤᠯᠤᠰ ᠤᠨ ᠳᠤᠳᠤᠭᠠᠳᠤ ᠭᠠᠳᠠᠭᠠᠳᠤ ᠶᠢᠨ ᠠᠵᠤ ᠠᠬᠤᠢ ᠶᠢᠨ ᠬᠤᠷᠰᠢᠯᠴᠠᠬᠤ ᠦᠷ᠎ᠠ ᠠᠰᠢᠬ ᠢ ᠨᠡᠮᠡᠭᠳᠡᠬᠦᠯᠵᠤ᠂ ᠬᠦᠭᠵᠢᠯᠳᠠ ᠪᠤᠯᠤᠨ ᠠᠮᠤᠷ ᠲᠦᠪᠰᠢᠨ ᠢ ᠨᠢᠬᠡᠳᠤᠯᠳᠠᠢ ᠲᠦᠯᠤᠪᠵᠢᠬᠦᠯᠵᠤ᠂ ᠠᠶᠤᠯ ᠲᠦᠭᠰᠢᠬᠦᠷᠢ ᠦᠷᠢᠰᠤᠳᠤᠯᠬᠡᠨ ᠢ ᠪᠦᠬᠦ ᠲᠠᠯ᠎ᠠ ᠪᠠᠷ ᠰᠡᠷᠬᠡᠶᠢᠯᠡᠬᠦ ᠭᠡᠷᠡᠭᠳᠠᠢ᠃ ᠭᠠᠳᠠᠭᠠᠳᠤ ᠠᠷᠠᠯᠵᠢᠶᠠᠨ ᠤ ᠰᠢᠨ᠎ᠠ ᠶᠢ ᠡᠬᠦᠳᠬᠦ ᠬᠦᠭᠵᠢᠯᠳᠠ ᠶᠢ ᠠᠬᠢᠭᠤᠯᠵᠤ᠂ ᠰᠢᠨ᠎ᠠ ᠬᠦᠭᠵᠢᠯᠳᠠ ᠶᠢᠨ ᠤᠢᠢᠯᠠᠭᠠᠭᠳᠠᠬᠤᠨ ᠢ ᠨᠠᠶᠢᠳᠠᠪᠤᠷᠢᠵᠢᠭᠤᠯᠵᠤ᠂ ᠰᠢᠨ᠎ᠠ ᠬᠦᠭᠵᠢᠯᠳᠠ ᠶᠢᠨ ᠪᠠᠶᠢᠷᠢᠰᠢᠯ ᠢ ᠴᠤᠭᠴᠠᠯᠠᠬᠤ ᠪᠠᠷ ᠭᠤᠤᠯᠯᠠᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠳᠤᠴᠠ ᠶᠢᠨ ᠴᠢᠨᠠᠷᠳᠠᠢ ᠦᠬᠡᠷᠡᠴᠢᠯᠠᠯᠳᠠ ᠪᠠᠷ ᠭᠤᠤᠯ ᠱᠤᠭᠤᠮ ᠪᠤᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠠ ᠶᠢ ᠡᠬᠦᠳᠬᠦ᠂ ᠲᠦᠷᠢᠮ ᠤᠨ ᠰᠢᠨ᠎ᠠ ᠶᠢ ᠡᠬᠦᠳᠬᠦ᠂ ᠡᠵᠡᠩᠨᠠᠯᠳᠠ ᠶᠢᠨ ᠬᠡᠯᠪᠡᠷᠢ ᠪᠤᠯᠤᠨ ᠵᠠᠬᠪᠤᠷ ᠤᠨ ᠰᠢᠨ᠎ᠠ ᠶᠢ ᠡᠬᠦᠳᠬᠦ ᠶᠢ ᠬᠦᠨᠵᠡᠬᠡᠶᠢᠷᠡᠬᠦᠯᠵᠤ᠂ ᠠᠷᠠᠯᠵᠢᠶᠠᠨ ᠤ ᠶᠠᠰᠤ ᠴᠢᠨᠠᠷ ᠢ ᠲᠦᠷᠬᠡᠨ ᠲᠡᠭᠡᠭᠰᠢᠯᠡᠬᠦᠯᠵᠤ᠂ ᠠᠵᠤ ᠤᠢᠢᠯᠡᠰ ᠤᠨ ᠬᠡᠯᠬᠢᠶ᠎ᠠ ᠬᠠᠩᠭᠠᠯᠭ᠎ᠠ ᠶᠢᠨ ᠬᠡᠯᠬᠢᠶ᠎ᠠ ᠶᠢ ᠲᠤᠭᠳᠠᠪᠤᠷᠢᠵᠢᠭᠤᠯᠵᠤ᠂ ᠭᠠᠳᠠᠭᠠᠳᠤ ᠠᠷᠠᠯᠵᠢᠶᠠᠨ ᠤ ᠰᠢᠨ᠎ᠠ ᠬᠦᠳᠡᠯᠬᠡᠬᠦ ᠡᠨᠧᠷᠬᠢ ᠶᠢ ᠪᠤᠶᠢᠵᠢᠭᠤᠯᠵᠤ᠂ ᠠᠷᠠᠯᠵᠢᠶᠠᠨ ᠤ ᠲᠦᠬᠦᠮᠴᠢᠯᠠᠯᠳᠠ ᠶᠢ ᠠᠬᠢᠭᠤᠯᠵᠤ᠂ ᠭᠠᠳᠠᠭᠠᠳᠤ ᠠᠷᠠᠯᠵᠢᠶᠠᠨ ᠤ ᠬᠦᠭᠵᠢᠯᠳᠠ ᠶᠢᠨ ᠤᠷᠴᠢᠨ ᠪᠠᠶᠢᠳᠠᠯ ᠢ ᠰᠢᠯᠢᠳᠡᠭᠵᠢᠬᠦᠯᠬᠦ ᠭᠡᠷᠡᠭᠳᠠᠢ ᠬᠡᠵᠤ ᠵᠢᠭᠠᠵᠤ ᠭᠠᠷᠭᠠᠪᠠ᠃      ᠬᠤᠷᠠᠯ ᠠᠴᠠ᠂ ᠳᠤᠮᠳᠠ ᠪᠠᠷᠠᠭᠤᠨ ᠤᠷᠤᠨ ᠤ ᠲᠡᠭᠡᠳᠤ ᠵᠡᠷᠭᠡ ᠶᠢᠨ ᠰᠤᠷᠭᠠᠨ ᠬᠦᠮᠤᠵᠢᠯ ᠢ ᠬᠦᠭᠵᠢᠬᠦᠯᠤᠨ ᠮᠠᠨᠳᠤᠭᠤᠯᠬᠤ ᠳᠤ ᠨᠠᠮ ᠤᠨ ᠶᠡᠭᠡ ᠲᠡᠭᠡᠳᠤ ᠰᠤᠷᠭᠠᠭᠤᠯᠢ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠬᠤ ᠪᠠ ᠴᠢᠩᠭᠠᠳᠬᠠᠵᠤ᠂ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠰᠤᠷᠭᠠᠨ ᠬᠦᠮᠤᠵᠢᠯ ᠤᠨ ᠬᠦᠭᠵᠢᠯᠳᠠ ᠶᠢᠨ ᠵᠠᠮ ᠢ ᠪᠠᠷᠢᠮᠳᠠᠯᠠᠵᠤ᠂ ᠨᠠᠮ ᠤᠨ ᠰᠤᠷᠭᠠᠨ ᠬᠦᠮᠤᠵᠢᠯ ᠤᠨ ᠴᠢᠭᠯᠡᠯᠳᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠤᠰᠦ ᠰᠤᠷᠲᠠᠬᠤᠨ ᠢᠶᠠᠷ ᠬᠦᠮᠤᠨ ᠢ ᠬᠦᠮᠤᠵᠢᠬᠦᠯᠬᠦ ᠦᠨᠳᠤᠰᠤᠨ ᠡᠬᠦᠷᠬᠡ ᠶᠢ ᠨᠠᠶᠢᠳᠠᠪᠤᠷᠢᠵᠢᠭᠤᠯᠵᠤ᠂ ᠠᠭᠤᠯᠤᠬᠳᠠᠬᠤᠨ ᠤ ᠮᠠᠶᠢᠭ ᠤᠨ ᠬᠦᠭᠵᠢᠯᠳᠠ ᠶᠢ ᠪᠡᠶᠡᠯᠡᠬᠦᠯᠬᠦ ᠶᠢ ᠠᠬᠢᠭᠤᠯᠵᠤ᠂ ᠴᠢᠬᠤᠯᠠ ᠶᠡᠭᠡ ᠤᠷᠤᠨ ᠪᠦᠰᠠ ᠶᠢᠨ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠯᠤᠭ᠎ᠠ ᠰᠠᠨᠠᠭᠠᠴᠢᠯᠠᠭ᠎ᠠ ᠠᠴᠠ ᠪᠠᠨ ᠵᠤᠯᠭᠠᠭᠤᠯᠵᠤ᠂ ᠳᠤᠮᠳᠠᠳᠤ ᠤᠯᠤᠰ ᠤᠨ ᠡᠬᠡ ᠭᠠᠵᠠᠷ ᠲᠤ ᠰᠠᠭᠤᠷᠢᠯᠠᠨ ᠶᠡᠭᠡ ᠰᠤᠷᠭᠠᠭᠤᠯᠢ ᠡᠷᠬᠢᠯᠠᠵᠤ᠂ ᠲᠠᠪᠠᠭᠤᠯᠢᠬ ᠦᠪᠡᠷᠮᠢᠴᠠ ᠤᠨᠴᠠᠯᠢᠬ ᠢ ᠲᠤᠪᠤᠶᠢᠯᠭᠠᠵᠤ᠂ ᠰᠤᠷᠭᠠᠭᠤᠯᠢ ᠡᠷᠬᠢᠯᠡᠬᠦ ᠡᠬᠢ ᠪᠠᠶᠠᠯᠢᠬ ᠢ ᠴᠤᠭᠯᠠᠷᠠᠭᠤᠯᠤᠨ᠂ ᠴᠢᠬᠤᠯᠠ ᠡᠯᠧᠮᠧᠨ᠋ᠲ ᠤᠨ ᠬᠦᠢᠯᠬᠡᠬᠡ ᠶᠢ ᠠᠬᠢᠭᠤᠯᠵᠤ᠂ ᠳᠤᠮᠳᠠ ᠪᠠᠷᠠᠭᠤᠨ ᠤᠷᠤᠨ ᠤ ᠲᠡᠭᠡᠳᠤ ᠵᠡᠷᠭᠡ ᠶᠢᠨ ᠰᠤᠷᠭᠠᠨ ᠬᠦᠮᠤᠵᠢᠯ ᠤᠨ ᠳᠤᠳᠤᠭᠠᠳᠤ ᠬᠦᠳᠡᠯᠬᠡᠬᠦ ᠬᠦᠴᠤᠨ ᠪᠤᠯᠤᠨ ᠬᠦᠭᠵᠢᠯᠳᠠ ᠶᠢᠨ ᠠᠮᠢᠵᠢᠷᠠᠯ ᠤᠨ ᠬᠦᠴᠤᠨ ᠢ ᠪᠦᠳᠤᠮᠵᠢᠳᠠᠢ ᠬᠦᠭᠵᠢᠬᠡᠵᠤ᠂ ᠳᠤᠮᠳᠠ ᠪᠠᠷᠠᠭᠤᠨ ᠤᠷᠤᠨ ᠢ ᠨᠡᠬᠡᠬᠡᠨ ᠬᠦᠭᠵᠢᠬᠦᠯᠬᠦ ᠪᠠᠶᠢᠷᠢᠰᠢᠯ ᠯᠤᠭ᠎ᠠ ᠵᠤᠬᠢᠴᠠᠯᠳᠤᠬᠤ ᠲᠡᠭᠡᠳᠤ ᠵᠡᠷᠭᠡ ᠶᠢᠨ ᠰᠤᠷᠭᠠᠨ ᠬᠦᠮᠤᠵᠢᠯ ᠤᠨ ᠰᠢᠰᠲ᠋ᠧᠮ ᠢ ᠪᠦᠷᠢᠯᠳᠤᠬᠦᠯᠬᠦ ᠶᠢ ᠠᠬᠢᠨᠭᠤᠯᠬᠤ ᠭᠡᠷᠡᠭᠳᠠᠢ ᠬᠡᠵᠤ ᠴᠢᠬᠤᠯᠠᠴᠢᠯᠠᠪᠠ᠃      ᠬᠤᠷᠠᠯ ᠠᠴᠠ᠂ ᠠᠷᠠᠳ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠦᠮᠤᠵᠢᠯ ᠤᠨ ᠬᠦᠭᠵᠢᠯᠳᠠ ᠶᠢ ᠵᠢᠷᠤᠮᠵᠢᠭᠤᠯᠬᠤ ᠶᠢᠨ ᠵᠤᠷᠢᠯᠭ᠎ᠠ ᠪᠤᠯ ᠨᠠᠮ ᠤᠨ ᠰᠤᠷᠭᠠᠨ ᠬᠦᠮᠤᠵᠢᠯ ᠤᠨ ᠴᠢᠭᠯᠡᠯᠳᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ‌‍ᠤᠨ ᠠᠯᠪᠠᠨ ᠵᠢᠷᠤᠮ ᠤᠨ ᠰᠤᠷᠭᠠᠨ ᠬᠦᠮᠤᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠵᠤ᠂ ᠨᠡᠶᠢᠬᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠳᠠᠯᠠᠵᠤ᠂ ᠬᠠᠤᠯᠢ ᠪᠠᠷ ᠰᠤᠷᠭᠠᠨ ᠬᠦᠮᠤᠵᠢᠯ ᠢ ᠵᠠᠰᠠᠬᠤ ᠶᠢ ᠪᠠᠷᠢᠮᠳᠠᠯᠠᠵᠤ᠂ ᠵᠠᠰᠠᠬ ᠤᠨ ᠤᠷᠳᠤᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠦᠷᠤᠯ ᠬᠤᠪᠢᠶᠠᠨ ᠵᠢᠯᠤᠭᠤᠳᠬᠤ ᠶᠢ ᠴᠢᠩᠭᠠᠳᠬᠠᠵᠤ᠂ ᠠᠷᠠᠳ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠦᠮᠤᠵᠢᠯ ᠢ ᠵᠢᠷᠤᠮᠵᠢᠭᠤᠯᠤᠨ ᠬᠠᠮᠢᠶᠠᠷᠬᠤ ᠶᠢ ᠴᠢᠩᠭᠠᠳᠬᠠᠵᠤ᠂ ᠶᠡᠭᠡ ᠰᠠᠶᠢᠨ ᠰᠤᠷᠭᠠᠨ ᠬᠦᠮᠤᠵᠢᠯ ᠤᠨ ᠠᠮᠢ ᠠᠬᠤᠢ ᠶᠢ ᠪᠤᠢ ᠪᠤᠯᠭᠠᠵᠤ᠂ ᠰᠤᠷᠤᠬᠴᠢ ᠶᠢᠨ ᠪᠦᠬᠦ ᠲᠠᠯ᠎ᠠ ᠪᠠᠷ ᠬᠦᠭᠵᠢᠬᠦ᠂ ᠡᠷᠡᠬᠦᠯ ᠢᠶᠠᠷ ᠦᠰᠤᠨ ᠪᠤᠶᠢᠵᠢᠬᠤ ᠶᠢ ᠠᠬᠢᠭᠤᠯᠬᠤ ᠶᠢᠨ ᠲᠦᠯᠤᠬᠡ ᠶᠤᠮ᠃ ᠡᠯ᠎ᠠ ᠱᠠᠳᠤᠨ ᠤ ᠨᠠᠮ ᠤᠨ ᠬᠤᠷᠢᠶ᠎ᠠ ᠪᠤᠯᠤᠨ ᠵᠠᠰᠠᠬ‌‍ᠤᠨ ᠤᠷᠳᠤᠨ ᠤ ᠬᠢᠨ ᠤᠯᠤᠰ ᠠᠴᠠ ᠠᠯᠪᠠᠨ ᠵᠢᠷᠤᠮ ᠤᠨ ᠰᠤᠷᠭᠠᠨ ᠬᠦᠮᠤᠵᠢᠯ ᠢ ᠡᠷᠬᠢᠯᠡᠬᠦ ᠶᠢ ᠪᠠᠷᠢᠮᠳᠠᠯᠠᠵᠤ᠂ ᠠᠯᠪᠠᠨ ᠵᠢᠷᠤᠮ ᠤᠨ ᠰᠤᠷᠭᠠᠨ ᠬᠦᠮᠤᠵᠢᠯ ᠤᠨ ᠨᠡᠶᠢᠳᠠ ᠶᠢᠨ ᠠᠰᠠᠷᠠᠮᠵᠢ ᠶᠢᠨ ᠬᠠᠷᠢᠶᠠᠯᠠᠯ ᠢ ᠪᠠᠳᠤᠯᠠᠵᠤ᠂ ᠠᠯᠪᠠᠨ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠦᠮᠤᠵᠢᠯ ᠢ ᠰᠠᠶᠢᠳᠤᠷ ᠡᠷᠬᠢᠯᠡᠨ ᠬᠦᠴᠦᠷᠭᠡᠭᠵᠢᠬᠦᠯᠬᠦ ᠭᠡᠷᠡᠭᠳᠠᠢ ᠬᠡᠵᠤ ᠵᠢᠭᠠᠵᠤ ᠭᠠᠷᠭᠠᠪᠠ᠃      ᠬᠤᠷᠠᠯ ᠠᠴᠠ᠂ ᠡᠨᠡ ᠤᠳᠠᠭ᠎ᠠ ᠶᠢᠨ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠳᠤ᠂ ᠪᠢᠳᠠ ᠡᠪᠡᠳᠴᠢᠳᠠᠨ ᠢ ᠲᠦᠪᠯᠡᠷᠡᠬᠦᠯᠵᠤ᠂ ᠲᠤᠰᠬᠠᠢ ᠮᠡᠷᠬᠡᠵᠢᠯᠳᠡᠠ ᠢ ᠲᠦᠪᠯᠡᠷᠡᠬᠦᠯᠵᠤ᠂ ᠡᠬᠢ ᠪᠠᠶᠠᠯᠢᠬ ᠢ ᠲᠦᠪᠯᠡᠷᠡᠬᠦᠯᠵᠤ᠂ ᠲᠦᠪᠯᠡᠷᠡᠬᠦᠯᠤᠨ ᠡᠮᠨᠡᠨ ᠵᠠᠰᠠᠬᠤ ᠵᠠᠷᠴᠢᠮ ᠢᠶᠠᠷ᠂ ᠰᠢᠨᠵᠢᠯᠡᠬᠦ ᠤᠬᠠᠭᠠᠨᠴᠢ ᠪᠠᠷ ᠰᠡᠷᠬᠡᠶᠢᠯᠡᠨ ᠵᠠᠰᠠᠬᠤ᠂ ᠠᠷᠭ᠎ᠠ ᠪᠤᠳᠤᠯᠭ᠎ᠠ ᠶᠢ ᠤᠨᠤᠴᠠᠳᠠᠢ ᠭᠡᠷᠡᠭᠵᠢᠬᠦᠯᠬᠦ ᠶᠢ ᠪᠠᠷᠢᠮᠳᠠᠯᠠᠵᠤ᠂ ᠡᠮᠴᠢᠯᠡᠬᠡᠨ ᠤ ᠲᠦᠰᠤᠯ ᠢᠶᠠᠨ ᠲᠠᠰᠤᠷᠠᠯᠳᠠ ᠦᠬᠡᠢ ᠲᠡᠬᠦᠯᠳᠡᠷᠵᠢᠬᠦᠯᠵᠤ᠂ ᠡᠮᠴᠢᠯᠡᠬᠡᠨ ᠤ ᠲᠡᠰ ᠲᠠᠷᠠᠭᠠᠯᠠᠯ᠂ ᠡᠮᠨᠡᠨ ᠵᠠᠰᠠᠬᠤ ᠡᠮ ᠲᠠᠩ ᠪᠤᠯᠤᠨ ᠬᠦᠨᠳᠤ ᠡᠪᠡᠳᠴᠢᠳᠠᠨ ᠢ ᠠᠪᠤᠷᠠᠨ ᠡᠮᠨᠡᠬᠦ ᠠᠷᠭ᠎ᠠ ᠳᠤ ᠲᠤᠬᠢᠷᠠᠭᠤᠯᠤᠯᠳᠠ ᠬᠢᠬᠦ ᠪᠠ ᠰᠢᠯᠢᠳᠡᠭᠵᠢᠬᠦᠯᠵᠤ᠂ ᠡᠮ ᠡᠮᠨᠡᠯᠬᠡ ᠶᠢᠨ ᠲᠠᠭᠠᠳᠬᠠᠯ ᠢ ᠤᠨᠳᠤᠤ ᠭᠠᠵᠠᠷ ᠲᠤ ᠴᠠᠬ ᠲᠤᠬᠠᠢ ᠳᠤᠨᠢ ᠳ᠋ᠦᠩᠨᠠᠨ ᠪᠤᠳᠤᠬᠤ ᠲᠦᠷᠢᠮ ᠢ ᠲᠡᠬᠦᠯᠳᠡᠷᠵᠢᠬᠦᠯᠵᠤ᠂ ᠡᠮ ᠡᠮᠨᠡᠯᠬᠡ ᠡᠷᠡᠬᠦᠯ ᠬᠠᠮᠠᠭᠠᠯᠠᠯ ᠤᠨ ᠰᠢᠰᠲ᠋ᠧᠮ ᠤᠨ ᠬᠢᠨ ᠴᠢᠬᠤᠯᠠ ᠤᠢᠢᠯᠡᠳᠤᠯ ᠪᠠᠳᠠᠷᠠᠭᠤᠯᠪᠠ᠃ ᠦᠷᠬᠡᠨ ᠤᠯᠠᠨ ᠡᠮᠨᠡᠯᠬᠡ ᠶᠢᠨ ᠠᠵᠢᠯᠳᠠᠨ ᠡᠮᠴᠢ ᠶᠢᠨ ᠶᠤᠰᠤ ᠰᠤᠷᠲᠠᠬᠤᠨ ᠡᠮᠴᠢ ᠶᠢᠨ ᠰᠤᠷᠳᠠᠯ ᠢᠶᠠᠨ ᠪᠠᠳᠤ ᠰᠠᠬᠢᠵᠤ᠂ ᠠᠵᠢᠯ ᠮᠡᠷᠬᠡᠵᠢᠯ ᠤᠨ ᠵᠢᠷᠤᠮᠵᠢᠯ ᠢᠶᠠᠨ ᠴᠢᠩᠭᠠᠳᠬᠠᠵᠤ᠂ ᠲᠡᠭᠡᠳᠤ ᠬᠡᠮᠵᠢᠶᠠᠨ ᠤ ᠬᠠᠷᠢᠭᠤᠴᠠᠯᠭᠠᠳᠤ ᠰᠡᠳᠬᠢᠯᠬᠡ ᠪᠤᠯᠤᠨ ᠬᠠᠷᠠᠮ ᠦᠬᠡᠢ ᠵᠤᠷᠢᠭᠤᠯᠬᠤ ᠵᠤᠷᠢᠬ ᠰᠠᠨᠠᠭ᠎ᠠ ᠶᠢ ᠢᠯᠡᠷᠡᠭᠦᠯᠦᠭᠰᠡᠡ ᠪᠠᠶᠢᠨ᠎ᠠ᠃ ᠡᠮᠴᠢᠯᠡᠬᠡᠨ ᠤ ᠠᠵᠢᠯᠯᠠᠭ᠎ᠠ ᠶᠢ ᠴᠢᠨᠠᠬᠰᠢᠳᠠ ᠵᠢᠷᠤᠮᠵᠢᠭᠤᠯᠵᠤ᠂ ᠵᠦᠢ ᠵᠤᠬᠢᠰᠳᠠᠢ ᠡᠮᠴᠢᠯᠡᠬᠡᠨ ᠤ ᠪᠠᠶᠢᠴᠠᠭᠠᠯᠳᠠ ᠶᠢ ᠠᠬᠢᠭᠤᠯᠬᠤ ᠳᠤ᠂ ᠡᠮᠴᠢᠯᠡᠬᠡᠨ ᠤ ᠭᠤᠤᠯ ᠴᠤᠬᠴᠠ ᠶᠢᠨ ᠠᠵᠢᠯᠯᠠᠭ᠎ᠠ ᠶᠢ ᠵᠢᠷᠤᠮᠵᠢᠭᠤᠯᠬᠤ ᠠᠴᠠ ᠭᠠᠷᠳᠠᠵᠤ᠂ ᠡᠮᠴᠢᠯᠡᠬᠡᠨ ᠤ ᠪᠠᠶᠢᠭᠤᠯᠤᠮᠵᠢ ᠪᠤᠯᠤᠨ ᠡᠮᠨᠡᠯᠬᠡ ᠶᠢᠨ ᠠᠵᠢᠯᠳᠠᠨ ᠤ ᠠᠵᠢᠯᠯᠠᠭ᠎ᠠ ᠳᠠᠬᠢ ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠵᠤ᠂ ᠮᠡᠷᠬᠡᠵᠢᠯ ᠤᠨ ᠰᠢᠨ᠎ᠠ ᠶᠢ ᠡᠬᠦᠳᠬᠦ ᠶᠢ ᠴᠢᠩᠭᠠᠳᠬᠠᠵᠤ᠂ ᠡᠬᠢ ᠪᠠᠶᠠᠯᠢᠬ ᠢ ᠬᠠᠮᠳᠤ ᠪᠠᠷ ᠡᠳ᠋ᠯᠡᠬᠦ ᠶᠢ ᠠᠬᠢᠭᠤᠯᠵᠤ᠂ ᠡᠮᠴᠢᠯᠡᠬᠡᠨ ᠤ ᠬᠠᠮᠢᠶᠠᠷᠤᠯᠳᠠ ᠶᠢᠨ ᠪᠠᠶᠢᠭᠤᠯᠤᠮᠵᠢ᠂ ᠠᠵᠢᠯᠯᠠᠭᠠᠨ ᠤ ᠲᠤᠭᠳᠠᠴᠠ᠂ ᠤᠢᠢᠯᠡᠴᠢᠯᠡᠬᠡᠨ ᠤ ᠦᠨ᠎ᠠ ᠬᠠᠩᠰᠢ᠂ ᠠᠵᠢᠯ ᠤᠨ ᠠᠮᠵᠢᠯᠳᠠ ᠶᠢᠨ ᠬᠤᠪᠢᠶᠠᠷᠢᠯᠠᠯᠳᠠ ᠵᠡᠷᠬᠡ ᠶᠠᠷᠤᠩᠬᠡᠶᠢᠯᠡᠭᠰᠡᠨ ᠴᠢᠨᠠᠷᠳᠠᠢ ᠦᠬᠡᠷᠡᠴᠢᠯᠠᠯᠳᠠ ᠶᠢ ᠨᠢᠬᠡᠳᠤᠯᠳᠠᠢ ᠲᠦᠯᠤᠪᠵᠢᠬᠦᠯᠤᠨ ᠠᠬᠢᠭᠤᠯᠵᠤ᠂ ᠲᠤᠬᠠᠢᠢᠯᠠᠬᠰᠠᠨ ᠠᠵᠢᠯ ᠤᠨ ᠰᠤᠷᠳᠠᠯ ᠤᠨ ᠪᠠᠶᠢᠭᠤᠯᠤᠯᠳᠠ ᠶᠢ ᠯᠠᠪᠳᠠᠭᠤᠨ ᠢᠶᠠᠷ ᠠᠬᠢᠭᠤᠯᠬᠤ ᠭᠡᠷᠡᠭᠳᠠᠢ ᠬᠡᠵᠤ ᠴᠢᠬᠤᠯᠠᠴᠢᠯᠠᠪᠠ᠃      ᠬᠤᠷᠠᠯ ᠠᠴᠠ᠂ ᠠᠮᠢᠳᠤᠷᠠᠯ ᠤᠨ ᠬᠤᠭ ᠨᠤᠪᠰᠢ ᠶᠢ ᠲᠦᠷᠦᠯ ᠬᠤᠪᠢᠶᠠᠨ ᠠᠩᠭᠢᠯᠠᠬᠤ ᠨᠢ ᠤᠯᠡᠨ ᠲᠦᠮᠡᠨ ᠤ ᠡᠳᠦᠷ ᠲᠤᠳᠤᠮ ᠤᠨ ᠠᠮᠢᠳᠤᠷᠠᠯ ᠯᠤᠭ᠎ᠠ ᠬᠤᠯᠪᠤᠬᠳᠠᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠠᠬᠢᠭᠤᠯᠬᠤ᠂ ᠨᠡᠶᠢᠭᠡᠮ ᠤᠨ ᠪᠤᠯᠪᠠᠰᠤᠨ ᠤ ᠬᠡᠮᠵᠢᠶ᠎ᠡ ᠶᠢ ᠲᠡᠭᠡᠭᠰᠢᠯᠡᠬᠦᠯᠬᠦ᠂ ᠦᠨᠳᠤᠰᠤᠨ ᠱᠠᠳᠤᠨ ᠤ ᠨᠡᠶᠢᠭᠡᠮ ᠤᠨ ᠵᠠᠰᠠᠯᠳᠠ ᠶᠢᠨ ᠰᠢᠨ᠎ᠡ ᠶᠢ ᠡᠬᠦᠳᠬᠦ ᠳᠤ ᠴᠦᠮ ᠴᠢᠬᠤᠯᠠ ᠠᠴᠢ ᠬᠤᠯᠪᠤᠬᠳᠠᠯ ᠲᠠᠢ ᠶᠤᠮ᠃ ᠬᠤᠳᠠ ᠶᠢᠨ ᠭᠤᠤᠯ ᠴᠤᠬᠴᠠ ᠶᠢᠨ ᠬᠠᠷᠢᠭᠤᠴᠠᠯᠭ᠎ᠠ ᠶᠢ ᠨᠡᠶᠢᠳᠠᠪᠤᠷᠢᠵᠢᠭᠤᠯᠬᠤ᠂ ᠤᠯᠠᠨ ᠲᠦᠮᠡᠨ ᠤ ᠵᠠᠩᠰᠢᠯ ᠲᠡᠳᠬᠠᠯ ᠪᠤᠯᠵᠤ ᠪᠦᠷᠢᠯᠳᠦᠬᠦ ᠶᠢ ᠠᠬᠢᠭᠤᠯᠬᠤ᠂ ᠲᠦᠷᠦᠯ ᠬᠤᠪᠢᠶᠠᠨ ᠠᠩᠭᠢᠯᠠᠬᠤ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠬᠦ᠂ ᠢᠵᠢ ᠪᠦᠷᠢᠨ ᠲᠠᠮᠵᠢᠬᠦ ᠲᠦᠷᠦ ᠶᠢᠨ ᠪᠤᠳᠤᠯᠭ᠎ᠠ ᠶᠢ ᠲᠡᠬᠦᠯᠳᠡᠷᠵᠢᠬᠦᠯᠬᠦ ᠵᠡᠷᠭᠡ ᠲᠠᠯ᠎ᠡ ᠠᠴᠠ ᠭᠠᠷᠳᠠᠵᠤ᠂ ᠬᠠᠤᠯᠢᠵᠢᠯ ᠢᠶᠠᠷ ᠰᠠᠭᠤᠷᠢ ᠪᠤᠯᠭᠠᠬᠰᠡᠨ᠂ ᠵᠠᠰᠠᠭ ᠤᠨ ᠤᠷᠳᠤᠨ ᠠᠬᠢᠭᠤᠯᠤᠬᠰᠡᠨ᠂ ᠪᠦᠬᠦ ᠠᠷᠠᠳ ᠢᠶᠠᠷ ᠢᠶᠠᠨ ᠤᠷᠤᠯᠴᠠᠬᠰᠡᠨ᠂ ᠬᠤᠳᠠ ᠬᠦᠳᠡᠭᠡ ᠶᠢ ᠨᠢᠭᠡᠳᠦᠯᠳᠠᠢ ᠲᠦᠯᠦᠪᠵᠢᠬᠦᠯᠦᠭᠰᠡᠨ᠂ ᠭᠠᠵᠠᠷ ᠤᠷᠤᠨ ᠤ ᠪᠠᠶᠢᠳᠠᠯ ᠳᠤᠨᠢ ᠲᠤᠬᠢᠷᠠᠭᠤᠯᠤᠬᠰᠡᠨ ᠬᠤᠭ ᠨᠤᠪᠰᠢ ᠶᠢ ᠲᠦᠷᠦᠯ ᠬᠤᠪᠢᠶᠠᠨ ᠠᠩᠭᠢᠯᠠᠬᠤ ᠤᠷᠳᠤ ᠬᠤᠭᠤᠴᠠᠭᠠᠨ ᠤ ᠪᠦᠳᠦᠮᠵᠢᠳᠠᠢ ᠲᠤᠬᠳᠠᠴᠠ ᠶᠢ ᠲᠦᠷᠭᠡᠳᠭᠡᠨ ᠪᠠᠶᠢᠭᠤᠯᠵᠤ᠂ ᠰᠢᠨᠵᠢᠯᠡᠬᠦ ᠤᠬᠠᠭᠠᠨᠴᠢ ᠤᠢᠢᠯᠠᠭᠠᠬᠳᠠᠬᠤᠨ ᠢ ᠪᠤᠢ ᠪᠤᠯᠭᠠᠵᠤ᠂ ᠲᠦᠷᠦᠯ ᠬᠤᠪᠢᠶᠠᠨ ᠵᠢᠯᠤᠭᠤᠳᠴᠤ᠂ ᠪᠦᠬᠦ ᠬᠡᠯᠬᠢᠶ᠎ᠡ ᠶᠢᠨ ᠬᠠᠮᠢᠶᠠᠷᠤᠯᠳᠠ ᠶᠢ ᠴᠢᠩᠭᠠᠳᠬᠠᠬᠤ ᠭᠡᠷᠡᠭᠳᠠᠢ ᠭᠡᠵᠤ ᠵᠢᠭᠠᠵᠤ ᠭᠠᠷᠭᠠᠪᠠ᠃      ᠬᠤᠷᠠᠯ ᠠᠴᠠ᠂ ᠨᠠᠮ ᠤᠨ ᠠᠷᠪᠡᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠠᠴᠠ ᠨᠠᠭᠠᠰᠢ᠂ ᠪᠢᠳᠠ ᠬᠦᠳᠡᠭᠡ ᠠᠵᠤ ᠠᠬᠤᠢ ᠬᠦᠳᠡᠭᠡ ᠲᠤᠰᠬᠤᠨ ᠤ ᠦᠭᠡᠷᠡᠴᠢᠯᠡᠯᠳᠠ ᠶᠢ ᠪᠦᠬᠦ ᠲᠠᠯ᠎ᠡ ᠪᠠᠷ ᠪᠠᠶᠢᠷᠢᠯᠠᠭᠤᠯᠤᠨ ᠰᠢᠰᠲ᠋ᠧᠮ ᠲᠠᠢ ᠠᠬᠢᠭᠤᠯᠵᠤ᠂ ᠬᠦᠳᠡᠭᠡ ᠠᠵᠤ ᠠᠬᠤᠢ ᠬᠦᠳᠡᠭᠡ ᠲᠤᠰᠬᠤᠨ ᠤ ᠬᠦᠭᠵᠢᠯᠳᠠ ᠶᠢ ᠤᠷᠳᠤ ᠬᠤᠭᠤᠴᠠᠭ᠎ᠠ ᠪᠠᠷ ᠬᠢᠵᠠᠭᠠᠷᠯᠠᠵᠤ ᠪᠠᠶᠢᠬᠰᠡᠨ ᠨᠢᠭᠡ ᠪᠦᠯᠦᠭ ᠪᠠᠶᠢᠭᠤᠯᠤᠮᠵᠢ ᠲᠤᠬᠳᠠᠴᠠ ᠶᠢᠨ ᠬᠠᠷᠰᠢ ᠰᠠᠭᠠᠳ ᠢ ᠠᠯᠬᠤᠮ ᠠᠯᠬᠤᠮ ᠢᠶᠠᠷ ᠠᠷᠢᠯᠭᠠᠨ᠂ ᠰᠠᠭᠤᠷᠢ ᠴᠢᠨᠠᠷᠳᠠᠢ ᠵᠠᠩᠭᠢᠯᠠᠭ᠎ᠠ ᠶᠢᠨ ᠴᠢᠨᠠᠷᠳᠠᠢ ᠲᠦᠷᠢᠮ ᠢ ᠨᠡᠩ ᠲᠡᠬᠦᠯᠳᠡᠷᠵᠢᠬᠦᠯᠵᠤ᠂ ᠬᠦᠳᠡᠭᠡ ᠠᠵᠤ ᠠᠬᠤᠢ ᠬᠦᠳᠡᠭᠡ ᠲᠤᠰᠬᠤᠨ ᠢ ᠤᠷᠢᠳ ᠢᠶᠠᠷ ᠬᠦᠭᠵᠢᠬᠦᠯᠬᠦ ᠲᠦᠷᠢᠮ ᠤᠨ ᠪᠤᠷᠤ ᠲᠦᠯᠦᠪ ᠪᠤᠯᠤᠨ ᠲᠦᠷᠦ ᠶᠢᠨ ᠪᠤᠳᠤᠯᠭ᠎ᠠ ᠶᠢᠨ ᠰᠢᠰᠲ᠋ᠧᠮ ᠠᠩᠬ᠎ᠠ ᠠᠯᠬᠤᠮ ᠪᠦᠷᠢᠯᠳᠦᠨ᠂ ᠬᠦᠳᠡᠭᠡ ᠲᠤᠰᠬᠤᠨ ᠤ ᠨᠡᠶᠢᠭᠡᠮ ᠤᠨ ᠦᠢᠯᠡᠳᠪᠤᠷᠢᠯᠡᠯ ᠤᠨ ᠬᠦᠴᠤᠨ ᠢ ᠤᠯᠠᠮ ᠴᠢᠨᠠᠬᠰᠢᠳᠠ ᠴᠢᠯᠦᠭᠡᠯᠡᠨ ᠬᠦᠭᠵᠢᠬᠦᠯᠵᠤ᠂ ᠬᠦᠳᠡᠭᠡ ᠠᠵᠤ ᠠᠬᠤᠢ ᠬᠦᠳᠡᠭᠡ ᠲᠤᠰᠬᠤᠨ ᠤ ᠠᠮᠢᠵᠢᠷᠠᠯ ᠤᠨ ᠬᠦᠴᠤᠨ ᠢ ᠨᠡᠮᠡᠭᠳᠡᠬᠦᠯᠤᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠡᠯᠳᠠ ᠶᠢ ᠲᠠᠮᠠᠴᠡᠨ ᠤᠯᠬᠤ ᠳᠤ ᠴᠢᠬᠤᠯᠠ ᠲᠦᠷᠢᠮ ᠤᠨ ᠲᠤᠯᠭᠠᠭᠤᠷᠢᠯᠠᠯ ᠬᠠᠨᠭ᠍ᠭᠠᠪᠠ᠃ ᠭᠠᠵᠠᠷ ᠰᠢᠷᠤᠢ ᠶᠢᠨ ᠨᠡᠶᠢᠳᠠ ᠶᠢᠨ ᠦᠮᠴᠢᠯᠡᠯ ᠤᠨ ᠰᠢᠨᠵᠢ ᠴᠢᠨᠠᠷ ᠢ ᠬᠤᠪᠢᠷᠠᠭᠤᠯᠬᠤ ᠦᠭᠡᠢ ᠪᠠᠶᠢᠬᠤ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠰᠢᠪᠳᠤᠯᠬᠤ ᠦᠭᠡᠢ ᠪᠠᠶᠢᠬᠤ᠂ ᠲᠠᠷᠢᠶᠠᠴᠢᠳ ᠤᠨ ᠠᠰᠢᠭ ᠲᠤᠰᠠ ᠶᠢ ᠬᠤᠬᠢᠷᠠᠭᠤᠯᠬᠤ ᠦᠭᠡᠢ ᠪᠠᠶᠢᠬᠤ ᠡᠨᠡ ᠬᠦ ᠭᠤᠷᠪᠡᠨ ᠬᠤᠷᠢᠭ᠎ᠠ ᠱᠤᠭᠤᠮ ᠢ ᠪᠠᠳᠤ ᠰᠠᠬᠢᠵᠤ᠂ ᠭᠤᠤᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠬᠴᠤᠭᠠᠨ ᠤ ᠦᠭᠡᠷᠡᠴᠢᠯᠡᠯᠳᠠ ᠶᠢ ᠦᠷᠬᠦᠯᠵᠢᠯᠡᠨ ᠰᠠᠶᠢᠳᠤᠷ ᠠᠳᠬᠤᠨ᠂ ᠨᠢᠭᠡᠳᠤᠯᠳᠠᠢ ᠲᠦᠯᠦᠪᠵᠢᠬᠦᠯᠵᠤ᠂ ᠴᠢᠭᠯᠡᠯ ᠢᠶᠠᠨ ᠯᠠᠪᠳᠠᠭᠤᠨ ᠪᠠᠲᠤᠲᠠᠢ ᠡᠵᠡᠮᠳᠡᠵᠤ᠂ ᠪᠦᠬᠦ ᠬᠦᠴᠤᠨ ᠢᠶᠠᠷ ᠢᠶᠠᠨ ᠪᠤᠭᠤᠮᠳᠠ ᠰᠢᠪᠳᠤᠯᠬᠤ ᠭᠡᠷᠡᠭᠳᠠᠢ᠃ ᠠᠮᠤ ᠪᠤᠳᠠᠭᠠᠨ ᠤ ᠠᠮᠤᠷ ᠲᠦᠪᠰᠢᠨ ᠢ ᠪᠠᠳᠤᠯᠠᠬᠤ ᠶᠢ ᠲᠤᠪᠤᠶᠢᠮ᠎ᠡ ᠪᠠᠶᠢᠷᠢᠨ ᠳᠤ ᠲᠠᠯᠪᠢᠵᠤ᠂ ᠠᠮᠤ ᠪᠤᠳᠠᠭᠠᠨ ᠤ ᠠᠮᠤᠷ ᠲᠦᠪᠰᠢᠨ ᠤ ᠲᠦᠷᠢᠮ ᠤᠨ ᠰᠢᠰᠲ᠋ᠧᠮ ᠢ ᠪᠦᠷᠢᠨᠰᠢᠬᠦᠯᠤᠨ᠂ ᠬᠦᠳᠡᠭᠡ ᠠᠵᠤ ᠠᠬᠤᠢ ᠶᠢᠨ ᠬᠦᠭᠵᠢᠯᠳᠠ ᠶᠢᠨ ᠠᠷᠭ᠎ᠠ ᠬᠡᠯᠪᠡᠷᠢ ᠶᠢ ᠲᠦᠷᠭᠡᠳᠭᠡᠨ ᠬᠤᠪᠢᠷᠠᠭᠤᠯᠵᠤ᠂ ᠤᠳᠤ ᠦᠶ᠎ᠡ ᠶᠢᠨ ᠬᠦᠳᠡᠭᠡ ᠠᠵᠤ ᠠᠬᠤᠢ ᠶᠢᠨ ᠬᠦᠭᠵᠢᠯᠳᠠ‌‍ᠶᠢ ᠬᠠᠶᠢᠨ ᠰᠦᠪᠡᠭᠴᠢᠯᠡᠬᠦ ᠵᠠᠮ ᠲᠡᠭᠡᠷ᠎ᠡ ᠨᠡᠩ ᠤᠯᠠᠨ ᠲᠤᠷᠰᠢᠯᠭ᠎ᠠ ᠡᠬᠦᠳᠬᠦ ᠭᠡᠷᠡᠭᠳᠠᠢ᠃ ᠬᠦᠳᠡᠭᠡ ᠲᠤᠰᠬᠤᠨ ᠤ ᠦᠮᠴᠢᠯᠡᠯ‌‍ᠤᠨ ᠡᠷᠭᠡ ᠶᠢᠨ ᠲᠦᠷᠢᠮ ᠪᠤᠯᠤᠨ ᠡᠯᠧᠮᠧᠨ᠋ᠲ ᠤᠨ ᠵᠠᠬ᠎ᠠ ᠲᠡᠯᠭᠡᠬᠦᠷᠴᠢᠯᠡᠭᠰᠡᠨ ᠲᠤᠬᠢᠷᠠᠭᠤᠯᠭ᠎ᠠ ᠶᠢ ᠲᠡᠬᠦᠯᠳᠡᠷᠵᠢᠬᠦᠯᠵᠤ᠂ ᠬᠦᠳᠡᠭᠡ ᠲᠤᠰᠬᠤᠨ ᠤ ᠭᠠᠵᠠᠷ ᠰᠢᠷᠤᠢ᠂ ᠪᠡᠯᠡ ᠮᠦᠡᠭᠭᠦ᠂ ᠴᠢᠳᠠᠪᠤᠷᠢᠳᠠᠨ᠂ ᠮᠡᠷᠭᠡᠵᠢᠯ ᠵᠡᠷᠭᠡ ᠡᠯ᠎ᠡ ᠲᠦᠷᠦᠯ ᠤᠨ ᠡᠯᠧᠮᠧᠨ᠋ᠲ‌‍ᠤᠨ ᠲᠤᠬᠢᠷᠠᠭᠤᠯᠭ᠎ᠠ ᠶᠢᠨ ᠠᠰᠢᠬᠯᠠᠮᠵᠢ ᠶᠢ ᠲᠡᠭᠡᠭᠰᠢᠯᠡᠬᠦᠯᠤᠨ᠂ ᠬᠦᠳᠡᠭᠡ ᠲᠤᠰᠬᠤᠨ ᠤ ᠲᠤᠳᠤᠭᠠᠳᠤ ᠠᠮᠢᠵᠢᠷᠠᠯ ᠤᠨ ᠬᠦᠴᠤᠨ ᠢ ᠬᠦᠭᠵᠢᠭᠡᠬᠦ ᠭᠡᠷᠡᠭᠳᠠᠢ᠃ ᠬᠦᠳᠡᠭᠡ ᠠᠵᠤ ᠠᠬᠤᠢ ᠶᠢ ᠲᠡᠮᠵᠢᠬᠦ ᠬᠠᠮᠠᠭᠠᠯᠬᠤ ᠲᠦᠷᠢᠮ ᠢ ᠪᠦᠷᠢᠨᠰᠢᠬᠦᠯᠵᠤ᠂ ᠲᠦᠷᠦ ᠶᠢᠨ ᠪᠤᠳᠤᠯᠭ᠎ᠠ ᠶᠢᠨ ᠤᠨᠤᠪᠴᠢᠳᠤ ᠴᠢᠨᠠᠷ᠂ ᠴᠢᠭᠯᠡᠬᠦᠯᠦᠯᠳᠤ ᠴᠢᠨᠠᠷ ᠪᠤᠯᠤᠨ ᠪᠤᠳᠠᠳᠤ ᠦᠷ᠎ᠡ ᠪᠦᠳᠦᠮᠵᠢᠳᠤ ᠴᠢᠨᠠᠷ ᠢ ᠲᠡᠭᠡᠭᠰᠢᠯᠡᠬᠦᠯᠵᠤ᠂ ᠬᠦᠳᠡᠭᠡ ᠠᠵᠤ ᠠᠬᠤᠢ ᠶᠢᠨ ᠬᠦᠭᠵᠢᠯᠳᠠ ᠶᠢ ᠤᠨᠠᠯᠳᠠ ᠶᠢ ᠨᠡᠮᠡᠭᠳᠡᠬᠦᠯᠬᠦ ᠪᠠᠷ ᠤᠳᠤᠷᠢᠳᠤᠮᠵᠢ ᠪᠤᠯᠭᠠᠵᠤ ᠪᠠᠶᠢᠭᠰᠠᠠ ᠠᠴᠠ ᠶᠠᠰᠦ ᠴᠢᠨᠠᠷ ᠢ ᠲᠡᠭᠡᠭᠰᠢᠯᠡᠬᠦᠯᠬᠦ ᠪᠠᠷ ᠤᠳᠤᠷᠢᠳᠤᠮᠵᠢ ᠪᠤᠯᠭᠠᠬᠤ ᠲᠠᠶᠢᠰᠢ ᠬᠤᠪᠢᠷᠠᠬᠤ ᠶᠢ ᠬᠦᠳᠤᠯᠤᠨ ᠲᠠᠭᠠᠭᠤᠯᠬᠤ ᠭᠡᠷᠡᠭᠳᠠᠢ᠃ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠶᠡᠭᠡ ᠬᠦᠴᠤᠨ ᠢᠶᠠᠷ ᠭᠡᠷᠡᠭᠵᠢᠬᠦᠯᠵᠤ᠂ ᠬᠤᠳᠠ ᠬᠦᠳᠡᠭᠡ ᠶᠢ ᠠᠭᠤᠰᠤᠯᠴᠠᠭᠤᠯᠤᠨ ᠬᠦᠭᠵᠢᠬᠦᠯᠬᠦ ᠪᠠᠶᠢᠭᠤᠯᠤᠮᠵᠢ ᠲᠤᠬᠳᠠᠴᠠ ᠪᠠ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠪᠦᠷᠢᠨᠰᠢᠬᠦᠯᠬᠦ ᠭᠡᠷᠡᠭᠳᠠᠢ᠃ ᠦᠭᠡᠷᠡᠴᠢᠯᠡᠯᠳᠠ ᠶᠢᠨ ᠰᠢᠰᠲ᠋ᠧᠮᠲᠦ ᠴᠤᠬᠯᠠᠷᠠᠯ ᠪᠤᠯᠬᠤ ᠶᠢ ᠴᠢᠩᠭᠠᠳᠬᠠᠨ᠂ ᠡᠯ᠎ᠡ ᠵᠦᠢᠯ ᠤᠨ ᠲᠦᠷᠢᠮ ᠤᠨ ᠬᠠᠷᠢᠯᠴᠠᠨ ᠵᠤᠯᠭᠠᠯᠴᠠᠵᠤ᠂ ᠬᠠᠮᠳᠤᠷᠠᠯ ᠬᠦᠴᠤᠨ ᠢ ᠪᠦᠷᠢᠯᠳᠦᠬᠦᠯᠬᠦ ᠶᠢ ᠠᠬᠢᠭᠤᠯᠬᠤ ᠭᠡᠷᠡᠭᠳᠠᠢ᠃ ᠦᠨᠡᠨ ᠠᠴᠠ ᠵᠦᠪ ᠢ ᠡᠷᠢᠵᠤ᠂ ᠭᠠᠵᠠᠷ ᠤᠷᠤᠨ ᠤ ᠪᠠᠶᠢᠳᠠᠯ ᠳᠤᠨᠢ ᠲᠤᠬᠢᠷᠠᠭᠤᠯᠤᠨ᠂ ᠬᠠᠤᠯᠢ ᠲᠤᠬᠳᠠᠭᠠᠯ ᠶᠤᠰᠤᠭᠠᠷ᠂ ᠯᠠᠪᠳᠠᠭᠤᠨ ᠪᠠᠳᠤᠳᠠᠢ ᠬᠢᠨᠠᠭᠤᠷ ᠪᠤᠯᠭᠤᠮᠵᠢᠳᠠᠢ ᠪᠠᠶᠢᠵᠤ᠂ ᠡᠯ᠎ᠡ ᠵᠦᠢᠯ ᠤᠨ ᠠᠵᠢᠯ ᠤᠨ ᠴᠠᠭ ᠬᠡᠮᠵᠢᠶ᠎ᠡ ᠦᠷ᠎ᠡ ᠪᠦᠳᠦᠮᠵᠢ ᠶᠢ ᠰᠠᠶᠢᠳᠤᠷ ᠡᠵᠡᠮᠳᠡᠨ᠂ ᠯᠠᠪᠳᠠᠭᠤᠨ ᠪᠠᠳᠤᠳᠠᠢ ᠪᠠᠷ ᠠᠷᠠᠳ ᠲᠦᠮᠡᠨ ᠤ ᠶᠠᠪᠤᠳᠠᠯ ᠢ ᠪᠦᠳᠦᠭᠡᠵᠤ᠂ ᠠᠷᠠᠳ ᠲᠦᠮᠡᠨ ᠳᠤ ᠪᠤᠶᠠᠨ ᠦᠢᠯᠡᠳᠬᠦ ᠭᠡᠷᠡᠭᠳᠠᠢ ᠭᠡᠵᠤ ᠴᠢᠬᠤᠯᠠᠴᠢᠯᠠᠪᠠ᠃      ᠬᠤᠷᠠᠯ ᠠᠴᠠ᠂ ᠨᠠᠮ ᠤᠨ ᠠᠷᠪᠡᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠠᠴᠠ᠂ 2020 ᠤᠨ ᠪᠤᠯᠬᠤ ᠳᠤ ᠭᠤᠤᠯᠳᠠᠯᠭ᠎ᠠ ᠲᠠᠢ ᠬᠦᠷᠢᠶ᠎ᠡ ᠪᠠ ᠵᠠᠩᠬᠢᠯᠠᠭ᠎ᠠ ᠶᠢᠨ ᠭᠤᠬᠴᠤᠭᠠᠨ ᠳᠠᠬᠢ ᠦᠭᠡᠷᠡᠴᠢᠯᠡᠯᠳᠠ ᠳᠤ ᠰᠢᠢᠳᠪᠤᠷᠢᠯᠡᠬᠦ ᠴᠢᠨᠠᠷᠳᠠᠢ ᠦᠷ᠎ᠡ ᠪᠦᠳᠦᠭᠡᠯ ᠤᠯᠬᠤ ᠭᠡᠷᠡᠭᠳᠠᠢ ᠭᠡᠵᠤ ᠲᠤᠷᠠᠳᠪᠠ᠃ ᠡᠳᠡᠭᠡᠷ ᠵᠢᠯ ᠳᠤ᠂ ᠦᠭᠡᠷᠡᠴᠢᠯᠡᠯᠳᠠ ᠶᠢ ᠪᠦᠬᠦ ᠲᠠᠯ᠎ᠡ ᠪᠠᠷ ᠬᠦᠨᠵᠡᠭᠡᠶᠢᠷᠡᠬᠦᠯᠬᠦ ᠨᠢ ᠰᠠᠭᠤᠷᠢ ᠪᠠᠨ ᠪᠠᠬᠢᠵᠢᠬᠦᠯᠬᠦ᠂ ᠲᠤᠯᠭᠠᠭᠤᠷᠢ ᠪᠤᠰᠬᠠᠵᠤ ᠨᠢᠷᠤᠭᠤ ᠲᠠᠯᠪᠢᠬᠤ ᠠᠴᠠ ᠪᠦᠬᠦ ᠲᠠᠯ᠎ᠡ ᠪᠠᠷ ᠠᠬᠢᠭᠤᠯᠬᠤ᠂ ᠰᠠᠭᠤᠷᠢ ᠪᠠᠨ ᠪᠠᠬᠢᠵᠢᠬᠦᠯᠤᠨ ᠬᠠᠨᠳᠤᠰᠢ ᠪᠠᠨ ᠲᠤᠬᠳᠠᠭᠠᠬᠰᠡᠨ ᠠᠴᠠ ᠲᠠᠬᠢᠨ ᠰᠢᠰᠲ᠋ᠧᠮ ᠲᠠᠢ ᠬᠤᠷᠠᠮᠳᠤᠭᠤᠯᠵᠤ᠂ ᠬᠠᠮᠵᠢᠯᠴᠠᠭ᠎ᠠ ᠶᠢ ᠦᠨᠳᠤᠷ ᠦᠷ᠎ᠡ ᠪᠦᠳᠦᠮᠵᠢᠳᠠᠢ ᠪᠤᠯᠭᠠᠬᠤ ᠬᠦᠷᠲᠡᠯ᠎ᠡ᠂ ᠵᠠᠮ ᠲᠤᠵᠢ ᠵᠤᠭᠰᠤᠯ ᠦᠭᠡᠢ ᠤᠷᠤᠭᠰᠢᠯᠠᠨ᠂ ᠵᠤᠷᠢᠭᠲᠠᠢ ᠪᠠᠷ ᠦᠢᠯᠡᠳᠦᠯᠭᠡᠵᠢᠬᠦᠯᠦᠨ᠂ ᠰᠢᠨ᠎ᠡ ᠭᠠᠷᠤᠭ᠎ᠠ ᠳᠤ ᠰᠢᠨ᠎ᠡ ᠰᠢᠪᠳᠤᠯᠤᠯᠳᠠ ᠶᠢ ᠪᠠᠶᠠᠯᠡᠬᠦᠯᠪᠡ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠬᠠᠷᠢᠭᠤᠴᠠᠯᠭ᠎ᠠ ᠡᠬᠦᠷᠭᠡᠯᠡᠯ ᠢᠶᠠᠨ ᠴᠢᠩᠭᠠᠳᠬᠠᠵᠤ᠂ ᠲᠤᠯᠭᠠᠮ ᠪᠤᠳᠤᠯ ᠢᠶᠠᠨ ᠴᠢᠩᠭᠠᠳᠬᠠᠨ᠂ ᠡᠷᠴᠢ ᠵᠤᠷᠢᠭ ᠢᠶᠠᠨ ᠬᠦᠪᠴᠢᠯᠡᠵᠤ᠂ ᠨᠠᠮ ᠤᠨ ᠲᠦᠪ ᠬᠤᠷᠢᠶᠠᠨ ᠤ ᠪᠠᠶᠢᠷᠢᠯᠠᠭᠤᠯᠤᠬᠰᠡᠨ ᠦᠭᠡᠷᠡᠴᠢᠯᠡᠯᠳᠠ ᠶᠢᠨ ᠡᠬᠦᠷᠭᠡ ᠶᠢ ᠪᠦᠬᠦ ᠬᠦᠴᠤᠨ ᠢᠶᠠᠷ ᠢᠶᠠᠨ ᠪᠠᠶᠠᠯᠡᠬᠦᠯᠬᠦ ᠭᠡᠷᠡᠭᠳᠠᠢ᠃ ᠨᠠᠮ ᠤᠨ ᠠᠷᠪᠡᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠠᠴᠠ ᠨᠠᠭᠠᠰᠢᠬᠢ ᠦᠭᠡᠷᠡᠴᠢᠯᠡᠯᠳᠠ ᠶᠢᠨ ᠡᠬᠦᠷᠭᠡ‌‍ᠶᠢ ᠨᠠᠶᠢᠳᠠᠪᠤᠷᠢᠵᠢᠭᠤᠯᠤᠬᠰᠡᠨ ᠪᠠᠶᠢᠳᠠᠯ ᠤᠨ ᠳ᠋ᠦᠡᠭᠨᠡᠯᠲᠡ ᠦᠨᠡᠯᠡᠯᠳᠠ ᠶᠢ ᠰᠠᠶᠢᠳᠤᠷ ᠬᠢᠵᠤ᠂ ᠳ᠋ᠦᠡᠭᠨᠡᠯᠲᠡ ᠦᠨᠡᠯᠡᠯᠳᠠ ᠪᠠᠨ ︽ᠠᠷᠪᠡᠨ ᠲᠦᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠦᠭᠡᠷᠡᠴᠢᠯᠡᠯᠳᠠ ᠶᠢ ᠲᠦᠯᠦᠪᠵᠢᠬᠦᠯᠬᠦ ᠰᠡᠳᠬᠢᠴᠠ ᠯᠦᠭᠡ ᠤᠶᠠᠯᠳᠤᠭᠤᠯᠵᠤ᠂ ᠦᠭᠡᠷᠡᠴᠢᠯᠡᠯᠳᠠ ᠶᠢ ᠬᠦᠨᠵᠡᠭᠡᠶᠢᠷᠠᠬᠦᠯᠬᠦ ᠬᠦᠴᠤᠷᠭᠡᠭ ᠶᠡᠭᠡ ᠬᠦᠴᠤᠨ ᠴᠢᠳᠠᠯ ᠢ ᠬᠤᠷᠠᠮᠳᠤᠭᠤᠯᠬᠤ ᠯᠤᠭ᠎ᠠ ᠤᠶᠠᠯᠳᠤᠭᠤᠯᠤᠨ᠂ ᠦᠭᠡᠷᠡᠴᠢᠯᠡᠯᠳᠠ ᠶᠢᠨ ᠤᠯᠤᠬᠰᠡᠨ ᠴᠢᠬᠤᠯᠠ ᠠᠮᠵᠢᠯᠲᠡ ᠪᠠ ᠡᠷᠬᠢᠮ ᠨᠠᠨᠳᠢᠨ ᠲᠤᠷᠰᠢᠯᠭ᠎ᠠ ᠶᠢ ᠪᠦᠬᠦ ᠲᠠᠯ᠎ᠡ ᠪᠠᠷ ᠢᠯᠡᠷᠡᠬᠦᠯᠵᠤ᠂ ᠡᠯ᠎ᠡ ᠲᠠᠯ᠎ᠡ ᠶᠢᠨ ᠦᠭᠡᠷᠡᠴᠢᠯᠡᠯᠳᠠ ᠶᠢ ᠬᠦᠨᠵᠡᠭᠡᠶᠢᠷᠠᠬᠦᠯᠬᠦ ᠵᠤᠷᠢᠭ ᠪᠠ ᠢᠳᠡᠭᠡᠯ ᠢ ᠪᠠᠳᠤᠳᠬᠠᠨ᠂ ᠨᠡᠶᠢᠭᠡᠮ ᠵᠢᠷᠤᠮ ᠤᠨ ᠤᠳᠤᠬᠢᠴᠢᠯᠠᠬᠰᠡᠨ ᠤᠯᠤᠰ ᠢ ᠪᠦᠬᠦ ᠲᠠᠯ᠎ᠡ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠬᠦᠯᠬᠦ‌‍ᠳᠤ ᠬᠦᠴᠤᠨ ᠴᠢᠳᠠᠯ ᠬᠤᠷᠠᠮᠳᠤᠭᠤᠯᠬᠤ ᠭᠡᠷᠡᠭᠳᠠᠢ ᠭᠡᠵᠤ ᠵᠢᠭᠠᠵᠤ ᠭᠠᠷᠭᠠᠪᠠ᠃      ᠲᠦᠪ ᠤᠨ ᠦᠭᠡᠷᠡᠴᠢᠯᠡᠯᠳᠠ ᠶᠢ ᠪᠦᠬᠦ ᠲᠠᠯ᠎ᠡ ᠪᠠᠷ ᠬᠦᠨᠵᠡᠭᠡᠶᠢᠷᠠᠬᠦᠯᠬᠦ ᠵᠦᠪᠯᠡᠯ ᠤᠨ ᠭᠡᠰᠢᠬᠦᠳ ᠬᠤᠷᠠᠯ ᠳᠤ ᠤᠷᠤᠯᠴᠠᠵᠤ᠂ ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠬᠤᠷᠠᠯ ᠳᠤ ᠰᠤᠯᠠ ᠤᠷᠤᠯᠴᠠᠵᠠᠢ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号