ᠣᠳᠠ ᠶᠢᠨ ᠭᠤᠣᠯ ᠳᠣᠰᠬᠤᠨ ᠰᠢᠬᠢᠷᠯᠢᠭ ᠡᠷᠳᠡᠨᠢ ᠰᠢᠰᠢ ᠲᠠᠷᠢᠵᠦ ᠠᠷᠠᠳ ᠤᠨ ᠤᠷᠤᠯᠭ᠎ᠠ ᠶᠢ ᠨᠡᠮᠡᠭᠲᠡᠭᠦᠯᠦᠨ᠎ᠠ
ᠨᠡᠶᠢᠲᠡᠯᠡᠭᠰᠡᠨ ᠴᠠᠭ᠄
2020/9/30
    ᠦᠣᠰᠢᠨ ᠬᠤᠰᠢᠭᠤᠨ ᠤ ᠰᠢᠷᠬᠤᠰᠣᠨ ᠭᠤᠤᠯ ᠪᠠᠯᠭᠠᠰᠣᠨ ᠤ ᠣᠳᠠ ᠶᠢᠨ ᠭᠤᠣᠯ ᠳᠣᠰᠬᠤᠨ ᠨᠢ ᠰᠢᠬᠢᠷᠯᠢᠭ ᠡᠷᠳᠡᠨᠢ ᠰᠢᠰᠢ ᠲᠠᠷᠢᠵᠣ ᠨᠠᠷᠢᠯᠢᠭ ᠪᠣᠯᠪᠠᠰᠣᠷᠠᠭᠤᠯᠣᠨ ᠵᠠᠬᠢᠶᠠᠯᠠᠭ᠎ᠠ ᠶᠢᠨ ᠳᠠᠷᠢᠶᠠᠯᠠᠩ ᠢ ᠬᠦᠭᠵᠢᠭᠦᠯᠵᠦ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠥᠨ᠂ ᠬᠦᠳᠡᠭᠡ ᠳᠣᠰᠬᠤᠨ ᠢ ᠬᠦᠭᠵᠢᠭᠦᠯᠬᠦ ᠳᠤ ᠬᠦᠴᠣᠨ ᠨᠡᠮᠡᠷᠢᠯᠡᠵᠣ ᠪᠠᠶᠢᠨ᠎ᠠ᠃     ᠦᠦᠰᠢᠨ ᠬᠤᠰᠢᠭᠤᠨ ᠤ ᠣᠳᠠ ᠶᠢᠨ ᠭᠤᠣᠯ ᠳᠣᠰᠬᠤᠨ ᠳᠤ ᠪᠠᠶᠢᠭ᠎ᠠ ᠯᠢᠦᠢ ᠮᠧᠩ ᠳᠠᠷᠢᠶᠠᠯᠠᠩ ᠮᠠᠯ ᠠᠵᠣ ᠠᠬᠤᠢ ᠶᠢᠨ ᠳᠣᠰᠬᠠᠢ ᠬᠤᠷᠰᠢᠶᠠᠵᠢᠯ ᠨᠢ ᠡᠨᠡ ᠵᠢᠯ ᠤᠳᠠ ᠶᠢᠨ ᠭᠤᠣᠯ ᠳᠣᠰᠬᠤᠨ ᠳᠤ 500 ᠭᠠᠷᠣᠢ ᠮᠦ ᠶᠢᠨ ᠰᠢᠬᠢᠷᠯᠢᠭ ᠡᠷᠳᠡᠨᠢ ᠰᠢᠰᠢ ᠳᠠᠷᠢᠵᠦ᠂ ᠮᠦ ᠪᠦᠷᠢ ᠳᠡᠭᠡᠨ 2600 ᠵᠢᠩ ᠤᠨ ᠬᠤᠷᠢᠶᠠᠯᠳᠠ ᠣᠯᠵᠦ᠂ ᠪᠦᠬᠦ ᠵᠢᠯ ᠳᠤ 400 ᠭᠠᠷᠣᠢ ᠳᠦᠮᠡᠨ ᠳᠦᠬᠦᠷᠢᠭ ᠤᠨ ᠦᠷᠳᠡᠭ ᠢ ᠪᠡᠶᠡᠯᠡᠬᠦᠯᠦᠭᠰᠡᠨ ᠪᠠᠶᠢᠨ᠎ᠠ᠃ ᠳᠣᠰ ᠬᠤᠷᠰᠢᠶᠠᠵᠢᠯ ᠨᠢ ᠰᠢᠬᠢᠷᠯᠢᠭ ᠡᠷᠳᠡᠨᠢ ᠰᠢᠰᠢ ᠶᠢ ᠢᠯᠭᠠᠵᠦ ᠰᠠᠯᠭᠠᠬᠤ᠂ ᠴᠡᠪᠡᠷᠯᠡᠵᠦ ᠠᠷᠢᠭᠤᠳᠬᠠᠬᠤ᠂ ᠵᠢᠩᠨᠡᠵᠦ ᠴᠢᠨᠠᠬᠤ᠂ ᠦᠨᠳᠦᠷ ᠳᠣᠯᠠᠭᠠᠨ ᠢᠶᠠᠷ ᠪᠠᠺᠲ᠋ᠧᠷᠢ ᠠᠯᠠᠬᠤ ᠵᠡᠷᠭᠡ ᠨᠠᠷᠢᠯᠢᠭ ᠶᠠᠪᠣᠴᠠ ᠪᠠᠷ ᠰᠢᠬᠢᠷᠯᠢᠭ ᠡᠷᠳᠡᠨᠢ ᠰᠢᠰᠢ ᠪᠠᠨ ᠪᠠᠺᠲ᠋ᠧᠷᠢ ᠦᠬᠡᠢ ᠪᠣᠭᠤᠳᠠᠯᠯᠠᠬᠤ ᠬᠦᠷᠳᠡᠯ᠎ᠡ ᠬᠤᠶᠠᠷ ᠴᠠᠭ ᠴᠤ ᠬᠡᠷᠡᠭᠰᠡᠬᠦ ᠦᠬᠡᠢ ᠪᠠᠷ ᠪᠦᠬᠦᠳᠡ ᠶᠢ ᠨᠢ ᠰᠢᠨ᠎ᠡ ᠰᠣᠷᠭᠤᠭ ᠢᠶᠠᠷ ᠨᠢ ᠪᠣᠭᠤᠳᠠᠯᠯᠠᠭᠠᠳ ᠪᠡᠬᠡᠵᠢᠩ᠂ ᠱᠠᠩᠬᠠᠢ᠂ ᠵᠢᠶᠠᠩᠰᠣ ᠮᠣᠵᠢ ᠣᠷᠣᠭᠤ ᠶᠠᠪᠣᠭᠤᠯᠳᠠᠭ᠃ ᠲᠤᠰ ᠬᠤᠷᠰᠢᠶᠠᠵᠢᠯ ᠨᠢ ᠡᠳᠦᠷ ᠪᠥᠷᠢ 4 ᠳᠦᠮᠡᠨ ᠡᠷᠳᠡᠨᠢ ᠰᠢᠰᠢ ᠬᠤᠷᠢᠶᠠᠵᠤ᠂ ᠣᠳᠣᠬᠠᠨ ᠪᠣᠯᠳᠠᠯ᠎ᠠ ᠨᠢᠭᠡᠨᠳᠡ 40 ᠳᠦᠮᠡᠨ ᠡᠷᠳᠡᠨᠢ ᠰᠢᠰᠢ ᠶᠢᠨ ᠵᠠᠬᠢᠶᠠᠯᠠᠭ᠎ᠠ ᠲᠤᠰᠤᠭᠰᠠᠨ ᠪᠠᠶᠢᠯ᠎ᠠ᠃     ᠣᠶᠢᠯᠠᠭᠠᠭᠰᠠᠨ ᠢᠶᠠᠷ᠂ ᠰᠢᠷᠬᠤᠰᠣᠨ ᠭᠤᠤᠯ ᠪᠠᠯᠭᠠᠰᠣᠨ ᠤ ᠣᠳᠠ ᠶᠢᠨ ᠭᠤᠣᠯ ᠳᠣᠰᠬᠤᠨ ᠨᠢ ︽ᠨᠠᠮ ᠤᠨ ᠡᠬᠦᠷ + ᠬᠤᠷᠰᠢᠶᠠᠵᠢᠯ + ᠰᠠᠭᠤᠷᠢᠨ ᠭᠠᠵᠠᠷ + ᠳᠠᠷᠢᠶᠠᠴᠢᠨ ᠠᠶᠢᠯ︾᠎ ᠤᠨ ᠵᠠᠭᠪᠣᠷ ᠢᠶᠠᠷ ᠨᠠᠮ ᠤᠨ ᠡᠬᠦᠷ ᠠᠴᠠ ᠬᠤᠷᠰᠢᠶᠠᠵᠢᠯ ᠢ ᠲᠡᠮᠵᠢᠬᠦ᠂ ᠬᠤᠷᠰᠢᠶᠠᠵᠢᠯ ᠠᠴᠠ ᠰᠠᠭᠤᠷᠢᠨ ᠭᠠᠵᠠᠷ ᠪᠠᠶᠢᠭᠤᠯᠤᠨ ᠳᠠᠷᠢᠶᠠᠴᠢᠳ ᠢ ᠬᠦᠯᠦᠰᠤᠯᠡᠨ ᠰᠢᠬᠢᠷᠯᠢᠭ ᠡᠷᠳᠡᠨᠢ ᠰᠢᠰᠢ ᠲᠠᠷᠢᠭᠤᠯᠵᠦ᠂ ᠳᠠᠷᠢᠶᠠᠴᠢᠳ ᠲᠤ ᠨᠢᠬᠡᠳᠦᠯᠳᠡᠢ ᠮᠡᠷᠭᠡᠵᠢᠯ ᠤᠨ ᠵᠢᠯᠣᠭᠤᠳᠣᠯᠭ᠎ᠠ ᠬᠢᠬᠦ ᠶᠢᠨ ᠬᠠᠮᠳᠤ ᠪᠠᠰᠠ ᠡᠷᠳᠡᠨᠢ ᠰᠢᠰᠢ ᠶᠢᠨ ᠦᠷ᠎ᠡ ᠬᠢᠭᠡᠳ ᠪᠣᠷᠳᠣᠭᠤᠷ ᠬᠠᠩᠭᠠᠳᠠᠭ ᠪᠠᠶᠢᠨ᠎ᠠ᠃ ᠴᠠᠭᠠᠰᠢᠯᠠᠨ ᠪᠠᠰᠠ ᠳᠠᠷᠢᠶᠠᠴᠢᠳ ᠲᠠᠢ ᠬᠡᠷ᠎ᠡ ᠳᠣᠭᠳᠠᠨ ᠨᠢᠬᠡᠳᠦᠯᠳᠡᠢ ᠪᠠᠷ ᠬᠤᠷᠢᠶᠠᠨ ᠠᠪᠴᠦ᠂ ᠪᠦᠲᠦᠭᠡᠭᠳᠡᠬᠦᠨ ᠤ ᠴᠢᠨᠠᠷ ᠴᠢᠨᠰᠠᠭ᠎ᠠ᠂ ᠦᠨ᠎ᠡ ᠪᠠ ᠲᠤᠭ᠎ᠠ ᠶᠢ ᠨᠢ ᠪᠠᠳᠣᠯᠠᠬᠤ ᠶᠢᠨ ᠣᠯᠠᠮ ᠢᠶᠠᠷ ᠵᠠᠬᠢᠶᠠᠯᠠᠭ᠎ᠠ ᠶᠢᠨ ᠳᠠᠷᠢᠶᠠᠯᠠᠩ ᠢ ᠬᠦᠭᠵᠢᠬᠦᠯᠦᠨ᠂ ᠨᠢᠬᠡᠳᠦᠬᠡᠷ᠂ ᠬᠤᠶᠠᠳᠣᠭᠠᠷ᠂ ᠭᠤᠷᠪᠠᠳᠣᠭᠠᠷ ᠠᠵᠣ ᠦᠢᠯᠡᠰ ᠤᠨ ᠬᠠᠮᠲᠣ ᠶᠢᠨ ᠠᠰᠢᠭᠲᠣ ᠴᠣᠭᠴᠠ ᠶᠢ ᠪᠦᠷᠢᠯᠳᠦᠬᠦᠯᠦᠨ᠂ ᠳᠣᠰᠬᠤᠨ ᠤ ᠬᠠᠮᠲᠣ ᠶᠢᠨ ᠠᠵᠣ ᠠᠬᠤᠢ ᠶᠢ ᠬᠦᠭᠵᠢᠬᠦᠯᠬᠦ ᠶᠢᠨ ᠬᠠᠮᠲᠣ ᠮᠠᠯᠴᠢᠨ ᠳᠠᠷᠢᠶᠠᠴᠢᠳ ᠤᠨ ᠣᠷᠣᠯᠭ᠎ᠠ ᠶᠢ ᠨᠡᠮᠡᠭᠳᠡᠬᠦᠯᠵᠦ ᠠᠰᠢᠭ ᠬᠦᠷᠳᠡᠭᠡᠵᠦ ᠪᠤᠢ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号