ᠰᠢ ᠶᠢᠨ ᠫᠢᠩ ᠠᠷᠭᠧᠨ᠋ᠲ᠋ᠢᠨ ᠤ ᠶᠡᠷᠦᠩᠬᠡᠶᠢᠯᠡᠭᠴᠢ ᠹᠧᠷᠨᠠᠨᠳᠧᠰ ᠲᠠᠢ ᠤᠲᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2020/9/30
   ᠤᠯᠤᠰ ᠤᠨ ᠲᠡᠷᠢᠭᠦᠯᠡᠭᠴᠢ ᠰᠢ ᠶᠢᠨ ᠫᠢᠩ 9 ᠰᠠᠷ᠎ᠠ ᠶᠢᠨ 29 ᠤ ᠤᠷᠤᠢ ᠠᠷᠭᠧᠨ᠋ᠲ᠋ᠢᠨ ᠤ ᠶᠡᠷᠦᠩᠬᠡᠶᠢᠯᠡᠭᠴᠢ ᠹᠧᠷᠨᠠᠨᠳᠧᠰ ᠲᠠᠢ ᠤᠲᠠᠰᠤ ᠪᠠᠷ ᠶᠠᠷᠢᠯᠴᠠᠪᠠ᠃    ᠰᠢ ᠶᠢᠨ ᠫᠢᠩ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠥᠬᠦ ᠳᠡᠯᠡᠬᠡᠶ ᠳᠤ ᠨᠢᠭᠡ ᠤᠳᠠᠭᠠᠨ ᠤ ᠬᠦᠨᠳᠤ ᠬᠡᠴᠡᠭᠦᠦ ᠰᠢᠯᠭᠠᠯᠲᠠ ᠪᠤᠯᠵᠠᠢ᠃ ᠬᠢᠵᠢᠭ ᠤᠨ ᠪᠠᠶᠢᠳᠠᠯ ᠤᠨ ᠡᠮᠦᠨ᠎ᠠ᠂ ᠳᠤᠮᠳᠠᠳᠤ ᠠᠷᠭᠧᠨ᠋ᠲ᠋ᠢᠨ ᠬᠤᠶᠠᠷ ᠤᠯᠤᠰ ᠤᠨ ᠵᠠᠰᠠᠭ ᠤᠨ ᠣᠷᠳᠣᠨ ᠴᠥᠮ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠲᠡᠷᠢᠭᠦᠨ ᠪᠠᠶᠢᠷᠢᠨ ᠳᠤ ᠲᠠᠯᠪᠢᠪᠠ᠃ ᠬᠤᠶᠠᠷ ᠤᠯᠤᠰ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠠᠢ᠃ ᠳᠤᠮᠳᠠᠳᠤ ᠶᠢᠨ ᠲᠠᠯ᠎ᠠ ᠳᠤᠷᠠᠲᠠᠶ᠎ᠠ ᠦᠷᠭᠦᠯᠵᠢᠯᠡᠨ ᠠᠷᠭᠧᠨ᠋ᠲ᠋ᠢᠨ ᠤ ᠲᠠᠯ᠎ᠠ ᠳᠤ ᠠᠯᠢ ᠪᠤᠯᠬᠤᠢᠢᠴᠠ ᠬᠠᠪᠰᠤᠷᠤᠯᠭ᠎ᠠ ᠦᠵᠡᠭᠦᠯᠵᠦ᠂ ᠠᠷᠭᠧᠨ᠋ᠲ᠋ᠢᠨ ᠤ ᠬᠢᠨ ᠲᠠᠢ ᠸᠠᠺᠼᠢᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠎ᠡ᠃ ᠳᠤᠮᠳᠠᠳᠤ ᠶᠢᠨ ᠲᠠᠯ᠎ᠠ ᠳᠤᠷᠠᠳᠠᠶ᠎ᠠ ᠠᠷᠭᠧᠨ᠋ᠲ᠋ᠢᠨ ᠢ ᠪᠠᠭᠲᠠᠭᠠᠭᠰᠠᠨ ᠳᠡᠯᠡᠬᠡᠶ ᠨᠡᠶᠢᠳᠡ ᠲᠠᠢ ᠬᠠᠮᠲᠤ ᠪᠠᠷ ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠦᠢᠯᠡᠳᠦᠯ ᠢᠶᠠᠨ ᠪᠠᠳᠠᠷᠠᠭᠤᠯᠬᠤ ᠶᠢ ᠡᠷᠡᠰ ᠳᠡᠮᠵᠢᠵᠦ᠂ ᠭᠠᠷ ᠬᠤᠯᠪᠤᠨ ᠬᠢᠵᠢᠭ ᠤᠨ ᠪᠠᠶᠢᠳᠠᠯ ᠢ ᠡᠷᠳᠡ ᠨᠢᠭᠡᠨ ᠡᠳᠦᠷ ᠲᠦᠢᠯᠪᠤᠷᠢᠲᠠᠶ ᠢᠯᠠᠨ ᠳᠠᠪᠠᠵᠤ᠂ ᠬᠥᠮᠦᠨ ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠳᠠ ᠶᠢ ᠬᠠᠮᠲᠤ ᠪᠠᠷ ᠠᠬᠢᠭᠤᠯᠤᠨ᠎ᠠ ᠭᠡᠵᠤ ᠵᠢᠭᠠᠵᠤ ᠭᠠᠷᠭᠠᠪᠠ᠃    ᠰᠢ ᠶᠢᠨ ᠫᠢᠩ᠂ ᠳᠤᠮᠳᠠᠳᠤ ᠶᠢᠨ ᠲᠠᠯ᠎ᠠ ᠠᠷᠭᠧᠨ᠋ᠲ᠋ᠢᠨ ᠯᠤᠭ᠎ᠠ ᠶᠢᠨ ᠭᠠᠳᠠᠭᠠᠳᠦ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠭᠧᠨ᠋ᠲ᠋ᠢᠨ ᠤ ᠲᠠᠯ᠎ᠠ ᠶᠢᠨ ᠬᠢᠨ ᠤ ᠠᠵᠤ ᠠᠬᠤᠶ ᠪᠠᠨ ᠬᠥᠭᠵᠢᠭᠦᠯᠵᠦ᠂ ᠠᠷᠠᠳ ᠤᠨ ᠠᠮᠢᠳᠤᠷᠠᠯ ᠢᠶᠠᠨ ᠰᠠᠶᠢᠵᠢᠷᠠᠭᠤᠯᠬᠤ ᠶᠢ ᠳᠡᠮᠵᠢᠵᠤ᠂ ᠳᠤᠮᠳᠠᠳᠤ ᠠᠷᠭᠧᠨ᠋ᠲ᠋ᠢᠨ ᠤ ᠬᠠᠮᠲᠤᠷᠠᠯᠴᠠᠭᠠᠨ ᠤ ᠢᠷᠡᠭᠡᠳᠦᠢ ᠳᠤ ᠢᠲᠡᠭᠡᠯ ᠳᠦᠭᠦᠷᠡᠩ ᠪᠠᠶᠢᠨ᠎ᠠ᠃ ᠳᠤᠮᠳᠠᠳᠤ ᠤᠯᠤᠰ ᠭᠠᠳᠠᠭᠠᠳᠤ ᠨᠡᠭᠡᠭᠡᠯᠲᠡ ᠶᠢᠨ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠪᠦ᠋ᠷᠢᠯᠳᠤᠬᠦ ᠶᠢ ᠠᠬᠢᠭᠤᠯᠬᠤ ᠪᠤᠯᠤᠨ᠎ᠠ᠃ ᠡᠨᠡ ᠨᠢ ᠠᠷᠭᠧᠨ᠋ᠲ᠋ᠢᠨ ᠢ ᠪᠠᠭᠲᠠᠭᠠᠭᠰᠠᠨ ᠳᠡᠯᠡᠬᠡᠶ ᠶᠢᠨ ᠡᠯ᠎ᠡ ᠤᠯᠤᠰ ᠲᠤ ᠥᠷᠭᠡᠨ ᠠᠭᠤᠳᠠᠮ ᠵᠠᠬ᠎ᠠ ᠳᠡᠯᠭᠡᠭᠦᠷ ᠪᠠ ᠬᠥᠭᠵᠢᠯᠲᠡ ᠶᠢᠨ ᠲᠣᠬᠢᠶᠠᠯ ᠬᠠᠩᠭᠠᠬᠤ ᠪᠣᠯᠤᠨ᠎ᠠ᠃ ᠳᠤᠮᠳᠠᠳᠤ ᠠᠷᠭᠧᠨ᠋ᠲ᠋ᠢᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠰᠠᠭᠤᠷᠢ ᠰᠠᠶᠢᠨ᠂ ᠤᠶᠠᠨ ᠬᠠᠳᠠᠨ ᠴᠢᠨᠠᠷ ᠴᠢᠩᠭ᠎ᠠ᠂ ᠳᠠᠯᠳᠠ ᠬᠦᠴᠦᠨ ᠶᠡᠭᠡ ᠪᠠᠶᠢᠨ᠎ᠠ᠃ ᠳᠤᠮᠳᠠᠳᠤ ᠶᠢᠨ ᠲᠠᠯ᠎ᠠ ᠠᠷᠭᠧᠨ᠋ᠲ᠋ᠢᠨ ᠤ ᠴᠢᠨᠠᠷ ᠰᠠᠶᠢᠲᠠᠶ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠭᠦᠨ ᠪᠣᠯᠤᠨ ᠥᠨᠳᠥᠷ ᠳᠠᠭᠠᠯᠳᠠ ᠥᠷᠲᠡᠭ ᠲᠠᠢ ᠦᠢᠯᠡᠳᠬᠦᠨ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠣᠷᠣᠵᠤ ᠢᠷᠡᠬᠦ ᠶᠢ ᠪᠠᠶᠠᠷᠯᠠᠨ ᠤᠭᠲᠤᠵᠤ᠂ ᠠᠷᠭᠧᠨ᠋ᠲ᠋ᠢᠨ ᠤ ᠲᠠᠯ᠎ᠠ ᠶᠢᠨ ᠬᠢᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠳᠤ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠣᠳᠣ ᠪᠠᠶᠢᠭ᠎ᠠ ᠴᠢᠬᠤᠯᠠ ᠶᠡᠭᠡ ᠲᠥᠷᠥᠯ ᠵᠦᠢᠯ ᠢ ᠰᠠᠶᠢᠲᠤᠷ ᠨᠠᠶᠢᠳᠠᠪᠤᠷᠢᠵᠢᠭᠤᠯᠵᠤ᠂ ᠬᠠᠮᠳᠤᠷᠠᠯᠴᠠᠭᠠᠨ ᠤ ᠰᠢᠨ᠎ᠡ ᠤᠷᠤᠨ ᠵᠠᠢ ᠶᠢ ᠨᠡᠭᠡᠭᠡᠶ᠎ᠠ᠃ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠠᠷᠭᠧᠨ᠋ᠲ᠋ᠢᠨ ᠤ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠨᠡᠩ ᠶᠡᠭᠡ ᠬᠥᠭᠵᠢᠯᠲᠡ ᠲᠠᠢ ᠪᠣᠯᠬᠤ ᠶᠢ ᠠᠬᠢᠭᠤᠯᠤᠶ᠎ᠠ ᠭᠡᠵᠤ ᠴᠢᠬᠤᠯᠠᠴᠢᠯᠠᠪᠠ᠃    ᠰᠢ ᠶᠢᠨ ᠫᠢᠩ᠂ ᠬᠥᠮᠦᠨ ᠲᠥᠷᠥᠯᠬᠢᠲᠡᠨ ᠨᠢᠭᠡᠨᠲᠡ ᠬᠤᠯᠪᠣᠯᠳᠤᠨ ᠨᠡᠪᠲᠡᠷᠡᠯᠴᠡᠬᠦ ᠰᠢᠨ᠎ᠡ ᠴᠠᠭ ᠦᠶ᠎ᠡ ᠳᠤ ᠣᠷᠣᠵᠤ᠂ ᠡᠯ᠎ᠠ ᠤᠯᠤᠰ ᠤᠨ ᠠᠰᠢᠭ ᠲᠤᠰᠠ ᠨᠢᠭᠳᠠ ᠬᠤᠯᠪᠤᠯᠲᠤᠵᠦ᠂ ᠬᠤᠪᠢ ᠵᠠᠶᠠᠭ᠎ᠠ ᠨᠢᠭᠡᠳᠠᠢ ᠪᠤᠯᠪᠠ᠃ ᠬᠢᠵᠢᠭ ᠤᠨ ᠪᠠᠶᠢᠳᠠᠯ ᠢ ᠠᠷᠭᠠᠴᠠᠭᠠᠬᠤ ᠭᠡᠰᠡᠨ ᠴᠤ᠂ ᠠᠵᠤ ᠠᠬᠤᠶ ᠪᠠᠨ ᠰᠡᠷᠭᠦᠭᠡᠬᠦ ᠭᠡᠰᠡᠨ ᠴᠤ᠂ ᠪᠢᠳᠡ ᠪᠦᠷ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠲᠤᠭ ᠢ ᠥᠨᠳᠥᠷ ᠮᠠᠨᠳᠤᠭᠤᠯᠵᠤ᠂ ᠪᠦᠯᠬᠦᠮᠳᠡᠨ ᠬᠠᠮᠲᠤᠷᠠᠯᠴᠠᠬᠤ᠂ ᠬᠠᠮᠲᠤ ᠪᠠᠷ ᠬᠥᠭᠵᠢᠬᠦ ᠵᠠᠮ ᠢᠶᠠᠷ ᠵᠠᠮᠨᠠᠬᠤ ᠬᠡᠷᠡᠭᠲᠡᠶ᠃ ᠳᠤᠮᠳᠠᠳᠤ ᠠᠷᠭᠧᠨ᠋ᠲ᠋ᠢᠨ ᠪᠣᠯ ᠪᠦᠷ ᠴᠢᠬᠤᠯᠠ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠠ ᠬᠥᠭᠵᠢᠵᠦ ᠪᠠᠶᠢᠭ᠎ᠠ ᠤᠯᠤᠰ ᠪᠣᠯᠤᠨ᠎ᠠ᠃ ᠳᠤᠮᠳᠠᠳᠤ ᠶᠢᠨ ᠲᠠᠯ᠎ᠠ ᠲᠤᠷᠠᠲᠠᠶ᠎ᠠ ᠠᠷᠭᠧᠨ᠋ᠲ᠋ᠢᠨ ᠤ ᠲᠠᠯ᠎ᠠ ᠲᠠᠢ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠬᠤᠷᠢᠨ ᠤᠯᠤᠰ ᠤᠨ ᠪᠦᠯᠦᠭᠯᠡᠯ᠂ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠵᠡᠷᠭᠡ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠠ ᠣᠯᠠᠨ ᠳᠠᠯᠠᠳᠦ ᠲᠣᠭᠲᠠᠴᠠ ᠳᠠᠬᠢ ᠤᠯᠤᠯᠴᠠᠭ᠎ᠠ ᠪᠠ ᠵᠣᠬᠢᠴᠠᠭᠤᠯᠭ᠎ᠠ ᠪᠠᠨ ᠴᠢᠩᠭᠠᠳᠬᠠᠨ᠂ ᠣᠯᠠᠨ ᠲᠠᠯᠠᠲᠤ ᠦᠵᠡᠯ ᠢ ᠬᠠᠮᠲᠤ ᠪᠠᠷ ᠳᠠᠮᠵᠢᠵᠤ᠂ ᠨᠡᠭᠡᠭᠡᠯᠲᠡᠲᠤ ᠪᠠᠭᠲᠠᠭᠠᠮᠵᠢᠲᠠᠶ ᠳᠡᠯᠡᠬᠡᠶ ᠶᠢᠨ ᠠᠵᠤ ᠠᠬᠤᠶ ᠶᠢ ᠪᠠᠶᠢᠭᠤᠯᠬᠤ ᠶᠢ ᠠᠬᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠦᠷᠭᠦᠯᠵᠢᠯᠡᠬᠦ ᠬᠥᠭᠵᠢᠯᠲᠡ ᠶᠢ ᠪᠠᠷᠢᠮᠲᠠᠯᠠᠨ᠂ ᠳᠡᠯᠡᠬᠡᠢ ᠶᠢᠨ ᠰᠢᠰᠲ᠋ᠧᠮ ᠪᠣᠯᠤᠨ ᠤᠯᠠᠨ ᠤᠯᠤᠰ ᠤᠨ ᠡᠮᠬᠢ ᠳᠢᠭᠯᠢᠮ  ᠤᠨ ᠨᠡᠩ ᠲᠥᠪ ᠭᠤᠤᠯᠴᠢ ᠵᠦᠶ ᠵᠣᠬᠢᠰᠲᠠᠶ ᠴᠢᠭᠯᠡᠯ ᠢᠶᠠᠷ ᠬᠥᠭᠵᠢᠬᠦ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠦᠨ᠎ᠡ ᠭᠡᠵᠦ ᠴᠢᠬᠤᠯᠠᠴᠢᠯᠠᠪᠠ᠃    ᠹᠧᠷᠨᠠᠨᠳᠧᠰ ᠳᠤᠮᠳᠠᠳᠤ ᠤᠯᠤᠰ ᠤᠨ ᠠᠷᠠᠳ ᠲᠦᠮᠡᠨ ᠳᠤ ᠤᠯᠤᠰ ᠤᠨ ᠪᠠᠶᠠᠷ ᠤᠨ ᠮᠡᠨᠳᠦ ᠬᠦᠷᠭᠡᠪᠠ᠃ ᠲᠡᠷᠡ᠂ ᠪᠢ ᠲᠡᠷᠢᠭᠦᠯᠡᠭᠴᠢ ᠰᠢ ᠶᠢᠨ ᠫᠢᠩ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠤᠨ ᠡᠩ ᠤᠨ ᠮᠠᠷᠭᠤᠯᠳᠤᠭᠠᠨ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠴᠤ᠂ ᠲᠠᠨ ᠤ ᠬᠤᠯᠠ ᠶᠢᠨ ᠬᠠᠷᠠᠴᠠ ᠪᠣᠯᠤᠨ ᠡᠭᠦᠷᠭᠡᠯᠡᠯ ᠢ ᠪᠢᠰᠢᠷᠡᠵᠦ ᠪᠠᠶᠢᠬᠤ ᠪᠠᠨ ᠢᠯᠡᠳᠬᠡᠵᠦ ᠪᠠᠶᠢᠨ᠎ᠠ᠃ ᠠᠷᠭᠧᠨ᠋ᠲ᠋ᠢᠨ ᠳᠤᠮᠳᠠᠳᠤ ᠬᠤᠶᠠᠷ ᠤᠯᠤᠰ ᠣᠯᠠᠨ ᠲᠠᠯᠠᠲᠤ ᠦᠵᠡᠯ ᠢ ᠪᠠᠷᠢᠮᠲᠠᠯᠠᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠵᠡᠷᠭᠡ ᠣᠯᠠᠨ ᠠᠰᠠᠭᠤᠳᠠᠯ ᠳᠡᠭᠡᠷ᠎ᠡ ᠬᠠᠮᠲᠤ ᠶᠢᠨ ᠲᠠᠨᠢᠯᠲᠠ ᠲᠠᠢ᠂ ᠠᠷᠭᠧᠨ᠋ᠲ᠋ᠢᠨ ᠤ ᠲᠠᠯ᠎ᠠ ᠳᠤᠷᠠᠲᠠᠶ᠎ᠠ ᠳᠤᠮᠳᠠᠳᠤ ᠶᠢᠨ ᠲᠠᠯ᠎ᠠ ᠲᠠᠢ ᠡᠳᠡᠭᠡᠷ ᠠᠰᠠᠭᠤᠳᠠᠯ ᠤᠨ ᠲᠤᠬᠠᠢ ᠤᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠨ᠎ᠠ᠃ ᠳᠤᠮᠳᠠᠳᠤ ᠤᠯᠤᠰ ᠤᠨ ᠬᠥᠭᠵᠢᠯᠲᠡ ᠪᠣᠯ ᠠᠷᠭᠧᠨ᠋ᠲ᠋ᠢᠨ ᠤ ᠴᠢᠬᠤᠯᠠ ᠠᠵᠠ ᠲᠣᠬᠢᠶᠠᠯ ᠮᠥᠨ᠂ ᠠᠷᠭᠧᠨ᠋ᠲ᠋ᠢᠨ ᠲᠤᠮᠲᠠᠲᠤ ᠶᠢᠨ ᠬᠠᠷᠢᠯᠴᠠᠭ᠎ᠠ ᠶᠢ ᠴᠢᠩᠭᠠᠳᠬᠠᠬᠤ ᠪᠣᠯ ᠠᠷᠭᠧᠨ᠋ᠲ᠋ᠢᠨ ᠤ ᠭᠠᠳᠠᠭᠠᠳᠤ ᠬᠠᠷᠢᠯᠴᠠᠭᠠᠨ ᠤ ᠲᠦᠷᠦ ᠶᠢᠨ ᠪᠤᠳᠤᠯᠭ᠎ᠠ ᠶᠢᠨ ᠴᠢᠬᠤᠯᠠ ᠠᠴᠠ ᠴᠢᠬᠤᠯᠠ ᠠᠵᠢᠯ ᠪᠣᠯᠤᠨ᠎ᠠ᠃ ᠠᠷᠭᠧᠨ᠋ᠲ᠋ᠢᠨ ᠤ ᠲᠠᠯ᠎ᠠ ᠠᠷᠭᠧᠨ᠋ᠲ᠋ᠢᠨ ᠳᠤᠮᠳᠠᠳᠤ ᠬᠤᠶᠠᠷ ᠤᠯᠤᠰ ᠤᠨ ᠠᠷᠠᠯᠵᠢᠶ᠎ᠠ᠂ ᠪᠡᠯᠡ ᠣᠷᠣᠭᠤᠯᠤᠯᠲᠠ᠂ ᠰᠠᠭᠤᠷᠢ ᠲᠥᠬᠦᠭᠡᠷᠦᠮᠵᠢ᠂ ᠮᠥᠩᠭᠦᠨ ᠬᠦᠢᠯᠭᠡᠭᠡᠨ ᠵᠡᠷᠭᠡ ᠥᠷᠭᠡᠨ ᠬᠦᠷᠢᠶᠡᠨ ᠳᠠᠬᠢ ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ᠃ ᠡᠨᠡ ᠨᠢ ᠠᠷᠭᠧᠨ᠋ᠲ᠋ᠢᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠦᠢᠯ ᠤᠨ ᠶᠡᠭᠡ ᠬᠦᠴᠦᠨ ᠨᠡᠮᠡᠷᠢᠯᠡᠬᠦ ᠶᠢ ᠢᠲᠡᠭᠡᠵᠦ ᠪᠠᠶᠢᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠳᠤ ᠲᠤᠮᠲᠠᠲᠤ ᠶᠢᠨ ᠲᠠᠯ᠎ᠠ ᠶᠢᠨ ᠠᠷᠭᠧᠨ᠋ᠲ᠋ᠢᠨ ᠳᠤ ᠦᠵᠡᠭᠦᠯᠦᠭᠰᠡᠨ ᠬᠠᠪᠰᠤᠷᠤᠯᠭ᠎ᠠ ᠳᠡᠮᠵᠢᠯᠭᠡ ᠳᠤ ᠲᠠᠯᠠᠷᠬᠠᠵᠤ ᠪᠠᠶᠢᠨ᠎ᠠ᠂ ᠬᠢᠵᠢᠭ ᠤᠨ ᠪᠠᠶᠢᠳᠠᠯ ᠢ ᠤᠯᠤᠰ ᠲᠥᠷᠥᠴᠢᠯᠡᠬᠦ ᠶᠢ ᠡᠰᠡᠷᠭᠦᠴᠡᠵᠦ᠂ ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠦᠢᠯᠡᠳᠦᠯ ᠢᠶᠠᠨ ᠪᠠᠳᠠᠷᠠᠭᠤᠯᠬᠤ ᠶᠢ ᠳᠠᠮᠵᠢᠵᠤ ᠪᠠᠶᠢᠨ᠎ᠠ᠂ ᠳᠤᠮᠳᠠᠳᠤ ᠶᠢᠨ ᠲᠠᠯ᠎ᠠ ᠶᠢᠨ ᠬᠢᠨ ᠲᠠᠢ ᠸᠠᠺᠼᠢᠨ ᠤ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠭᠡᠪᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号