ᠦᠤᠰᠢᠨ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠭᠤᠤᠯᠳᠠᠯᠭ᠎ᠠ ᠲᠠᠢ ᠠᠵᠢᠯ ᠤᠨ ᠳᠤᠭᠤᠷᠢᠨ ᠳᠤ ᠳᠤᠰᠬᠠᠢ ᠴᠡᠭᠴᠡᠯᠡᠨ ᠵᠠᠰᠠᠬᠤ ᠠᠵᠢᠯ ᠢ ᠴᠢᠬᠤᠯᠠᠴᠢᠯᠠᠨ ᠬᠢᠵᠠᠢ
ᠨᠡᠶᠢᠲᠡᠯᠡᠭᠰᠡᠨ ᠴᠠᠭ᠄
2020/9/4
     ᠡᠨᠡ ᠵᠢᠯ ᠠᠴᠠ ᠨᠠᠭᠠᠰᠢ᠂ ᠦᠤᠰᠢᠨ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ︽ᠬᠡᠯᠪᠡᠷᠢᠴᠢ ᠦᠵᠡᠯ ᠪᠠ ᠨᠤᠶᠠᠨᠴᠢ ᠰᠤᠷᠳᠠᠯ ᠤᠨ ᠠᠷᠪᠠᠨ ᠵᠦᠢᠯ ᠤᠨ ᠢᠯᠡᠷᠡᠯ ᠢ ᠳᠦᠪᠯᠡᠷᠡᠭᠦᠯᠦᠨ ᠴᠡᠭᠴᠡᠯᠡᠬᠦ 2018 ᠤᠨ ᠤ ᠬᠡᠷᠡᠭᠵᠢᠭᠦᠯᠬᠦ ᠳᠦᠰᠦᠯ︾᠂ ︽2018 ᠤᠨ ᠠᠴᠠ 2020 ᠤᠨ ᠤ ᠬᠤᠭᠤᠷᠤᠨᠳᠤᠬᠢ ᠶᠠᠳᠠᠭᠤ ᠶᠢ ᠳᠡᠳᠬᠦᠬᠦ ᠬᠦᠷᠢᠶᠡᠨ ᠳᠠᠬᠢ ᠢᠯᠵᠠᠷᠡᠯ ᠪᠠ ᠰᠤᠷᠳᠠᠯ ᠤᠨ ᠠᠰᠠᠭᠤᠳᠠᠯ ᠢ ᠳᠤᠰᠬᠠᠶᠢᠯᠠᠨ ᠴᠡᠭᠴᠡᠯᠡᠬᠦ ᠠᠵᠢᠯ ᠤᠨ ᠬᠡᠷᠡᠭᠵᠢᠭᠦᠯᠬᠦ ᠳᠦᠰᠦᠯ︾ ᠢ ᠳᠠᠷᠤᠮᠠᠯᠯᠡᠨ ᠳᠠᠷᠬᠠᠭᠠᠵᠤ᠂ ᠶᠠᠳᠠᠭᠤ ᠶᠢ ᠳᠡᠳᠬᠦᠬᠦ ᠬᠦᠷᠢᠶᠡᠨ ᠳᠠᠬᠢ ᠢᠯᠵᠠᠷᠠᠯ ᠪᠠ ᠰᠤᠷᠳᠠᠯ ᠤᠨ ᠠᠰᠠᠭᠤᠳᠠᠯ ᠢ ᠳᠤᠰᠬᠠᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠢ ᠵᠤᠬᠢᠶᠠᠨ ᠪᠠᠶᠢᠭᠤᠯᠵᠦ᠂ ︽3+5︾ ᠳᠤᠰᠬᠠᠢ ᠳᠦᠷᠤᠯ ᠤᠨ ᠴᠡᠭᠴᠡᠯᠡᠨ ᠵᠠᠰᠠᠬᠤ ᠠᠵᠢᠯ ᠢ ᠬᠦᠴᠦᠯᠡᠨ ᠠᠬᠢᠭᠤᠯᠪᠠ᠃ 3 ᠶᠡᠭᠡ ᠳᠠᠯ᠎ᠠ ᠶᠢᠨ 23 ᠵᠤᠷᠪᠤᠰ ᠱᠠᠭᠠᠷᠳᠠᠨ ᠪᠠᠶᠢᠴᠠᠭᠠᠬᠤ ᠨᠠᠷᠢᠨ ᠠᠭᠤᠯᠭ᠎ᠠ ᠶᠢ ᠳᠤᠳᠤᠷᠬᠠᠶᠢᠯᠠᠨ ᠭᠠᠷᠭᠠᠵᠦ᠂ ︽3+5︾ ᠳᠤᠰᠬᠠᠢ ᠳᠦᠷᠤᠯ ᠤᠨ ᠴᠡᠭᠴᠡᠯᠡᠨ ᠵᠠᠰᠠᠬᠤ ᠠᠵᠢᠯ ᠤᠨ ᠪᠠᠶᠢᠴᠠᠭᠠᠬᠤ ᠳᠤᠭᠤᠶᠢᠯᠠᠩ ᠢ 6 ᠪᠠᠶᠢᠭᠤᠯᠵᠦ᠂ ᠳᠤᠰᠬᠠᠢ ᠪᠠᠶᠢᠴᠠᠭᠠᠯᠳᠠ ᠬᠢᠬᠦ ᠪᠠᠷ ᠳᠠᠮᠵᠢᠭᠤᠯᠤᠨ ᠨᠡᠶᠢᠳᠡ 34 ᠠᠰᠠᠭᠤᠳᠠᠯ ᠢ ᠢᠯᠡᠷᠡᠭᠦᠯᠦᠭᠰᠡᠨ ᠮᠦᠷᠳᠡᠭᠡᠨ ᠨᠢᠭᠡᠨᠳᠡ ᠵᠠᠰᠠᠨ ᠴᠡᠭᠴᠡᠯᠡᠬᠦ ᠰᠠᠨᠠᠯ ᠢᠶᠠᠨ ᠳᠤᠷᠠᠳᠤᠭᠰᠠᠨ ᠪᠠᠶᠢᠨ᠎ᠠ᠃ ᠪᠠᠶᠠᠷ ᠳᠤᠷᠠᠰᠬᠠᠯ ᠤᠨ ᠡᠳᠤᠷ ᠤᠨ ᠴᠢᠯᠦᠭᠡᠨ ᠤ ᠳᠠᠰᠢᠷᠠᠮ ᠢᠶᠠᠷ ︽ᠰᠠᠬᠢᠯᠭ᠎ᠠ ᠪᠠᠳᠤ ᠶᠢ ᠴᠢᠩᠳᠠᠯᠠᠨ ︿ᠳᠦᠷᠪᠡᠨ ᠰᠤᠷᠳᠠᠯ﹀ ᠢ ᠴᠢᠨᠠᠭᠰᠢᠳᠠ ᠴᠡᠭᠴᠡᠯᠡᠨ ᠰᠠᠶᠢᠵᠢᠷᠠᠭᠤᠯᠬᠤ ᠳᠤᠬᠠᠢ ᠮᠡᠳᠡᠭᠳᠡᠯ︾ ᠢ ᠳᠠᠷᠤᠮᠠᠯᠯᠠᠨ ᠳᠠᠷᠬᠠᠭᠠᠵᠦ᠂ ᠢᠯᠡ ᠪᠤᠶᠤ ᠨᠢᠭᠤᠴᠠ ᠪᠠᠷ ᠪᠠᠶᠢᠴᠠᠭᠠᠬᠤ ᠳᠤᠰᠬᠠᠢ ᠳᠤᠭᠤᠶᠢᠯᠠᠩ ᠳᠤᠮᠢᠯᠠᠨ 3 ᠤᠳᠠᠭᠠᠨ ᠤ ᠪᠠᠶᠢᠴᠠᠭᠠᠯᠳᠠ ᠬᠢᠵᠦ᠂ ᠨᠡᠶᠢᠳᠡ 2 ᠠᠰᠠᠭᠤᠳᠠᠯ‌ᠢ ᠢᠯᠡᠷᠡᠬᠦᠯᠦᠭᠰᠡᠨ ᠪᠦᠭᠡᠳ ᠨᠢᠭᠡᠨᠳᠡ ᠴᠡᠭᠴᠡᠯᠡᠨ ᠰᠠᠶᠢᠵᠢᠷᠠᠭᠤᠯᠪᠡ᠃ ᠰᠤᠮᠤ ᠪᠠᠯᠭᠠᠰᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠪᠠ ᠳᠤᠮᠢᠯᠡᠨ ᠰᠠᠭᠤᠯᠭᠠᠬᠰᠡᠨ ᠰᠠᠬᠢᠯᠭ᠎ᠠ ᠪᠠᠳᠤ ᠪᠠᠶᠢᠴᠠᠭᠠᠬᠤ ᠳᠤᠭᠤᠶᠢᠯᠠᠩ ᠨᠡᠶᠢᠳᠡ 80 ᠭᠠᠷᠤᠢ ᠤᠳᠠᠭᠠᠨ ᠤ ᠳᠤᠰᠬᠠᠢ ᠪᠠᠶᠢᠴᠠᠭᠠᠯᠳᠠ ᠬᠢᠵᠦ᠂ ᠨᠡᠶᠢᠳᠡ 17 ᠠᠰᠠᠭᠤᠳᠠᠯ ᠢ ᠢᠯᠡᠷᠡᠭᠦᠯᠦᠨ᠂ ᠨᠢᠭᠡᠨᠳᠡ ᠪᠦᠭᠦᠨ ᠢ ᠴᠡᠭᠴᠡᠯᠡᠨ ᠰᠠᠶᠢᠵᠢᠷᠠᠭᠤᠯᠪᠡ᠃ ︽3+5︾ ᠳᠤᠰᠬᠠᠢ ᠴᠡᠭᠴᠡᠯᠡᠨ ᠵᠠᠰᠠᠬᠤ ᠠᠵᠢᠯ ᠲᠠᠢ ᠬᠤᠯᠪᠤᠭᠳᠠᠭᠰᠠᠨ 26 ᠠᠰᠠᠭᠤᠳᠠᠯ ᠤᠨ ᠰᠦᠪᠡᠭᠴᠢ ᠠᠴᠠ 6 ᠠᠰᠠᠭᠤᠳᠠᠯ ᠤᠨ ᠰᠦᠪᠡᠭᠴᠢ ᠶᠢ ᠨᠢᠭᠡᠨᠳᠡ ᠰᠢᠢᠳᠪᠤᠷᠢᠯᠡᠨ᠂ ᠦᠯᠡᠳᠡᠭᠰᠡᠨ 20 ᠠᠰᠠᠭᠤᠳᠠᠯ ᠤᠨ ᠰᠦᠪᠡᠭᠴᠢ ᠶᠢ ᠶᠠᠭ ᠰᠢᠢᠳᠪᠤᠷᠢᠯᠡᠵᠦ ᠪᠠᠶᠢᠭ᠎ᠠ ᠱᠠᠳᠤᠨ ᠳᠠᠭᠠᠨ ᠪᠤᠢ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号