ᠰᠢ ᠶᠢᠨ ᠫᠢᠩ ᠮᠤᠷᠤᠺᠺᠤ ᠶᠢᠨ ᠤᠯᠤᠰ ᠤᠨ ᠸᠠᠩ ᠮᠦᠬᠠᠠᠮᠦ᠋ᠳ᠋ ᠵᠢᠷᠭᠤᠳᠤᠭᠠᠷ ᠲᠠᠢ ᠤᠲᠠᠰᠤ ᠪᠠᠷ ᠶᠠᠷᠢᠯᠴᠠᠵᠠᠢ
ᠨᠡᠶᠢᠲᠡᠯᠡᠭᠰᠡᠨ ᠴᠠᠭ᠄
2020/9/4
     ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 31 ᠤ ᠴᠠᠬᠢᠯᠭᠠᠨ ᠮᠡᠳᠡᠭᠡ   ᠤᠯᠤᠰ ᠤᠨ ᠲᠡᠷᠢᠭᠦᠯᠡᠭᠴᠢ ᠰᠢ ᠶᠢᠨ ᠫᠢᠩ 8 ᠰᠠᠷ᠎ᠠ ᠶᠢᠨ 31 ᠤ ᠤᠷᠤᠢ ᠮᠤᠷᠤᠺᠺᠤ ᠶᠢᠨ ᠤᠯᠤᠰ ᠤᠨ ᠸᠠᠩ ᠮᠦᠬᠠᠠᠮᠦ᠋ᠳ᠋ ᠵᠢᠷᠭᠤᠳᠤᠭᠠᠷ ᠲᠠᠢ ᠤᠲᠠᠰᠤ ᠪᠠᠷ ᠶᠠᠷᠢᠯᠴᠠᠵᠠᠢ᠃      ᠰᠢ ᠶᠢᠨ ᠫᠢᠩ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠮᠤᠷᠤᠺᠺᠤ ᠶᠢᠨ ᠵᠠᠰᠠᠭ ᠤᠨ ᠣᠷᠳᠣᠨ ᠪᠣᠯᠤᠨ ᠠᠷᠠᠳ ᠲᠦᠮᠡᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ‌‍ᠤᠨ ᠬᠢᠵᠢᠭ ᠲᠠᠢ ᠲᠡᠮᠡᠴᠡᠭᠰᠡᠡ ᠳᠤ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠬᠤ ᠪᠦ᠋ᠭᠡᠳ ᠡᠷᠡᠰ ᠲᠡᠮᠵᠢᠵᠦ ᠪᠠᠶᠢᠭ᠎ᠠ ᠪᠠᠨ ᠢᠯᠡᠳᠬᠡᠪᠡ᠃ ᠰᠢ ᠶᠢᠨ ᠫᠢᠩ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠪᠥᠬᠦ ᠳᠡᠯᠡᠬᠡᠶ ᠳᠤ ᠠᠪᠴᠤ ᠬᠡᠯᠡᠪᠡᠯ ᠨᠢᠭᠡ ᠤᠳᠠᠭᠠᠨ ᠤ ᠬᠠᠲᠠᠭᠤ ᠰᠢᠯᠭᠠᠯᠲᠠ ᠪᠣᠯᠤᠨ᠎ᠠ᠃ ᠳᠤᠮᠳᠠᠳᠤ ᠮᠤᠷᠤᠺᠺᠤ ᠬᠢᠵᠢᠭ ᠤᠨ ᠪᠠᠶᠢᠳᠠᠯ ᠤᠨ ᠡᠮᠦᠨ᠎ᠡ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠪᠢ ᠲᠠᠨ ᠲᠠᠢ ᠣᠯᠠᠨ ᠤᠳᠠᠭ᠎ᠠ ᠵᠠᠬᠢᠳᠠᠯ ᠨᠡᠪᠲᠡᠷᠡᠯᠴᠡᠭᠰᠡᠨ ᠪᠠᠶᠢᠨ᠎ᠠ᠃ ᠳᠤᠮᠳᠠᠳᠤ ᠤᠯᠤᠰ ᠬᠢᠵᠢᠭ ᠲᠠᠢ ᠲᠡᠮᠡᠴᠡᠵᠤ ᠪᠠᠶᠢᠭᠰᠠᠨ ᠠᠩᠬᠠᠨ ᠤ ᠣᠢᠶ᠎ᠠ ᠳᠤ᠂ ᠮᠤᠷᠤᠺᠺᠤ ᠳᠤᠮᠳᠠᠳᠤ ᠤᠯᠤᠰ ᠲᠤ ᠨᠠᠨᠳᠢᠨ ᠳᠡᠮᠵᠢᠯᠭᠡ ᠪᠠ ᠲᠤᠰᠠᠯᠠᠮᠵᠢ ᠦᠵᠡᠭᠦᠯᠦᠭᠰᠡᠨ ᠪᠥᠭᠡᠳ ᠮᠤᠷᠤᠺᠺᠤ ᠳᠤ ᠬᠤᠴᠤᠷᠤᠭᠰᠠᠠ ᠳᠤᠮᠳᠠᠳᠤ ᠤᠯᠤᠰ ᠤᠨ ᠠᠷᠠᠳ ᠢᠷᠭᠡᠨ ᠢ ᠬᠠᠷᠠᠭᠠᠯᠵᠠᠵᠠᠢ᠃ ᠡᠭᠦᠨ ᠲᠠᠢ ᠠᠳᠠᠯᠢ ᠪᠠᠷ᠂ ᠮᠤᠷᠤᠺᠺᠤ ᠳᠤ ᠬᠢᠵᠢᠭ ᠭᠠᠷᠤᠭᠰᠠᠨ ᠤ ᠳᠠᠷᠠᠭ᠎ᠠ᠂ ᠳᠤᠮᠳᠠᠳᠤ ᠶᠢᠨ ᠲᠠᠯ᠎ᠠ ᠶᠢᠨ ᠬᠢᠨ ᠢᠲᠡᠪᠬᠢᠲᠠᠢ ᠬᠢᠵᠢᠭ ᠢ ᠡᠰᠡᠷᠭᠦᠴᠡᠬᠦ ᠡᠳ᠋ ᠪᠣᠳᠠᠰ ᠤᠨ ᠲᠤᠰᠠᠯᠠᠮᠵᠢ ᠦᠵᠡᠭᠦᠯᠵᠡᠶ᠃ ᠣᠳᠣᠬᠠᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠲᠠᠯ ᠮᠥᠨ ᠬᠦ ᠶᠡᠭᠡ ᠪᠠᠷ ᠳᠡᠯᠭᠡᠷᠡᠬᠦ ᠱᠠᠲᠤᠨ ᠳᠤ ᠣᠷᠣᠰᠢᠵᠤ᠂ ᠸᠠᠺᠼᠢᠨ ᠨᠢ ᠬᠥᠮᠦᠨ ᠲᠥᠷᠥᠯᠬᠢᠲᠡᠨ ᠤ ᠬᠢᠵᠢᠭ ᠢ ᠲᠡᠶᠢᠯᠬᠦ ᠡᠴᠦᠰ ᠤᠨ ᠢᠯᠠᠯᠲᠠ ᠶᠢ ᠤᠯᠬᠤ ᠳᠤ ᠵᠠᠩᠭᠢᠯᠠᠭ᠎ᠠ ᠶᠢᠨ ᠦᠢᠯᠡᠳᠦᠯ ᠲᠠᠢ ᠶᠤᠮ᠃ ᠳᠤᠮᠳᠠᠳᠤ ᠤᠯᠤᠰ ᠸᠠᠺᠼᠢᠨ ᠢ ᠰᠤᠳᠤᠯᠤᠨ ᠨᠡᠭᠡᠭᠡᠠ ᠬᠦᠭᠵᠢᠭᠦᠯᠵᠦ ᠠᠰᠢᠠᠠᠯᠠᠯᠲᠠ ᠳᠤ ᠤᠷᠤᠭᠤᠯᠤᠭᠰᠠᠠ ᠤ ᠳᠠᠷᠠᠭ᠎ᠠ᠂ ᠳᠤᠷᠠᠲᠠᠶ᠎ᠠ ᠪᠦᠬᠦ ᠪᠥᠮᠪᠥᠷᠴᠡᠭ ᠤᠨ ᠤᠯᠠᠨ ᠨᠡᠶᠢᠲᠡ ᠶᠢᠨ ᠪᠦᠲᠦᠭᠡᠭᠳᠡᠬᠦᠨ ᠪᠤᠯᠭᠠᠵᠦ᠂ ᠡᠩ ᠲᠡᠷᠢᠭᠦᠨ ᠳᠤ ᠬᠥᠭᠵᠢᠵᠦ ᠪᠠᠶᠢᠭ᠎ᠠ ᠤᠯᠤᠰ ᠢᠯᠠᠩᠭᠤᠶ᠎ᠠ ᠠᠹᠷᠢᠺᠠ ᠲᠢᠪ ᠤᠨ ᠤᠯᠤᠰ ᠤᠳ ᠲᠤ ᠠᠰᠢᠭ ᠬᠦᠷᠲᠡᠭᠡᠨ᠎ᠡ ᠭᠡᠵᠦ ᠪᠢ ᠣᠯᠠᠨ ᠤᠳᠠᠭ᠎ᠠ ᠢᠯᠡᠷᠬᠡᠢᠯᠡᠵᠠᠢ᠃ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠮᠤᠷᠤᠺᠺᠤ ᠶᠢᠨ ᠲᠠᠯ᠎ᠠ ᠶᠢᠨ ᠬᠢᠨ ᠲᠠᠢ ᠸᠠᠺᠼᠢᠨ ᠢ ᠰᠤᠳᠤᠯᠤᠨ ᠨᠡᠭᠡᠭᠡᠠ ᠬᠦᠭᠵᠢᠭᠦᠯᠬᠦ ᠪᠠ ᠦᠢᠯᠡᠳᠪᠦᠷᠢᠯᠡᠯ ᠤᠨ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠤᠨ᠎ᠠ᠃ ᠬᠤᠶᠠᠷ ᠲᠠᠯ᠎ᠠ ᠪᠠᠷ ᠢᠶᠠᠨ ᠡᠯ᠎ᠡ ᠤᠯᠤᠰ ᠲᠠᠢ ᠬᠠᠮᠲᠤ ᠪᠠᠷ᠂ ᠣᠯᠠᠨ ᠲᠠᠯᠠᠲᠤ ᠦᠵᠡᠯ ᠢ ᠬᠠᠮᠠᠭᠠᠯᠠᠵᠤ᠂ ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠦᠢᠯᠡᠳᠦᠯ ᠢᠶᠠᠨ ᠪᠠᠳᠠᠷᠠᠭᠤᠯᠬᠤ ᠶᠢ ᠳᠡᠮᠵᠢᠵᠦ᠂ ᠡᠯ᠎ᠡ ᠤᠯᠤᠰ ᠤᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠬᠠᠮᠲᠤ ᠪᠠᠷ ᠬᠠᠮᠠᠭᠠᠯᠠᠨ᠎ᠠ ᠭᠡᠵᠦ ᠢᠯᠡᠳᠬᠡᠪᠡ᠃      ᠰᠢ ᠶᠢᠨ ᠫᠢᠩ᠂ ᠳᠤᠮᠳᠠᠳᠤ ᠮᠤᠷᠤᠺᠺᠤ ᠶᠢᠨ ᠤᠯᠠᠮᠵᠢᠯᠠᠯᠲᠤ ᠨᠥᠬᠦᠷᠯᠡᠯ ᠭᠦᠨ ᠵᠤᠵᠠᠭᠠᠨ᠂ ᠬᠤᠶᠠᠷ ᠤᠯᠤᠰ ᠢᠮᠠᠭᠲᠠ ᠬᠠᠷᠢᠯᠴᠠᠨ ᠣᠶᠢᠯᠠᠭᠠᠯᠴᠠᠵᠤ᠂ ᠬᠠᠷᠢᠯᠴᠠᠨ ᠢᠲᠡᠭᠡᠵᠦ᠂ ᠲᠤᠰ ᠲᠤᠰ ᠤᠨ ᠭᠤᠣᠯ ᠠᠰᠢᠭ ᠲᠤᠰᠠ ᠳᠤ ᠬᠤᠯᠪᠣᠭᠳᠠᠭᠰᠠᠨ ᠪᠠ ᠠᠩᠬᠠᠷᠤᠯ ᠲᠠᠯᠪᠢᠵᠦ ᠪᠠᠶᠢᠭ᠎ᠠ ᠴᠢᠬᠤᠯᠠ ᠶᠡᠭᠡ ᠠᠰᠠᠭᠤᠳᠠᠯ ᠳᠡᠭᠡᠷ᠎ᠡ ᠡᠷᠡᠰ ᠬᠠᠷᠢᠯᠴᠠᠨ ᠳᠡᠮᠵᠢᠭᠰᠡᠭᠡᠷ ᠢᠷᠡᠪᠡ᠃ ᠳᠤᠮᠳᠠᠳᠤ ᠶᠢᠨ ᠲᠠᠯ᠎ᠠ ᠶᠢᠨ ᠬᠢᠨ ᠪᠣᠳᠠᠲᠤ ᠬᠦᠴᠦᠨ ᠲᠠᠢ ᠳᠤᠮᠳᠠᠳᠤ ᠤᠯᠤᠰ ᠤᠨ ᠠᠵᠤ ᠠᠬᠤᠶᠢᠯᠠᠯ ᠤᠨ ᠮᠤᠷᠤᠺᠺᠤ ᠳᠤ ᠪᠡᠯᠡ ᠣᠷᠣᠭᠤᠯᠤᠨ ᠦᠢᠯᠡᠰ ᠪᠣᠰᠬᠠᠬᠤ ᠶᠢ ᠵᠣᠷᠢᠭᠵᠢᠭᠤᠯᠵᠦ ᠪᠠᠶᠢᠨ᠎ᠠ᠃ ᠲᠤᠷᠠᠲᠠᠶ᠎ᠠ ᠮᠤᠷᠤᠺᠺᠤ ᠯᠤᠭ᠎ᠠ ᠬᠤᠶᠠᠷ ᠤᠯᠤᠰ ᠤᠨ ︽ᠨᠢᠭᠡ ᠪᠦᠰᠡ ᠨᠢᠭᠡ ᠵᠠᠮ︾ ᠤᠨ ᠬᠠᠮᠲᠤ ᠶᠢᠨ ᠪᠠᠶᠢᠭᠤᠯᠤᠯᠲᠠ ᠵᠢᠴᠢ ᠳᠤᠮᠳᠠᠳᠤ ᠠᠹᠷᠢᠺᠠ᠂ ᠳᠤᠮᠳᠠᠳᠤ ᠤᠯᠤᠰ ᠪᠣᠯᠤᠨ ᠠᠷᠠᠪ ᠤᠨ ᠤᠯᠤᠰ ᠤᠳ ᠤᠨ ᠬᠠᠮᠵᠢᠯᠴᠠᠭᠠᠨ ᠤ ᠶᠠᠷᠢᠶᠠᠠ ᠤ ᠲᠠᠪᠴᠠᠩ ᠵᠡᠷᠭᠡ ᠪᠣᠷᠣ ᠲᠥᠯᠥᠪ ᠳᠠᠬᠢ ᠡᠯ᠎ᠡ ᠬᠦᠷᠢᠶᠡᠨ ᠤ ᠬᠠᠮᠲᠤᠷᠠᠯᠴᠠᠭ᠎ᠠ ᠶᠢ ᠠᠬᠢᠭᠤᠯᠵᠤ᠂ ᠬᠢᠵᠢᠭ ᠤᠨ ᠳᠠᠷᠠᠭᠠᠬᠢ ᠰᠣᠶᠣᠯ ᠢᠷᠭᠡᠨᠰᠢᠯ ᠤᠨ ᠰᠣᠯᠢᠯᠴᠠᠭ᠎ᠠ ᠬᠠᠮᠲᠤᠷᠠᠯᠴᠠᠭᠠᠠ ᠤ ᠰᠢᠨ᠎ᠡ ᠠᠯᠤᠰ ᠤᠨ ᠲᠦᠰᠦᠪ ᠢ ᠬᠠᠮᠲᠤᠪᠠᠷ ᠲᠥᠯᠥᠪᠵᠢᠭᠦᠯᠦᠨ᠎ᠡ᠃ ᠳᠤᠮᠳᠠᠳᠤ ᠮᠤᠷᠤᠺᠺᠤ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠴᠠᠭ᠎ᠠ ᠰᠢᠨ᠎ᠡ ᠠᠮᠵᠢᠯᠲᠠ ᠣᠯᠬᠤ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃      ᠮᠦᠬᠠᠠᠮᠦ᠋ᠳ᠋ ᠵᠢᠷᠭᠤᠳᠤᠭᠠᠷ᠂ ᠪᠢ 2016 ᠣᠨ ᠳᠤ ᠳᠤᠮᠳᠠᠳᠤ ᠤᠯᠤᠰ ᠲᠤ ᠠᠶᠢᠯᠴᠢᠯᠠᠯᠲᠠ ᠬᠢᠬᠦ ᠳᠡᠭᠡᠨ ᠲᠡᠷᠢᠭᠦᠯᠡᠭᠴᠢ ᠰᠢ ᠶᠢᠨ ᠫᠢᠩ ᠲᠠᠢ ᠬᠠᠮᠲᠤ ᠪᠠᠷ ᠮᠤᠷᠤᠺᠺᠤ ᠳᠤᠮᠳᠠᠳᠤ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠴᠠᠭ᠎ᠠ ᠪᠠᠶᠢᠭᠤᠯᠬᠤ ᠪᠠᠷ ᠲᠤᠩᠬᠠᠭᠯᠠᠭᠰᠠᠨ ᠢᠶᠠᠨ ᠴᠡᠭᠡᠵᠢᠯᠡᠭᠰᠡᠭᠡᠷ ᠪᠠᠶᠢᠨ᠎ᠠ᠃ ᠮᠤᠷᠤᠺᠺᠤ ᠶᠢᠨ ᠬᠢᠨ ᠳᠤᠮᠳᠠᠳᠤ ᠤᠯᠤᠰ ᠰᠢᠭ᠋ ᠡᠶᠢᠮᠦ ᠪᠠᠶᠢᠯᠳᠤᠬᠤ ᠪᠤᠳᠤᠯᠭ᠎ᠠ ᠶᠢᠨ ᠬᠠᠨᠢᠲᠠᠨ ᠪᠠᠶᠢᠬᠤ ᠳᠠᠭᠠᠨ ᠮᠠᠰᠢ ᠪᠠᠶᠠᠷᠯᠠᠵᠤ ᠪᠠᠶᠢᠨ᠎ᠠ᠃ ᠳᠤᠮᠳᠠᠳᠤ ᠤᠯᠤᠰ ᠯᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢᠨ ᠠᠴᠢ ᠲᠤᠰᠠ ᠶᠢ ᠬᠦᠷᠲᠡᠭᠰᠡᠡ ᠠᠴᠠ᠂ ᠣᠶᠢᠷ᠎ᠠ ᠶᠢᠨ ᠵᠢᠯ ᠤᠨ ᠲᠤᠷᠰᠢ᠂ ᠮᠤᠷᠤᠺᠺᠤ ᠰᠠᠶᠢᠨ ᠰᠠᠶᠢᠬᠠᠨ ᠬᠥᠭᠵᠢᠯᠲᠡ ᠶᠢ ᠪᠡᠶᠡᠯᠡᠭᠦᠯᠵᠦ ᠴᠢᠲᠠᠵᠠᠢ᠃ ᠮᠤᠷᠤᠺᠺᠤ ᠶᠢᠨ ᠬᠢᠨ ᠳᠤᠮᠳᠠᠳᠤ ᠤᠯᠤᠰ ᠢ ᠬᠠᠮᠤᠭ ᠤᠨ ᠤᠷᠢᠳ ᠢᠶᠠᠷ ᠬᠠᠮᠲᠤᠷᠠᠯᠴᠠᠬᠤ ᠴᠢᠭᠯᠡᠯ ᠢᠶᠠᠨ ᠪᠣᠯᠭᠠᠵᠤ᠂ ᠬᠤᠶᠠᠷ ᠲᠠᠯ᠎ᠠ ᠪᠠᠷ ᠢᠶᠠᠨ ᠠᠵᠤ ᠠᠬᠤᠢ ᠠᠷᠠᠯᠵᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠤᠨ᠂ ᠬᠤᠶᠠᠷ ᠤᠯᠤᠰ ᠤᠨ ᠬᠠᠷᠢᠯᠴᠠᠭ᠎ᠠ ᠶᠢ ᠨᠡᠩ ᠠᠮᠢᠵᠢᠷᠠᠯ ᠤᠨ ᠬᠦᠴᠦᠨ ᠲᠠᠢ ᠪᠣᠯᠭᠠᠬᠤ ᠶᠢ ᠬᠦᠰᠡᠵᠦ ᠪᠠᠶᠢᠨ᠎ᠠ᠃ ᠮᠤᠷᠤᠺᠺᠤ ᠶᠢᠨ ᠬᠢᠨ ᠳᠤᠮᠳᠠᠳᠤ‌‍ᠶᠢᠨ ᠲᠠᠯ᠎ᠠ ᠶᠢᠨ ᠬᠢᠨ ᠤ ᠲᠤᠰ ᠪᠡᠶ᠎ᠡ ᠶᠢᠨ ᠡᠷᠬᠡ ᠮᠡᠳᠡᠯ᠂ ᠠᠮᠤᠷ ᠲᠦᠪᠰᠢᠨ ᠵᠡᠷᠭᠡ ᠭᠤᠣᠯ ᠠᠰᠢᠭ ᠲᠤᠰᠠ ᠪᠠᠨ ᠬᠠᠮᠠᠭᠠᠯᠠᠬᠤ ᠵᠦᠢ ᠶᠣᠰᠣᠨ ᠤ ᠵᠣᠭᠰᠣᠯᠲᠠ ᠶᠢ ᠡᠷᠡᠰ ᠲᠡᠮᠵᠢᠨ᠎ᠠ᠃ ᠳᠤᠮᠳᠠᠳᠤ ᠶᠢᠨ ᠲᠠᠯ᠎ᠠ ᠶᠢᠨ ᠬᠢᠨ ᠤ ᠮᠤᠷᠤᠺᠺᠤ ᠶᠢᠨ ᠬᠢᠵᠢᠭ ᠤᠨ ᠪᠠᠶᠢᠳᠠᠯ ᠢ ᠡᠰᠡᠷᠭᠦᠴᠡᠬᠦ ᠳᠤ ᠡᠷᠬᠢᠮ ᠨᠠᠨᠳᠢᠨ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠂ ᠳᠤᠮᠳᠠᠳᠤ ᠤᠯᠤᠰ ᠲᠠᠢ ᠸᠠᠺᠼᠢᠨ ᠢ ᠰᠤᠳᠤᠯᠤᠨ ᠨᠡᠭᠡᠭᠡᠡ ᠬᠦᠭᠵᠢᠭᠦᠯᠵᠦ᠂ ᠬᠤᠳᠠᠯᠳᠤᠨ ᠠᠪᠬᠤ ᠪᠠ ᠦᠢᠯᠡᠳᠪᠦᠷᠢᠯᠡᠯ ᠤᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号