ᠪᠦᠬᠦ ᠣᠷᠣᠨ ᠤ ᠲᠣᠭᠤᠷᠢᠨ ᠪᠠᠶᠢᠴᠠᠭᠠᠬᠤ ᠴᠠᠬᠳᠠᠨ ᠪᠠᠶᠢᠴᠠᠭᠠᠬᠤ ᠠᠵᠢᠯ ᠤᠨ ᠬᠤᠷᠠᠯ ᠵᠢᠴᠢ ᠠᠷᠪᠠᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/9/4
     9 ᠰᠠᠷ᠎ᠠ ᠶᠢᠨ 1 ᠤ ᠡᠳᠦᠷ᠂ ᠪᠥᠬᠦ ᠣᠷᠣᠨ ᠤ ᠲᠣᠭᠤᠷᠢᠨ ᠪᠠᠶᠢᠴᠠᠭᠠᠬᠤ ᠴᠠᠬᠳᠠᠨ ᠪᠠᠶᠢᠴᠠᠭᠠᠬᠤ ᠠᠵᠢᠯ ᠤᠨ ᠬᠤᠷᠠᠯ ᠵᠢᠴᠢ ᠠᠷᠪᠠᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠳᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ‌‍ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠳᠤ ᠣᠷᠣᠯᠴᠠᠬᠰᠠᠨ ᠪᠦᠬᠡᠳ ᠶᠠᠷᠢᠶ᠎ᠠ ᠲᠠᠯᠪᠢᠵᠥ᠂ ᠶᠡᠷᠦᠩᠬᠡᠶ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠣᠶᠢᠯᠠᠭᠠᠵᠤ ᠲᠤᠯᠭᠠᠮ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠤᠳᠤᠯ ᠢᠶᠠᠷ ᠠᠵᠢᠯ ᠢᠶᠠᠨ ᠰᠠᠶᠢᠲᠤᠷ ᠬᠢᠵᠥ ᠲᠣᠭᠤᠷᠢᠨ ᠪᠠᠶᠢᠴᠠᠭᠠᠯᠳᠠ ᠴᠠᠭᠳᠠᠨ ᠪᠠᠶᠢᠴᠠᠭᠠᠯᠳᠠ ᠶᠢᠨ ᠬᠤᠷᠴᠠ ᠰᠡᠯᠡᠮ᠎ᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠭᠦᠨᠵᠡᠭᠡᠶᠢᠷᠡᠨ ᠦᠷᠬᠡᠵᠢᠬᠦᠯᠵᠥ ᠦᠨᠳᠦᠰᠦᠨ ᠱᠠᠲᠤ ᠳᠠᠶᠢᠰᠢ ᠤᠷᠲᠤᠳᠬᠠᠬᠤ‌‍ᠶᠢ ᠠᠬᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃ ᠬᠤᠰᠢᠭᠤ  ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠭᠢᠯᠭ᠎ᠠ ᠪᠠᠳᠤ ᠪᠠᠶᠢᠴᠭᠠᠬᠤ ᠬᠤᠷᠢᠶᠠᠨ ᠤ ᠱᠥᠵᠢ ᠭᠢᠨᠠᠨ ᠪᠠᠶᠢᠴᠠᠭᠠᠬᠤ ᠵᠥᠪᠯᠠᠯ ᠤᠨ ᠡᠷᠭᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠤᠭᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠰᠤ᠋ ᠰᠢᠨ ᠹᠠ ᠮᠠᠨ ᠤ ᠬᠤᠰᠢᠭᠤᠨ ᠤ ᠬᠤᠪᠢᠶᠠᠷᠢ ᠬᠤᠷᠠᠯ  ᠤᠨ ᠲᠠᠯᠠᠪᠠᠢ ᠶᠢᠨ ᠬᠤᠷᠠᠯ ᠳᠤ ᠤᠷᠤᠯᠴᠠᠭᠰᠠᠨ ᠪᠠᠶᠢᠨ᠎ᠠ᠃
     ᠱᠢ ᠲᠠᠢ ᠹᠧᠩ᠂ ᠠᠷᠪᠠᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠᠶᠢᠭᠤᠯᠤᠭᠳᠠᠭᠰᠠᠨ ᠠᠴᠠ ᠨᠠᠭᠠᠰᠢ ᠨᠠᠮ ᠤᠨ ᠲᠥᠪ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ ᠤᠯᠤᠰ ᠲᠥᠷᠥ ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠤᠨ ᠤᠯᠤᠰ ᠲᠥᠷᠥ ᠶᠢᠨ ᠲᠣᠭᠤᠷᠢᠨ ᠪᠠᠶᠢᠴᠠᠭᠠᠯᠳᠠ ᠶᠢᠨ ᠡᠭᠦᠷᠭᠡ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ ᠪᠦᠬᠦ ᠣᠷᠣᠨ ᠤ ᠲᠣᠭᠤᠷᠢᠨ ᠪᠠᠶᠢᠴᠠᠭᠠᠬᠤ ᠴᠠᠬᠳᠠᠨ ᠪᠠᠶᠢᠴᠠᠭᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ ᠰᠦᠷᠳᠡᠭᠦᠯᠬᠦ ᠦᠢᠯᠡᠳᠦᠯ ᠢ ᠭᠠᠷᠭᠠᠨ ᠬᠤᠷᠴᠠ ᠰᠡᠯᠡᠮ᠎ᠡ ᠶᠢᠨ ᠦᠢᠯᠡᠳᠦᠯ ᠢ ᠪᠠᠳᠠᠷᠠᠭᠤᠯᠵᠤ  ᠪᠠᠶᠢᠭᠤᠯᠤᠯ ᠤᠨ ᠰᠦᠷ ᠬᠦᠴᠦᠨ ᠢ ᠢᠯᠡᠷᠡᠭᠦᠯᠵᠡᠶ᠃ ᠣᠳᠣᠬᠠᠨ ᠳᠤ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠡᠭᠦᠷᠭᠡ ᠮᠥᠨ ᠬᠦ ᠬᠦᠨᠳᠦ ᠨᠦᠰᠡᠷ ᠪᠠᠶᠢᠨ᠎ᠠ᠂ ᠪᠢᠳᠡ ᠲᠥᠪ ᠤᠨ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠪᠣᠯᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ ᠵᠥᠪ ᠴᠢᠭᠯᠡᠯ ᠢ ᠪᠠᠷᠢᠮᠲᠠᠯᠠᠨ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠭᠦᠨᠵᠡᠭᠡᠶᠢᠷᠡᠭᠦᠯᠵᠦ ᠭᠤᠣᠯᠳᠠᠯᠭᠠᠳᠤ ᠡᠬᠦᠷᠬᠡ ᠪᠠᠨ ᠲᠤᠪᠤᠶᠢᠯᠭᠠᠵᠤ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠨ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠳᠡᠢ ᠬᠡᠵᠥ ᠵᠢᠭᠠᠵᠥ ᠭᠠᠷᠭᠠᠪᠠ᠃
      ᠱᠢ ᠲᠠᠢ ᠹᠧᠩ᠂ ᠤᠯᠤᠰ ᠲᠦᠷᠤ ᠶᠢᠨ ᠲᠤᠭᠤᠷᠢᠨ ᠪᠠᠶᠢᠴᠠᠭᠠᠯᠳᠠ ᠴᠠᠭᠳᠠᠨ ᠪᠠᠶᠢᠴᠠᠭᠠᠯᠳᠠ ᠶᠢ ᠲᠠᠰᠤᠷᠠᠯᠳᠠ ᠦᠭᠡᠢ ᠬᠦᠨᠵᠡᠭᠡᠶᠢᠷᠠᠬᠦᠯᠤᠨ ᠨᠠᠮ ᠤᠨ ᠲᠦᠪ ᠬᠤᠷᠢᠶᠠᠨ ᠤ ᠦᠨᠳᠤᠰᠤᠨ ᠪᠤᠳᠤᠯᠭ᠎ᠠ ᠴᠢᠭᠯᠡᠯᠳᠠ ᠪᠤᠯᠤᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠦᠴᠤᠯᠠᠨ ᠠᠬᠢᠭᠤᠯᠵᠤ ᠨᠠᠮ ᠤᠨ ᠵᠤᠬᠢᠶᠠᠨ ᠪᠠᠶᠢᠭᠤᠯᠤᠯᠳᠠ ᠶᠢᠨ ᠲᠤᠰᠢᠶᠠᠯ ᠴᠢᠲᠡᠪᠬᠢ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠶᠢ ᠬᠦᠴᠤᠯᠠᠨ ᠠᠬᠢᠭᠤᠯᠵᠤ᠂ ᠤᠯᠠᠨ ᠲᠦᠮᠡᠨ ᠤ ᠲᠡᠷᠭᠡᠳᠡᠬᠢ ᠢᠯᠵᠡᠷᠡᠯ ᠤᠨ ᠪᠠ ᠰᠤᠷᠳᠠᠯ ᠤᠨ ᠠᠰᠠᠭᠤᠳᠠᠯ ᠢ ᠰᠢᠢᠳᠪᠤᠷᠢᠯᠡᠬᠦ ᠶᠢ ᠬᠦᠴᠤᠯᠡᠨ ᠠᠬᠢᠭᠤᠯᠵᠤ᠂ ᠦᠨᠡᠨ ᠬᠦ ᠤᠯᠤᠰ ᠲᠦᠷᠦ ᠶᠢᠨ ᠲᠠᠯ᠎ᠡ ᠠᠴᠠ ᠠᠰᠠᠭᠤᠳᠠᠯ ᠢ ᠦᠵᠡᠵᠤ ᠠᠰᠠᠭᠤᠳᠠᠯ ᠢ ᠡᠷᠢᠨ᠂ ᠠᠰᠠᠭᠤᠳᠠᠯ ᠢ ᠰᠢᠢᠳᠪᠤᠷᠢᠯᠡᠬᠦ ᠭᠡᠷᠡᠭᠳᠠᠢ᠃ ᠲᠤᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠶᠢ ᠪᠦᠬᠦᠨ ᠢ ᠪᠦᠷᠭᠦᠬᠦᠯᠬᠦ ᠡᠬᠦᠷᠭᠡ ᠶᠢ ᠦᠨᠡᠨ ᠬᠦ ᠪᠠᠶᠠᠯᠡᠬᠦᠯᠵᠤ᠂ ᠠᠵᠢᠯ ᠤᠨ ᠲᠦᠯᠦᠪᠵᠢᠬᠦᠯᠭᠡ ᠶᠢ ᠪᠦᠬᠦ ᠲᠠᠯ᠎ᠡ ᠪᠠᠷ ᠨᠠᠶᠢᠳᠠᠪᠤᠷᠢᠵᠢᠭᠤᠯᠤᠨ᠂ ᠪᠦᠷᠬᠦᠬᠦᠯᠬᠦ ᠠᠷᠭ᠎ᠠ ᠵᠠᠮ ᠢ ᠰᠢᠨᠡᠴᠢᠯᠡᠨ ᠲᠡᠬᠦᠯᠳᠡᠷᠵᠢᠬᠦᠯᠵᠤ᠂ ᠬᠢᠨᠡᠯᠳᠠ ᠲᠠᠯᠪᠢᠬᠤ ᠰᠦᠷ ᠬᠦᠴᠤᠨ ᠪᠤᠯᠤᠨ ᠪᠤᠳᠠᠳᠤ ᠦᠷ᠎ᠡ ᠪᠦᠳᠦᠮᠵᠢᠳᠤ ᠴᠢᠨᠠᠷ ᠢ ᠨᠡᠮᠡᠭᠳᠡᠬᠦᠯᠬᠦ ᠭᠡᠷᠡᠭᠳᠠᠢ᠃ ᠲᠤᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ︽ᠰᠡᠬᠦᠯ ᠤᠨ ᠬᠠᠭᠠᠰ ᠬᠡᠰᠡᠭ ᠤᠨ ᠠᠵᠢᠯ︾ ᠢ ᠬᠦᠨᠵᠡᠭᠡᠢ ᠬᠢᠵᠤ ᠪᠤᠳᠠᠳᠠᠢ ᠬᠢᠵᠤ᠂ ᠴᠡᠭᠴᠡᠯᠡᠨ ᠰᠠᠶᠢᠵᠢᠷᠠᠭᠤᠯᠬᠤ ᠭᠤᠤᠯ ᠴᠤᠬᠴᠠ ᠶᠢᠨ ᠬᠠᠷᠢᠭᠤᠴᠠᠯᠭ᠎ᠠ᠂ ᠡᠳᠦᠷ ᠲᠤᠳᠤᠮ ᠤᠨ ᠬᠢᠨᠡᠯᠳᠠ ᠲᠠᠯᠪᠢᠯᠳᠠ ᠪᠠ ᠦᠷ᠎ᠡ ᠪᠦᠳᠦᠮᠵᠢ ᠶᠢᠨ ᠭᠡᠷᠡᠭᠯᠡᠯᠳᠠ ᠶᠢ ᠴᠢᠩᠭᠠᠳᠬᠠᠬᠤ ᠭᠡᠷᠡᠭᠳᠠᠢ᠃ ᠲᠤᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠤᠨ ᠲᠦᠷᠢᠮᠵᠢᠭᠰᠡᠨ ᠪᠠᠶᠢᠭᠤᠯᠤᠯᠳᠠ ᠶᠢ ᠦᠷᠬᠦᠯᠵᠢᠯᠡᠨ ᠴᠢᠩᠭᠠᠳᠬᠠᠵᠤ᠂ ᠠᠵᠢᠯ ᠤᠨ ᠲᠦᠷᠢᠮ᠂ ᠲᠦᠷᠢᠮᠵᠢᠭᠰᠡᠨ ᠠᠵᠢᠯ‌‍ᠤᠨ ᠶᠠᠪᠤᠴᠠ ᠶᠢ ᠤᠯᠠᠮ ᠴᠢᠨᠠᠬᠰᠢᠳᠠ ᠲᠡᠬᠦᠯᠳᠡᠷᠵᠢᠬᠦᠯᠤᠨ᠂ ᠲᠤᠳᠤᠭᠠᠳᠤ ᠬᠠᠮᠢᠶᠠᠷᠤᠯᠳᠠ ᠲᠤᠳᠤᠭᠠᠳᠤ ᠡᠵᠡᠮᠰᠢᠯ ᠤᠨ ᠲᠤᠬᠳᠠᠴᠠ ᠶᠢ ᠴᠢᠩᠭᠠᠳᠬᠠᠵᠤ᠂ ᠮᠡᠳᠡᠭᠡ ᠵᠠᠩᠭᠢᠵᠢᠯᠳᠠ ᠶᠢᠨ ᠪᠠᠶᠢᠭᠤᠯᠤᠯᠳᠠ ᠶᠢ ᠰᠠᠶᠢᠳᠤᠷ ᠠᠳᠬᠤᠬᠤ ᠭᠡᠷᠡᠭᠳᠠᠢ ᠭᠡᠵᠤ ᠴᠢᠬᠤᠯᠠᠴᠢᠯᠠᠪᠠ᠃       ᠱᠢ ᠲᠠᠢ ᠹᠧᠩ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠬᠠᠷᠠᠯᠳᠠ ᠪᠠᠷ ᠤᠳᠤᠷᠢᠳᠤᠮᠵᠢ ᠪᠤᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠤᠯᠭᠠᠬᠤ ᠶᠢ ᠲᠤᠪᠤᠶᠢᠯᠭᠠᠵᠤ ᠨᠠᠢᠮᠠᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠢ ᠪᠦᠬᠦ ᠬᠦᠴᠤᠨ ᠢᠶᠠᠷ ᠢᠶᠠᠨ ᠰᠠᠶᠢᠳᠤᠷ ᠬᠢᠬᠦ ᠭᠡᠷᠡᠭᠳᠠᠢ᠃ ᠤᠯᠤᠰ ᠲᠦᠷᠦ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ᠤᠯᠤᠰ ᠲᠦᠷᠦ ᠶᠢᠨ ᠡᠬᠦᠷᠭᠡ ᠶᠢ ᠪᠠᠶᠠᠯᠡᠬᠦᠯᠬᠦ ᠦᠨᠳᠤᠷᠴᠠ ᠳᠤ ᠤᠬᠠᠮᠰᠠᠷ ᠠᠴᠠ ᠪᠠᠨ ᠵᠤᠬᠰᠤᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ ᠲᠤᠰᠬᠠᠢ ᠲᠤᠭᠤᠷᠢᠨ ᠪᠠᠶᠢᠴᠠᠭᠠᠯᠳᠠ ᠳᠤ ᠬᠠᠨᠲᠤᠵᠤ᠂ ᠠᠩᠬᠠᠷᠤᠯ ᠢᠶᠠᠨ ᠲᠦᠪᠯᠡᠷᠡᠭᠦᠯᠦᠨ ᠬᠦᠴᠤᠨ ᠢᠶᠠᠨ ᠲᠦᠪᠯᠡᠷᠡᠬᠦᠯᠵᠤ ᠬᠠᠷᠠᠯᠳᠠ ᠠᠴᠠ ᠪᠠᠨ ᠭᠡᠯᠪᠠᠶᠢᠬᠦ ᠦᠭᠡᠢ᠂ ᠶᠡᠭᠡ ᠶᠢ ᠠᠳᠬᠤᠨ ᠭᠤᠤᠯᠳᠠᠯᠭ᠎ᠠ ᠶᠢ ᠠᠳᠬᠤᠨ ᠡᠷᠴᠢ ᠬᠦᠴᠦ ᠪᠠᠨ ᠬᠤᠪᠢᠶᠠᠭᠲᠠᠭᠤᠯᠬᠤ ᠦᠭᠡᠢ ᠪᠠᠶᠢᠵᠤ᠂ ᠨᠡᠶᠢᠳᠡᠯᠢᠭ ᠭᠡᠷᠡᠭ ᠤᠨ ᠵᠢᠱᠢᠶ᠎ᠡ ᠨᠦᠭᠦᠳ ᠢ ᠠᠳᠬᠤᠵᠤ᠂ ᠰᠤᠷᠳᠠᠯ ᠤᠨ ᠠᠷᠬᠠᠭ ᠭᠡᠮ ᠤᠳ ᠢ ᠵᠠᠰᠠᠵᠤ᠂ ᠵᠠᠩᠭᠢᠯᠠᠭ᠎ᠠ ᠶᠢᠨ ᠦᠭᠡᠷᠡᠴᠢᠯᠡᠯᠳᠠ ᠨᠦᠭᠦᠳ ᠢ ᠠᠬᠢᠭᠤᠯᠤᠨ᠂ ᠨᠢᠭᠡ ᠪᠦᠯᠦᠭ ᠴᠢᠬᠤᠯᠠ ᠠᠰᠠᠭᠤᠳᠠᠯ ᠤᠳ ᠢ ᠰᠢᠢᠳᠪᠤᠷᠢᠯᠡᠵᠤ᠂ ᠤᠬᠠᠭᠠᠷᠠᠭᠤᠯᠬᠤ ᠶᠢ ᠠᠬᠢᠭᠤᠯᠤᠨ᠂ ᠰᠦᠷᠳᠡᠬᠦᠯᠬᠦ ᠶᠢ ᠴᠢᠩᠭᠠᠳᠬᠠᠵᠤ᠂ ᠡᠪᠡᠳᠴᠢᠨ ᠤ ᠦᠨᠳᠤᠰᠤ ᠶᠢ ᠠᠷᠢᠯᠭᠠᠨ᠂ ᠲᠤᠰᠬᠠᠢ ᠲᠤᠭᠤᠷᠢᠨ ᠪᠠᠶᠢᠴᠠᠭᠠᠯᠳᠠ ᠶᠢ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠬᠦᠯᠬᠦ᠂ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ᠂ ᠤᠷᠤᠨ ᠨᠤᠳᠤᠭ ᠤᠨ ᠵᠦᠭᠡᠯᠡᠨ ᠪᠤᠳᠠᠳᠤ ᠬᠦᠴᠤᠨ ᠢ ᠲᠡᠭᠡᠭᠰᠢᠯᠡᠬᠦᠯᠬᠦ ᠰᠢᠨ᠎ᠡ ᠶᠢ ᠡᠬᠦᠳᠬᠦ ᠠᠷᠭ᠎ᠠ ᠬᠡᠮᠵᠢᠶ᠎ᠡ ᠪᠤᠯᠭᠠᠬᠤ ᠭᠡᠷᠡᠭᠳᠠᠢ᠃ ᠪᠠᠶᠢᠡᠭᠭᠤᠵᠢᠬᠰᠡᠨ ᠲᠤᠭᠤᠷᠢᠨ ᠪᠠᠶᠢᠴᠠᠭᠠᠯᠳᠠ ᠦᠷᠨᠢᠬᠦᠯᠬᠦ‌‍ᠳᠤ ᠠᠯᠪᠡᠨ ᠪᠠᠶᠢᠭᠤᠯᠭ᠎ᠠ ᠰᠠᠯᠠᠭ᠎ᠠ ᠮᠦᠴᠢᠷ ᠨᠢᠭᠡᠴᠢ ᠶᠢᠨ ᠠᠳᠠᠯᠢ ᠪᠤᠰᠤ ᠰᠢᠨᠵᠢ ᠴᠢᠨᠠᠷ ᠪᠤᠯᠤᠨ ᠤᠨᠴᠠᠯᠢᠭ ᠢ ᠨᠢ ᠦᠨᠳᠤᠰᠤᠯᠠᠨ᠂ ᠪᠦᠬᠦ ᠲᠠᠯ᠎ᠡ ᠶᠢᠨ᠂ ᠨᠠᠷᠢᠯᠢᠭ ᠤᠨᠤᠪᠴᠢᠵᠢᠭᠤᠯᠤᠭᠰᠠᠠ ᠤᠯᠤᠰ ᠲᠦᠷᠦ ᠶᠢᠨ ᠪᠡᠶ᠎ᠡ ᠶᠢᠨ ᠪᠠᠶᠢᠴᠠᠭᠠᠯᠲᠠ ᠪᠤᠯᠤᠨ ᠰᠢᠷᠪᠢᠯᠳᠠ ᠬᠢᠵᠤ᠂ ᠲᠤᠭᠤᠷᠢᠨ ᠪᠠᠶᠢᠴᠠᠭᠠᠯᠳᠠ ᠶᠢ ︽ᠢᠯᠵᠡᠷᠡᠬᠦ ᠠᠴᠠ ᠵᠢᠷᠤᠭᠡᠰᠢᠶᠠᠬᠦ᠂ ᠢᠯᠵᠡᠷᠡᠵᠤ ᠪᠤᠯᠬᠤ ᠦᠭᠡᠢ᠂ ᠢᠯᠵᠡᠷᠡᠬᠦ ᠶᠢ ᠪᠤᠳᠤᠬᠤ ᠦᠭᠡᠢ ︾ ᠪᠠᠶᠢᠬᠤ ᠶᠢ ᠨᠢᠭᠡ ᠴᠤᠬᠴᠠᠵᠢᠭᠤᠯᠤᠨ ᠠᠬᠢᠭᠤᠯᠬᠤ ᠪᠠᠶᠢᠷᠢᠰᠢᠯ ᠳᠤ ᠠᠭᠤᠰᠤᠯᠴᠠᠭᠤᠯᠤᠨ ᠤᠷᠤᠭᠤᠯᠬᠤ ᠲᠠᠯ᠎ᠡ ᠪᠠᠷ ᠰᠢᠨ᠎ᠡ ᠠᠯᠬᠤᠮ ᠢ ᠠᠯᠬᠤᠬᠤ ᠭᠡᠷᠡᠭᠳᠠᠢ᠃ ᠵᠤᠬᠢᠶᠠᠨ ᠪᠠᠶᠢᠭᠤᠯᠵᠤ ᠤᠳᠤᠷᠢᠳᠬᠤ ᠪᠠᠨ ᠦᠨᠡᠨ ᠬᠦ ᠴᠢᠩᠭᠠᠳᠬᠠᠵᠤ᠂ ᠭᠤᠤᠯ ᠴᠤᠬᠴᠠ ᠶᠢᠨ ᠬᠠᠷᠢᠭᠤᠴᠠᠯᠭ᠎ᠠ ᠪᠠᠨ ᠪᠤᠲᠠᠲᠠᠶᠢᠵᠢᠭᠤᠯᠤᠨ᠂ ᠠᠵᠢᠯ ᠤᠨ ᠪᠠᠶᠢᠷᠢᠰᠢᠯ ᠢᠶᠠᠨ ᠲᠡᠬᠦᠯᠳᠡᠷᠵᠢᠬᠦᠯᠵᠤ ᠂ ᠡᠩᠨᠡᠭᠡᠨ ᠤ ᠪᠠᠶᠢᠭᠤᠯᠤᠯᠳᠠ ᠪᠠᠨ ᠴᠢᠩᠭᠠᠳᠬᠠᠨ᠂ ᠲᠤᠭᠤᠷᠢᠨ ᠪᠠᠶᠢᠴᠠᠭᠠᠯᠳᠠ ᠶᠢᠨ ᠠᠵᠢᠯ ᠳᠤ ᠬᠦᠴᠤᠳᠠᠢ ᠪᠠᠳᠤᠯᠠᠭ᠎ᠠ ᠬᠠᠨᠭ᠍ᠭᠠᠬᠤ ᠭᠡᠷᠡᠭᠳᠠᠢ ᠭᠡᠵᠤ ᠴᠢᠬᠤᠯᠠᠴᠢᠯᠠᠪᠠ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠢᠢᠯᠠᠩ ᠤᠨ ᠲᠠᠷᠤᠭ᠎ᠠ ᠯᠢᠦ ᠴᠢ ᠹᠠᠨ ᠨᠠᠢᠮᠠᠳᠤᠭᠠᠷ ᠡᠬᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠳᠤ ᠲᠠᠶᠢᠴᠢᠯᠠᠯᠳᠠ ᠪᠠᠶᠢᠷᠢᠯᠠᠭᠤᠯᠤᠯᠳᠠ ᠬᠢᠪᠡ᠃ ᠲᠡᠷᠡ᠂ ᠨᠠᠢᠮᠠᠳᠤᠭᠠᠷ ᠡᠬᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠢ ᠦᠷᠨᠢᠬᠦᠯᠬᠦ ᠴᠢᠬᠤᠯᠠ ᠠᠴᠢ ᠬᠤᠯᠪᠤᠬᠳᠠᠯ ᠢ ᠬᠦᠢᠴᠡᠳ ᠲᠠᠨᠢᠵᠤ ᠲᠡᠭᠡᠳᠤ ᠬᠡᠮᠵᠢᠶᠠᠨ ᠤ ᠤᠯᠤᠰ ᠲᠦᠷᠤ ᠶᠢᠨ ᠬᠠᠷᠢᠭᠤᠴᠠᠯᠭᠠᠳᠤ ᠰᠡᠳᠬᠢᠯᠬᠡ᠂ ᠲᠡᠤᠬᠡᠨ ᠡᠬᠦᠷᠬᠡᠳᠤ ᠪᠤᠳᠤᠯ ᠢᠶᠠᠷ ᠲᠤᠭᠤᠷᠢᠨ ᠪᠠᠶᠢᠴᠭᠠᠠᠬᠤ ᠠᠵᠢᠯ ᠤᠨ ᠬᠦᠨᠵᠡᠬᠡᠶᠢᠷᠡᠨ ᠬᠦᠭᠵᠢᠬᠦ ᠶᠢ ᠲᠠᠰᠤᠷᠠᠯᠳᠠ ᠦᠬᠡᠢ ᠠᠬᠢᠭᠤᠯᠬᠤ ᠭᠡᠷᠡᠭᠳᠠᠢ᠃ ᠤᠯᠤᠰ ᠲᠦᠷᠤ ᠶᠢᠨ ᠲᠤᠭᠤᠷᠢᠨ ᠪᠠᠶᠢᠴᠠᠭᠠᠯᠳᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠲᠦᠷᠤ ᠶᠢᠨ ᠪᠠᠶᠢᠷᠢ ᠲᠤᠭᠳᠠᠭᠠᠯᠲᠠ ᠶᠢ ᠵᠦᠪ ᠡᠵᠡᠮᠳᠡᠵᠤ᠂ ᠬᠢᠨᠠᠯᠳᠠ ᠲᠠᠯᠪᠢᠬᠤ ᠭᠤᠤᠯᠳᠠᠯᠭ᠎ᠠ ᠶᠢ ᠠᠳᠬᠤᠵᠤ᠂ ᠠᠰᠠᠭᠤᠳᠠᠯ ᠢ ᠤᠨᠤᠴᠠᠳᠠᠢ ᠢᠯᠡᠷᠡᠬᠦᠯᠵᠤ᠂ ᠬᠢᠨᠠᠯᠳᠠ ᠲᠠᠯᠪᠢᠬᠤ ᠶᠠᠰᠤ ᠴᠢᠨᠠᠷ ᠢ ᠲᠡᠭᠡᠭᠰᠢᠯᠡᠬᠦᠯᠵᠤ᠂ ᠰᠦᠷᠳᠡᠬᠦᠯᠬᠦ ᠦᠷ᠎ᠠ ᠪᠦᠳᠤᠮᠵᠢ ᠶᠢ ᠴᠢᠩᠭᠠᠳᠬᠠᠵᠤ᠂ ᠨᠡᠩ ᠦᠨᠳᠤᠷ ᠪᠠᠷᠢᠮᠵᠢᠶ᠎ᠠ ᠪᠠᠷ ᠨᠠᠢᠮᠠᠳᠤᠭᠠᠷ ᠡᠬᠡᠯᠵᠢ ᠶᠢᠨ ᠲᠤᠭᠤᠷᠢᠨ ᠪᠠᠶᠢᠴᠠᠭᠠᠬᠤ ᠡᠬᠦᠷᠬᠡ ᠶᠢ ᠪᠡᠶᠡᠯᠡᠬᠦᠯᠬᠦ ᠭᠡᠷᠡᠭᠳᠠᠢ᠃ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠴᠢᠳᠠᠪᠤᠷᠢ ᠬᠡᠪ ᠴᠢᠨᠠᠷ ᠢ ᠲᠡᠭᠡᠭᠰᠢᠯᠡᠬᠦᠯᠵᠤ᠂ ᠰᠠᠬᠢᠯᠭ᠎ᠠ ᠪᠠᠳᠤ ᠰᠤᠷᠳᠠᠯ ᠢ ᠴᠢᠩᠭᠠᠳᠬᠠᠵᠤ᠂ ᠴᠢᠨᠠᠷ ᠰᠠᠶᠢᠳᠠᠢ ᠲᠤᠭᠤᠷᠢᠨ ᠪᠠᠶᠢᠴᠠᠭᠠᠯᠳᠠ ᠪᠠᠷ ᠪᠦᠬᠦ ᠤᠷᠤᠨ ᠤ ᠠᠵᠤ ᠠᠬᠤᠢ ᠨᠡᠶᠢᠬᠡᠮ ᠤᠨ ᠬᠦᠭᠵᠢᠯᠳᠠ ᠶᠢᠨ ᠴᠢᠨᠠᠷ ᠰᠠᠶᠢᠳᠠᠢ ᠬᠦᠭᠵᠢᠬᠦ ᠶᠢ ᠠᠬᠢᠭᠤᠯᠬᠤ ᠭᠡᠷᠡᠭᠳᠠᠢ ᠬᠡᠵᠤ ᠵᠢᠭᠠᠵᠤ ᠭᠠᠷᠭᠠᠪᠠ᠃ ᠬᠤᠷᠠᠯ ᠲᠡᠭᠡᠷ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠢᠢᠯᠠᠩ ᠤᠨ ᠲᠡᠳ᠋ ᠲᠠᠷᠤᠭ᠎ᠠ ᠶᠠᠩ ᠸᠧᠢ ᠳ᠋ᠦᠩ ᠠᠴᠠ ᠶᠠᠷᠤᠩᠬᠡᠢ ᠱᠦᠵᠢ ᠰᠢ ᠶᠢᠨ ᠫᠢᠩ ᠤᠨ ᠲᠤᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠤᠯᠠᠮᠵᠢᠯᠠᠵᠤ᠂ ︽ᠠᠷᠪᠠᠳᠤᠭᠠᠷ ᠬᠤᠭᠤᠴᠠᠭᠠᠨ ᠤ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠨᠠᠢᠮᠠᠳᠤᠭᠠᠷ ᠡᠬᠡᠯᠵᠢ ᠶᠢᠨ ᠲᠤᠭᠤᠷᠢᠨ ᠪᠠᠶᠢᠴᠠᠭᠠᠬᠤ ᠲᠤᠭᠤᠢᠢᠯᠠᠩ ᠤᠨ ᠲᠠᠷᠤᠭ᠎ᠠ ᠡᠷᠬᠡ ᠤᠯᠭᠤᠯᠳᠠ ᠪᠠᠷ ᠲᠤᠰᠢᠶᠠᠯ ᠳᠤ ᠭᠠᠷᠤᠬᠰᠠᠨ ᠪᠠ ᠡᠬᠦᠷᠬᠡ ᠠᠵᠢᠯ ᠤᠨ ᠬᠤᠪᠢᠶᠠᠷᠢᠯᠠᠯᠳᠠ ᠶᠢᠨ ᠲᠤᠭᠳᠠᠭᠠᠯ︾ ᠢ ᠨᠡᠶᠢᠳᠠᠯᠠᠵᠠᠢ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠲᠤᠭᠤᠢᠢᠯᠠᠩ᠂ ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠤᠵᠢᠯ ᠤᠨ ᠲᠢᠩᠬᠢᠮ᠂ ᠦᠪᠡᠷᠳᠡᠬᠡᠨ ᠵᠠᠰᠠᠬᠤ ᠤᠷᠤᠨ ᠤ ᠤᠯᠤᠰ ᠤᠨ ᠦᠮᠴᠢᠯᠠᠯ ᠤᠨ ᠡᠳ᠋ ᠬᠦᠷᠦᠩᠬᠡ ᠶᠢᠨ ᠬᠢᠨᠠᠯᠳᠠ ᠬᠠᠮᠢᠶᠠᠷᠤᠯᠳᠠ ᠶᠢᠨ ᠵᠦᠪᠯᠡᠯ᠂ ᠪᠤᠭᠤᠳᠤ ᠬᠤᠳᠠ᠂ ᠰᠢᠯᠢ ᠶᠢᠨ ᠭᠤᠤᠯ ᠠᠶᠢᠮᠠᠬ᠂ ᠤᠷᠳᠤᠰ ᠬᠤᠳᠠ ᠶᠢᠨ ᠡᠵᠡᠨ ᠬᠤᠷᠤᠭ᠎ᠠ ᠬᠤᠰᠢᠭᠤᠨ ᠤ ᠬᠤᠯᠪᠤᠬᠳᠠᠯ ᠪᠦᠬᠦᠢ ᠨᠦᠬᠦᠳ ᠰᠤᠯᠢᠯᠴᠠᠭ᠎ᠠ ᠬᠢᠬᠦ ᠶᠠᠷᠢᠶ᠎ᠠ ᠲᠠᠯᠪᠢᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号