ᠮᠠᠨ ᠤ ᠬᠤᠰᠢᠭᠤᠨ ᠤ ᠵᠠᠯᠠᠭᠤᠴᠤᠳ ᠤᠨ ᠨᠥᠬᠦᠷᠯᠡᠯ ᠤᠨ ᠬᠤᠷᠠᠯ ᠶᠠᠪᠤᠭᠳᠠᠭᠰᠠᠨ ᠪᠠᠶᠢᠨ᠎ᠠ
ᠨᠡᠶᠢᠲᠡᠯᠡᠭᠰᠡᠨ ᠴᠠᠭ᠄
2020/9/4
     ᠣᠶᠢᠷ᠎ᠠ ᠶᠢᠨ ᠡᠳᠦᠷ ᠬᠤᠰᠢᠭᠤ ᠡᠪᠯᠡᠯ ᠤᠨ ᠬᠤᠷᠢᠶ᠎ᠠ᠂ ᠠᠵᠢᠯᠴᠢᠨ ᠤ ᠶᠡᠷᠦᠩᠬᠡᠶ ᠡᠪᠯᠡᠯ᠂ ᠰᠣᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠬᠠᠮᠲᠤᠷᠠᠨ ᠡᠷᠭᠢᠯᠡᠭᠰᠡᠨ ᠮᠠᠨ ᠤ ᠬᠤᠰᠢᠭᠤᠨ ᠤ 2020 ᠣᠨ ᠤ ᠵᠠᠯᠠᠭᠤᠴᠤᠳ ᠤᠨ ᠨᠥᠬᠦᠷᠯᠡᠯ ᠤᠨ ᠬᠤᠷᠠᠯ ᠪᠣᠯᠵᠤᠭ᠎ᠠ ᠶᠣᠰᠣᠭᠠᠷ ᠶᠠᠪᠤᠭᠳᠠᠨ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠢᠴᠢ ᠨᠡᠶᠢᠭᠡᠮ ᠤᠨ ᠡᠯ᠎ᠡ ᠡᠲᠡᠭᠡᠳ ᠤᠨ 60 ᠭᠠᠷᠤᠶ ᠭᠠᠭᠴᠠ ᠪᠡᠶ᠎ᠡ ᠵᠠᠯᠠᠭᠤᠴᠤᠳ ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠵᠠᠶ᠃
     ᠬᠤᠰᠢᠭᠤ ᠡᠪᠯᠡᠯ ᠤᠨ ᠬᠤᠷᠢᠶ᠎ᠠ ᠠᠴᠠ ᠲᠤᠰ ᠤᠳᠠᠭᠠᠨ ᠤ ᠠᠵᠢᠯᠯᠠᠭᠠᠨ ᠳᠤ ᠤᠷᠤᠯᠴᠠᠭᠰᠠᠨ ᠵᠠᠯᠠᠭᠤᠴᠤᠳ ᠲᠤ ᠡᠯᠪᠡᠭ ᠪᠠᠶᠠᠯᠢᠭ ᠲᠣᠭᠯᠠᠭᠠᠮ ᠤᠨ ᠭᠤᠭᠴᠤᠭ᠎ᠠ ᠲᠣᠬᠢᠷᠠᠭᠤᠯᠵᠤ ᠵᠠᠯᠠᠭᠤᠴᠤᠳ ᠤᠨ ᠬᠤᠭᠤᠷᠣᠨᠳᠣᠬᠢ ᠣᠶᠢᠯᠠᠭᠠᠯᠲᠠ ᠶᠢ ᠨᠡᠮᠡᠭᠳᠡᠭᠦᠯᠥᠭᠰᠠᠨ ᠪᠥᠭᠡᠳ ᠠᠷᠪᠠᠨ ᠬᠡᠳᠦᠨ ᠵᠠᠯᠠᠭᠤᠴᠤᠳ ᠢᠳᠡᠪᠬᠢᠲᠡᠶ ᠪᠠᠷ ᠲᠠᠶᠢᠰᠠᠨ ᠳᠤ ᠭᠠᠷᠴᠤ ᠥᠪᠡᠷ ᠤᠨ ᠪᠡᠶ᠎ᠡ ᠪᠠᠨ ᠲᠠᠨᠢᠯᠴᠠᠭᠤᠯᠤᠨ ᠪᠠᠶᠠᠯᠢᠭ ᠰᠠᠶᠢᠬᠠᠨ ᠠᠵᠢᠯᠯᠠᠭ᠎ᠠ ᠳᠤᠮᠳᠠ ᠬᠠᠷᠢᠯᠴᠠᠨ ᠲᠠᠨᠢᠯᠴᠠᠨ ᠪᠦᠯᠬᠦᠮᠳᠡᠨ ᠬᠠᠮᠵᠢᠯᠴᠠᠵᠤ ᠬᠤᠭᠤᠷᠤᠨᠳᠤ ᠪᠠᠨ ᠭᠦᠨᠵᠡᠭᠡᠶ ᠣᠶᠢᠯᠠᠭᠠᠬᠤ ᠲᠣᠬᠢᠶᠠᠯ ᠤᠯᠤᠭᠰᠠᠨ ᠪᠠᠶᠢᠨ᠎ᠠ᠃
     ︽ᠤᠷᠤᠭ ᠤᠨ ᠠᠭᠤᠯᠵᠠᠯᠲᠠ︾ ᠨᠢ ᠬᠤᠰᠢᠭᠤ ᠡᠪᠯᠡᠯ ᠤᠨ ᠬᠤᠷᠢᠶᠠᠨ ᠤ ᠤᠯᠠᠮᠵᠢᠯᠠᠯᠲᠤ ᠨᠡᠷᠡᠲᠦ ᠲᠡᠮᠳᠡᠭ ᠤᠨ ᠠᠵᠢᠯᠯᠠᠭ᠎ᠠ ᠪᠣᠯᠤᠭᠰᠠᠨ ᠤ ᠬᠤᠪᠢ ᠳᠤ ᠨᠢᠭᠡᠨᠲᠡ ᠨᠠᠢᠮᠠᠨ ᠵᠢᠯ ᠪᠠᠶᠢᠩᠭᠤᠵᠢᠭᠤᠯᠤᠨ ᠥᠷᠨᠢᠭᠦᠯᠵᠦ 20 ᠰᠢᠬᠠᠮ ᠲᠠᠯᠠᠪᠤᠷ ᠲᠤᠮᠤ ᠵᠢᠵᠢᠭ ᠬᠡᠯᠪᠡᠷᠢ ᠶᠢᠨ ᠨᠥᠬᠦᠷᠯᠡᠯ ᠤᠨ ᠬᠤᠷᠠᠯ ᠢ ᠥᠷᠨᠢᠭᠦᠯᠤᠨ ᠥᠷᠭᠡᠨ ᠤᠯᠠᠨ ᠭᠠᠭᠴᠠ ᠪᠡᠶ᠎ᠡ ᠵᠠᠯᠠᠭᠤᠴᠤᠳ ᠲᠤ ᠴᠢᠯᠦᠭᠡᠲᠡᠢ᠂ ᠡᠷᠡᠭᠦᠯ ᠴᠢᠭᠢᠷᠠᠭ᠂ ᠵᠤᠭ᠎ᠠ ᠴᠡᠩᠭᠡᠯ ᠤᠨ ᠨᠠᠶᠢᠵᠠᠯᠠᠬᠤ ᠲᠠᠪᠴᠠᠩ ᠢ ᠠᠮᠵᠢᠯᠲᠠᠲᠠᠢ ᠬᠠᠩᠭᠠᠵᠤ ᠴᠢᠳᠠᠭᠰᠠᠨ ᠪᠠᠶᠢᠨ᠎ᠠ᠃ ᠬᠤᠶᠢᠰᠢᠳᠠ ᠬᠤᠰᠢᠭᠤ ᠡᠪᠯᠡᠯ ᠤᠨ ᠬᠤᠷᠢᠶ᠎ᠠ ᠪᠠᠰᠠ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ ᠮᠠᠨ ᠤ ᠬᠤᠰᠢᠭᠤᠨ ᠤ ᠡᠯ᠎ᠡ ᠦᠨᠳᠦᠰᠦᠲᠡᠨ ᠤ ᠤᠷᠤᠭᠯᠠᠬᠤ ᠨᠠᠰᠤᠨ ᠤ ᠵᠠᠯᠠᠭᠤᠴᠤᠳ ᠤᠨ ᠨᠠᠶᠢᠵᠠᠯᠠᠬᠤ ᠠᠰᠠᠭᠤᠳᠠᠯ ᠢ ᠬᠠᠯᠠᠮᠵᠢᠯᠠᠨ ᠬᠡᠯᠪᠡᠷᠢ ᠮᠠᠶ᠋ᠢᠭ ᠨᠢ ᠣᠯᠠᠨ ᠶᠠᠩᠵᠤ᠂ ᠬᠡᠪ ᠨᠠᠮᠪᠠ ᠨᠢ ᠣᠯᠠᠨ ᠬᠤᠪᠢᠷᠠᠯᠲᠠ ᠲᠠᠢ᠂ ᠠᠭᠤᠯᠭ᠎ᠠ ᠨᠢ ᠪᠠᠶᠠᠯᠢᠭ ᠨᠥᠬᠦᠷᠯᠡᠯ ᠤᠨ ᠠᠵᠢᠯᠯᠠᠭ᠎ᠠ ᠥᠷᠨᠢᠭᠦᠯᠵᠤ ᠵᠠᠯᠠᠭᠤᠴᠤᠳ ᠤᠨ ᠬᠦᠰᠡᠯ ᠡᠷᠡᠮᠡᠯᠵᠡᠯ ᠢ ᠪᠠᠶᠠᠯᠠᠭᠦᠯᠤᠨ ᠬᠡᠷᠡᠭᠴᠡᠭᠡ ᠱᠠᠭᠠᠷᠳᠠᠯᠭ᠎ᠠ ᠳᠤ ᠨᠢ ᠨᠡᠶᠢᠴᠡᠭᠦᠯᠵᠦ ᠵᠠᠯᠠᠭᠤᠴᠤᠳ ᠲᠤ ᠨᠡᠩ ᠰᠠᠶᠢᠨ ᠦᠢᠯᠡᠴᠢᠯᠡᠭᠡ ᠬᠦᠷᠭᠡᠬᠦ ᠪᠠᠷ ᠪᠠᠶᠢᠨ᠎ᠠ᠃    
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号