ᠳᠤᠮᠳᠠᠳᠤ ᠤᠯᠤᠰ ᠤᠨ ᠠᠷᠠᠳ ᠳᠦᠮᠡᠨ ᠤ ᠶᠠᠫᠤᠨ ᠢ ᠡᠰᠡᠷᠬᠦᠴᠡᠬᠦ ᠲᠠᠶᠢᠨ ᠵᠢᠴᠢ ᠲᠡᠯᠡᠬᠡᠢ ᠶᠢᠨ ᠹᠠᠱᠢᠰ ᠢ ᠡᠰᠡᠷᠬᠦᠴᠡᠬᠦ ᠲᠠᠶᠢᠨ ᠤ ᠢᠯᠠᠯᠳᠠ ᠤᠯᠤᠬᠰᠠᠨ 75 ᠵᠢᠯ ᠤᠨ ᠤᠢ ᠶᠢ ᠲᠤᠷᠠᠰᠬᠠᠵᠦ ᠶᠠᠫᠤᠨ ᠢ ᠡᠰᠡᠷᠬᠦᠴᠡᠬᠦ ᠲᠠᠶᠢᠨ ᠤ ᠦᠷᠡᠭᠳᠡᠭᠰᠡᠨ ᠪᠠᠭᠠᠳᠤᠷᠴᠤᠳ ᠲᠤ ᠰᠠᠭᠰᠤᠲᠦ ᠴᠡᠴᠡᠭ ᠬᠦᠷᠬᠡᠬᠦ ᠶᠤᠰᠤᠯᠠᠯ ᠪᠡᠬᠡᠵᠢᠩ ᠳᠤ ᠶᠠᠪᠤᠬᠳᠠᠵᠠᠢ
ᠨᠡᠶᠢᠲᠡᠯᠡᠭᠰᠡᠨ ᠴᠠᠭ᠄
2020/9/4
   ᠰᠢ ᠶᠢᠨ ᠫᠢᠩ  ᠯᠢ ᠺᠧ ᠴᠢᠶᠠᠩ  ᠯᠢ ᠵᠠᠨ ᠱᠦ  ᠸᠠᠩ ᠶᠠᠩ  ᠸᠠᠩ ᠬᠤ᠋ ᠨᠢᠩ    ᠵᠤᠤ ᠯᠧ ᠵᠢᠢ  ᠬᠠᠨ ᠵᠧᠩ  ᠸᠠᠩ ᠴᠢ ᠱᠠᠨ ᠶᠤᠰᠤᠯᠠᠯ ᠳᠤ ᠤᠷᠤᠯᠴᠠᠪᠠ    ᠲᠡᠤᠬᠡ ᠪᠠᠨ ᠪᠠᠳᠤ ᠴᠡᠬᠡᠵᠢᠯᠠᠵᠤ ᠦᠷᠡᠭᠳᠡᠭᠰᠨᠨ ᠪᠠᠭᠠᠳᠤᠷᠴᠤᠳ ᠢᠶᠠᠨ ᠰᠠᠨᠠᠭᠠᠯᠵᠠᠨ᠂ ᠡᠩᠬᠡ ᠲᠠᠶᠢᠪᠤᠩ ᠢ ᠡᠷᠬᠢᠮᠨᠠᠵᠤ ᠢᠷᠡᠬᠡᠳᠤᠢ ᠪᠠᠨ ᠴᠤᠬᠴᠠᠯᠠᠨ᠎ᠠ᠃ 9 ᠰᠠᠷ᠎ᠠ ᠶᠢᠨ 3 ᠤ ᠦᠳᠡ ᠶᠢᠨ ᠡᠮᠤᠨ᠎ᠠ᠂ ᠳᠤᠮᠳᠠᠳᠤ ᠤᠯᠤᠰ ᠤᠨ ᠠᠷᠠᠳ ᠳᠦᠮᠡᠨ ᠤ ᠶᠠᠫᠤᠨ ᠢ ᠡᠰᠡᠷᠬᠦᠴᠡᠬᠦ ᠲᠠᠶᠢᠨ ᠵᠢᠴᠢ ᠲᠡᠯᠡᠬᠡᠢ ᠶᠢᠨ ᠹᠠᠱᠢᠰ ᠢ ᠡᠰᠡᠷᠬᠦᠴᠡᠬᠦ ᠲᠠᠶᠢᠨ ᠤ ᠢᠯᠠᠯᠳᠠ ᠤᠯᠤᠬᠰᠠᠨ 75 ᠵᠢᠯ ᠤᠨ ᠤᠢ ᠶᠢ ᠲᠤᠷᠠᠰᠬᠠᠵᠦ ᠶᠠᠫᠤᠨ ᠢ ᠡᠰᠡᠷᠬᠦᠴᠡᠬᠦ ᠲᠠᠶᠢᠨ ᠤ ᠦᠷᠡᠭᠳᠡᠭᠰᠡᠨ ᠪᠠᠭᠠᠳᠤᠷᠴᠤᠳ ᠲᠤ ᠰᠠᠭᠰᠤᠲᠦ ᠴᠡᠴᠡᠭ ᠬᠦᠷᠬᠡᠬᠦ ᠶᠤᠰᠤᠯᠠᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠬᠦᠴᠡᠬᠦ ᠲᠠᠶᠢᠨ ᠤ ᠲᠤᠷᠠᠰᠬᠠᠯ ᠤᠨ ᠤᠷᠳᠤᠨ ᠳᠤ ᠶᠠᠪᠤᠬᠳᠠᠪᠠ᠃ ᠨᠠᠮ ᠪᠠ ᠲᠦᠷᠤ ᠶᠢᠨ ᠤᠳᠤᠷᠢᠳᠬᠤ ᠬᠦᠮᠤᠰ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠦ᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠡᠯ᠎ᠠ ᠡᠳᠡᠬᠡᠳ ᠤᠨ ᠲᠦᠯᠤᠬᠡᠯᠡᠭᠴᠢᠳ ᠲᠠᠢ ᠬᠠᠮᠳᠤ ᠶᠤᠰᠤᠯᠠᠯ ᠳᠤ ᠤᠷᠤᠯᠴᠠᠪᠠ᠃    
   9 ᠰᠠᠷ᠎ᠠ ᠶᠢᠨ 3 ᠤ ᠦᠳᠡ ᠶᠢᠨ ᠡᠮᠤᠨ᠎ᠠ᠂ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠦ᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠵᠡᠷᠭᠡ ᠨᠠᠮ ᠪᠠ ᠲᠦᠷᠤ ᠶᠢᠨ ᠤᠳᠤᠷᠢᠳᠬᠤ ᠬᠦᠮᠤᠰ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠬᠦᠴᠡᠬᠦ ᠲᠠᠶᠢᠨ ᠤ ᠲᠤᠷᠠᠰᠬᠠᠯ ᠤᠨ ᠤᠷᠳᠤᠨ ᠳᠤ ᠢᠷᠡᠵᠤ᠂ ᠳᠤᠮᠳᠠᠳᠤ ᠤᠯᠤᠰ ᠤᠨ ᠠᠷᠠᠳ ᠳᠦᠮᠡᠨ ᠤ ᠶᠠᠫᠤᠨ ᠢ ᠡᠰᠡᠷᠬᠦᠴᠡᠬᠦ ᠲᠠᠶᠢᠨ ᠵᠢᠴᠢ ᠲᠡᠯᠡᠬᠡᠢ ᠶᠢᠨ ᠹᠠᠱᠢᠰ ᠢ ᠡᠰᠡᠷᠬᠦᠴᠡᠬᠦ ᠲᠠᠶᠢᠨ ᠤ ᠢᠯᠠᠯᠳᠠ ᠤᠯᠤᠬᠰᠠᠨ 75 ᠵᠢᠯ ᠤᠨ ᠤᠢ ᠶᠢ ᠲᠤᠷᠠᠰᠬᠠᠵᠦ ᠶᠠᠫᠤᠨ ᠢ ᠡᠰᠡᠷᠬᠦᠴᠡᠬᠦ ᠲᠠᠶᠢᠨ ᠤ ᠦᠷᠡᠭᠳᠡᠭᠰᠡᠨ ᠪᠠᠭᠠᠳᠤᠷᠴᠤᠳ ᠲᠤ ᠰᠠᠭᠰᠤᠲᠦ ᠴᠡᠴᠡᠭ ᠬᠦᠷᠬᠡᠬᠦ ᠶᠤᠰᠤᠯᠠᠯ ᠳᠤ ᠤᠷᠤᠯᠴᠠᠪᠠ᠃ ᠵᠢᠷᠤᠭ ᠪᠤᠯ ᠰᠢ ᠶᠢᠨ ᠫᠢᠩ ᠰᠠᠭᠰᠤᠲᠦ ᠴᠡᠴᠡᠭ ᠲᠡᠭᠡᠷ᠎ᠡ ᠡᠯᠭᠦᠭᠰᠡᠡ ᠲᠤᠷᠭᠠᠨ ᠪᠦᠴᠡ ᠶᠢ ᠨᠠᠷᠢᠨ ᠨᠢᠮᠪᠠᠢ ᠲᠢᠭᠯᠡᠵᠤ ᠪᠠᠶᠢᠭ᠎ᠠ ᠨᠢ᠃    ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠶᠧ ᠬᠤᠸᠠᠨ ‍ᠤᠤᠢ ᠰᠡᠭᠦᠳᠡᠷᠯᠡᠪᠡ    ᠪᠡᠬᠡᠵᠢᠩ ᠤᠨ ᠪᠠᠷᠠᠭᠤᠨ ᠲᠡᠬᠦᠷᠬᠡ ᠶᠢᠨ ᠯᠦ ᠭᠸᠤ ᠴᠢᠶᠤᠤ ᠬᠦᠬᠦᠷᠬᠡ ᠶᠢᠨ ᠬᠦᠪᠡᠬᠡᠨ ᠳᠠᠬᠢ ᠸᠠᠨ ᠫᠢᠩ ᠬᠤᠲᠠᠨ ᠲᠤᠲᠤᠷ᠎ᠠ᠂ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠬᠦᠴᠡᠬᠦ ᠲᠠᠶᠢᠨ ᠤ ᠲᠤᠷᠠᠰᠬᠠᠯ ᠤᠨ ᠤᠷᠳᠤᠨ ᠰᠡᠬᠦ᠋ᠢᠨ ᠰᠦᠨᠳᠡᠷᠯᠠᠨ᠎ᠠ᠃ ᠲᠤᠷᠠᠰᠬᠠᠯ ᠤᠨ ᠤᠷᠳᠤᠨ ᠤ ᠡᠮᠤᠨᠡᠬᠢ ᠠᠭᠤᠳᠠᠮ ᠲᠠᠯᠠᠪᠠᠢ ᠳᠤ᠂ ᠭᠠᠯ ᠤᠯᠠᠭᠠᠨ ᠲᠠᠪᠤᠨ ᠤᠳᠤᠳᠤ ᠤᠯᠠᠭᠠᠨ ᠲᠤᠬ ᠨᠠᠮᠢᠷᠠᠨ᠂ ︽ᠲᠤᠰᠠᠭᠠᠷ ᠲᠤᠭᠳᠠᠨᠢᠯ ᠡᠷᠬᠡ ᠴᠢᠯᠦᠭᠡ ᠶᠢᠨ ᠭᠠᠪᠢᠶᠠᠨ ᠲᠡᠮᠳᠡᠭ︾ ᠤᠨ ᠱᠤᠭᠤᠮᠠᠯ ᠬᠤᠪᠢ ᠶᠢᠨ ᠭᠠᠳᠠᠨ᠎ᠠ ᠲᠤᠳᠤ ᠬᠠᠷᠠᠬᠳᠠᠨ᠎ᠠ᠃ ᠲᠤᠷᠠᠰᠬᠠᠯ ᠤᠨ ᠤᠷᠳᠤᠨ ᠤ ᠭᠤᠤᠯ ᠡᠬᠦᠳᠡᠨ ᠲᠡᠭᠡᠷ᠎ᠠ ︽ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠬᠦᠴᠡᠬᠦ ᠲᠠᠶᠢᠨ ᠵᠢᠴᠢ ᠲᠡᠯᠡᠬᠡᠢ ᠶᠢᠨ ᠹᠠᠱᠢᠰ ᠢ ᠡᠰᠡᠷᠬᠦᠴᠡᠬᠦ ᠲᠠᠶᠢᠨ ᠤ ᠢᠯᠠᠯᠳᠠ ᠤᠯᠤᠬᠰᠠᠨ 75 ᠵᠢᠯ ᠤᠨ ᠤᠢ ᠶᠢ ᠲᠤᠷᠠᠰᠬᠠᠶ᠎ᠠ︾ ᠬᠡᠬᠦ ᠬᠦᠨᠳᠠᠯᠠᠨ ᠪᠢᠴᠢᠬᠡᠰᠤ ᠡᠯᠬᠦᠬᠡᠰᠤᠳᠠᠢ᠃ ᠭᠤᠤᠯ ᠡᠬᠦᠳᠠᠨ ᠤ ᠬᠤᠶᠠᠷ ᠲᠠᠯ᠎ᠠ ᠳᠤ᠂ ᠰᠦᠷ ᠵᠢᠪᠬᠤᠭᠠᠳᠤ ᠭᠤᠷᠪᠠᠨ ᠵᠠᠮ ᠤᠨ ᠴᠡᠷᠢᠭ ᠤᠨ ᠶᠤᠰᠤᠯᠠᠯ ᠤᠨ ᠠᠩᠬᠢ ᠫᠤᠤ ᠪᠠᠷᠢᠨ ᠲᠦᠪ ᠵᠤᠬᠰᠤᠨ᠎ᠠ᠃    9 ᠴᠠᠬ 57 ᠮᠢᠨᠦ᠋ᠲ ᠲᠤ᠂ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠦ᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠨᠠᠷ ᠠᠳᠡ ᠢᠷᠡᠪᠠ᠃ ᠰᠢ ᠶᠢᠨ ᠫᠢᠩ ᠨᠠᠷ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠬᠦᠴᠡᠬᠦ ᠲᠠᠶᠢᠨ ᠤ ᠲᠤᠷᠠᠰᠬᠠᠯ ᠤᠨ ᠤᠷᠳᠤᠨ ᠤ ᠡᠮᠤᠨ᠎ᠠ ᠲᠠᠶᠢᠰᠠᠨ ᠲᠡᠭᠡᠷ᠎ᠠ ᠬᠢᠴᠢᠶᠡᠩᠭᠦ᠋ᠢᠯᠡᠨ ᠵᠤᠬᠰᠤᠪᠠ᠃ ᠶᠠᠫᠤᠨ ᠢ ᠡᠰᠡᠷᠬᠦᠴᠡᠬᠦ ᠲᠠᠶᠢᠨ ᠳᠤ ᠤᠷᠤᠯᠴᠠᠬᠰᠠᠨ ᠠᠬᠠᠮᠠᠳ ᠪᠠᠶᠢᠯᠳᠤᠬᠴᠢ ᠪᠤᠯᠤᠨ ᠶᠠᠫᠤᠨ ᠢ ᠡᠰᠡᠷᠬᠦᠴᠡᠬᠦ ᠲᠠᠶᠢᠨ ᠤ ᠵᠠᠩᠵᠦᠨ ᠺᠤᠮᠠᠨᠳ᠋ᠯᠠᠭᠴᠢ ᠨᠠᠷ ᠤᠨ ᠲᠦᠷᠤᠯ ᠰᠠᠳᠤᠨ ᠤ ᠲᠦᠯᠤᠬᠡᠯᠡᠭᠴᠢ᠂ ᠶᠠᠫᠤᠨ ᠢ ᠡᠰᠡᠷᠬᠦᠴᠡᠬᠦ ᠲᠠᠶᠢᠨ ᠤ ᠦᠷᠡᠭᠳᠡᠭᠰᠡᠨ ᠪᠠᠭᠠᠳᠤᠷᠴᠤᠳ ᠤᠨ ᠭᠡᠷ ᠪᠦᠯᠢ ᠶᠢᠨ ᠲᠦᠯᠤᠬᠡᠯᠡᠭᠴᠢ᠂ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠬᠦᠴᠡᠬᠦ ᠲᠠᠶᠢᠨ ᠤ ᠢᠯᠠᠯᠳᠠ ᠤᠯᠬᠤ ᠳᠤ ᠬᠤᠪᠢ ᠨᠡᠮᠡᠷᠢ ᠦᠵᠡᠬᠦᠯᠦᠭᠰᠡᠨ ᠭᠠᠳᠠᠭᠠᠳᠤ ᠶᠢᠨ ᠨᠦᠬᠦᠷᠰᠡᠭ ᠬᠦᠮᠦᠰ ᠤᠨ ᠭᠡᠷ ᠪᠦᠯᠢ ᠶᠢᠨ ᠲᠦᠯᠤᠬᠡᠯᠡᠭᠴᠢ᠂ ᠴᠢᠯᠤᠬᠡᠯᠡᠬᠦ ᠴᠡᠷᠢᠭ ᠪᠤᠯᠤᠨ ᠵᠡᠪᠰᠡᠭᠳᠤ ᠴᠠᠭᠳᠠᠭ᠎ᠠ ᠶᠢᠨ ᠴᠡᠷᠢᠭ ᠠᠩᠬᠢ ᠶᠢᠨ ᠲᠠᠷᠤᠭ᠎ᠠ ᠪᠠᠶᠢᠯᠳᠤᠬᠴᠢ ᠶᠢᠨ ᠲᠦᠯᠤᠬᠡᠯᠡᠭᠴᠢ᠂ ᠨᠡᠶᠢᠰᠯᠠᠯ ᠤᠨ ᠡᠯ᠎ᠠ ᠡᠳᠡᠬᠡᠳ ᠤᠨ ᠤᠯᠠᠨ ᠲᠦᠮᠡᠨ ᠤ ᠲᠦᠯᠤᠬᠡᠯᠡᠭᠴᠢ ᠲᠤᠷᠠᠰᠬᠠᠯ ᠤᠨ ᠤᠷᠳᠤᠨ ᠵᠦᠭ ᠬᠠᠨᠲᠤᠨ ᠬᠢᠴᠢᠶᠡᠩᠭᠦ᠋ᠢᠯᠡᠨ ᠵᠤᠬᠰᠤᠪᠠ᠃    ᠨᠠᠮ ᠤᠨ ᠲᠦᠪ ᠬᠤᠷᠢᠶ᠎ᠠ᠂ ᠪᠦᠬᠦ ᠤᠯᠤᠰ ᠤᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠪᠤᠯᠤᠨ ᠶᠠᠫᠤᠨ ᠢ ᠡᠰᠡᠷᠬᠦᠴᠡᠬᠦ ᠲᠠᠶᠢᠨ ᠳᠤ ᠤᠷᠤᠯᠴᠠᠬᠰᠠᠨ ᠠᠬᠠᠮᠠᠳ ᠪᠠᠶᠢᠯᠳᠤᠬᠴᠢ ᠠᠬᠠᠮᠠᠳ ᠨᠦᠬᠦᠳ᠂ ᠨᠡᠶᠢᠰᠯᠠᠯ ᠤᠨ ᠡᠯ᠎ᠠ ᠡᠳᠡᠬᠡᠳ ᠤᠨ ᠤᠯᠠᠨ ᠲᠦᠮᠡᠨ ᠤ ᠲᠤᠰ ᠲᠤᠰ ᠬᠦᠷᠬᠡᠭᠰᠡᠨ 7 ᠰᠠᠭᠰᠤᠲᠦ ᠴᠡᠴᠡᠭ ᠢ ᠲᠤᠷᠠᠰᠬᠠᠯ ᠤᠨ ᠤᠷᠳᠤᠨ ᠤ ᠡᠮᠤᠨ᠎ᠠ ᠲᠠᠶᠢᠰᠠᠨ ᠳᠤ ᠨᠢᠬᠡ ᠮᠦᠷ ᠢᠶᠠᠷ ᠵᠢᠬᠰᠠᠭᠠᠨ ᠲᠠᠯᠪᠢᠪᠠ᠃ ᠰᠠᠭᠰᠤᠲᠦ ᠴᠡᠴᠡᠭ ᠤᠨ ᠤᠯᠠᠭᠠᠨ ᠲᠤᠷᠭᠠᠨ ᠪᠦᠴᠠ ᠲᠡᠭᠡᠷ᠎ᠠ ︽ᠳᠤᠮᠳᠠᠳᠤ ᠤᠯᠤᠰ ᠤᠨ ᠠᠷᠠᠳ ᠳᠦᠮᠡᠨ ᠤ ᠶᠠᠫᠤᠨ ᠢ ᠡᠰᠡᠷᠬᠦᠴᠡᠬᠦ ᠲᠠᠶᠢᠨ ᠳᠤ ᠪᠠᠭᠠᠳᠤᠷᠯᠢᠬ ᠢᠶᠠᠷ ᠪᠠᠶ᠎ᠠ ᠦᠷᠡᠭᠳᠡᠭᠰᠡᠨ ᠪᠠᠭᠠᠳᠤᠷᠴᠤᠳ ᠦᠨᠢᠳᠠ ᠪᠠᠯᠠᠷᠡᠰᠢ ᠦᠬᠡᠢ︾ ᠬᠡᠵᠤ ᠪᠢᠴᠢᠭᠰᠡᠨ ᠪᠠᠶᠢᠪᠠ᠃  
   9 ᠰᠠᠷ᠎ᠠ ᠶᠢᠨ 3 ᠤ ᠦᠳᠡ ᠶᠢᠨ ᠡᠮᠤᠨ᠎ᠠ᠂ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠦ᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠵᠡᠷᠭᠡ ᠨᠠᠮ ᠪᠠ ᠲᠦᠷᠤ ᠶᠢᠨ ᠤᠳᠤᠷᠢᠳᠬᠤ ᠬᠦᠮᠤᠰ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠬᠦᠴᠡᠬᠦ ᠲᠠᠶᠢᠨ ᠤ ᠲᠤᠷᠠᠰᠬᠠᠯ ᠤᠨ ᠤᠷᠳᠤᠨ ᠳᠤ ᠢᠷᠡᠵᠤ᠂ ᠳᠤᠮᠳᠠᠳᠤ ᠤᠯᠤᠰ ᠤᠨ ᠠᠷᠠᠳ ᠳᠦᠮᠡᠨ ᠤ ᠶᠠᠫᠤᠨ ᠢ ᠡᠰᠡᠷᠬᠦᠴᠡᠬᠦ ᠲᠠᠶᠢᠨ ᠵᠢᠴᠢ ᠲᠡᠯᠡᠬᠡᠢ ᠶᠢᠨ ᠹᠠᠱᠢᠰ ᠢ ᠡᠰᠡᠷᠬᠦᠴᠡᠬᠦ ᠲᠠᠶᠢᠨ ᠤ ᠢᠯᠠᠯᠳᠠ ᠤᠯᠤᠬᠰᠠᠨ 75 ᠵᠢᠯ ᠤᠨ ᠤᠢ ᠶᠢ ᠲᠤᠷᠠᠰᠬᠠᠵᠦ ᠶᠠᠫᠤᠨ ᠢ ᠡᠰᠡᠷᠬᠦᠴᠡᠬᠦ ᠲᠠᠶᠢᠨ ᠤ ᠦᠷᠡᠭᠳᠡᠭᠰᠡᠨ ᠪᠠᠭᠠᠳᠤᠷᠴᠤᠳ ᠲᠤ ᠰᠠᠭᠰᠤᠲᠦ ᠴᠡᠴᠡᠭ ᠬᠦᠷᠬᠡᠬᠦ ᠶᠤᠰᠤᠯᠠᠯ ᠳᠤ ᠤᠷᠤᠯᠴᠠᠪᠠ᠃    ᠰᠢᠨᠬᠤᠸᠠ ᠬᠤᠷᠢᠶᠠᠨ ᠤ ᠰᠤᠷᠪᠤᠯᠵᠢᠯᠠᠭᠴᠢ ᠳ᠋ᠢᠩ ᠯᠢᠨ ᠰᠡᠭᠦᠳᠡᠷᠯᠡᠪᠡ    10 ᠴᠠᠭ ᠲᠤ᠂ ᠶᠠᠫᠤᠨ ᠢ ᠡᠰᠡᠷᠬᠦᠴᠡᠬᠦ ᠲᠠᠶᠢᠨ ᠤ ᠦᠷᠡᠭᠳᠡᠭᠰᠡᠨ ᠪᠠᠭᠠᠳᠤᠷᠴᠤᠳ ᠲᠤ ᠰᠠᠭᠰᠤᠲᠦ ᠴᠡᠴᠡᠭ ᠬᠦᠷᠭᠡᠬᠦ ᠶᠤᠰᠤᠯᠠᠯ ᠡᠬᠢᠯᠡᠪᠡ᠃    ᠲᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠴᠡᠷᠢᠭ ᠤᠨ ᠬᠦᠭᠵᠢᠮ ᠤᠨ ᠪᠦᠯᠬᠦᠮ ᠰᠦᠷ ᠵᠢᠪᠬᠤᠯᠠᠩᠳᠤ ︽ᠵᠢᠷᠤᠮ ᠤᠨ ᠴᠡᠷᠢᠭ ᠤᠨ ᠤᠷᠤᠬᠰᠢᠯᠠᠬᠤ ᠲᠠᠭᠤᠤ︾ ᠶᠢ ᠬᠦᠭᠵᠢᠮᠳᠠᠵᠤ᠂ ᠲᠠᠯᠠᠪᠠᠢ ᠲᠠᠶᠠᠭᠠᠷ ᠬᠠᠮᠳᠤ ᠪᠠᠷ ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠯᠤᠰ ᠤᠨ ᠰᠦᠯᠳᠠ ᠲᠠᠭᠤᠤ ᠶᠢ ᠲᠠᠭᠤᠯᠠᠪᠠ᠃ ︽ᠪᠤᠰᠴᠠᠭ᠎ᠠ︕ ᠪᠤᠭᠤᠯ ᠪᠤᠯᠬᠤ ᠲᠤᠷ᠎ᠡ ᠦᠭᠡᠢ ᠬᠦᠮᠦᠰ ᠡ︕ ᠴᠢᠰᠤ ᠮᠢᠬ᠎ᠠ ᠪᠠᠷ ᠢᠶᠠᠨ ᠪᠢᠳᠠᠨ ᠰᠢᠨ᠎ᠡ ᠤᠷᠲᠦ ᠴᠠᠭᠠᠨ ᠭᠡᠷᠡᠮ ᠢ ᠴᠤᠭᠴᠠᠯᠠᠶ᠎ᠠ ᠁︾ ᠤᠮᠤᠭ ᠵᠤᠷᠢᠭ ᠢ ᠬᠦᠭᠵᠢᠭᠡᠬᠦ ᠠᠶᠠᠯᠭᠤ ᠯᠤ᠋ ᠭᠸᠤ ᠴᠢᠶᠤᠤ ᠬᠦᠬᠦᠷᠭᠡ ᠶᠢᠨ ᠲᠡᠷᠭᠡᠲᠡ ᠴᠤᠤᠷᠢᠶᠠᠳᠤᠵᠤ᠂ ᠬᠦᠮᠦᠰ ᠢ ᠲᠤᠮᠳᠠᠳᠤ ᠶᠢᠨ ᠬᠦᠪᠡᠬᠦᠳ ᠦᠬᠢᠳ ᠤᠨ ᠬᠠᠷᠬᠢᠰ ᠲᠠᠶᠢᠰᠤᠨ ᠢ ᠬᠠᠮᠳᠤ ᠪᠠᠷ ᠬᠤᠷᠤᠰᠤᠬᠰᠡᠨ᠂ ᠤᠯᠤᠰ ᠤᠷᠤᠨ ᠢᠶᠠᠨ ᠭᠠᠰᠠᠯᠠᠩ ᠵᠤᠪᠠᠯᠠᠩ ᠠᠴᠠ ᠠᠪᠤᠷᠠᠬᠤ ᠪᠠᠷ ᠬᠠᠮᠳᠤ ᠪᠠᠷ ᠡᠷᠡᠯᠬᠡᠭᠯᠡᠨ ᠪᠠᠶᠢᠯᠳᠤᠭᠰᠠᠠ ᠲᠡᠷᠡ ᠬᠦ ᠴᠠᠭ ᠦᠶ᠎ᠡ ᠶᠢ ᠡᠷᠬᠢᠴᠡᠭᠦᠯᠦᠭᠦᠯᠵᠤ᠂ ᠲᠤᠮᠳᠠᠳᠤ ᠶᠢᠨ ᠦᠨᠳᠤᠰᠤᠳᠡᠨ ᠤ ᠨᠤᠭᠤᠷᠠᠰᠢ ᠦᠭᠡᠢ᠂ ᠡᠷᠡᠯᠭᠡᠭ ᠪᠠᠭᠠᠳᠤᠷᠯᠢᠭ ᠢᠶᠠᠷ ᠶᠠᠫᠤᠨ ᠢ ᠡᠰᠡᠷᠬᠦᠴᠡᠭᠰᠡᠨ ᠠᠭᠤᠤ ᠶᠡᠭᠡ ᠵᠤᠷᠢᠭ ᠰᠠᠨᠠᠭ᠎ᠠ ᠶᠢ ᠰᠠᠨᠠᠭᠠᠯᠵᠠᠭᠤᠯᠪᠠ    ᠤᠯᠤᠰ ᠤᠨ ᠰᠦᠯᠳᠠ ᠲᠠᠭᠤᠤ ᠲᠠᠭᠤᠯᠠᠵᠤ ᠪᠠᠷᠠᠮᠠᠭᠴᠠ ᠲᠠᠯᠠᠪᠠᠢ ᠲᠠᠶᠠᠭᠠᠷ ᠬᠢᠴᠢᠶᠠᠩᠬᠦ᠋ᠢᠯᠡᠨ ᠵᠤᠬᠰᠤᠵᠤ᠂ ᠲᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠬᠦᠴᠡᠬᠦ ᠲᠠᠶᠢᠨ ᠤ ᠲᠤᠮᠳᠠ ᠡᠷᠡᠯᠭᠡᠭ ᠪᠠᠭᠠᠳᠤᠷᠯᠢᠭ ᠢᠶᠠᠷ ᠪᠡᠶ᠎ᠡ ᠦᠷᠡᠭᠳᠡᠭᠰᠡᠨ ᠪᠠᠭᠠᠳᠤᠷᠴᠤᠳ ᠢ ᠨᠠᠮᠠᠨᠴᠢᠯᠠᠨ ᠭᠠᠰᠢᠭᠤᠳᠠᠪᠠ᠃    ᠨᠠᠮᠠᠨᠴᠢᠯᠠᠨ ᠭᠠᠰᠢᠭᠤᠳᠠᠵᠤ ᠪᠠᠷᠠᠬᠰᠡᠨ ᠤ ᠲᠠᠷᠠᠭ᠎ᠠ᠂ ᠴᠡᠷᠢᠭ ᠤᠨ ᠬᠦᠭᠵᠢᠮ ᠤᠨ ᠪᠦᠯᠬᠦᠮ ︽ᠴᠡᠴᠡᠭ ᠬᠦᠷᠭᠡᠬᠦ ᠬᠦᠭᠵᠢᠮ︾ ᠢ ᠬᠦᠭᠵᠢᠮᠳᠠᠵᠤ᠂ 14 ᠶᠤᠰᠤᠯᠠᠯ ᠤᠨ ᠴᠡᠷᠢᠭ 7 ᠰᠠᠭᠰᠤᠲᠦ ᠴᠡᠴᠡᠭ ᠢ ᠲᠠᠮᠨᠠᠵᠤ᠂ ᠲᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠬᠦᠴᠡᠬᠦ ᠲᠠᠶᠢᠨ ᠤ ᠲᠤᠷᠠᠰᠬᠠᠯ ᠤᠨ ᠤᠷᠳᠤᠨ ᠤ ᠡᠬᠢᠯᠡᠯᠳᠠ ᠶᠢᠨ ᠲᠢᠩᠭᠢᠮ ᠳᠤ ᠠᠯᠭᠤᠷᠬᠠᠨ ᠢᠶᠠᠷ ᠠᠯᠬᠤᠨ ᠤᠷᠤᠵᠤ᠂ ᠰᠠᠭᠰᠤᠲᠦ ᠴᠡᠴᠡᠭ ᠢ ᠲᠤᠮᠳᠠᠳᠤ ᠶᠢᠨ ᠦᠨᠳᠤᠰᠤᠳᠡᠨ ᠤ ᠨᠢᠭᠲᠠᠷᠠᠨ ᠪᠦᠯᠬᠦᠮᠳᠡᠵᠤ ᠶᠠᠫᠤᠨ ᠢ ᠡᠰᠡᠷᠬᠦᠴᠡᠭᠰᠡᠨ ᠢ ᠪᠡᠯᠭᠡᠳᠡᠵᠤ ᠪᠠᠶᠢᠭ᠎ᠠ ᠲᠤᠮᠤ ᠬᠡᠯᠪᠡᠷᠢ ᠶᠢᠨ ᠬᠦᠳᠦᠬᠦᠷ ᠰᠡᠶᠢᠯᠦᠮᠡᠯ ︽ᠲᠡᠮᠤᠷ ᠭᠡᠷᠡᠮ ᠪᠤᠯᠤᠳ ᠬᠠᠨ᠎ᠠ︾ ᠶᠢᠨ ᠡᠮᠤᠨ᠎ᠡ ᠲᠠᠯᠪᠢᠪᠠ᠃    ᠰᠢ ᠶᠢᠨ ᠫᠢᠩ ᠨᠠᠷ ᠠᠯᠭᠤᠷ ᠠᠯᠬᠤᠯᠠᠨ ᠢᠨᠳᠡᠷ ᠲᠡᠭᠡᠷ᠎ᠡ ᠭᠠᠷᠴᠤ᠂ ᠲᠤᠷᠠᠰᠬᠠᠯ ᠤᠨ ᠤᠷᠳᠤᠨ ᠤ ᠡᠬᠢᠯᠡᠯᠳᠠ ᠶᠢᠨ ᠲᠢᠩᠭᠢᠮ ᠳᠤ ᠤᠷᠤᠵᠤ᠂ ᠰᠠᠭᠰᠤᠲᠦ ᠴᠡᠴᠡᠭ ᠤᠨ ᠡᠮᠤᠨ᠎ᠡ ᠵᠤᠬᠰᠤᠨ ᠰᠢᠷᠳᠡᠪᠡ᠃ ᠭᠠᠯ ᠤᠯᠠᠭᠠᠨ ᠦᠡᠭᠭᠡᠳᠤ ᠯᠠ᠂ ᠪᠠᠳᠮᠠᠷᠠᠨ ᠲᠡᠯᠭᠡᠷᠡᠭᠰᠡᠨ ᠴᠠᠬᠢᠷᠮ᠎ᠡ ᠴᠡᠴᠡᠭ᠂ ᠠᠩᠭᠢᠯᠤᠮ᠎ᠡ ᠦᠨᠦᠷᠳᠤ ᠰᠠᠷᠠᠨ᠎ᠡ᠂ ᠶᠠᠫᠤᠨ ᠢ ᠡᠰᠡᠷᠬᠦᠴᠡᠬᠦ ᠲᠠᠶᠢᠨ ᠤ ᠦᠷᠡᠭᠳᠡᠭᠰᠡᠨ ᠪᠠᠭᠠᠳᠤᠷᠴᠤᠳ ᠢ ᠬᠦᠨ᠎ᠡ ᠮᠦᠷᠦᠭᠡᠳᠴᠤ ᠪᠠᠶᠢᠭ᠎ᠠ ᠪᠠ ᠡᠷᠬᠢᠮ ᠲᠡᠭᠡᠳᠤ ᠬᠦᠨᠳᠦᠳᠭᠡᠯ ᠲᠡᠪᠰᠢᠭᠦᠯᠵᠤ ᠪᠠᠶᠢᠭ᠎ᠠ ᠶᠢ ᠢᠯᠡᠳᠭᠡᠨ᠎ᠡ᠃    ᠰᠢ ᠶᠢᠨ ᠫᠢᠩ ᠤᠷᠤᠬᠰᠢ ᠠᠯᠬᠤᠨ᠂ ᠰᠠᠭᠰᠤᠲᠦ ᠴᠡᠴᠡᠭ ᠲᠡᠭᠡᠷ᠎ᠡ ᠡᠯᠭᠦᠭᠰᠡᠡ ᠲᠤᠷᠭᠠᠨ ᠪᠦᠴᠡ ᠶᠢ ᠨᠠᠷᠢᠨ ᠨᠢᠮᠪᠠᠢ ᠲᠢᠭᠯᠡᠪᠡ᠃    ᠲᠠᠷᠠᠭ᠎ᠠ ᠨᠢ᠂ ᠪᠤᠰᠤᠳ ᠤᠳᠤᠷᠢᠳᠬᠤ ᠨᠦᠬᠦᠳ ᠪᠤᠯᠤᠨ ᠡᠯ᠎ᠡ ᠡᠳᠡᠭᠡᠳ ᠤᠨ ᠬᠢᠨ ᠤ ᠲᠦᠯᠦᠭᠡᠯᠡᠭᠴᠢᠳ ᠲᠤᠰ ᠲᠤᠰ ᠲᠤᠷᠠᠰᠬᠠᠯ ᠤᠨ ᠤᠷᠳᠤᠨ ᠤ ᠡᠬᠢᠯᠡᠯᠳᠠ ᠶᠢᠨ ᠲᠢᠩᠭᠢᠮ ᠳᠤ ᠤᠷᠤᠵᠤ ᠴᠡᠴᠡᠭ ᠬᠦᠷᠭᠡᠪᠡ᠃    ᠼᠠᠢ ᠴᠢ ᠶᠤᠰᠤᠯᠠᠯ ᠢ ᠡᠷᠬᠢᠯᠡᠪᠡ᠃ ᠳ᠋ᠢᠩ ᠰᠢᠤᠸᠠᠢ ᠰᠢᠶᠠᠩ᠂ ᠰᠢᠦᠢ ᠴᠢ ᠯᠢᠶᠠᠩ᠂ ᠵᠠᠩ ᠶᠢᠤ ᠰᠢᠶᠠ᠂ ᠴᠧᠨ ᠰᠢ᠂ ᠬᠤᠸᠠᠩ ᠺᠦᠨ ᠮᠢᠩ᠂ ᠵᠠᠩ ᠴᠦᠨ ᠰᠢᠶᠠᠨ᠂ ᠰᠢᠶᠤᠤ ᠵᠢᠶᠧ᠂ ᠮᠠ ᠪᠢᠶᠤᠤ᠂ ᠵᠢᠴᠢ ᠯᠢ ᠽᠦᠸᠧ ᠴᠧᠩ᠂ ᠮᠢᠶᠤᠤ ᠬᠤᠸᠠ᠂ ᠵᠠᠩ ᠱᠧᠩ ᠮᠢᠨ ᠶᠤᠰᠤᠯᠠᠯ ᠳᠤ ᠤᠷᠤᠯᠴᠠᠪᠠ᠃    ᠲᠦᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠪᠦᠯᠬᠦᠮ ᠤᠨ ᠬᠤᠯᠪᠤᠬᠳᠠᠯ ᠪᠦᠬᠦᠢ ᠰᠠᠯᠠᠭ᠎ᠠ ᠮᠦᠴᠢᠷ ᠪᠤᠯᠤᠨ ᠪᠡᠭᠡᠵᠢᠩ ᠬᠤᠳᠠ ᠶᠢᠨ ᠬᠠᠷᠢᠭᠤᠴᠠᠯᠭᠠᠳᠠᠨ ᠨᠦᠬᠦᠳ᠂ ᠡᠯ᠎ᠡ ᠠᠷᠠᠳᠴᠢᠯᠡᠬᠰᠡᠨ ᠨᠠᠮ ᠪᠦᠯᠦᠭ ᠤᠨ ᠲᠦᠪ ᠬᠤᠷᠢᠶ᠎ᠡ᠂ ᠪᠦᠬᠦ ᠤᠯᠤᠰ ᠤᠨ ᠦᠢᠯᠡᠳᠪᠤᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠳᠠᠨ ᠨᠦᠬᠦᠳ ᠪᠠ ᠨᠠᠮ ᠪᠦᠯᠦᠭ ᠤᠨ ᠪᠤᠰᠤ ᠬᠦᠮᠦᠰ ᠤᠨ ᠲᠦᠯᠦᠭᠡᠯᠡᠭᠴᠢᠳ ᠶᠤᠰᠤᠯᠠᠯ ᠳᠤ ᠤᠷᠤᠯᠴᠠᠵᠠᠢ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号