ᠰᠢ ᠶᠢᠨ ᠫᠢᠩ ᠤᠷᠤᠰ ᠤᠨ ᠶᠡᠷᠤᠩᠭᠡᠶᠢᠯᠡᠭᠴᠢ ᠫᠦᠲ᠋ᠢᠨ ᠲᠠᠢ ᠲᠡᠯᠡᠭᠡᠢ ᠶᠢᠨ ᠹᠠᠱᠢᠰ ᠢ ᠡᠰᠡᠷᠬᠦᠴᠡᠬᠦ ᠲᠠᠶᠢᠨ ᠤ ᠢᠯᠡᠯᠳᠠ ᠤᠯᠤᠬᠰᠡᠨ 75 ᠵᠢᠯ ᠤᠨ ᠤᠢ ᠳᠤ ᠵᠤᠷᠢᠭᠤᠯᠤᠨ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2020/9/4
   ᠤᠯᠤᠰ ᠤᠨ ᠲᠡᠷᠢᠬᠦᠯᠡᠭᠴᠢ ᠰᠢ ᠶᠢᠨ ᠫᠢᠩ 3 ᠤ ᠡᠳᠦᠷ  ᠤᠷᠤᠰ ᠤᠨ ᠶᠡᠷᠤᠩᠭᠡᠶᠢᠯᠡᠭᠴᠢ ᠫᠦᠲ᠋ᠢᠨ ᠲᠠᠢ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠤ᠂ ᠲᠡᠯᠡᠭᠡᠢ ᠶᠢᠨ ᠹᠠᠱᠢᠰ ᠢ ᠡᠰᠡᠷᠬᠦᠴᠡᠬᠦ ᠲᠠᠶᠢᠨ ᠢᠯᠡᠯᠳᠠ ᠤᠯᠤᠬᠰᠡᠨ 75 ᠵᠢᠯ ᠤᠨ ᠤᠢ ᠶᠢ ᠪᠠᠯᠭᠡᠯᠡᠪᠡ᠃    ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ 75 ᠵᠢᠯ ᠤᠨ ᠡᠮᠤᠨᠡᠬᠢ ᠡᠨᠡ ᠡᠳᠦᠷ᠂ ᠲᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠬᠦᠴᠡᠬᠦ ᠲᠠᠶᠢᠨ ᠪᠤᠯᠤᠨ ᠵᠦᠪᠯᠡᠯᠳᠤ ᠬᠤᠯᠪᠤᠭᠠᠳᠤ ᠤᠯᠤᠰ ᠤᠨ ᠶᠠᠫᠤᠨ ᠲᠠᠢ ᠬᠢᠭᠰᠡᠨ ᠲᠠᠶᠢᠨ ᠤ ᠢᠯᠡᠯᠳᠠ ᠤᠯᠤᠬᠰᠠᠨ ᠨᠢ ᠲᠡᠯᠡᠭᠡᠢ ᠶᠢᠨ ᠹᠠᠱᠢᠰ ᠢ ᠡᠰᠡᠷᠬᠦᠴᠡᠬᠦ ᠲᠠᠶᠢᠨ ᠡᠴᠤᠰ ᠤᠨ ᠢᠯᠡᠯᠳᠠ ᠪᠠᠨ ᠤᠯᠤᠬᠰᠡᠨ ᠢ ᠲᠤᠩᠬᠠᠬᠯᠠᠪᠠ᠃ ᠲᠡᠷᠡ ᠬᠦ ᠠᠽᠢᠶ᠎ᠡ ᠲᠢᠪ᠂ ᠡᠸᠦ᠋ᠷᠤᠫᠠ ᠲᠢᠪ᠂ ᠠᠹᠷᠢᠺᠠ ᠲᠢᠪ᠂ ᠶᠡᠭᠡ ᠲᠠᠯᠠᠢ ᠶᠢᠨ ᠲᠢᠪ ᠢ ᠬᠠᠮᠤᠷᠤᠬᠰᠡᠨ ᠲᠠᠶᠢᠨ ᠳᠤ᠂ ᠡᠯ᠎ᠡ ᠤᠯᠤᠰ ᠤᠨ ᠴᠡᠷᠢᠭ ᠠᠩᠭᠢ ᠪᠤᠯᠤᠨ ᠠᠷᠠᠳ ᠲᠦᠮᠡᠨ ᠤ ᠦᠬᠦᠵᠤ ᠰᠢᠷᠬᠠᠳᠤᠬᠰᠡᠨ ᠬᠦᠮᠦᠨ ᠤ ᠲᠤᠭ᠎ᠠ ᠳ᠋ᠦᠡᠭᠰᠢᠭᠤᠷ ᠢ ᠲᠠᠪᠠᠵᠤ᠂ ᠬᠦᠮᠦᠨ ᠲᠦᠷᠦᠯᠬᠢᠳᠠᠨ ᠤ ᠲᠡᠤᠭᠡᠨ ᠲᠡᠭᠡᠷᠡᠬᠢ ᠬᠠᠮᠤᠭ ᠤᠨ ᠬᠠᠷᠠᠰᠠᠯᠳᠠᠢ ᠦᠷᠡᠭᠳᠡᠯ ᠰᠦᠢᠲᠦᠯ ᠭᠠᠷᠭᠠᠪᠠ᠃ ᠲᠤᠮᠳᠠᠳᠤ ᠤᠷᠤᠰ ᠬᠤᠶᠠᠷ ᠲᠠᠯ᠎ᠡ ᠪᠠᠷ ᠢᠶᠠᠨ ᠲᠤᠰ ᠲᠤᠰ ᠠᠽᠢᠶ᠎ᠡ ᠲᠢᠪ ᠪᠤᠯᠤᠨ ᠡᠸᠦ᠋ᠷᠤᠫᠠ ᠲᠢᠪ‌‍ᠤᠨ ᠭᠤᠤᠯ ᠲᠠᠶᠢᠨ ᠤ ᠲᠠᠯᠠᠪᠤᠷ ᠪᠤᠯᠤᠬᠰᠡᠨ ᠤ ᠬᠤᠪᠢ ᠳᠤ᠂ ᠲᠡᠯᠡᠭᠡᠢ ᠶᠢᠨ ᠹᠠᠱᠢᠰ ᠢ ᠡᠰᠡᠷᠬᠦᠴᠡᠬᠦ ᠲᠠᠶᠢᠨ ᠤ ᠢᠯᠡᠯᠳᠠ ᠤᠯᠬᠤ ᠳᠤ ᠯᠤᠳᠤ ᠶᠡᠭᠡ ᠦᠨᠳᠤᠰᠤᠳᠡᠨ ᠤ ᠦᠷᠡᠭᠳᠡᠯ ᠢ ᠭᠠᠷᠭᠠᠵᠤ᠂ ᠪᠠᠯᠠᠷᠠᠰᠢ ᠦᠭᠡᠢ ᠲᠡᠤᠭᠡᠨ ᠬᠤᠪᠢ ᠨᠠᠮᠠᠷᠢ ᠦᠵᠡᠬᠦᠯᠪᠡ᠃ ᠬᠤᠶᠠᠷ ᠤᠯᠤᠰ ᠤᠨ ᠠᠷᠠᠳ ᠲᠦᠮᠡᠨ ᠮᠦᠷᠤ ᠵᠡᠷᠭᠡᠴᠡᠨ ᠡᠷᠡᠮᠨᠭᠡᠶᠢᠯᠡᠨ ᠲᠠᠮᠠᠴᠡᠵᠤ᠂ ᠠᠷᠢᠭᠤᠨ ᠴᠢᠰᠤ ᠪᠠᠷ ᠢᠶᠠᠨ ᠪᠠᠳᠤ ᠪᠠᠬᠢ ᠠᠭᠤᠤ ᠶᠡᠭᠡ ᠨᠦᠬᠦᠷᠯᠡᠯ ᠢ ᠪᠠᠶᠢᠭᠤᠯᠤᠨ᠂ ᠬᠤᠶᠠᠷ ᠤᠯᠤᠰ ᠤᠨ ᠬᠠᠷᠢᠯᠴᠠᠭ᠎ᠠ ᠦᠨᠳᠤᠷ ᠲᠦᠪᠰᠢᠨ ᠢᠶᠠᠷ ᠬᠦᠭᠵᠢᠬᠦ ᠳᠤ ᠪᠠᠳᠤ ᠪᠠᠬᠢ ᠰᠠᠭᠤᠷᠢ ᠲᠠᠯᠪᠢᠵᠠᠢ ᠭᠡᠵᠤ ᠵᠢᠭᠠᠵᠤ ᠭᠠᠷᠭᠠᠪᠠ᠃    ᠰᠢ ᠶᠢᠨ ᠫᠢᠩ᠂ ᠲᠤᠮᠳᠠᠳᠤ ᠤᠷᠤᠰ ᠴᠦᠮ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠪᠠᠶᠢᠡᠭᠭᠤ ᠶᠢᠨ ᠭᠡᠷᠡᠭ ᠡᠷᠬᠢᠯᠡᠬᠦ ᠤᠯᠤᠰ ᠪᠤᠯᠤᠬᠰᠡᠨ ᠤ ᠬᠤᠪᠢ ᠳᠤ᠂ ᠲᠡᠯᠡᠭᠡᠢ ᠶᠢᠨ ᠡᠩᠭᠡ ᠲᠠᠶᠢᠪᠤᠩ ᠬᠦᠭᠵᠢᠯᠳᠠ ᠶᠢᠨ ᠦᠢᠯᠡᠰ ᠲᠤ ᠴᠢᠬᠤᠯᠠ ᠬᠠᠷᠢᠭᠤᠴᠠᠯᠭ᠎ᠠ ᠲᠠᠢ ᠶᠤᠮ᠃ ᠪᠢ ᠲᠤᠷᠠᠳᠠᠶ᠎ᠡ ᠲᠠᠨ ᠲᠠᠢ ᠦᠷᠬᠦᠯᠵᠢᠯᠡᠨ ᠬᠠᠮᠳᠤ ᠪᠠᠷ ᠴᠢᠷᠮᠠᠶᠢᠵᠤ᠂ ᠲᠡᠯᠡᠭᠡᠢ ᠶᠢᠨ ᠹᠠᠱᠢᠰ‌ᠢ ᠡᠰᠡᠷᠬᠦᠴᠡᠬᠦ ᠲᠠᠶᠢᠨ ᠤ ᠢᠯᠡᠯᠳᠠ ᠤᠯᠤᠬᠰᠡᠨ 75 ᠵᠢᠯ ᠤᠨ ᠤᠢ ᠪᠠᠷ ᠠᠵᠠ ᠲᠤᠬᠢᠶᠠᠯ ᠪᠤᠯᠭᠠᠨ᠂ ᠲᠤᠮᠳᠠᠳᠤ ᠤᠷᠤᠰ ᠬᠤᠶᠠᠷ ᠤᠯᠤᠰ ᠤᠨ ᠪᠦᠬᠦ ᠲᠠᠯ᠎ᠡ ᠶᠢᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭ᠎ᠠ ᠪᠠᠨ ᠬᠦᠨᠵᠡᠭᠡᠶᠢᠷᠠᠬᠦᠯᠬᠦ ᠶᠢ ᠬᠦᠳᠤᠯᠤᠨ ᠲᠠᠭᠠᠭᠤᠯᠵᠤ᠂ ᠲᠡᠯᠡᠭᠡᠢ ᠨᠡᠶᠢᠭᠡᠮ ᠤᠨ ᠬᠢᠨ ᠲᠠᠢ ᠬᠠᠮᠳᠤ ᠪᠠᠷ᠂ ᠲᠡᠯᠡᠭᠡᠢ ᠶᠢᠨ ᠬᠤᠶᠠᠳᠤᠭᠠᠷ ᠶᠡᠭᠡ ᠲᠠᠶᠢᠨ ᠤ ᠢᠯᠡᠯᠳᠠ ᠤᠯᠤᠬᠰᠡᠨ ᠦᠷ᠎ᠡ ᠪᠦᠳᠦᠭᠡᠯ ᠪᠠ ᠤᠯᠠᠨ ᠤᠯᠤᠰ ᠤᠨ ᠲᠦᠪ ᠭᠤᠤᠯᠴᠢ ᠰᠢᠳᠤᠷᠭᠤ ᠶᠤᠰᠤ ᠶᠢ ᠡᠷᠡᠰ ᠪᠠᠳᠤ ᠬᠠᠮᠠᠭᠠᠯᠠᠨ᠂ ᠤᠯᠠᠨ ᠲᠠᠯᠠᠳᠤ ᠦᠵᠡᠯ ᠢ ᠢᠳᠡᠪᠬᠢᠳᠠᠢ ᠬᠠᠮᠠᠭᠠᠯᠠᠨ ᠦᠢᠯᠡᠳᠦᠯᠭᠡᠵᠢᠬᠦᠯᠵᠤ᠂ ᠬᠦᠮᠦᠨ ᠲᠦᠷᠦᠯᠬᠢᠳᠠᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠠᠶᠢᠭᠤᠯᠬᠤ ᠶᠢ ᠠᠬᠢᠭᠤᠯᠵᠤ᠂ ᠦᠷ᠎ᠡ ᠬᠤᠶᠢᠴᠢᠰ ᠢᠶᠠᠨ ᠦᠨᠢ ᠤᠳᠠᠭᠠᠨ ᠡᠩᠭᠡ ᠲᠠᠶᠢᠪᠤᠩ᠂ ᠨᠡᠶᠢᠳᠡᠮ ᠠᠮᠤᠷ ᠲᠦᠪᠰᠢᠨ᠂ ᠬᠠᠮᠳᠤ ᠪᠠᠷ ᠴᠡᠴᠡᠭᠯᠡᠨ ᠬᠦᠭᠵᠢᠭᠰᠡᠨ ᠲᠠᠯᠠᠬᠡᠢ ᠶᠢᠷᠳᠢᠨᠴᠤ ᠲᠠᠢ ᠪᠤᠯᠭᠠᠨ᠎ᠠ ᠭᠡᠵᠤ ᠴᠢᠬᠤᠯᠠᠴᠢᠯᠠᠪᠠ᠃    ᠫᠦᠲ᠋ᠢᠨ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠲᠡᠯᠡᠭᠡᠢ ᠶᠢᠨ ᠬᠤᠶᠠᠳᠤᠭᠠᠷ ᠶᠡᠭᠡ ᠲᠠᠶᠢᠨ ᠪᠤᠯ ᠬᠦᠮᠦᠨ ᠲᠦᠷᠦᠯᠬᠢᠳᠠᠨ ᠤ ᠲᠠᠤᠭᠡᠨ ᠳᠠᠬᠢ ᠬᠠᠮᠤᠭ ᠤᠨ ᠬᠠᠷᠠᠰᠠᠯᠳᠠᠢ ᠭᠤᠨᠢᠬᠳᠤ ᠵᠦᠴᠦᠭᠡ ᠪᠤᠯᠤᠨ᠎ᠡ᠃ ᠵᠦᠪᠯᠡᠯᠳᠤ ᠬᠤᠯᠪᠤᠭᠠᠳᠤ ᠤᠯᠤᠰ ᠪᠤᠯᠤᠨ ᠲᠤᠮᠳᠠᠳᠤ ᠤᠯᠤᠰ ᠪᠤᠯ ᠹᠠᠱᠢᠰ ᠤᠨ ‍ᠦᠵᠡᠯ ᠪᠤᠯᠤᠨ ᠴᠡᠷᠢᠭᠯᠡᠬᠦ ᠦᠵᠡᠯ ᠢ ᠡᠰᠡᠷᠬᠦᠴᠡᠭᠰᠡᠨ ᠭᠤᠤᠯ ᠲᠠᠶᠢᠨ ᠤ ᠲᠠᠯᠠᠪᠤᠷ ᠪᠠᠶᠢᠵᠤ᠂ ᠲᠦᠷᠢᠮᠡᠭᠡᠶᠢᠯᠡᠭᠴᠢᠳ ᠢ ᠲᠦᠢᠯᠪᠤᠷᠢᠳᠠᠢ ᠢᠯᠡᠬᠤ ᠶᠢᠨ ᠲᠦᠯᠦᠭᠡ ᠯᠤᠳᠤ ᠶᠡᠭᠡ ᠦᠨᠳᠤᠰᠤᠳᠡᠨ ᠤ ᠦᠷᠡᠭᠳᠡᠯ ᠭᠠᠷᠭᠠᠪᠠ᠃ ᠲᠡᠷᠡ ᠬᠦ ᠲᠦᠢᠯ ᠤᠨ ᠬᠠᠳᠠᠭᠤᠵᠢᠯᠳᠠᠢ ᠲᠠᠶᠢᠨ ᠳᠤ᠂ ᠮᠠᠨ ᠤ ᠬᠤᠶᠠᠷ ᠤᠯᠤᠰ ᠪᠤᠯᠤᠨ ᠬᠤᠶᠠᠷ ᠤᠯᠤᠰ ᠤᠨ ᠠᠷᠠᠳ ᠲᠦᠮᠡᠨ ᠬᠦᠨ ᠵᠤᠵᠠᠭᠠᠨ ᠲᠠᠶᠢᠴᠢᠨ ᠨᠦᠬᠦᠷᠯᠡᠯ ᠢ ᠪᠠᠶᠢᠭᠤᠯᠤᠬᠰᠡᠨ ᠶᠤᠮ᠃ ᠦᠨᠤᠳᠤᠷ᠂ ᠡᠶᠢᠮᠦᠷᠬᠦᠤ ᠬᠠᠷᠢᠯᠴᠠᠨ ᠲᠤᠰᠠᠯᠠᠯᠴᠠᠬᠤ ᠵᠤᠷᠢᠭ ᠰᠠᠨᠠᠭ᠎ᠠ ᠶᠢ ᠪᠠᠲᠠᠷᠠᠭᠤᠯᠤᠨ᠂ ᠤᠷᠤᠰ ᠲᠤᠮᠳᠠᠳᠤ ᠶᠢᠨ ᠪᠦᠬᠦ ᠲᠠᠯ᠎ᠡ ᠶᠢᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭᠠᠨ ᠤ ᠬᠠᠨᠢᠳᠠᠨ ᠤ ᠬᠠᠷᠢᠯᠴᠠᠭ᠎ᠠ ᠶᠢᠨ ᠦᠷᠨᠢᠨ ᠬᠦᠭᠵᠢᠬᠦ ᠶᠢ ᠠᠬᠢᠭᠤᠯᠪᠠ᠃ ᠲᠡᠯᠡᠭᠡᠢ ᠶᠢᠨ ᠬᠤᠶᠠᠳᠤᠭᠠᠷ ᠶᠡᠭᠡ ᠲᠠᠶᠢᠨ ᠤ ᠲᠡᠤᠭᠡᠨ ᠦᠨᠡᠨ ᠪᠠᠶᠢᠳᠠᠯ ᠢ ᠬᠠᠮᠠᠭᠠᠯᠠᠬᠤ ᠪᠤᠯ ᠪᠢᠳᠠᠨ ᠤ ᠬᠠᠮᠳᠤ ᠶᠢᠨ ᠬᠠᠷᠢᠭᠤᠴᠠᠯᠭ᠎ᠠ ᠪᠠᠶᠢᠵᠤ᠂ ᠲᠡᠤᠭᠡ ᠶᠢ ᠭᠠᠵᠢᠭᠤᠳᠠᠭᠤᠯᠬᠤ᠂ ᠨᠠᠼᠢᠰ ᠡᠳᠡᠭᠡᠳ᠂ ᠴᠡᠷᠢᠭᠯᠡᠬᠦ ᠦᠵᠡᠯ ᠤᠨ ᠡᠳᠡᠭᠡᠳ ᠵᠢᠴᠢ ᠲᠡᠬᠦᠨ ᠤ ᠬᠠᠮᠰᠠᠭᠠᠳᠠᠨ ᠢ ᠰᠠᠶᠢᠬᠠᠨ ᠨᠡᠷ᠎ᠡ ᠲᠠᠢ ᠪᠤᠯᠭᠠᠨ ᠭᠤᠶᠤᠯᠠᠨ ᠴᠢᠮᠡᠬᠦ ᠶᠠᠮᠠᠷᠪᠠ ᠦᠢᠯᠡ ᠠᠵᠢᠯᠯᠠᠭ᠎ᠠ ᠶᠢ ᠡᠷᠡᠰ ᠡᠰᠡᠷᠬᠦᠴᠡᠵᠤ᠂ ᠴᠢᠯᠦᠭᠡᠯᠡᠭᠴᠢᠳ ᠤᠨ ᠭᠠᠪᠢᠶ᠎ᠡ ᠵᠢᠳᠬᠦᠯ ᠢ ᠮᠡᠷᠳᠡᠬᠤ ᠴᠢᠨᠠᠬᠰᠢᠯᠡᠨ ᠬᠦᠳᠭᠡᠨ ᠮᠠᠭᠤᠯᠠᠬᠤ ᠶᠢ ᠶᠠᠭᠠᠬᠢᠬᠰᠡᠨ ᠴᠤ ᠵᠦᠪᠰᠢᠶᠡᠷᠡᠬᠦ ᠦᠭᠡᠢ᠂ ᠲᠡᠯᠡᠭᠡᠢ ᠶᠢᠨ ᠬᠤᠶᠠᠳᠤᠭᠠᠷ ᠶᠡᠭᠡ ᠲᠠᠶᠢᠨ ᠤ ᠦᠷ᠎ᠡ ᠪᠦᠳᠦᠭᠡᠯ ᠢ ᠦᠭᠡᠶᠢᠰᠭᠡᠬᠦ ᠶᠢ ᠶᠠᠭᠠᠬᠢᠬᠰᠡᠨ ᠴᠤ ᠬᠦᠯᠢᠶᠠᠬᠦ ᠦᠭᠡᠢ᠃ ᠤᠷᠤᠰ ᠤᠨ ᠬᠢᠨ ᠲᠤᠷᠠᠳᠠᠶ᠎ᠡ ᠨᠦᠬᠦᠷᠰᠡᠭ ᠲᠤᠮᠳᠠᠳᠤ ᠤᠯᠤᠰ ᠯᠤᠭ᠎ᠠ ᠬᠠᠮᠳᠤ ᠪᠠᠷ ᠢᠳᠡᠪᠬᠢᠳᠠᠢ ᠴᠢᠷᠮᠠᠶᠢᠵᠤ᠂ ᠲᠠᠶᠢᠨ ᠪᠠ ᠮᠦᠷᠬᠦᠯᠳᠤᠭᠡᠨ ᠢ ᠰᠡᠷᠭᠡᠶᠢᠯᠡᠨ᠂ ᠪᠦᠬᠦ ᠪᠦᠮᠪᠦᠷᠴᠡᠭ ᠤᠨ ᠲᠤᠬᠳᠠᠭᠤᠨ ᠪᠤᠯᠤᠨ ᠠᠮᠤᠷ ᠲᠦᠪᠰᠢᠨ ᠢ ᠬᠠᠮᠠᠭᠠᠯᠠᠨ᠎ᠡ ᠭᠡᠵᠤ ᠢᠯᠡᠳᠭᠡᠪᠡ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号