ᠡᠨᠡ ᠵᠢᠯ ᠠᠴᠠ ᠨᠠᠭᠠᠰᠢ᠂ ᠦᠤᠰᠢᠨ ᠬᠤᠰᠢᠭᠤ ᠭᠠᠵᠠᠷ ᠤᠷᠤᠨ ᠪᠠ ᠠᠵᠤ ᠠᠬᠤᠢᠢᠯᠠᠯ ᠤᠨ ᠬᠠᠮᠳᠤᠷᠠᠯᠴᠠᠭ᠎ᠠ ᠪᠠᠷ ᠲᠠᠮᠵᠢᠭᠤᠯᠤᠨ ᠮᠠᠯ ᠤᠨ ᠠᠰᠢᠭ | ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ︽ᠦᠢᠯᠡᠳᠪᠤᠷᠢᠯᠠᠯ᠂ ᠬᠠᠨᠭ᠍ᠭᠠᠯᠭ᠎ᠠ᠂ ᠪᠤᠷᠤᠯᠠᠭᠤᠯᠭ᠎ᠠ︾ ᠶᠢᠨ ᠪᠤᠭᠤᠮᠢ ᠶᠢ ᠰᠢᠪᠳᠤᠯᠵᠤ᠂ ᠪᠤᠷᠤᠯᠠᠭᠤᠯᠭ᠎ᠠ ᠶᠢᠨ ᠵᠠᠮ | ᠮᠦᠷ ᠢ ᠰᠢᠯᠤᠭᠤᠳᠬᠠᠨ᠂ ᠭᠡᠷᠡᠭᠯᠡᠭᠡ ᠪᠠᠷ ᠶᠠᠳᠠᠭᠤ ᠶᠢ ᠲᠡᠳᠭᠦᠭᠦ ᠶᠢ ᠠᠭᠢᠭᠤᠯᠵᠤ ᠪᠤᠢ᠃ | ᠤᠢᠢᠷ᠎ᠠ ᠶᠢᠨ ᠡᠳᠦᠷ ᠤᠳ ᠲᠤ᠂ ᠦᠤᠰᠢᠨ ᠬᠤᠰᠢᠭᠤᠨ ᠤ ᠰᠦᠯᠳᠠ ᠰᠤᠮᠤᠨ ᠤ ᠱᠠᠷᠯᠢᠭ ᠭᠠᠴᠠᠭ᠎ᠠ ᠶᠢᠨ ᠮᠠᠯᠴᠢᠨ ᠮᠦᠡᠭᠭᠦᠨᠴᠢᠯᠠᠭᠤ ᠦᠪᠡᠷ ᠤᠨ | ᠲᠠᠷᠢᠬᠰᠠᠨ ᠠᠮᠳᠠᠳᠤ ᠭᠡᠮᠭᠡ ᠪᠠᠨ ᠲᠡᠭᠦᠵᠤ ᠶᠠᠭᠠᠷᠨᠨᠠ᠃ ᠲᠦᠷᠦᠭᠦᠭᠡᠨ ᠦᠤᠰᠢᠨ ᠬᠤᠰᠢᠭᠤᠨ ᠤ ᠶᠠᠳᠠᠭᠤ ᠶᠢ ᠲᠡᠳᠭᠦᠭᠦ ᠠᠯᠪᠠᠨ ᠭᠡᠷ ᠪᠠ ᠬᠤᠯᠪᠤᠭᠠᠯᠠᠨ | ᠲᠡᠳᠭᠦᠭᠦ ᠠᠯᠪᠠᠨ ᠭᠡᠷ ᠨᠢ ᠲᠡᠳᠡᠨ ᠤ ᠬᠢᠨ ᠳᠤ ᠰᠢᠶᠡᠩ ᠶᠦᠡᠭ ᠵᠢᠯᠤᠭᠤᠴᠢ ᠶᠢᠨ ᠪᠤᠯᠪᠠᠰᠤᠷᠠᠯ ᠤᠨ ᠭᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢ ᠬᠠᠷᠢᠯᠴᠠᠨ | ᠦᠭᠴᠦ᠂ ᠵᠢᠩ ᠪᠦᠷᠢ ᠳᠤ 8 ᠲᠦᠭᠦᠷᠢᠭ ᠤᠨ ᠦᠨ᠎ᠠ ᠪᠠᠷ ᠲᠡᠳᠡᠨ ᠤ 1700 ᠭᠠᠷᠤᠢ ᠵᠢᠩ ᠠᠮᠳᠠᠳᠤ ᠭᠡᠮᠭᠡ ᠶᠢ ᠬᠤᠳᠠᠯᠳᠤᠨ ᠠᠪᠴᠦ᠂ ᠮᠦᠡᠭᠭᠦᠨᠴᠢᠯᠠᠭᠤ | 13000 ᠲᠦᠭᠦᠷᠢᠭ ᠤᠯᠤᠬᠰᠠᠨ ᠪᠠᠶᠢᠨ᠎ᠠ᠃ ︽ᠤᠢᠢᠷ᠎ᠠ ᠳᠤ ᠠᠮᠳᠠᠳᠤ ᠭᠡᠮᠭᠡ ᠪᠠ ᠲᠠᠷᠪᠤᠰ ᠪᠦᠷ ᠪᠤᠯᠪᠠᠰᠤᠷᠠᠴᠢᠬᠠᠯᠠ᠂ ᠪᠤᠷᠤᠯᠠᠭᠤᠯᠵᠤ ᠲᠡᠶᠢᠯᠭᠦ ᠦᠭᠡᠢ | ᠠᠷᠭ᠎ᠠ ᠮᠤᠬᠤᠷᠳᠠᠵᠤ ᠪᠠᠶᠢᠬᠤ ᠳᠤ ᠲᠡᠳᠡ ᠪᠢᠳᠠᠨ ᠳᠤ ᠲᠤᠩ ᠶᠡᠭᠡ ᠬᠠᠪᠰᠤᠷᠤᠯᠭ᠎ᠠ ᠲᠡᠮᠵᠢᠯᠭᠡ ᠪᠤᠯᠤᠬᠰᠠᠨ ᠰᠢᠦ︾ ᠭᠡᠵᠤ ᠮᠦᠡᠭᠭᠦᠨᠴᠢᠯᠠᠭᠤ ᠲᠠᠯᠠᠷᠬᠠᠵᠤ | ᠪᠠᠶᠢᠯ᠎ᠠ᠃ | ᠦᠤᠰᠢᠨ ᠬᠤᠰᠢᠭᠤᠨ ᠤ ᠰᠢᠶᠡᠩ ᠶᠦᠡᠭ ᠵᠢᠯᠤᠭᠤᠴᠢ ᠶᠢᠨ ᠪᠤᠯᠪᠠᠰᠤᠷᠠᠯ ᠤᠨ ᠭᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠬᠠᠷᠢᠭᠤᠴᠠᠯᠭᠠᠳᠠᠨ ᠪᠢᠶᠠᠨ | ᠶᠦᠡᠭ᠄ ︽ᠮᠠᠯᠴᠢᠨ ᠲᠠᠷᠢᠶᠠᠴᠢᠳ ᠢ ᠬᠠᠪᠰᠤᠷᠤᠨ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠢ ᠨᠢ ᠪᠤᠷᠤᠯᠠᠭᠤᠯᠤᠯᠠ᠂ ᠨᠠᠩ ᠤᠯᠠᠨ ᠠᠵᠤ | ᠠᠬᠤᠢᠢᠯᠠᠯ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠤ ᠬᠤᠪᠢ ᠨᠡᠮᠡᠷᠢ ᠪᠠᠨ ᠦᠵᠡᠭᠦᠯᠭᠦ ᠶᠢ ᠤᠷᠢᠶᠠᠯᠠᠵᠤ ᠪᠠᠶᠢᠨ᠎ᠠ︾ ᠭᠡᠵᠤ ᠶᠠᠷᠢᠨ᠎ᠠ᠃ | ᠡᠨᠡ ᠵᠢᠯ᠂ ᠦᠤᠰᠢᠨ ᠬᠤᠰᠢᠭᠤ ᠦᠡᠭᠭᠡᠷᠡᠭᠰᠡᠨ ᠳᠤ ᠠᠳᠠᠯᠢ ᠪᠤᠰᠤ ᠰᠠᠯᠠᠭ᠎ᠠ ᠮᠦᠴᠢᠷ ᠭᠡᠷᠡᠭᠯᠡᠭᠡ ᠪᠠᠷ ᠶᠠᠳᠠᠭᠤ ᠶᠢ ᠲᠡᠳᠭᠦᠭᠦ ᠲᠤᠮᠳᠠ ᠲᠤᠰ ᠲᠤᠰ ᠤᠨ | ᠵᠠᠮ ᠢᠶᠠᠨ ᠭᠦᠭᠡᠭᠡᠵᠤ᠂ ᠲᠠᠷᠠᠬᠠᠢ ᠪᠤᠳᠠᠷᠬᠠᠢ ᠪᠠᠷ ᠠᠵᠢᠯᠯᠠᠬᠤ ᠠᠰᠠᠭᠤᠳᠠᠯ ᠳᠤ ᠴᠢᠭᠯᠡᠭᠦᠯᠦᠨ ᠬᠤᠰᠢᠭᠤᠨ ᠳᠤ ᠬᠠᠷᠢᠶᠠᠯᠠᠬᠳᠠᠬᠤ ᠤᠯᠤᠰ ᠤᠨ ᠦᠮᠴᠢᠯᠠᠯᠳᠤ | ᠲᠠᠷᠢᠶᠠᠯᠠᠩ ᠮᠠᠯ ᠠᠵᠤ ᠠᠬᠤᠢ ᠶᠢᠨ ᠨᠡᠭᠡᠭᠡᠯᠳᠡ ᠶᠢᠨ ᠭᠢᠵᠠᠭᠠᠷᠳᠤ ᠺᠤᠮᠫᠠᠨᠢ ᠶᠢ ᠪᠠᠶᠢᠭᠤᠯᠵᠤ᠂ ᠪᠦᠭᠦ ᠬᠤᠰᠢᠭᠤᠨ ᠤ ᠰᠢᠯᠢᠳᠡᠭ ᠮᠠᠯ ᠤᠨ ᠠᠰᠢᠭ ᠰᠢᠮ᠎ᠠ | ᠲᠠᠷᠢᠶᠠᠯᠠᠩ ᠤᠨ ᠪᠦᠳᠦᠭᠡᠭᠳᠡᠭᠦᠨ ᠢ ᠬᠤᠷᠢᠶᠠᠨ ᠠᠪᠴᠦ᠂ ᠲᠡᠰ ᠬᠤᠪᠢᠶᠠᠬᠤ᠂ ᠪᠤᠭᠤᠳᠠᠯᠯᠠᠬᠤ᠂ ᠭᠢᠨᠠᠨ ᠰᠢᠯᠭᠠᠬᠤ᠂ ᠲᠠᠮᠵᠢᠭᠤᠯᠤᠨ ᠭᠦᠷᠭᠡᠬᠦ᠂ | ᠪᠤᠷᠤᠯᠠᠭᠤᠯᠬᠤ ᠶᠢ ᠨᠢᠭᠡᠳᠤᠯᠳᠠᠢ ᠲᠤᠭᠢᠷᠠᠭᠤᠯᠵᠤ᠂ ᠮᠠᠯᠴᠢᠨ ᠲᠠᠷᠢᠶᠠᠴᠢᠳ ᠲᠤ ᠦᠢᠯᠡᠳᠪᠤᠷᠢᠯᠠᠯ ᠠᠴᠠ ᠡᠮᠤᠨᠡᠭᠢ᠂ ᠦᠢᠯᠡᠳᠪᠤᠷᠢᠯᠠᠯ ᠤᠨ ᠲᠤᠮᠳᠡᠭᠢ᠂ | ᠦᠢᠯᠡᠳᠪᠤᠷᠢᠯᠠᠯ ᠤᠨ ᠬᠤᠶᠢᠨᠠᠭᠢ ᠨᠢᠭᠡ ᠴᠤᠬᠴᠠᠵᠢᠭᠤᠯᠤᠬᠰᠠᠨ ᠦᠢᠯᠡᠴᠢᠯᠡᠭᠡ ᠶᠢ ᠬᠠᠨᠭ᠍ᠭᠠᠪᠠ᠃ | ︽ᠪᠢᠳᠠ ᠪᠤᠷᠤᠯᠠᠭᠤᠯᠭ᠎ᠠ ᠶᠢᠨ ᠵᠠᠮ ᠮᠦᠷ ᠢᠶᠠᠨ ᠰᠢᠯᠤᠭᠤᠳᠬᠠᠵᠤ᠂ ᠡᠯ᠎ᠠ ᠰᠤᠮᠤ ᠪᠠᠯᠭᠠᠰᠤ᠂ ᠭᠠᠴᠠᠭ᠎ᠠ ᠲᠤᠰᠬᠤᠨ ᠲᠠᠢ ᠢᠳᠡᠪᠭᠢᠳᠠᠢ ᠬᠠᠮᠵᠢᠯᠴᠠᠨ ᠠᠵᠤ | ᠠᠬᠤᠢᠢᠯᠠᠯ ᠪᠠ ᠮᠠᠯᠴᠢᠨ ᠲᠠᠷᠢᠶᠠᠴᠢᠳ ᠤᠨ ᠬᠠᠷᠢᠯᠴᠠᠭᠠᠨ ᠤ ᠭᠦᠭᠦᠷᠭᠡ ᠬᠤᠯᠪᠤᠭᠠᠰᠤ ᠶᠢ ᠪᠠᠶᠢᠭᠤᠯᠵᠤ᠂ ᠮᠠᠯᠴᠢᠨ ᠲᠠᠷᠢᠶᠠᠴᠢᠳ ᠲᠤ ᠦᠢᠯᠡᠴᠢᠯᠡᠨ᠂ ᠠᠵᠤ | ᠠᠬᠤᠢᠢᠯᠠᠯ ᠳᠤ ᠲᠦᠭᠦᠮ ᠦᠵᠡᠭᠦᠯᠵᠤ᠂ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠵᠤ ᠪᠠᠶᠢᠨ᠎ᠠ︾ ᠭᠡᠵᠤ ᠦᠤᠰᠢᠨ ᠬᠤᠰᠢᠭᠤᠨ ᠤ ᠤᠯᠤᠰ ᠤᠨ | ᠦᠮᠴᠢᠯᠠᠯᠳᠤ ᠲᠠᠷᠢᠶᠠᠯᠠᠩ ᠮᠠᠯ ᠠᠵᠤ ᠠᠬᠤᠢ ᠶᠢᠨ ᠨᠡᠭᠡᠭᠡᠯᠳᠠ ᠶᠢᠨ ᠭᠢᠵᠠᠭᠠᠷᠳᠤ ᠺᠤᠮᠫᠠᠨᠢ ᠶᠢᠨ ᠲᠡᠳ᠋ ᠲᠠᠭᠠᠭᠠᠮᠠᠯ ᠮᠦᠡᠭᠭᠦᠬᠠᠭᠤᠯᠠ ᠲᠠᠨᠢᠯᠴᠠᠭᠤᠯᠵᠤ ᠪᠠᠶᠢᠯ᠎ᠠ᠃ | ᠭᠢᠵᠢᠭ ᠤᠨ ᠪᠠᠶᠢᠳᠠᠯ ᠤᠨ ᠨᠦᠯᠦᠭᠡ ᠠᠴᠠ ᠪᠤᠯᠤᠬᠰᠠᠨ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠪᠤᠷᠤᠯᠠᠭᠤᠯᠭ᠎ᠠ ᠶᠢᠨ | ᠭᠦᠴᠢᠷᠳᠠᠯ ᠳᠤ ᠴᠢᠭᠯᠡᠭᠦᠯᠦᠨ᠂ ᠦᠤᠰᠢᠨ ᠬᠤᠰᠢᠭᠤ ᠭᠠᠵᠠᠷ ᠤᠷᠤᠨ ᠪᠠ ᠠᠵᠤ ᠠᠬᠤᠢᠢᠯᠠᠯ ᠤᠨ ᠭᠦᠴᠦᠨ ᠢ ᠬᠠᠮᠳᠤᠳᠬᠠᠨ ᠶᠠᠳᠠᠭᠤ ᠠᠴᠠ ᠠᠩᠭᠢᠵᠢᠷᠠᠭᠤᠯᠬᠤ | ᠪᠤᠭᠤᠮᠳᠠ ᠰᠢᠪᠳᠤᠯᠬᠤ ᠠᠵᠢᠯ ᠢ ᠭᠦᠴᠦᠳᠠᠢ ᠠᠭᠢᠭᠤᠯᠵᠤ᠂ ᠭᠠᠵᠠᠷ ᠤᠷᠤᠨ ᠳᠤ ᠰᠠᠭᠤᠭ᠎ᠠ ᠡᠯ ᠠ ᠠᠵᠤ ᠠᠬᠤᠢᠢᠯᠠᠯ ᠬᠤᠳᠠᠯᠳᠤᠨ ᠠᠪᠴᠦ ᠪᠤᠷᠤᠯᠠᠭᠤᠯᠭ᠎ᠠ ᠶᠢ | ᠠᠭᠢᠭᠤᠯᠬᠤ᠂ ᠬᠤᠳᠠᠯᠳᠤᠨ ᠠᠪᠴᠦ ᠬᠠᠪᠰᠤᠷᠤᠯᠭ᠎ᠠ ᠦᠵᠡᠭᠦᠯᠭᠦ᠂ ᠭᠡᠷᠡᠭᠯᠡᠭᠡ ᠪᠠᠷ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ | ᠤᠷᠤᠯᠴᠠᠬᠤ ᠶᠢ ᠭᠦᠳᠦᠯᠦᠨ ᠵᠢᠯᠤᠭᠤᠳᠤᠬᠰᠠᠨ ᠪᠠᠶᠢᠨ᠎ᠠ᠃ ᠤᠳᠤᠬᠠᠨ ᠳᠤ᠂ ᠭᠠᠵᠠᠷ ᠤᠷᠤᠨ ᠳᠤ ᠰᠠᠭᠤᠭ᠎ᠠ 19 ᠠᠵᠤ ᠠᠬᠤᠢᠢᠯᠠᠯ ᠪᠠ ᠬᠤᠰᠢᠭᠤᠨ ᠳᠤ | ᠬᠠᠷᠢᠶᠠᠯᠠᠬᠳᠠᠬᠤ ᠲᠠᠷᠢᠶᠠᠯᠠᠩ ᠮᠠᠯ ᠠᠵᠤ ᠠᠬᠤᠢ ᠶᠢᠨ ᠨᠡᠭᠡᠭᠡᠯᠳᠡ ᠶᠢᠨ ᠺᠤᠮᠫᠠᠨᠢ᠂ ᠮᠠᠯᠴᠢᠨ ᠲᠠᠷᠢᠶᠠᠴᠢᠳ ᠤᠨ ᠬᠤᠷᠰᠢᠶᠠᠵᠢᠯ ᠵᠡᠷᠭᠡ ᠨᠢ ᠭᠡᠯᠡᠯᠴᠡᠭᠡᠷ ᠲᠤᠬᠳᠠᠵᠤ | ᠂ ᠪᠤᠷᠤᠯᠠᠭᠤᠯᠭ᠎ᠠ ᠶᠢᠨ ᠨᠠᠶᠢᠳᠠ ᠲᠤᠭ᠎ᠠ 600 ᠲᠦᠮᠠᠨ ᠲᠦᠭᠦᠷᠢᠭ ᠤᠷᠴᠢᠮ ᠭᠦᠷᠴᠦ᠂ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ | ᠪᠤᠷᠤᠯᠠᠭᠤᠯᠭ᠎ᠠ ᠶᠢᠨ ᠵᠠᠮ ᠮᠦᠷ ᠲᠠᠢ ᠪᠠᠶᠢᠬᠤ ᠶᠢ ᠪᠠᠳᠤᠯᠠᠵᠤ ᠪᠠᠶᠢᠨ᠎ᠠ᠃ | |