1 ᠰᠠᠷ᠎ᠠ ᠶᠢᠨ 25 ᠤ ᠡᠳᠦᠷ᠂ ᠰᠦᠯᠳᠡ ᠰᠤᠮᠤᠨ ᠤ ᠨᠠᠷᠢᠠᠭᠤᠤᠯ ᠲᠤᠰᠬᠤᠨ᠂ ᠱᠠᠷᠯᠢᠭ ᠭᠠᠴᠠᠭ᠎ᠠ᠂ ᠲᠤᠯᠢ ᠨᠡᠶᠢᠬᠡᠮ ᠲᠣᠭᠤᠷᠢᠭ ᠤᠨ ᠬᠢᠨ ᠭᠠᠴᠠᠭ᠎ᠠ | ᠲᠤᠰᠬᠤᠨ ᠨᠠᠶᠢᠭᠡᠮ ᠲᠤᠭᠤᠷᠢᠭ ᠤᠨ ᠠᠷᠠᠳ ᠤᠨ ᠵᠥᠪᠯᠡᠯ ᠤᠨ ᠰᠣᠩᠭᠤᠭᠤᠯᠢ ᠶᠢᠨ ᠶᠡᠭᠡ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠬᠤᠰᠢᠭᠤ ᠳᠡᠳ᠋ | ᠳᠠᠷᠤᠭ᠎ᠠ ᠪᠠᠶᠠᠠᠴᠡᠩᠬᠡᠯ᠂ ᠬᠤᠰᠢᠭᠤ ᠤᠯᠤᠰ ᠲᠥᠷᠥ ᠶᠢᠨ ᠵᠥᠪᠯᠡᠭᠡᠨ ᠤ ᠳᠡᠳ᠋ ᠲᠡᠷᠢᠭᠦᠯᠡᠭᠴᠢ ᠤᠶᠤᠨᠪᠢᠯᠢᠭ᠌᠂ ᠬᠤᠰᠢᠭᠤ ᠨᠠᠮ ᠤᠨ ᠬᠤᠷᠢᠶᠠᠨ ᠤ ᠤᠯᠤᠰ | ᠲᠥᠷᠥ ᠬᠠᠤᠯᠢ ᠴᠠᠭᠠᠵᠠ ᠶᠢᠨ ᠵᠥᠪᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠰᠦᠯᠳᠡ ᠰᠤᠮᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ᠂ | ᠰᠦᠯᠳᠡ ᠰᠤᠮᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃ | ᠰᠦᠯᠳᠡ ᠰᠤᠮᠤ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ︽ᠪᠦᠬᠦ ᠣᠷᠣᠨ ᠤ ᠭᠠᠴᠠᠭ᠎ᠠ ᠲᠤᠰᠬᠤᠨ᠂ ᠨᠡᠶᠢᠬᠡᠮ ᠲᠣᠭᠤᠷᠢᠭ ᠤᠨ ︿ᠬᠤᠶᠠᠷ ᠵᠥᠪᠯᠡᠯ﹀ ᠤᠨ ᠬᠤᠭᠤᠴᠠᠭ᠎ᠠ ᠰᠣᠯᠢᠬᠤ ᠠᠵᠢᠯ ᠢ | ᠰᠠᠶᠢᠲᠤᠷ ᠬᠢᠬᠦ ᠲᠤᠬᠠᠢ ᠵᠢᠯᠣᠭᠤᠳᠬᠤ ᠰᠠᠨᠠᠯ︾᠂ ︽ᠪᠦᠬᠦ ᠬᠤᠲᠠ ᠶᠢᠨ ᠭᠠᠴᠠᠭ᠎ᠠ ᠲᠤᠰᠬᠤᠨ ᠨᠡᠶᠢᠬᠡᠮ ᠲᠣᠭᠤᠷᠢᠭ ᠤᠨ ︿ᠬᠤᠶᠠᠷ ᠵᠥᠪᠯᠡᠯ﹀ ᠤᠨ | ᠬᠤᠭᠤᠴᠠᠭ᠎ᠠ ᠰᠣᠯᠢᠬᠤ ᠠᠵᠢᠯ ᠢ ᠰᠠᠶᠢᠳᠣᠷ ᠬᠢᠬᠦ ᠲᠤᠬᠠᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠢ ᠤᠷᠳᠤᠰ ᠬᠤᠲᠠ ᠶᠢᠨ ᠨᠠᠮ ᠤᠨ | ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ᠂ ︽ᠭᠠᠴᠠᠭ᠎ᠠ ᠲᠤᠰᠬᠤᠨ ᠨᠡᠶᠢᠬᠡᠮ ᠲᠣᠭᠤᠷᠢᠭ ᠤᠨ ︿ᠬᠤᠶᠠᠷ ᠵᠥᠪᠯᠡᠯ﹀ ᠤᠨ | ᠬᠤᠭᠤᠴᠠᠭ᠎ᠠ ᠰᠣᠯᠢᠬᠤ ᠠᠵᠢᠯ ᠤᠨ ᠲᠦᠰᠦᠯ︾ ᠢ ᠲᠠᠷᠤᠮᠠᠯᠯᠠᠨ ᠲᠠᠷᠬᠠᠭᠠᠬᠤ ᠲᠤᠬᠠᠢ ᠦᠤᠰᠢᠨ ᠬᠤᠰᠢᠭᠤᠨ ᠤ ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ | ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠤᠳᠤᠷᠢᠳᠬᠤ ᠲᠤᠭᠤᠶᠢᠯᠠᠩ ᠤᠨ ᠮᠡᠳᠡᠭᠳᠡᠯ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠦᠨᠳᠦᠰᠦᠯᠡᠨ ᠤᠯᠠᠮᠵᠢᠯᠠᠨ ᠲᠤᠭᠤᠰᠢᠯᠠᠭᠤᠯᠵᠤ ᠲᠤᠰ ᠤᠳᠠᠭᠠᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠢ ᠶᠠᠪᠤᠭᠳᠠᠭᠤᠯᠤᠯ᠎ᠠ᠃ | ᠰᠤᠩᠭᠤᠭᠤᠯᠢ ᠶᠢᠨ ᠲᠤᠬᠠᠢ ᠶᠢᠨ ᠲᠠᠯᠠᠪᠤᠷ ᠲᠤ᠂ ᠰᠤᠩᠭᠤᠭᠤᠯᠢ ᠶᠢᠨ ᠠᠷᠠᠳ ᠡᠮᠬᠢ ᠵᠢᠷᠤᠮ ᠢ ᠡᠷᠬᠢᠮᠯᠡᠨ ᠰᠤᠩᠭᠤᠭᠤᠯᠢ ᠶᠢᠨ ᠡᠷᠬᠡ ᠲᠡᠭᠰᠢ ᠲᠥᠪ | ᠭᠤᠣᠯᠴᠢ ᠢᠯᠡ ᠪᠠᠷ ᠶᠠᠪᠤᠭᠳᠠᠬᠤ ᠶᠢ ᠦᠨᠡᠨᠬᠦ ᠪᠠᠲᠤᠯᠠᠨ ᠰᠤᠩᠭᠤᠭᠤᠯᠢ ᠶᠢᠨ ᠵᠢᠱᠢᠭᠲᠡᠭᠰᠡᠳ ᠲᠤ ᠫᠢᠶᠣᠣ ᠦᠭᠭᠦ ᠮᠠᠶ᠋ᠢᠭ ᠢᠶᠠᠷ ᠳᠠᠮᠵᠢᠭᠤᠯᠤᠨ ᠰᠢᠨ᠎ᠡ ᠨᠢᠭᠡ | ᠬᠤᠭᠤᠴᠠᠭᠠᠨ ᠤ ᠭᠠᠴᠠᠭ᠎ᠠ ᠲᠤᠰᠬᠤᠨ ᠤ ᠠᠷᠠᠳ ᠤᠨ ᠵᠥᠪᠯᠡᠯ ᠤᠨ ᠪᠠᠭ ᠤᠨ ᠪᠦᠷᠢᠯᠳᠦᠬᠦᠨ ᠢ ᠰᠤᠩᠭᠤᠨ ᠭᠠᠷᠭᠠᠭᠰᠠᠨ ᠪᠠᠶᠢᠨ᠎ᠠ᠃ ᠰᠦᠯᠳᠡ ᠰᠤᠮᠤᠨ ᠤ | ᠱᠠᠷᠯᠢᠭ ᠭᠠᠴᠠᠭ᠎ᠠ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠰᠤᠩᠭᠤᠭᠤᠯᠢ ᠪᠠᠷ ᠲᠠᠮᠵᠢᠨ ᠰᠤᠶᠤᠯᠳᠠᠯᠠᠢ ᠨᠦᠬᠦᠷ ᠭᠠᠴᠠᠭᠠᠨ ᠤ ᠨᠠᠮ ᠤᠨ | ᠡᠭᠦᠷ ᠤᠨ ᠱᠦᠵᠢ᠂ ᠭᠠᠴᠠᠭᠠᠨ ᠲᠠᠷᠤᠭ᠎ᠠ ᠪᠠᠷ ᠰᠤᠩᠭᠤᠭᠳᠠᠯ᠎ᠠ᠃ | ᠰᠦᠯᠳᠡ ᠰᠤᠮᠤᠨ ᠤ ᠱᠠᠷᠯᠢᠭ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠲᠠᠷᠤᠭ᠎ᠠ ᠰᠤᠶᠤᠯᠳᠠᠯᠠᠢ᠄ ︽︿ᠬᠤᠤᠰ ᠲᠤᠰᠢᠶᠠᠯ﹀ ᠢ | ᠬᠦᠯᠢᠶᠡᠵᠦ ᠠᠪᠬᠤ ᠨᠢ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠬᠦᠯᠢᠶᠡᠵᠤ ᠪᠠᠶᠢᠭ᠎ᠠ ᠤᠴᠢᠷ ᠪᠤᠯᠤᠨ᠎ᠠ᠃ ᠲᠡᠭᠡᠬᠦᠯᠡᠷ ᠠᠷᠠᠳ ᠲᠦᠮᠡᠨ ᠳᠤ ᠬᠡᠷᠭᠢᠨ | ᠦᠢᠯᠡᠴᠢᠯᠡᠵᠦ ᠬᠡᠷᠬᠢᠨ ᠠᠷᠠᠳ ᠲᠦᠮᠡᠨ ᠤ ᠭᠦᠰᠡᠯ ᠨᠠᠶᠢᠳᠠᠯᠭ᠎ᠠ ᠶᠢ ᠪᠠᠶᠠᠯᠡᠬᠦᠯᠬᠦ ᠨᠢ ᠬᠠᠮᠤᠭ ᠴᠢᠬᠤᠯᠠ᠃ ᠮᠢᠨᠦ ᠦᠵᠡᠬᠦ ᠪᠠᠷ ᠠᠷᠠᠳ ᠲᠦᠮᠡᠨ ᠢᠶᠠᠨ ᠭᠡᠷ ᠤᠨ | ᠬᠦᠮᠦᠨ ᠮᠡᠲᠦ ᠦᠵᠡᠵᠦ ᠠᠷᠠᠳ ᠲᠦᠮᠡᠨ ᠤ ᠬᠦᠰᠡᠯ ᠵᠤᠷᠢᠯᠲᠠ ᠶᠢ ᠦᠪᠡᠷ ᠤᠨ ᠲᠡᠮᠡᠴᠡᠬᠦ ᠬᠠᠷᠠᠯᠲᠠ ᠪᠠᠨ ᠪᠤᠯᠭᠠᠪᠠᠯ ᠡᠨᠡ ᠠᠵᠢᠯ ᠢ ᠰᠠᠶᠢᠬᠠᠨ ᠬᠢᠴᠢᠬᠡᠨ᠎ᠡ︾ | ᠭᠡᠵᠦ ᠰᠠᠨᠠᠭ᠎ᠠ ᠪᠤᠳᠤᠯ ᠢᠶᠠᠨ ᠶᠠᠷᠢᠯ᠎ᠠ᠃ | ᠰᠦᠯᠳᠡ ᠰᠤᠮᠤᠨ ᠤ ᠨᠠᠮ ᠤᠨ ᠬᠤᠷᠢᠶᠠᠨ ᠤ ᠭᠡᠰᠢᠬᠦᠨ᠂ ᠤᠬᠠᠭᠤᠯᠬᠤ ᠭᠡᠰᠢᠬᠦᠨ᠂ ᠲᠡᠷᠭᠡᠯ᠄ ︽ᠭᠠᠭᠴᠠ ᠬᠦᠮᠦᠨ ᠬᠤᠤᠰ ᠲᠤᠰᠢᠶᠠᠯ ᠢ ᠡᠬᠦᠷᠭᠡᠯᠡᠬᠦ | ᠨᠢ ᠭᠤᠷᠪᠠᠨ ᠰᠠᠶᠢᠨ ᠲᠠᠯ᠎ᠠ ᠲᠠᠢ᠃ ᠨᠢᠭᠡ ᠳᠤ ᠭᠠᠴᠠᠭ᠎ᠠ ᠲᠤᠰᠬᠤᠨ ᠤ ᠶᠠᠪᠤᠳᠠᠯ ᠤᠨ ᠵᠠᠷᠤᠳᠠᠯ ᠢ ᠪᠠᠭᠠᠰᠬᠠᠵᠤ ᠺᠠᠳ᠋ᠷ ᠤᠨ ᠬᠠᠷᠠᠭᠠᠯᠵᠠᠯ ᠢ ᠲᠡᠭᠡᠭᠰᠢᠯᠡᠬᠦᠯᠦᠨ | ᠪᠠᠰᠠ ᠲᠤᠰᠬᠤᠨ ᠤ ︿ᠬᠤᠶᠠᠷ ᠵᠦᠪᠯᠡᠯ﹀ ᠤᠨ ᠭᠡᠰᠢᠬᠦᠳ ᠤᠨ ᠬᠦᠴᠦᠨ ᠢᠶᠠᠨ ᠨᠢᠭᠲᠠᠷᠠᠭᠤᠯᠤᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠶᠢ ᠪᠡᠶᠡᠯᠡᠬᠦᠯᠬᠦ ᠳᠤ ᠨᠢᠭᠲᠠᠷᠠᠯ ᠤᠨ ᠬᠦᠴᠦᠨ ᠢ ᠬᠠᠩᠭᠠᠨ᠎ᠠ᠃ ᠬᠤᠶᠠᠷ ᠲᠤ ᠲᠤᠯᠤᠭᠠᠶᠢᠯᠠᠬᠤ ᠦᠢᠯᠡᠳᠦᠯ ᠢ ᠪᠠᠳᠠᠷᠠᠭᠤᠯᠤᠨ ᠤᠯᠠᠨ | ᠲᠦᠮᠡᠨ ᠢ ᠲᠠᠭᠠᠭᠤᠯᠤᠨ ᠦᠨᠳᠦᠰᠦᠨ ᠱᠠᠲᠤᠨ ᠤ ᠺᠠᠳ᠋ᠷ ᠤᠨ ᠶᠡᠷᠦᠩᠬᠡᠶᠢᠯᠡᠭᠰᠡᠨ ᠤᠳᠤᠷᠢᠳᠬᠤ ᠴᠢᠳᠠᠪᠤᠷᠢ ᠶᠢ ᠴᠢᠩᠭᠠᠳᠬᠠᠬᠤ ᠶᠢᠨ ᠬᠠᠮᠲᠤ ᠮᠠᠯᠵᠢᠬᠤ | ᠲᠠᠷᠢᠶᠠᠯᠠᠬᠤ ᠤᠷᠤᠨ ᠤ ᠶᠠᠪᠤᠳᠠᠯ ᠢ ᠪᠡᠶᠡᠯᠡᠬᠦᠯᠬᠦ ᠪᠦᠲᠦᠮᠵᠢ ᠶᠢ ᠨᠡᠮᠡᠭᠳᠡᠬᠦᠯᠵᠦ ᠨᠠᠮ ᠤᠨ ᠤᠳᠤᠷᠢᠳᠤᠯᠭ᠎ᠠ ᠪᠤᠯᠤᠨ ᠭᠠᠴᠠᠭ᠎ᠠ ᠲᠤᠰᠬᠤᠨ ᠤ ᠠᠷᠠᠳ ᠤᠨ | ᠦᠪᠡᠷᠲᠡᠭᠡᠨ ᠵᠠᠰᠠᠬᠤ ᠶᠢ ᠨᠢᠭᠡᠳᠦᠯᠭᠡᠵᠢᠬᠦᠯᠬᠦ ᠶᠢ ᠪᠡᠶᠡᠯᠡᠬᠦᠯᠵᠦ ᠮᠠᠯᠵᠢᠬᠤ ᠲᠠᠷᠢᠶᠠᠯᠠᠬᠤ ᠤᠷᠤᠨ ᠤ ᠡᠯ᠎ᠡ ᠲᠦᠷᠦᠯ ᠤᠨ ᠠᠵᠢᠯ ᠦᠢᠯᠡᠰ ᠤᠨ ᠴᠢᠨᠠᠷᠯᠢᠭ | ᠬᠦᠭᠵᠢᠯᠲᠡ ᠶᠢ ᠠᠬᠢᠭᠤᠯᠤᠨ᠎ᠠ᠃ ᠭᠤᠷᠪᠠ ᠳᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠭᠠᠴᠠᠭ᠎ᠠ ᠲᠤᠰᠬᠤᠨ ᠤ ᠬᠠᠮᠲᠤ ᠶᠢᠨ | ᠤᠳᠤᠷᠢᠳᠤᠯᠭ᠎ᠠ ᠶᠢᠨ ᠲᠤᠭᠲᠠᠯᠴᠠᠭ᠎ᠠ ᠶᠢ ᠴᠢᠩᠭᠠᠳᠬᠠᠵᠤ ᠲᠤᠰᠢᠶᠠᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠠᠵᠢᠯ ᠨᠢ ᠴᠢᠨᠡᠭᠡᠯᠢᠭ ᠨᠡᠶᠢᠬᠡᠮ ᠢ ᠪᠦᠬᠦ ᠲᠠᠯ᠎ᠠ | ᠪᠠᠷ ᠪᠦᠲᠦᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠪᠤᠯᠤᠨ᠎ᠠ︾ ᠭᠡᠪᠡ᠃ | | ᠰᠤᠷᠪᠤᠯᠵᠢᠯᠠᠭᠴᠢ᠄ ᠬᠠᠰᠪᠤᠶᠠᠨᠲᠤ ᠴᠢᠮᠡᠭᠡᠯᠡᠭᠴᠢ᠄ ᠨᠤᠮᠢᠨ | |