ᠮᠠᠨ ᠤ ᠬᠤᠰᠢᠭᠤᠨ ᠤ ᠮᠠᠯ ᠲᠠᠷᠢᠶᠠᠯᠠᠩ ᠠᠵᠤ ᠠᠬᠤᠢ ᠶᠢᠨ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠦᠨᠡᠨᠬᠦ ᠳᠡᠭᠡᠭᠰᠢᠯᠡᠵᠠᠢ
ᠨᠡᠶᠢᠲᠡᠯᠡᠭᠰᠡᠨ ᠴᠠᠭ᠄
2021/10/14
      ︽ᠴᠢᠨᠠᠷ ᠴᠢᠨᠰᠠᠭᠠᠨ ᠤ ᠬᠦᠴᠦᠷᠭᠡᠭ ᠬᠤᠰᠢᠭᠤ︾ ᠶᠢᠨ ᠬᠠᠷᠠᠯᠲᠠ ᠶᠢᠨ ᠲᠤᠭᠤᠷᠢᠨ ᠳᠤ᠂ ᠮᠠᠯ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠪᠠᠶᠢᠬᠤ ᠶᠢ ᠦᠢᠯᠡᠳᠪᠦᠷᠢᠯᠡᠯ ᠤᠨ ᠪᠦᠲᠦᠴᠡ ᠶᠢᠨ ᠲᠤᠬᠢᠷᠠᠭᠤᠯᠤᠯᠲᠠ᠂ ᠠᠵᠤ ᠦᠢᠯᠡᠰ ᠤᠨ ᠰᠢᠯᠢᠳᠡᠭᠵᠢᠬᠦᠯᠦᠯᠲᠡ ᠶᠢ ᠠᠬᠢᠭᠤᠯᠬᠤ ᠶᠢᠨ ᠵᠠᠩᠭᠢᠯᠠᠭ᠎ᠠ ᠶᠢᠨ ᠭᠤᠭᠴᠤᠭ᠎ᠠ ᠪᠤᠯᠭᠠᠨ ᠦᠷᠬᠦᠯᠵᠢᠯᠡᠨ ︽ᠭᠤᠷᠪᠠᠨ ᠪᠦᠲᠦᠭᠡᠭᠳᠡᠬᠦᠨ ᠨᠢᠭᠡ ᠨᠡᠷᠡᠲᠤ ᠲᠡᠮᠲᠡᠭ︾ ︵ᠪᠤᠬᠢᠷᠳᠤᠯ ᠦᠬᠡᠢ ᠲᠠᠷᠢᠶᠠᠯᠠᠩ ᠤᠨ ᠪᠦᠲᠦᠭᠡᠭᠳᠡᠬᠦᠨ᠂ ᠪᠤᠬᠢᠷᠳᠤᠯ ᠦᠬᠡᠢ ᠢᠳᠡᠭᠡᠨ᠂ ᠤᠷᠭᠠᠨᠢᠭ ᠢᠳᠡᠭᠡᠨ᠂ ᠭᠠᠵᠠᠷ ᠤᠷᠤᠨ ᠤ ᠤᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠲᠤ ᠲᠡᠮᠲᠡᠭ︶  ᠤᠨ ᠭᠡᠷᠡᠴᠢᠯᠡᠯᠲᠡ ᠤᠨ ᠠᠵᠢᠯ ᠢ ᠦᠷᠨᠢᠬᠦᠯᠪᠡ᠃ ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠤ ᠮᠠᠯ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢ ᠬᠢᠨᠠᠨ ᠰᠢᠯᠭᠠᠬᠤ ᠪᠠ ᠬᠢᠨᠠᠨ ᠬᠠᠮᠢᠶᠠᠷᠬᠤ ᠰᠢᠰᠲ᠋ᠧᠮ ᠢ ᠳᠡᠭᠦᠯᠳᠡᠷᠵᠢᠬᠦᠯᠵᠤ ᠨᠠᠪᠴᠢ ᠨᠤᠭᠤᠭ᠎ᠠ᠂ ᠬᠤᠨᠢ ᠦᠭᠡᠷ ᠤᠨ ᠮᠢᠬ᠎ᠠ᠂ ᠤᠰᠤᠨ ᠭᠠᠷᠤᠯᠲᠠ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ ᠮᠠᠯ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠲᠤ ᠭᠠᠷᠬᠤ ᠵᠦᠪᠰᠢᠶᠡᠷᠡᠯᠲᠡ᠂ ᠭᠠᠷᠤᠯᠲᠠ ᠶᠢᠨ ᠭᠠᠵᠠᠷ ᠤᠨ ᠵᠦᠪᠰᠢᠶᠡᠷᠡᠯᠲᠡ ᠶᠢᠨ ᠲᠦᠷᠢᠮ ᠢ ᠱᠠᠲᠤ ᠳᠠᠷᠠᠭᠠᠯᠠᠨ ᠪᠠᠶᠢᠭᠤᠯᠵᠤ᠂ ᠮᠠᠯ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠮᠦᠷᠳᠡᠯᠲᠡ ᠶᠢᠨ ᠰᠢᠰᠲ᠋ᠧᠮ ᠢ ᠳᠡᠬᠦᠯᠳᠡᠷᠵᠢᠬᠦᠯᠦᠨ ᠮᠠᠯ ᠲᠠᠷᠢᠶᠠᠯᠠᠩ ᠤᠨ ᠭᠤᠤᠯ ᠪᠦᠲᠦᠭᠡᠭᠳᠡᠬᠦᠨ ᠤ ᠦᠢᠯᠡᠳᠪᠦᠷᠢᠯᠡᠯ ᠤᠨ ᠶᠠᠪᠤᠴᠠ ᠶᠢ ᠡᠵᠡᠮᠳᠡᠵᠤ ᠴᠢᠨᠠᠷ ᠴᠢᠨᠰᠠᠭ᠎ᠠ ᠶᠢ ᠮᠦᠷᠳᠡᠬᠦ ᠬᠠᠷᠠᠯᠲᠠ ᠪᠠᠨ ᠪᠡᠶᠡᠯᠡᠬᠦᠯᠵᠠᠢ᠃
27-28.jpg
ᠢᠷᠡᠯᠲᠡ᠄ ᠦᠦᠰᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ