ᠮᠠᠨ ᠤ ᠬᠤᠰᠢᠭᠤ ᠴᠢᠨᠠᠷ ᠰᠠᠶᠢᠨ ᠲᠡᠵᠢᠭᠡᠯ ᠡᠪᠡᠰᠦ ᠪᠤᠷᠳᠤᠭᠠᠨ ᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠪᠠ
ᠨᠡᠶᠢᠲᠡᠯᠡᠭᠰᠡᠨ ᠴᠠᠭ᠄
2021/10/14
      ᠮᠠᠨ ᠤ ᠬᠤᠰᠢᠭᠤ ᠠᠮᠤ ᠲᠦᠮᠦᠰᠦ ᠶᠢ ᠪᠤᠷᠳᠤᠭ᠎ᠠ ᠲᠡᠶᠢᠰᠢ ᠦᠭᠡᠷᠡᠴᠢᠯᠡᠬᠦ ᠶᠢ ᠶᠡᠬᠡᠪᠡᠷ ᠠᠬᠢᠭᠤᠯᠵᠤ ᠡᠷᠳᠡᠨᠢ ᠰᠢᠰᠢ ᠲᠠᠷᠢᠬᠤ ᠪᠦᠲᠦᠴᠡ ᠪᠠᠨ ᠲᠤᠬᠢᠷᠠᠭᠤᠯᠬᠤ ᠪᠠᠷ ᠭᠤᠤᠯᠳᠠᠯᠭ᠎ᠠ ᠪᠠᠨ ᠪᠤᠯᠭᠠᠨ ᠠᠮᠤ ᠪᠤᠳᠠᠭᠠᠨ ᠤ ᠲᠠᠷᠢᠮᠠᠯ ᠤᠨ ᠲᠠᠷᠢᠯᠭ᠎ᠠ ᠪᠠᠨ ᠲᠡᠵᠢᠭᠡᠯ ᠪᠤᠷᠳᠤᠭᠠᠨ ᠤ ᠲᠠᠷᠢᠮᠠᠯ ᠤᠨ ᠲᠠᠷᠢᠯᠭ᠎ᠠ ᠳᠤ ᠬᠠᠨᠳᠤᠭᠤᠯᠤᠨ ᠬᠤᠪᠢᠷᠠᠭᠤᠯᠵᠤ ᠡᠪᠡᠰᠦ ᠮᠠᠯ ᠢ ᠢᠵᠢ ᠪᠦᠷᠢᠳᠦᠬᠦᠯᠵᠤ ᠡᠪᠡᠰᠦᠨ ᠲᠡᠵᠢᠭᠡᠯ ᠤᠨ ᠮᠠᠯ ᠠᠵᠤ ᠠᠬᠤᠢ ᠶᠢ ᠶᠡᠬᠡᠪᠡᠷ ᠬᠦᠭᠵᠢᠬᠦᠯᠵᠤ ᠴᠢᠨᠠᠷ ᠰᠠᠶᠢᠨ ᠲᠡᠵᠢᠭᠡᠯ ᠡᠪᠡᠰᠦᠨ ᠤ ᠲᠠᠯᠠᠪᠠᠢ ᠶᠢ ᠦᠷᠬᠦᠯᠵᠢᠯᠡᠨ ᠨᠡᠮᠡᠭᠳᠡᠬᠦᠯᠪᠡ᠃ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠡᠵᠡᠩᠨᠡᠬᠦ ᠠᠷᠭ᠎ᠠ ᠪᠠᠷᠢᠯ ᠤᠨ ᠬᠤᠪᠢᠷᠠᠯᠲᠠ ᠪᠠ ᠮᠠᠯᠵᠢᠬᠤ ᠤᠷᠤᠨ ᠤ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠲᠠ ᠶᠢ ᠠᠬᠢᠭᠤᠯᠬᠤ ᠶᠢᠨ ᠲᠤᠰᠠᠳᠠ᠂ ᠤᠯᠠᠮᠵᠢᠯᠠᠯᠲᠤ ᠪᠦᠳᠦᠬᠦᠯᠢᠭ ᠮᠠᠯᠯᠠᠬᠤ ᠴᠢᠯᠦᠬᠡᠲᠤ ᠮᠠᠯᠵᠢᠯ ᠤᠨ ᠠᠷᠭ᠎ᠠ ᠪᠠᠷᠢᠯ ᠢ ᠪᠦᠷᠢᠮᠦᠰᠦᠨ ᠦᠭᠡᠷᠡᠴᠢᠯᠡᠵᠤ ᠮᠠᠯ ᠠᠵᠤ ᠠᠬᠤᠢ ᠶᠢᠨ ᠤᠳᠤᠬᠢᠴᠢᠯᠠᠭᠰᠠᠨ ᠡᠷᠴᠢᠮᠵᠢᠬᠦᠯᠦᠭᠰᠡᠨ ᠡᠵᠡᠩᠨᠡᠯᠲᠡ ᠶᠢ ᠪᠡᠶᠡᠯᠡᠬᠦᠯᠦᠨ ᠲᠡᠵᠢᠬᠡᠯ ᠡᠪᠡᠰᠦ ᠪᠤᠷᠳᠤᠭᠠᠨ ᠤ ᠬᠠᠩᠭᠠᠯᠭ᠎ᠠ ᠶᠢᠨ ᠴᠢᠳᠠᠪᠤᠷᠢ ᠶᠢ ᠨᠡᠮᠡᠭᠳᠡᠬᠦᠯᠵᠤ ᠬᠠᠰᠢᠶᠠᠯᠠᠨ ᠮᠠᠯᠵᠢᠬᠤ᠂ ᠬᠠᠭᠠᠰ ᠬᠠᠰᠢᠶᠠᠯᠠᠨ ᠮᠠᠯᠵᠢᠬᠤ ᠦᠢᠯᠡᠳᠪᠦᠷᠢᠯᠡᠯ ᠤᠨ ᠠᠷᠭ᠎ᠠ ᠪᠠᠷᠢᠯ ᠢ ᠪᠡᠶᠡᠯᠡᠬᠦᠯᠬᠦ ᠳᠤ ᠪᠤᠳᠠᠳᠠᠢ ᠪᠤᠳᠠᠰ ᠤᠨ ᠪᠠᠲᠤᠯᠠᠪᠤᠷᠢ ᠶᠢ ᠬᠠᠩᠭᠠᠪᠠ᠃ ᠮᠠᠯ ᠠᠵᠤ ᠠᠬᠤᠢ ᠶᠢᠨ ᠰᠠᠭᠤᠷᠢ ᠲᠦᠬᠦᠭᠡᠷᠦᠮᠵᠢ ᠪᠠ ᠮᠡᠷᠭᠡᠵᠢᠯ ᠤᠨ ᠲᠤᠯᠭᠠᠭᠤᠷᠢ ᠨᠦᠬᠦᠴᠡᠯ ᠢ ᠳᠠᠰᠤᠷᠠᠯᠲᠠ ᠦᠬᠡᠢ ᠰᠠᠶᠢᠵᠢᠷᠠᠭᠤᠯᠵᠤ ᠤᠯᠠᠨ ᠵᠦᠢᠯ ᠤᠨ ᠡᠪᠡᠰᠦᠨ ᠤ ᠨᠠᠶᠢᠷᠠᠯᠭ᠎ᠠ ᠲᠠᠢ ︽ᠲᠡᠵᠢᠭᠡᠯ ᠤᠨ ᠵᠤᠷ︾ ᠢ ᠡᠬᠦᠳᠦᠨ ᠬᠡᠷᠡᠭᠯᠡᠵᠤ ᠦᠢᠯᠡᠳᠪᠦᠷᠢᠯᠡᠯ ᠤᠨ ᠡᠵᠡᠩᠨᠡᠯᠲᠡ ᠶᠢᠨ ᠠᠷᠭ᠎ᠠ ᠪᠠᠷᠢᠯ ᠪᠠ ᠠᠵᠤ ᠦᠢᠯᠡᠰ ᠤᠨ ᠰᠢᠰᠲ᠋ᠧᠮ ᠢᠶᠠᠨ ᠰᠢᠯᠢᠳᠡᠭᠵᠢᠬᠦᠯᠦᠨ ᠡᠬᠢ ᠪᠠᠶᠠᠯᠢᠭ ᠤᠨ ᠠᠰᠢᠭᠯᠠᠮᠵᠢ ᠪᠠ ᠬᠦᠳᠡᠯᠮᠦᠷᠢ ᠶᠢᠨ ᠪᠦᠲᠦᠭᠡᠮᠵᠢ ᠪᠠᠨ ᠳᠡᠭᠡᠭᠰᠢᠯᠡᠬᠦᠯᠪᠡ᠃
3.jpg
1.jpg
4.jpg
25-26_副本.jpg
 
ᠢᠷᠡᠯᠲᠡ᠄ ᠦᠦᠰᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ