︽ᠶᠢᠰᠤᠨ ᠰᠠᠷ᠎ᠠ ᠶᠢᠨ ᠶᠢᠰᠤᠨ ᠤ ᠡᠳᠣᠷ ︾ ᠤᠨ ᠤᠯᠠᠮᠵᠢᠯᠠᠯᠲᠤ ᠨᠠᠰᠤᠲᠠᠶᠢᠴᠤᠳ ᠤᠨ ᠪᠠᠶᠠᠷ ᠬᠦᠷᠴᠦ ᠢᠷᠡᠬᠦ ᠪᠠᠷ᠂ ᠬᠤᠰᠢᠭᠤ ᠠᠬᠠᠮᠠᠳ | ᠺᠠᠳ᠋ᠷᠴᠤᠳ ᠤᠨ ᠦᠢᠯᠡᠴᠢᠯᠡᠭᠡᠨ ᠤ ᠲᠥᠪ ᠨᠢ ᠨᠠᠰᠤᠲᠠᠶᠢᠴᠤᠳ ᠤᠨ ᠶᠡᠭᠡ ᠰᠤᠷᠭᠠᠭᠤᠯᠢ ᠲᠠᠢ ᠬᠠᠮᠲᠣᠷᠠᠨ ᠰᠤᠷᠤᠭᠴᠢᠳ ᠢᠶᠠᠨ ᠵᠣᠬᠢᠶᠠᠨ ᠪᠠᠶᠢᠭᠤᠯᠵᠤ | ᠭᠠᠯᠠᠭᠤᠲᠤ ᠪᠠᠯᠭᠠᠰᠤᠨ ᠲᠣᠭᠤᠷᠢᠭ ᠲᠤ ᠰᠠᠭᠤᠭ᠎ᠠ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠢ ᠪᠣᠯᠭᠤᠭᠠᠨ ᠳᠣᠬᠤᠨᠢᠭᠤᠯᠬᠤ ᠶᠢᠨ ᠬᠠᠮᠲᠤ ᠤᠷᠠᠨ | ᠰᠠᠶᠢᠬᠠᠨ ᠤ ᠲᠣᠭᠯᠠᠯᠲᠠ ᠰᠤᠨᠢᠷᠬᠠᠭᠤᠯᠤᠨ ᠲᠡᠳᠡᠨ ᠳᠤ ᠪᠠᠶᠠᠷ ᠤᠨ ᠡᠳᠦᠷ ᠤᠨ ᠬᠠᠶᠢᠷ᠎ᠠ ᠬᠠᠯᠠᠮᠵᠢ᠂ ᠢᠷᠣᠭᠡᠯ ᠵᠥᠩᠨᠡᠯ ᠳᠡᠪᠰᠢᠭᠦᠯᠣᠯᠡ ᠃ | ᠪᠠᠶᠠᠷ ᠤᠨ ᠡᠳᠣᠷ ᠤᠨ ᠪᠣᠯᠭᠤᠭᠠᠨ ᠲᠣᠬᠤᠨᠢᠭᠤᠯᠬᠤ ᠠᠵᠢᠯᠯᠠᠭᠠᠨ ᠤ ᠲᠤᠬᠠᠶ ᠶᠢᠨ ᠲᠠᠯᠠᠪᠤᠷ ᠲᠤ ᠬᠤᠰᠢᠭᠤ ᠨᠠᠰᠤᠲᠠᠶᠢᠴᠤᠳ ᠤᠨ ᠶᠡᠭᠡ | ᠰᠤᠷᠭᠠᠭᠤᠯᠢ ᠶᠢᠨ ᠰᠣᠷᠣᠭᠴᠢᠳ ᠠᠴᠠ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠲᠤ ᠪᠠᠶᠠᠯᠢᠭ ᠰᠠᠶᠢᠬᠠᠨ ᠲᠣᠭᠯᠠᠯᠲᠠ ᠪᠠᠨ ᠭᠠᠷᠭᠠᠵᠤ ᠪᠠᠶᠠᠷ ᠬᠥᠷ | ᠂ ᠡᠶ᠎ᠡ ᠵᠣᠬᠢᠴᠠᠩᠭᠤᠶ ᠠᠭᠤᠷ ᠠᠮᠢᠰᠬᠤᠯ ᠢᠶᠠᠷ ᠪᠢᠯᠬᠠᠵᠥ ᠪᠠᠶᠢᠯ᠎ᠠ᠃ ᠠᠬᠠᠮᠠᠳ ᠺᠠᠳ᠋ᠷᠴᠣᠣᠨ ᠳᠣᠭᠯᠠᠯᠲᠠ ᠶᠢᠨ ᠠᠶ᠎ᠠ ᠭᠦᠭᠵᠢᠮ ᠲᠠᠢ ᠴᠣᠬᠢᠯᠭ᠎ᠠ ᠳᠠᠭᠠᠷᠠᠭᠤᠯᠣᠨ | ᠠᠯᠠᠭ᠎ᠠ ᠲᠠᠰᠢᠨ ᠭᠦᠭᠡᠷᠣᠯᠳᠥᠬᠦ ᠶᠢᠨ ᠬᠠᠮᠲᠤ ᠪᠠᠰᠠ ᠲᠣᠭᠯᠠᠭᠴᠢᠳ ᠲᠠᠢ ᠬᠠᠮᠲᠤ ᠪᠠᠷ ᠪᠥᠵᠢᠭᠯᠡᠨ ᠨᠠᠷᠬᠢᠯᠳᠣᠵᠥ ᠪᠠᠶᠠᠷ ᠤᠨ ᠡᠳᠣᠷ ᠤᠨ ᠭᠦᠭᠵᠢᠶᠡᠨ ᠨᠠᠷᠭᠢᠶᠠᠨ | ᠨᠠᠰᠣᠳᠠᠶᠢᠴᠣᠣᠨ ᠤᠨ ᠪᠠᠶᠠᠷ ᠵᠢᠷᠭᠠᠯ ᠲᠣᠳᠣᠷᠠᠭᠰᠠᠨ ᠨᠢᠭᠤᠷ ᠴᠢᠷᠠᠢ ᠳᠡᠭᠡᠷ᠎ᠡ ᠢᠯᠡᠷᠡᠵᠥ ᠪᠠᠶᠢᠯ᠎ᠠ᠃ | ᠡᠨ᠋ᠨ ᠤᠳᠠᠭ᠎ᠠ ᠬᠤᠰᠢᠭᠤ ᠠᠬᠠᠮᠠᠳ ᠺᠠᠳ᠋ᠷᠴᠤᠳ ᠤᠨ ᠦᠢᠯᠡᠴᠢᠯᠡᠭᠡᠨ ᠤ ᠲᠥᠪ ᠨᠢ ᠨᠠᠰᠤᠲᠠᠶᠢᠴᠤᠳ ᠤᠨ ᠶᠡᠭᠡ ᠰᠤᠷᠭᠠᠭᠤᠯᠢ ᠲᠠᠢ ᠬᠠᠮᠲᠣᠷᠠᠨ | ᠠᠵᠢᠯ ᠠᠴᠠ ᠪᠠᠨ ᠠᠮᠠᠷᠠᠭᠰᠠᠨ 36 ᠠᠬᠠᠮᠠᠳ ᠺᠠᠳ᠋ᠷᠴᠤᠳ ᠢ ᠪᠣᠯᠭᠤᠭᠠᠨ ᠳᠣᠬᠤᠨᠢᠭᠤᠯᠵᠤ ᠤᠷᠠᠨ ᠰᠠᠶᠢᠬᠠᠨ ᠤ ᠲᠣᠭᠯᠠᠯᠲᠠ ᠰᠣᠨᠢᠷᠬᠠᠭᠤᠯᠣᠭᠰᠠᠨ ᠪᠠᠶᠢᠨ᠎ᠠ᠃ | ᠬᠤᠰᠢᠭᠤ ᠠᠬᠠᠮᠠᠳ ᠺᠠᠳ᠋ᠷᠴᠤᠳ ᠤᠨ ᠦᠢᠯᠡᠴᠢᠯᠡᠭᠡᠨ ᠤ ᠲᠥᠪ ᠨᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠢᠳᠡᠪᠬᠢᠲᠠᠢ ᠦᠷᠨᠢᠭᠦᠯᠣᠨ ︽ᠣᠯᠡᠨ | ᠲᠦᠮᠡᠨ ᠳᠤ ᠪᠣᠳᠠᠲᠤ ᠶᠠᠪᠣᠳᠠᠯ ᠬᠢᠬᠦ︾ ᠠᠵᠢᠯᠯᠠᠭ᠎ᠠ ᠲᠠᠢ ᠣᠷᠭᠠᠨᠢᠭ ᠢᠶᠠᠷ ᠤᠶᠠᠯᠳᠤᠭᠤᠯᠵᠤ ᠦᠵᠡᠯ ᠰᠠᠨᠠᠭ᠎ᠠ᠂ ᠠᠵᠣ ᠠᠮᠢᠳᠣᠷᠠᠯ ᠳᠡᠭᠡᠷ᠎ᠡ ᠪᠠᠨ ᠠᠬᠠᠮᠠᠳ | ᠺᠠᠳ᠋ᠷᠴᠤᠳ ᠢ ᠬᠠᠶᠢᠷᠠᠯᠠᠨ ᠬᠦᠨᠳᠦᠳᠬᠡᠬᠦ᠂ ᠠᠬᠠᠮᠠᠳ ᠺᠠᠳ᠋ᠷᠴᠤᠳ ᠢ ᠬᠠᠯᠠᠮᠵᠢᠯᠠᠨ ᠬᠠᠷᠠᠭᠠᠯᠵᠠᠬᠤ ᠴᠢᠨᠠᠷ ᠰᠠᠶᠢᠲᠠᠢ ᠣᠶᠢᠯᠡᠴᠢᠯᠡᠭᠡ ᠶᠢ ᠬᠠᠩᠭᠠᠵᠥ ᠠᠬᠠᠮᠠᠳ | ᠺᠠᠳ᠋ᠷᠴᠤᠳ ᠲᠤ ᠣᠶᠢᠯᠡᠴᠢᠯᠡᠬᠦ ᠰᠢᠨ᠎ᠡ ᠶᠢ ᠡᠭᠦᠳᠣᠭ᠍ᠰᠡᠨ ᠠᠵᠢᠯ ᠤᠨ ᠬᠢᠷᠢ ᠲᠦᠪᠰᠢᠨ ᠢᠶᠠᠨ ᠳᠡᠭᠡᠭᠰᠢᠯᠡᠭᠦᠯᠵᠥ ᠪᠠᠶᠢᠨ᠎ᠠ ᠃ | | ᠰᠣᠷᠪᠣᠯᠵᠢᠯᠠᠭᠴᠢ᠄ ᠬᠠᠰᠰᠡᠴᠡᠨ | |